ᠥᠪᠥᠷ ᠮᠣᠩᠭᠤᠯ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠶᠡᠭᠡ ᠰᠤᠷᠭᠠᠭᠤᠯᠢ ᠶᠢ 500 ᠪᠠᠶᠢᠭᠤᠯᠤᠨ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2017/11/17
     ᠡᠨᠡ ᠵᠢᠯ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠬᠠᠩᠭᠠᠯᠭ᠎ᠠ ᠶᠢ ᠨᠡᠮᠡᠭᠳᠡᠭᠦᠯᠵᠦ᠂ ᠨᠠᠰᠤᠲᠠᠶᠢᠴᠤᠳ ᠲᠤ ᠰᠤᠷᠭᠠᠨ ᠬᠥᠮᠦᠵᠢᠯ ᠬᠦᠷᠲᠡᠭᠡᠬᠦ ᠪᠦᠷᠬᠦᠴᠡ ᠶᠢᠨ ᠬᠡᠪᠴᠢᠶ᠎ᠡ ᠶᠢ ᠥᠷᠭᠡᠳᠬᠡᠵᠦ᠂ 2020 ᠣᠨ ᠪᠣᠯᠬᠤ ᠳᠤ᠂ ᠨᠠᠰᠤᠲᠠᠶᠢᠴᠤᠳ ᠤᠨ ᠰᠤᠷᠭᠠᠨ ᠬᠥᠮᠦᠵᠢᠯ ᠢ ᠶᠡᠭᠡ ᠰᠤᠷᠭᠠᠭᠤᠯᠢ 500 ᠪᠠᠶᠢᠭᠤᠯᠵᠤ᠂ ᠨᠠᠰᠤᠲᠠᠶᠢᠴᠤᠳ ᠤᠨ ᠰᠤᠷᠭᠠᠨ ᠬᠥᠮᠦᠵᠢᠯ ᠪᠣᠯᠣᠨ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠢ ᠣᠷᠣᠨ ᠨᠤᠲᠤᠭ ᠤᠨ ᠨᠡᠶᠢᠭᠡᠮ ᠲᠣᠭᠤᠷᠢᠭ ᠤᠨ ᠬᠥᠭᠵᠢᠯᠲᠡ ᠬᠢᠭᠡᠳ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂  ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠣᠯᠣᠨ᠎ᠠ᠃       ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠥᠪᠥᠷ ᠮᠣᠩᠭᠤᠯ ᠤᠨ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠳᠤ ᠲᠦᠰᠢᠭᠯᠡᠨ ᠥᠪᠥᠷ ᠮᠣᠩᠭᠤᠯ ᠤᠨ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠨᠠᠰᠤᠲᠠᠶᠢᠴᠤᠳ ᠤᠨ ᠨᠡᠭᠡᠭᠡᠯᠲᠡᠲᠦ ᠶᠡᠭᠡ ᠰᠤᠷᠭᠠᠭᠤᠯᠢ ᠶᠢ ᠪᠠᠶᠢᠭᠤᠯᠵᠠᠢ᠃ ᠶᠡᠷᠦᠩᠬᠡᠶ ᠳᠤᠨᠢ ᠠᠪᠴᠤ ᠬᠡᠯᠡᠪᠡᠯ᠂ ᠪᠦᠬᠦ ᠣᠷᠣᠨ ᠤ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠡᠬᠢ ᠪᠠᠶᠠᠯᠢᠭ ᠪᠣᠯᠣᠨ ᠲᠤᠰᠬᠠᠶ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠪᠠᠭᠰᠢ ᠶᠢᠨ ᠡᠩᠨᠡᠭᠡ ᠳᠤᠲᠠᠮᠠᠭ ᠪᠠᠶᠢᠵᠤ᠂ ᠵᠠᠷᠤᠳᠠᠯ ᠢ ᠪᠠᠲᠤᠯᠠᠬᠤ ᠲᠣᠭᠲᠠᠴᠠ ᠲᠡᠭᠦᠯᠳᠡᠷᠵᠢᠭᠡᠳᠦᠶ ᠪᠠᠶᠢᠨ᠎ᠠ᠃ 2017 ᠣᠨ ᠳᠤ᠂ ᠥᠪᠡᠷᠲᠡᠭᠡᠨ ᠵᠠᠰᠠᠬᠤ ᠣᠷᠣᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠵᠢᠭᠦᠯᠬᠦ ᠰᠠᠨᠠᠯ ᠢ ᠪᠠᠭᠤᠯᠭᠠᠵᠤ᠂ ᠡᠯ᠎ᠡ ᠠᠶᠢᠮᠠᠭ ᠬᠤᠳᠠ ᠪᠣᠯᠤᠨ ᠬᠤᠰᠢᠭᠤ ᠰᠢᠶᠠᠨ ︵ᠬᠤᠲᠠ᠂ ᠲᠣᠭᠤᠷᠢᠭ︶ ᠬᠡᠷᠡᠭᠴᠡᠭᠡ ᠪᠠᠨ ᠦᠨᠳᠦᠰᠦᠯᠡᠵᠦ᠂ ᠨᠢᠭᠡ ᠪᠦᠯᠦᠭ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠶᠡᠭᠡ ᠰᠤᠷᠭᠠᠭᠤᠯᠢ ᠪᠠᠶᠢᠭᠤᠯᠤᠨ᠂ ᠰᠤᠷᠭᠠᠨ ᠬᠥᠮᠦᠵᠢᠯ ᠤᠨ ᠠᠵᠢᠯᠯᠠᠭ᠎ᠠ ᠳᠤ ᠥᠷᠭᠦᠯᠵᠢ ᠣᠷᠣᠯᠴᠠᠬᠤ ᠨᠠᠰᠤᠲᠠᠶᠢᠴᠤᠳ ᠢ ᠪᠥᠬᠦ ᠣᠷᠣᠨ ᠤ ᠨᠠᠰᠤᠲᠠᠶᠢᠴᠤᠳ ᠤᠨ ᠬᠥᠮᠦᠨ ᠠᠮᠠ ᠶᠢᠨ ᠶᠡᠷᠦᠩᠬᠡᠶ ᠲᠣᠭᠠᠨ ᠳᠤ ᠡᠵᠡᠯᠡᠬᠦ ᠬᠠᠷᠢᠴᠠᠯ ᠢ 20% ᠎ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ ᠭᠡᠵᠦ ᠱᠠᠭᠠᠷᠳᠠᠵᠠᠢ᠃      ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠲᠠ ᠨᠤᠭᠤᠳ ᠲᠤ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠶᠢᠨ ᠰᠢᠰᠲ᠋ᠧᠮ ᠪᠣᠯᠤᠨ ᠡᠯ᠎ᠡ ᠱᠠᠲᠤᠨ ᠤ ᠡᠯ᠎ᠡ ᠲᠥᠷᠥᠯ ᠤᠨ ᠠᠵᠢᠯ ᠮᠡᠷᠭᠡᠵᠢᠯ ᠤᠨ ᠰᠤᠷᠭᠠᠭᠤᠯᠢ ᠳᠤ ᠲᠦᠰᠢᠭᠯᠡᠨ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠲᠤᠷᠰᠢᠯᠲᠠ ᠶᠢᠨ ᠠᠵᠢᠯ ᠢ ᠢᠳᠡᠪᠬᠢᠲᠡᠶ ᠦᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ 2018 ᠣᠨ ᠳᠤ᠂ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠴᠢᠭ᠋ ᠢ ᠰᠢᠯᠢᠨ ᠰᠣᠩᠭᠤᠬᠤ ᠶᠢᠨ ᠬᠠᠮᠲᠤ ᠲᠦᠷᠦ ᠶᠢᠨ ᠪᠤᠳᠤᠯᠭ᠎ᠠ ᠪᠣᠯᠣᠨ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ᠡᠭᠦᠨ ᠤ ᠵᠡᠷᠭᠡᠴᠡᠭᠡᠪᠡᠷ᠂ ᠥᠪᠡᠷᠲᠡᠭᠡᠨ ᠵᠠᠰᠠᠬᠤ ᠣᠷᠣᠨ ᠡᠩ ᠤᠨ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠨᠤᠭᠤᠳ ᠠᠴᠠ ᠨᠠᠰᠤᠲᠠᠶᠢᠴᠤᠳ ᠲᠤ ᠬᠠᠨᠳᠤᠭᠤᠯᠤᠨ ᠬᠢᠴᠢᠶᠡᠯ ᠤᠨ ᠡᠬᠢ ᠪᠠᠶᠠᠯᠢᠭ ᠬᠠᠩᠭᠠᠬᠤ ᠶᠢ ᠠᠬᠢᠭᠤᠯᠬᠤ ᠶᠢᠨ ᠬᠠᠮᠲᠤ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠪᠠᠶᠢᠭᠤᠯᠬᠤ ᠪᠠ ᠴᠢᠳᠠᠪᠤᠷᠢᠲᠠᠨ ᠬᠥᠮᠦᠵᠢᠭᠦᠯᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠭᠠᠵᠠᠷ ᠲᠠᠯᠠᠪᠤᠷ᠂ ᠨᠣᠮ ᠤᠨ ᠰᠠᠩ  ᠂ ᠪᠡᠯᠡᠳᠬᠡᠮᠵᠢ ᠲᠦᠬᠦᠭᠡᠷᠦᠮᠵᠢ  ᠶᠢ ᠴᠢᠯᠦᠭᠡᠲᠡᠢ ᠨᠡᠭᠡᠭᠡᠬᠦ ᠪᠠᠷ ᠳᠠᠮᠵᠢᠭᠠᠳ᠂ ᠬᠢᠴᠢᠶᠡᠯ ᠤᠨ ᠡᠬᠢ ᠪᠠᠶᠠᠯᠢᠭ ᠪᠣᠯᠣᠨ ᠰᠤᠷᠤᠯᠴᠠᠬᠤ ᠳᠤᠨᠢ ᠲᠡᠮᠵᠢᠯᠭᠡ ᠦᠢᠯᠡᠴᠢᠯᠡᠭᠡ ᠬᠠᠩᠭᠠᠬᠤ ᠵᠡᠷᠭᠡ ᠬᠡᠯᠪᠡᠷᠢ ᠪᠠᠷ ᠨᠠᠰᠤᠲᠠᠶᠢᠴᠤᠳ ᠤᠨ ᠰᠤᠷᠭᠠᠨ ᠬᠥᠮᠥᠵᠢᠯ ᠳᠤ ᠣᠷᠣᠯᠴᠠᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号