ᠥᠪᠥᠷ ᠮᠣᠩᠭᠤᠯ ᠤᠨ ︽ᠬᠤᠶᠠᠷ ᠡᠷᠬᠡ︾᠎ ᠶᠢᠨ ᠪᠠᠷᠢᠴᠠᠭᠠᠳᠤ ᠵᠢᠭᠡᠯᠡᠯᠭᠡ ᠶᠢᠨ ᠦᠯᠡᠳᠡᠪᠦᠷᠢ ᠨᠢ 25 ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2017/11/16
     ︽ᠬᠤᠶᠠᠷ ᠡᠷᠬᠡ︾᠎ ᠶᠢᠨ ᠪᠠᠷᠢᠴᠠᠭᠠᠳᠤ  ᠵᠢᠭᠡᠯᠡᠯᠭᠡ ᠠᠪᠬᠤ ᠲᠤᠷᠰᠢᠯᠲᠠ ᠶᠢᠨ ᠲᠥᠷᠥ ᠶᠢᠨ ᠪᠣᠳᠣᠯᠭ᠎ᠠ ᠨᠡᠶᠢᠲᠡᠯᠡᠭᠳᠡᠭᠰᠡᠨ ᠤ ᠳᠠᠷᠠᠭ᠎ᠠ᠂ ᠥᠪᠥᠷ ᠮᠣᠩᠭᠤᠯ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ 2017 ᠣᠨ ᠤ 9 ᠳ᠋ᠦ᠋ᠭᠡᠷ ᠰᠠᠷ᠎ᠠ ᠶᠢᠨ ᠡᠴᠦᠰ ᠪᠣᠯᠬᠤ ᠳᠤ᠂ ︽ᠬᠤᠶᠠᠷ ᠡᠷᠬᠡ︾᠎ ᠶᠢᠨ ᠪᠠᠷᠢᠴᠠᠭᠠᠳᠤ ᠵᠢᠭᠡᠯᠡᠯᠭᠡ ᠶᠢᠨ ᠦᠯᠡᠳᠡᠪᠦᠷᠢ ᠨᠢ 25.55 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 9.55 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 60.3% ᠨᠡᠮᠡᠭᠳᠡᠪᠡ᠃      ᠪᠠᠶᠢᠷᠢᠯᠠᠭᠤᠯᠤᠯᠲᠠ ᠶᠢ ᠦᠨᠳᠦᠰᠦᠯᠡᠪᠡᠯ᠂ 2016 ᠣᠨ ᠠᠴᠠ 2017 ᠣᠨ ᠤ ᠵᠢᠯ ᠤᠨ ᠡᠴᠦᠰ ᠠᠴᠠ ᠡᠮᠦᠨ᠎ᠡ᠂ ᠥᠪᠥᠷ ᠮᠣᠩᠭᠤᠯ ᠤᠷᠢᠳ ᠬᠤᠵᠢᠳ ᠬᠥᠯᠥᠨ ᠪᠤᠶᠢᠷ ᠬᠤᠲᠠ ᠶᠢᠨ ᠠᠷᠤᠨ ᠬᠤᠰᠢᠭᠤ᠂ ᠬᠢᠩᠭᠠᠨ ᠠᠶᠢᠮᠠᠭ ᠤᠨ ᠵᠠᠯᠠᠶᠢᠳ ᠬᠤᠰᠢᠭᠤ᠂ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤ ᠵᠡᠷᠭᠡ 8 ᠬᠤᠰᠢᠭᠤ ᠰᠢᠶᠠᠨ ︵ᠲᠣᠭᠤᠷᠢᠭ︶᠎ ᠳᠤ ᠮᠠᠯᠵᠢᠬᠤ ᠲᠠᠷᠢᠶᠠᠯᠠᠬᠤ ᠣᠷᠣᠨ ᠤ ᠳᠠᠭᠠᠭᠠᠴᠢᠯᠠᠯᠲᠠ ᠶᠢᠨ ᠭᠠᠵᠠᠷ ᠰᠢᠷᠣᠶ ︵ᠬᠠᠳᠤᠯᠠᠩ ᠪᠡᠯᠴᠢᠭᠡᠷ︶᠎ ᠶᠢᠨ ᠡᠵᠡᠩᠨᠡᠯᠲᠡ ᠶᠢᠨ ᠡᠷᠬᠡ ᠪᠠᠨ ᠪᠠᠷᠢᠴᠠᠭᠠᠯᠠᠨ ᠵᠢᠭᠡᠯᠡᠯᠭᠡ ᠠᠪᠬᠤ ᠲᠤᠷᠰᠢᠯᠲᠠ ᠬᠢᠵᠦ᠂ ᠬᠥᠬᠡᠬᠤᠲᠠ ᠶᠢᠨ ᠬᠤᠷᠢᠨᠭᠡᠷ ᠰᠢᠶᠠᠨ᠂ ᠤᠯᠠᠭᠠᠨᠬᠤᠲᠠ 2 ᠰᠢᠶᠠᠨ ︵ᠬᠤᠲᠠ︶᠎ ᠳᠤ ᠲᠠᠷᠢᠶᠠᠴᠢᠨ ᠤ ᠣᠷᠣᠨ ᠰᠠᠭᠤᠴᠠ ᠶᠢᠨ ᠡᠳ᠋ ᠬᠥᠷᠥᠩᠭᠡ ᠶᠢᠨ ᠡᠷᠬᠡ ᠪᠠᠨ ᠪᠠᠷᠢᠴᠠᠭᠠᠯᠠᠨ ᠵᠢᠭᠡᠯᠡᠯᠭᠡ ᠠᠪᠬᠤ ᠲᠤᠷᠰᠢᠯᠲᠠ ᠬᠢᠵᠡᠢ᠃      ᠥᠪᠥᠷ ᠮᠣᠩᠭᠤᠯ 10 ᠲᠤᠷᠰᠢᠯᠲᠠ ᠶᠢᠨ ᠭᠠᠵᠠᠷ ᠣᠷᠣᠨ ᠪᠦᠬᠦᠨ ᠳᠤ ᠥᠮᠴᠢᠯᠡᠯ ᠤᠨ ᠡᠷᠬᠡ ᠶᠢ ᠰᠢᠯᠵᠢᠭᠦᠯᠬᠦ ᠠᠷᠠᠯᠵᠢᠶᠠᠨ ᠤ ᠲᠠᠪᠴᠠᠩ ᠪᠠᠶᠢᠭᠤᠯᠵᠤ᠂ ᠦᠷᠳᠡᠭ ᠤᠨ ᠦᠨᠡᠯᠡᠯᠲᠡ᠂ ᠲᠦᠭᠰᠢᠭᠦᠷᠢ ᠶᠢᠨ ᠨᠥᠬᠦᠪᠥᠷᠢ᠂ ᠪᠠᠷᠢᠴᠠᠭᠠᠨ ᠤ ᠰᠢᠢᠳᠪᠦᠷᠢᠯᠡᠯᠲᠡ ᠵᠡᠷᠭᠡ ︽ᠬᠤᠶᠠᠷ ᠡᠷᠬᠡ︾᠎ ᠶᠢ ᠪᠠᠷᠢᠴᠠᠭᠠᠯᠠᠨ ᠵᠢᠭᠡᠯᠡᠯᠭᠡ ᠠᠪᠬᠤ ᠢᠵᠢ ᠪᠦᠷᠢᠨ ᠳᠦᠷᠢᠮ ᠢ ᠲᠣᠭᠲᠠᠭᠠᠪᠠ᠃ ᠡᠭᠦᠨ ᠤ ᠵᠡᠷᠭᠡᠴᠡᠭᠡᠪᠡᠷ᠂ ᠲᠤᠷᠰᠢᠯᠲᠠ ᠶᠢᠨ ᠣᠷᠣᠨ ᠳᠤ ᠲᠦᠭᠰᠢᠭᠦᠷᠢ ᠶᠢᠨ ᠨᠥᠬᠦᠪᠦᠷᠢ ᠥᠭᠬᠦ ᠲᠣᠭᠲᠠᠴᠠ ᠶᠢ ᠪᠠᠶᠢᠭᠤᠯᠤᠨ᠂ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠪᠠᠭᠤᠷᠠᠭᠤᠯᠪᠠ᠃ ᠨᠢᠭᠡ ᠲᠠᠯ᠎ᠠ ᠪᠠᠷ᠂ ᠲᠤᠷᠰᠢᠯᠲᠠ ᠶᠢᠨ ᠭᠠᠵᠠᠷ ᠣᠷᠣᠨ ᠳᠤ ᠪᠠᠩᠬᠢ ᠶᠢᠨ ᠠᠵᠢᠯ ᠲᠥᠷᠥᠯ ᠤᠨ ᠲᠤᠬᠠᠶ ᠶᠢᠨ ᠵᠢᠯ ᠤᠨ ︽ᠬᠤᠶᠠᠷ ᠡᠷᠬᠡ︾᠎ ᠪᠠᠷ ᠳᠠᠩ ᠭᠠᠭᠴᠠ ᠪᠠᠷᠢᠴᠠᠭ᠎ᠠ ᠪᠣᠯᠭᠠᠵᠤ ᠲᠠᠯᠪᠢᠭᠰᠠᠨ ᠵᠢᠭᠡᠯᠡᠯᠭᠡ ᠶᠢᠨ ᠵᠣᠭᠤᠰ ᠤᠨ 1%᠎ ᠪᠠᠷ ᠨᠥᠬᠦᠪᠥᠷᠢ ᠥᠭᠭᠦᠨ᠎ᠡ︔ ᠨᠥᠬᠦᠭᠡ ᠲᠠᠯ᠎ᠠ ᠪᠠᠷ᠂ ᠲᠤᠷᠰᠢᠯᠲᠠ ᠶᠢᠨ ᠬᠤᠰᠢᠭᠤ ᠰᠢᠶᠠᠨ ᠳᠤ ᠲᠥᠭᠰᠢᠭᠦᠷᠢ ᠶᠢᠨ ᠨᠥᠬᠦᠪᠦᠷᠢ ᠶᠢᠨ ᠰᠠᠭᠤᠷᠢ ᠮᠥᠩᠭᠦ ᠪᠠᠶᠢᠭᠤᠯᠤᠨ᠂ ᠡᠳ᠋ ᠤᠨ ᠵᠠᠰᠠᠭ ᠤᠨ ᠭᠠᠷᠭᠠᠭᠰᠠᠨ ᠪᠡᠯᠡ ᠶᠢᠨ 50%᠎ ᠪᠠᠷ ᠨᠥᠬᠦᠪᠥᠷᠢ ᠥᠭᠭᠦᠨ᠎ᠡ᠃ ᠲᠤᠭ᠎ᠠ ᠪᠠᠷᠢᠮᠲᠠ ᠪᠠᠷ ᠪᠣᠯ᠂ 2016 ᠣᠨ ᠤ ︽ᠬᠤᠶᠠᠷ ᠡᠷᠬᠡ︾᠎ ᠶᠢᠨ ᠡᠳ᠋ ᠤᠨ ᠵᠠᠰᠠᠭ ᠤᠨ ᠨᠥᠬᠦᠪᠥᠷᠢ ᠠᠯᠢ ᠥᠨᠳᠥᠷ ᠲᠡᠭᠡᠨ 1400 ᠢᠯᠡᠭᠦᠤ ᠲᠦᠮᠡᠨ ᠲᠥᠭᠦᠷᠢᠭ ᠲᠤ ᠬᠦᠷᠴᠡᠶ᠃      ᠠᠵᠢᠯᠯᠠᠭᠠᠨ ᠤ ᠲᠣᠭᠲᠠᠴᠠ ᠶᠢᠨ ᠡᠳᠦᠷ ᠢᠷᠡᠬᠦᠶ᠎ᠡ ᠲᠡᠭᠦᠯᠳᠡᠷᠵᠢᠬᠦ ᠶᠢ ᠳᠠᠭᠠᠯᠳᠤᠨ᠂ ᠠᠯᠢ ᠣᠯᠠᠨ ᠮᠥᠩᠭᠦᠨ ᠭᠦᠢᠯᠭᠡᠭᠡᠨ ᠤ ᠣᠯᠠᠨ ᠪᠠᠶᠢᠭᠤᠯᠤᠮᠵᠢ ︽ᠬᠤᠶᠠᠷ ᠡᠷᠬᠡ︾᠎ ᠶᠢᠨ ᠲᠤᠬᠠᠶᠢᠯᠠᠭᠰᠠᠨ ᠠᠵᠢᠯ ᠳᠤ ᠣᠷᠣᠯᠴᠠᠨ᠂ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠪᠣᠯᠣᠨ ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ ᠪᠠᠶᠢᠨ᠎ᠠ᠃ ᠮᠠᠯᠴᠢᠨ ᠲᠠᠷᠢᠶᠠᠴᠢᠨ ᠵᠢᠭᠡᠯᠡᠯᠭᠡ ᠠᠪᠬᠤ ᠳᠤ ᠬᠦᠴᠢᠷᠲᠡᠶ ᠪᠠᠶᠢᠬᠤ ᠪᠠᠬᠢᠯᠡᠯᠲᠡ ᠶᠠᠭ ᠠᠯᠬᠤᠮ ᠠᠯᠬᠤᠮ ᠢᠶᠠᠷ ᠵᠠᠳᠠᠷᠠᠵᠤ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号