ᠵᠠᠩ ᠵᠢᠶᠠᠨ ᠮᠢᠨ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠰᠢᠨ᠎ᠡ ᠰᠢᠪᠲᠤᠯᠤᠯᠲᠠ ᠶᠢ ᠠᠬᠢᠭᠤᠯᠬᠤ ᠭᠡᠷᠡᠭᠲᠡᠢ ᠬᠡᠵᠠᠢ
ᠨᠡᠶᠢᠲᠡᠯᠡᠭᠰᠡᠨ ᠴᠠᠭ᠄
2017/11/16
      11 ᠳ᠋ᠤᠭᠡᠷ ᠰᠠᠷ᠎ᠠ ᠶᠢᠨ 13᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠬᠦᠨ᠂ ᠦᠪᠠᠷᠳᠡᠬᠡᠨ ᠵᠠᠰᠠᠬᠤ ᠤᠷᠤᠨ ᠤ ᠪᠠᠶᠢᠡᠭᠭᠤ ᠶᠢᠨ ᠳᠡᠳ᠋ ᠲᠡᠷᠢᠬᠦᠯᠡᠭᠴᠢ ᠵᠠᠩ ᠵᠢᠶᠠᠨ ᠮᠢᠨ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ᠂ ᠰᠢᠨ᠎ᠠ ᠬᠦᠭᠵᠢᠯᠳᠠ ᠶᠢᠨ ᠤᠨᠤᠯᠵᠢᠬᠤᠨ ᠢ ᠦᠢᠯᠡᠳᠦᠯᠭᠡᠵᠢᠬᠦᠯᠵᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠷᠬᠦᠯᠵᠢᠯᠡᠨ ᠠᠬᠢᠭᠤᠯᠵᠦ᠂ ᠦᠨᠳᠦᠰᠦᠨ ᠱᠠᠳᠤᠨ ᠤ ᠨᠡᠶᠢᠭᠡᠮ ᠤᠨ ᠬᠠᠮᠢᠶᠠᠷᠤᠯᠳᠠ ᠶᠢ ᠴᠢᠩᠭᠠᠳᠬᠠᠵᠦ᠂ ᠠᠵᠤ ᠠᠬᠤᠢ ᠨᠡᠶᠢᠭᠡᠮ ᠤᠨ ᠡᠯ᠎ᠠ ᠲᠦᠷᠦᠯ ᠤᠨ ᠦᠢᠯᠡᠰ ᠲᠤ ᠰᠢᠨ᠎ᠠ ᠰᠢᠪᠳᠤᠯᠤᠯᠳᠠ ᠲᠠᠢ ᠪᠤᠯᠭᠠᠬᠤ ᠪᠠᠷ ᠴᠢᠷᠮᠠᠶᠢᠬᠤ ᠭᠡᠷᠡᠭᠲᠡᠢ ᠭᠡᠵᠦ ᠴᠢᠬᠤᠯᠠᠴᠢᠯᠠᠪᠠ᠃      ᠤᠯᠠᠭᠠᠨᠬᠠᠳᠠ ᠬᠤᠳᠠ ᠶᠢᠨ ᠳ᠋ᠦᠩ ᠯᠢ ᠨᠤᠯᠤᠤᠷ ᠤᠨ ᠪᠦᠳᠦᠭᠡᠭᠳᠡᠬᠦᠨ ᠤ ᠬᠢᠵᠠᠭᠠᠷᠳᠦ ᠺᠤᠮᠫᠠᠨᠢ ᠳᠤ᠂ ᠵᠠᠩ ᠵᠢᠶᠠᠨ ᠮᠢᠨ ᠦᠢᠯᠡᠳᠪᠤᠷᠢ ᠶᠢᠨ ᠳᠠᠰᠤᠭ ᠲᠤ ᠤᠷᠤᠵᠦ᠂ ᠠᠵᠤ ᠠᠬᠤᠶᠢᠯᠠᠯ ᠤᠨ ᠦᠢᠯᠡᠳᠪᠤᠷᠢᠯᠡᠯ ᠡᠵᠡᠩᠨᠡᠯᠳᠠ ᠶᠢᠨ ᠪᠠᠶᠢᠳᠠᠯ ᠢ ᠨᠠᠷᠢᠨ ᠠᠰᠠᠭᠤᠪᠠ᠂ ᠲᠡᠷᠡ ᠬᠡᠯᠡᠬᠦ ᠳᠡᠭᠡᠨ᠂ ᠡᠯ᠎ᠠ ᠱᠠᠳᠤᠨ ᠤ ᠵᠠᠰᠠᠭ ᠤᠨ ᠤᠷᠳᠤᠨ ᠰᠢᠨ᠎ᠠ ᠬᠦᠭᠵᠢᠯᠳᠠ ᠶᠢᠨ ᠤᠨᠤᠯᠵᠢᠬᠤᠨ ᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠬᠦᠨᠵᠡᠭᠡᠶᠢᠷᠡᠬᠦᠯᠵᠤ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠬᠦᠴᠦᠯᠡᠨ ᠠᠬᠢᠭᠤᠯᠵᠦ᠂ ᠠᠵᠤ ᠠᠬᠤᠶᠢᠯᠠᠯ ᠤᠨ ᠰᠢᠨ᠎ᠠ ᠶᠢ ᠡᠬᠦᠳᠬᠦ ᠬᠦᠭᠵᠢᠯᠳᠠ ᠶᠢ ᠳᠡᠮᠵᠢᠵᠦ᠂ ᠵᠠᠬ᠎ᠠ ᠳᠡᠯᠭᠡᠬᠦᠷ ᠤᠨ ᠦᠷᠢᠰᠦᠯᠳᠦᠬᠦ ᠬᠦᠴᠦ ᠶᠢ ᠨᠡᠮᠡᠭᠳᠡᠬᠦᠯᠬᠦ ᠭᠡᠷᠡᠭᠲᠡᠢ ᠭᠡᠪᠡ᠃      ᠤᠯᠠᠭᠠᠨᠬᠠᠳᠠ ᠶᠢᠨ ᠲᠦᠷᠭᠡᠨ ᠤ ᠲᠡᠮᠦᠷ ᠵᠠᠮ ᠤᠨ ᠪᠠᠷᠠᠭᠤᠨ ᠦᠷᠳᠡᠭᠡ ᠶᠢᠨ ᠶᠡᠷᠦᠩᠭᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠵᠠᠩ ᠵᠢᠶᠠᠨ ᠮᠢᠨ᠂ ᠡᠯ᠎ᠠ ᠲᠠᠯ᠎ᠠ ᠶᠢᠨ ᠬᠢᠨ ᠢ ᠰᠠᠶᠢᠲᠤᠷ ᠵᠤᠬᠢᠴᠠᠭᠤᠯᠵᠤ ᠠᠰᠢᠬᠳᠠᠢ ᠠᠵᠠ ᠲᠤᠬᠢᠶᠠᠯ ᠢ ᠵᠠᠪᠳᠤᠨ ᠡᠵᠡᠮᠳᠡᠵᠤ᠂ ᠲᠦᠷᠦᠯ ᠵᠦᠢᠯ ᠢ ᠠᠬᠢᠭᠤᠯᠬᠤ ᠬᠦᠴᠦᠯᠡᠴᠡ ᠪᠠᠨ ᠨᠡᠮᠡᠭᠳᠡᠬᠦᠯᠵᠦ᠂ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢ ᠴᠢᠩᠭᠠᠳᠬᠠᠵᠦ᠂ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠢᠭᠤᠯᠤᠯᠳᠠ ᠪᠠᠷ ᠲᠤᠬᠳᠠᠭᠤᠨ ᠨᠡᠮᠡᠭᠳᠡᠭᠦᠯᠬᠦ᠂ ᠪᠦᠳᠦᠴᠡ ᠶᠢ ᠲᠤᠬᠢᠷᠠᠭᠤᠯᠬᠤ᠂ ᠭᠡᠯᠪᠡᠷᠢ ᠶᠢ ᠬᠤᠪᠢᠷᠠᠭᠤᠯᠬᠤ ᠳᠤ ᠰᠠᠭᠤᠷᠢ ᠲᠠᠯᠪᠢᠵᠤ ᠦᠭᠭᠦ ᠭᠡᠷᠡᠭᠲᠡᠢ ᠭᠡᠵᠦ ᠴᠢᠬᠤᠯᠠᠴᠢᠯᠠᠵᠠᠢ᠃      ᠬᠤᠩᠱᠠᠨ ᠲᠤᠭᠤᠷᠢᠭ ᠤᠨ ᠲᠢᠶᠧ ᠨᠠᠨ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠪᠤᠯᠤᠨ ᠨᠡᠶᠢᠭᠡᠮ ᠲᠤᠭᠤᠷᠢᠭ ᠤᠨ ᠬᠦᠳᠡᠯᠭᠡᠭᠡᠨ ᠤ ᠲᠦᠪ ᠲᠤ᠂ ᠵᠠᠩ ᠵᠢᠶᠠᠨ ᠮᠢᠨ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠡᠨ ᠪᠠᠶᠢᠭᠤᠯᠤᠭᠰᠠᠨ ᠪᠠ ᠨᠡᠶᠢᠭᠡᠮ ᠲᠤᠭᠤᠷᠢᠭ ᠤᠨ ᠶᠡᠷᠦᠩᠭᠡᠶᠢᠯᠡᠭᠰᠡᠨ ᠦᠢᠯᠡᠴᠢᠯᠡᠭᠡᠨ ᠤ ᠪᠠᠶᠢᠳᠠᠯ ᠢ ᠪᠠᠶᠢᠴᠠᠭᠠᠨ ᠦᠵᠡᠵᠦ᠂ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠤᠨ ᠰᠠᠭᠤᠭᠠᠯᠢ ᠠᠷᠠᠳ ᠢ ᠪᠤᠴᠠᠭᠠᠨ ᠨᠡᠬᠦᠯᠭᠡᠵᠦ ᠰᠠᠭᠤᠷᠢᠰᠢᠭᠤᠯᠤᠭᠰᠠᠨ ᠪᠠᠶᠢᠳᠠᠯ ᠪᠤᠯᠤᠨ ᠳᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠬᠦᠨᠵᠡᠭᠡᠢ ᠤᠶᠢᠯᠠᠭᠠᠪᠠ᠃ ᠲᠡᠷᠡ᠂ ᠠᠷᠠᠳ ᠲᠦᠮᠡᠨ ᠢᠶᠠᠷ ᠭᠤᠤᠯ ᠪᠤᠯᠭᠠᠬᠤ ᠤᠨᠤᠯᠵᠢᠬᠤᠨ ᠢ ᠢᠮᠠᠬᠳᠠ ᠪᠠᠳᠤ ᠡᠵᠡᠮᠰᠢᠵᠤ᠂ ᠲᠦᠬᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠡᠨᠡᠬᠦ ᠠᠷᠠᠳ ᠤᠨ ᠰᠡᠳᠬᠢᠯ ᠤᠨ ᠢᠨᠵᠧᠨᠧᠷᠢᠩ ᠢ ᠯᠠᠪᠳᠠᠭᠤᠨ ᠢᠶᠠᠷ ᠰᠠᠶᠢᠲᠤᠷ ᠬᠢᠵᠦ᠂ ᠦᠨᠳᠦᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠠᠯᠳᠠ ᠶᠢᠨ ᠦᠢᠯᠡᠳᠦᠯ ᠪᠤᠯᠤᠨ ᠨᠠᠮ ᠤᠨ ᠬᠡᠰᠢᠭᠦᠳ ᠤᠨ ᠬᠤᠰᠢᠭᠤᠴᠢ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠵᠦ᠂ ᠦᠢᠯᠡᠴᠢᠯᠡᠭᠡᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠵᠦ᠂ ᠦᠷᠭᠡᠨ ᠤᠯᠠᠨ ᠰᠠᠭᠤᠭᠠᠯᠢ ᠠᠷᠠᠳ ᠤᠨ ᠠᠮᠤᠷ ᠲᠠᠶᠢᠪᠤᠡᠭ ᠠᠵᠤ ᠲᠦᠷᠦᠭᠦ ᠶᠢ ᠪᠠᠳᠤᠯᠠᠵᠤ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ ᠢ ᠦᠨᠡᠨᠬᠦ ᠨᠡᠮᠡᠭᠳᠡᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号