2016 ᠣᠨ ᠤ 10 ᠳ᠋ᠤᠭᠠᠷ ᠰᠠᠷ᠎ᠠ ᠠᠴᠠ ᠡᠬᠢᠯᠡᠨ᠂ ᠮᠠᠨ ᠤ ᠣᠷᠣᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠳᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠶᠢ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠤᠨ ᠵᠢᠷᠤᠮᠵᠢᠭᠤᠯᠤᠭᠰᠠᠨ ᠬᠠᠮᠢᠶᠠᠷᠤᠯᠲᠠ ᠶᠢ ᠬᠢᠨᠠᠨ ᠰᠢᠯᠭᠠᠬᠤ ᠠᠷᠭ᠎ᠠ︾ ᠪᠣᠯᠣᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ | ᠡᠵᠡᠩᠨᠡᠯᠲᠡ ᠶᠢᠨ ᠨᠢᠭᠡᠴᠡ ᠶᠢᠨ ᠵᠢᠷᠤᠮᠵᠢᠭᠤᠯᠤᠭᠰᠠᠨ ᠬᠠᠮᠢᠶᠠᠷᠤᠯᠲᠠ ᠶᠢ ᠬᠢᠨᠠᠨ ᠰᠢᠯᠭᠠᠬᠤ ᠠᠷᠭ᠎ᠠ︾ ᠶᠢ ᠪᠣᠬᠢᠷ | ᠤᠰᠤ ᠰᠢᠶᠳᠪᠦᠷᠢᠯᠡᠬᠦ ᠦᠢᠯᠡᠳᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠡᠵᠡᠩᠨᠡᠯᠲᠡ ᠶᠢᠨ | ᠨᠢᠭᠡᠴᠡ ᠶᠢ ᠬᠢᠨᠠᠨ ᠰᠢᠯᠭᠠᠬᠤ ᠦᠨᠳᠦᠰᠦᠯᠡᠯ ᠪᠣᠯᠭᠠᠬᠤ ᠪᠠᠷ ᠲᠣᠭᠲᠠᠭᠠᠵᠠᠢ᠃ ᠡᠯ᠎ᠡ ᠭᠠᠵᠠᠷ ᠤᠨ ᠥᠭᠡᠷᠡᠴᠢᠯᠡᠨ | ᠰᠠᠶᠢᠵᠢᠷᠠᠭᠤᠯᠵᠤ ᠪᠠᠶᠢᠭ᠎ᠠ ᠠᠬᠢᠴᠠ ᠶᠢᠨ ᠪᠠᠶᠢᠳᠠᠯ ᠢ ᠡᠵᠡᠮᠰᠢᠨ᠂ ᠥᠭᠡᠷᠡᠴᠢᠯᠡᠨ ᠰᠠᠶᠢᠵᠢᠷᠠᠭᠤᠯᠬᠤ ᠡᠭᠦᠷᠭᠡ ᠪᠠᠨ | ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠨᠢ ᠰᠢᠮᠳᠠᠭᠤᠯᠬᠤ ᠶᠢᠨ ᠲᠤᠰᠠᠳᠠ᠂ ᠡᠨᠡ ᠵᠢᠯ ᠤᠨ 5 ᠳ᠋ᠤᠭᠠᠷ ᠰᠠᠷ᠎ᠠ ᠳᠤ | ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ 12 ᠠᠶᠢᠮᠠᠭ ᠬᠤᠲᠠ ᠳᠤ ︽ᠭᠤᠷᠪᠠᠨ ᠳᠣᠣᠷ᠎ᠠ | ᠪᠠᠶᠢᠬᠤ︾ ᠠᠰᠠᠭᠤᠳᠠᠯ ᠨᠡᠯᠢᠶᠡᠳ ᠬᠦᠨᠳᠦ ᠨᠣᠴᠢᠲᠠᠶ ᠣᠷᠣᠰᠢᠵᠤ ᠪᠠᠶᠢᠭ᠎ᠠ ᠪᠣᠬᠢᠷ ᠤᠰᠤ ᠰᠢᠶᠳᠪᠦᠷᠢᠯᠡᠬᠦ | ᠦᠢᠯᠡᠳᠪᠦᠷᠢ ᠳᠤ ᠲᠤᠬᠠᠶ ᠶᠢᠨ ᠭᠠᠵᠠᠷ ᠲᠤᠨᠢ ᠲᠤᠰᠬᠠᠶ ᠰᠢᠮᠳᠠᠭᠤᠯᠤᠨ ᠪᠠᠶᠢᠴᠠᠭᠠᠯᠲᠠ ᠬᠢᠵᠦ᠂ ᠣᠷᠣᠰᠢᠵᠤ ᠪᠠᠶᠢᠭ᠎ᠠ | ᠠᠰᠠᠭᠤᠳᠠᠯ ᠤᠨ ᠰᠢᠯᠲᠠᠭᠠᠨ ᠵᠢᠴᠢ ᠠᠪᠴᠤ ᠪᠠᠶᠢᠭ᠎ᠠ ᠠᠷᠭ᠎ᠠ ᠬᠡᠮᠵᠢᠶ᠎ᠡ ᠶᠢ ᠨᠢ ᠤᠯᠠᠮ ᠨᠢᠭᠡ ᠠᠯᠬᠤᠮ ᠣᠶᠢᠯᠠᠭᠠᠵᠤ᠂ | ᠦᠢᠯᠡᠳᠪᠦᠷᠢ ᠳᠤᠨᠢ ᠵᠣᠬᠢᠴᠠᠭᠤᠯᠤᠨ ᠠᠷᠭ᠎ᠠ ᠠᠪᠴᠤ᠂ ᠥᠭᠡᠷᠡᠴᠢᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ | ᠡᠯ᠎ᠡ ᠭᠠᠵᠠᠷ ᠴᠦ ᠢᠳᠡᠪᠬᠢᠲᠡᠶ ᠬᠥᠳᠡᠯᠦᠯᠴᠡᠵᠦ᠂ ᠪᠣᠬᠢᠷ ᠤᠰᠤᠨ ᠤ ᠬᠤᠭᠤᠯᠠᠶ ᠶᠢᠨ ᠲᠣᠣᠷ ᠢ ᠪᠦᠷᠢᠨᠰᠢᠭᠦᠯᠬᠦ᠂ | ᠪᠠᠷᠢᠮᠵᠢᠶ᠎ᠠ ᠪᠠᠨ ᠳᠡᠭᠡᠭᠰᠢᠯᠡᠭᠦᠯᠦᠨ ᠥᠭᠡᠷᠡᠴᠢᠯᠡᠨ ᠰᠠᠶᠢᠵᠢᠷᠠᠭᠤᠯᠬᠤ᠂ ᠳᠠᠬᠢᠯᠳᠠ ᠤᠰᠤ ᠶᠢᠨ ᠪᠡᠯᠡᠳᠬᠡᠮᠵᠢ ᠪᠦᠲᠦᠭᠡᠨ | ᠪᠠᠶᠢᠭᠤᠯᠬᠤ ᠵᠡᠷᠭᠡ ᠠᠯᠢ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠥᠭᠡᠷᠡᠴᠢᠯᠡᠨ | ᠰᠠᠶᠢᠵᠢᠷᠠᠭᠤᠯᠬᠤ ᠠᠵᠢᠯ ᠨᠢ ᠢᠯᠡᠳᠲᠡ ᠦᠷ᠎ᠡ ᠪᠦᠲᠦᠮᠵᠢ ᠣᠯᠵᠠᠶ᠃ ᠪᠦᠷᠢᠨ ᠪᠤᠰᠤ ᠪᠦᠷᠢᠳᠬᠡᠯ ᠢᠶᠠᠷ᠂ | ᠣᠳᠣᠬᠠᠨ ᠳᠤ 2017 ᠣᠨ ᠤ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠪᠠᠨ | ᠳᠡᠭᠡᠭᠰᠢᠯᠡᠭᠦᠯᠦᠨ ᠥᠭᠡᠷᠡᠴᠢᠯᠡᠨ ᠰᠠᠶᠢᠵᠢᠷᠠᠭᠤᠯᠬᠤ ᠳᠤ ᠣᠷᠣᠭᠤᠯᠤᠭᠰᠠᠨ ᠲᠥᠷᠥᠯ ᠵᠦᠢᠯ 12᠂ ᠰᠢᠨ᠎ᠡ ᠪᠠᠷ | ᠪᠠᠶᠢᠭᠤᠯᠤᠭᠰᠠᠨ ᠲᠠᠬᠢᠯᠳᠠ ᠤᠰᠤᠨ ᠤ ᠲᠥᠷᠥᠯ ᠵᠦᠢᠯ 35 ᠪᠠᠶᠢᠵᠤ᠂ ᠵᠢᠱᠢᠯᠲᠡ ᠪᠠᠷ ᠪᠣᠬᠢᠷ ᠤᠰᠤᠨ ᠤ | ᠬᠤᠭᠤᠯᠠᠶ ᠶᠢᠨ ᠲᠣᠣᠷ ᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠰᠠᠶᠢᠵᠢᠷᠠᠭᠤᠯᠤᠭᠰᠠᠨ ᠣᠷᠳᠣ ᠶᠢᠨ | ᠬᠡᠮᠵᠢᠶ᠎ᠡ ᠨᠢ ᠪᠠᠷᠤᠭ 1114 ᠺᠢᠯᠤᠮᠧᠲᠷ ᠪᠤᠢ᠃ | 2017 ᠣᠨ ᠤ ᠳᠡᠭᠡᠷ᠎ᠡ ᠬᠠᠭᠠᠰ ᠵᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠦᠯᠵᠢᠶᠡᠨ | ᠳᠡᠭᠡᠷ᠎ᠡ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠵᠠᠳᠠᠯᠤᠯᠲᠠ ᠶᠢ ᠦᠨᠳᠦᠰᠦᠯᠡᠪᠡᠯ᠂ 2017 ᠣᠨ ᠤ ᠳᠡᠭᠡᠷ᠎ᠡ | ᠬᠠᠭᠠᠰ ᠵᠢᠯ ᠳᠤ ᠪᠥᠬᠦ ᠣᠷᠣᠨ ᠤ ᠬᠤᠳᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠶᠢᠨ ᠵᠢᠷᠤᠵᠤ | ᠲᠥᠯᠥᠪᠯᠡᠭᠰᠡᠨ ᠪᠣᠬᠢᠷ ᠤᠰᠤ ᠰᠢᠶᠳᠪᠦᠷᠢᠯᠡᠬᠦ ᠴᠢᠳᠠᠪᠤᠷᠢ ᠨᠢ 53075 ᠲᠦᠮᠡᠨ ᠲᠣᠨ᠂ ᠪᠣᠬᠢᠷ ᠤᠰᠤᠨ ᠤ | ᠶᠡᠷᠦᠩᠬᠡᠶ ᠭᠠᠳᠠᠭᠰᠢᠯᠠᠭᠤᠯᠤᠯᠲᠠ ᠶᠢᠨ ᠬᠡᠮᠵᠢᠶ᠎ᠡ ᠨᠢ 31702 ᠲᠦᠮᠡᠨ ᠲᠣᠨ᠂ ᠪᠣᠬᠢᠷ ᠤᠰᠤ ᠶᠢᠨ ᠪᠠᠷᠢᠮᠵᠢᠶᠠᠨ ᠳᠤ | ᠬᠦᠷᠦᠭᠰᠡᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠨᠢ 31084 ᠲᠦᠮᠡᠨ ᠲᠣᠨ᠂ ᠪᠠᠷᠢᠮᠵᠢᠶᠠᠨ ᠳᠤ ᠬᠦᠷᠦᠭᠰᠡᠨ | ᠭᠠᠳᠠᠭᠰᠢᠯᠠᠭᠤᠯᠤᠯᠲᠠ ᠶᠢᠨ ᠨᠣᠷᠮ᠎ᠠ ᠨᠢ 98.05% ᠳᠤ ᠬᠦᠷᠴᠦ᠂ 2016 ᠣᠨ ᠤ ᠠᠳᠠᠯᠢ | ᠬᠤᠭᠤᠴᠠᠭᠠᠨ ᠤ ᠬᠢ ᠠᠴᠠ 3.4 ᠵᠠᠭᠤᠨ ᠤ ᠴᠡᠭ ᠳᠡᠭᠡᠭᠰᠢᠯᠡᠵᠡᠢ︔ ᠳᠤᠮᠳᠠᠴᠢ ᠳᠠᠭᠠᠭᠠᠴᠠ ᠶᠢᠨ ᠨᠣᠷᠮ᠎ᠠ ᠨᠢ 71. | 5% ᠪᠠᠶᠢᠵᠤ᠂ 2016 ᠣᠨ ᠤ ᠠᠳᠠᠯᠢ ᠬᠤᠭᠤᠴᠠᠭᠠᠨ ᠤ ᠬᠢ ᠠᠴᠠ 9.38 ᠵᠠᠭᠤᠨ ᠤ ᠴᠡᠭ ᠳᠡᠭᠡᠭᠰᠢᠯᠡᠵᠡᠢ︔ | ᠲᠡᠬᠢᠯᠳᠠ ᠤᠰᠤ ᠶᠢ ᠠᠰᠢᠭᠯᠠᠬᠤ ᠪᠡᠯᠡᠳᠬᠡᠮᠵᠢ 45 ᠰᠠᠭᠤᠷᠢ ᠪᠠᠶᠢᠵᠤ᠂ ᠪᠥᠬᠦ ᠣᠷᠣᠨ ᠤ ᠬᠤᠳᠠ ᠪᠠᠯᠭᠠᠰᠤ ᠶᠢᠨ | ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ 40% ᠶᠢ ᠡᠵᠡᠯᠡᠪᠡ᠃ |