ᠡᠨᠡ ᠵᠢᠯ ᠤᠨ 9 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠦᠨ ᠤ ᠶᠡᠷᠦᠩᠬᠡᠶ | ᠲᠤᠭ᠎ᠠ 1412.5 ᠲᠦᠮᠨ ᠪᠣᠯᠵᠤ ᠂ ᠨᠢᠳᠤᠨᠤᠨ ᠤ ᠬᠢ ᠠᠴᠠ 21.4 ᠲᠦᠮᠡᠨ ᠬᠥᠮᠦᠨ ᠨᠡᠮᠡᠭᠳᠡᠵᠡᠶ᠃ ᠣᠳᠣ᠂ | ᠥᠪᠡᠷᠲᠡᠭᠡᠨ ᠵᠠᠰᠠᠬᠤ ᠣᠷᠣᠨ ᠤ ᠠᠩᠬ᠎ᠠ ᠠᠯᠬᠤᠮ ᠰᠢᠭᠰᠢᠨ ᠪᠠᠶᠢᠴᠠᠭᠠᠵᠤ ᠭᠠᠷᠭᠠᠭᠰᠠᠨ ᠳᠠᠭᠠᠳᠬᠠᠯ ᠳᠤ | ᠣᠷᠣᠯᠴᠠᠭᠰᠠᠨ ᠦᠬᠡᠢ ᠬᠥᠮᠦᠰ ᠤᠨ ᠮᠡᠳᠡᠭᠡ ᠵᠠᠩᠭᠢ ᠶᠢ ᠬᠠᠷᠢᠴᠠᠭᠤᠯᠬᠤ ᠠᠵᠢᠯ ᠪᠦᠬᠦᠨ ᠢᠶᠠᠷ ᠢᠶᠠᠨ ᠳᠠᠭᠤᠰᠴᠤ᠂ | ᠳᠠᠭᠠᠳᠬᠠᠯ ᠳᠤ ᠣᠷᠣᠯᠴᠠᠬᠤ ᠶᠤᠰᠤᠲᠠᠢ ᠪᠠᠶᠢᠲᠠᠯ᠎ᠠ ᠪᠠᠨ ᠣᠷᠣᠯᠴᠠᠭᠰᠠᠨ ᠦᠭᠡᠢ 223.1 ᠲᠦᠮᠡᠨ ᠬᠥᠮᠦᠨ ᠢ | ᠬᠢᠨᠠᠨ ᠮᠠᠭᠠᠳᠯᠠᠵᠠᠢ᠃ | ᠣᠨ ᠤ ᠬᠠᠷᠠᠯᠲᠠᠲᠤ ᠡᠭᠦᠷᠭᠡ ᠪᠠᠨ ᠤᠯᠠᠮ ᠰᠡᠶᠢᠠ ᠪᠡᠶᠡᠯᠡᠭᠦᠯᠬᠦ ᠶᠢᠨ ᠲᠣᠰᠠᠳᠠ᠂ ᠪᠦᠬᠦ ᠣᠷᠣᠨ ᠤ ᠡᠯ᠎ᠡ | ᠱᠠᠲᠤᠨ ᠤ ᠨᠠᠰᠤᠵᠢᠯ ᠤᠨ ᠳᠠᠭᠠᠳᠬᠠᠯ ᠤᠨ ᠶᠠᠪᠤᠳᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠤᠭᠤᠳ ᠣᠨ ᠤ | ᠬᠠᠷᠠᠯᠲᠠᠲᠤ ᠡᠭᠦᠷᠭᠡ ᠶᠢᠨ ᠢᠶᠠᠨ ᠲᠤᠭᠤᠷᠢᠨ ᠳᠤ᠂ ᠣᠯᠠᠨ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ | ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠵᠦᠢᠯ ᠳᠠᠷᠠᠭᠠᠯᠠᠨ | ᠢᠯᠭᠠᠷᠠᠭᠤᠯᠵᠤ ᠪᠠᠶᠢᠴᠠᠭᠠᠵᠡᠶ᠃ ᠠᠬᠢᠴᠠ ᠪᠠᠷ ᠤᠳᠠᠭᠠᠨ ᠪᠠᠶᠢᠭ᠎ᠠ ᠪᠠ ᠪᠡᠶᠡᠯᠡᠭᠦᠯᠦᠯᠲᠡ ᠪᠠᠷ ᠪᠠᠷᠤᠭᠲᠠᠢ ᠰᠢᠭ | ᠠᠵᠢᠯ ᠢ ᠲᠦᠢᠯᠪᠤᠷᠢᠲᠠᠶ ᠠᠳᠬᠤᠵᠤ᠂ ᠣᠳᠣᠬᠠᠨ ᠳᠤ ᠡᠯ᠎ᠡ ᠵᠦᠢᠯ ᠤᠨ ᠬᠠᠷᠠᠯᠲᠠᠲᠤ ᠡᠭᠦᠷᠭᠡ ᠤᠷᠤᠭᠰᠢᠲᠠᠶ | ᠶᠠᠪᠤᠭᠳᠠᠵᠤ ᠪᠠᠶᠢᠨ᠎ᠠ᠃ | ᠴᠢᠭᠯᠡᠯ ᠢᠶᠠᠨ ᠲᠣᠳᠣᠷᠬᠠᠶᠢᠯᠠᠵᠤ ᠬᠡᠪᠴᠢᠶ᠎ᠡ ᠪᠠᠨ ᠥᠷᠭᠡᠳᠬᠡᠬᠦ ᠶᠢ ᠠᠳᠬᠤᠵᠡᠶ᠃ ᠪᠦᠬᠦ ᠣᠷᠣᠨ ᠤ ᠡᠯ᠎ᠡ | ᠱᠠᠲᠤᠨ ᠤ ᠨᠠᠰᠤᠵᠢᠯ ᠤᠨ ᠳᠠᠭᠠᠳᠬᠠᠯ ᠤᠨ ᠶᠠᠪᠤᠳᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠤᠭᠤᠳ | ᠬᠡᠪᠴᠢᠶ᠎ᠡ ᠪᠠᠨ ᠥᠷᠭᠡᠳᠬᠡᠬᠦ ᠶᠢ ᠠᠳᠬᠤᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠦᠲᠦᠮᠵᠢᠲᠡᠶ | ᠠᠷᠭ᠎ᠠ ᠬᠡᠮᠵᠢᠶ᠎ᠡ ᠠᠪᠴᠤ᠂ ᠬᠤᠪᠢ ᠣᠷᠣᠭᠤᠯᠤᠯᠲᠠ ᠶᠢᠨ ᠳᠦᠷᠢᠮᠲᠦ ᠪᠠ ᠬᠤᠪᠢ ᠶᠢᠨ ᠡᠵᠡᠩᠨᠡᠯᠲᠡ ᠶᠢᠨ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ | ᠣᠷᠣᠯᠴᠠᠬᠤ ᠶᠢ ᠢᠳᠡᠪᠬᠢᠲᠡᠶ ᠲᠦᠯᠬᠢᠨ ᠠᠬᠢᠭᠤᠯᠵᠤ᠂ ᠣᠷᠣᠯᠴᠠᠬᠤ ᠶᠤᠰᠤᠲᠠᠢ ᠶᠢ ᠨᠢ ᠪᠦᠬᠦᠨ ᠢ ᠣᠷᠣᠯᠴᠠᠭᠤᠯᠬᠤ | ᠶᠢ ᠦᠨᠡᠨ ᠬᠦ ᠪᠡᠶᠡᠯᠡᠭᠦᠯᠵᠡᠶ᠃ ᠠᠮᠢᠳᠤᠯᠢᠭ ᠢᠶᠠᠷ ᠠᠵᠢᠯ ᠣᠯᠤᠭᠰᠠᠨ ᠬᠥᠮᠦᠰ᠂ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ᠂ ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠪᠠ ᠭᠠᠵᠠᠷ ᠰᠢᠷᠣᠶ ᠪᠠᠨ | ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠨ᠂ ᠳᠠᠭᠠᠳᠬᠠᠯ ᠳᠤ ᠣᠷᠣᠯᠴᠠᠬᠤ ᠰᠠᠨᠠᠯ ᠪᠣᠳᠣᠯ ᠲᠠᠢ | ᠲᠠᠷᠢᠶᠠᠴᠢᠳ ᠢᠶᠠᠷ ᠭᠤᠣᠯᠳᠠᠯᠭ᠎ᠠ ᠪᠣᠯᠭᠠᠵᠤ᠂ ᠳᠠᠭᠠᠳᠬᠠᠯ ᠳᠤ ᠣᠷᠣᠯᠴᠠᠭᠤᠯᠬᠤ ᠬᠡᠪᠴᠢᠶ᠎ᠡ ᠶᠢ ᠥᠷᠭᠡᠳᠬᠡᠬᠦ | ᠲᠥᠰᠦᠯ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠲᠣᠭᠲᠠᠭᠠᠵᠤ᠂ ᠳᠠᠭᠠᠳᠬᠠᠯ ᠳᠤ ᠣᠷᠣᠯᠴᠠᠭᠰᠠᠨ | ᠦᠭᠡᠢ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠳᠠᠭᠠᠳᠬᠠᠯ ᠳᠤ ᠣᠷᠣᠯᠴᠠᠭᠤᠯᠵᠡᠶ᠃ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠳᠠᠩᠰᠠᠯᠠᠯ ᠤᠨ ᠠᠵᠢᠯ ᠢ ᠲᠦᠷᠭᠡᠪᠴᠢᠯᠡᠨ ᠪᠡᠶᠡᠯᠡᠭᠦᠯᠦᠭᠰᠡᠨ | ᠪᠦᠭᠡᠳ ᠲᠤᠭ᠎ᠠ ᠪᠠᠷᠢᠮᠲᠠ ᠶᠢᠨ ᠵᠠᠳᠠᠯᠤᠯᠲᠠ ᠬᠢᠪᠡ᠃ | ᠵᠠᠷᠤᠳᠠᠯ ᠤᠨ ᠢᠷᠡᠯᠲᠡ ᠶᠢ ᠬᠠᠷᠭᠤᠭᠤᠯᠤᠨ ᠲᠣᠭᠲᠠᠭᠠᠬᠤ ᠶᠢ ᠴᠢᠩᠭ᠎ᠠ ᠠᠳᠬᠤᠵᠤ ᠲᠠᠲᠠᠪᠤᠷᠢᠯᠠᠨ | ᠲᠤᠰᠢᠶᠠᠬᠤ ᠶᠢ ᠠᠬᠢᠭᠤᠯᠵᠡᠶ᠃ ᠪᠦᠬᠦ ᠣᠷᠣᠨ ᠤ ᠡᠯ᠎ᠡ ᠱᠠᠲᠤᠨ ᠨᠠᠰᠤᠵᠢᠯ ᠤᠨ ᠳᠠᠭᠠᠳᠬᠠᠯ ᠤᠨ ᠶᠠᠪᠤᠳᠠᠯ ᠢ | ᠭᠠᠷᠲᠠᠨ ᠭᠦᠢᠴᠡᠳᠬᠡᠬᠦ ᠪᠠᠶᠢᠭᠤᠯᠤᠮᠵᠢ ᠨᠤᠭᠤᠳ ᠵᠠᠷᠤᠳᠠᠯ ᠤᠨ ᠢᠷᠡᠯᠲᠡ ᠶᠢ ᠬᠠᠷᠭᠤᠭᠤᠯᠤᠨ ᠲᠣᠭᠲᠠᠭᠠᠬᠤ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠠᠷᠲᠠᠨ ᠭᠦᠢᠴᠡᠳᠬᠡᠬᠦ ᠰᠠᠯᠠᠭ᠎ᠠ ᠮᠥᠴᠢᠷ ᠨᠢ ᠨᠠᠰᠤᠵᠢᠯ | ᠤᠨ ᠠᠰᠠᠷᠠᠮᠵᠢ ᠶᠢᠨ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠬᠠᠷᠭᠤᠭᠤᠯᠬᠤ | ᠶᠤᠰᠤᠲᠠᠢ ᠪᠠᠨ ᠴᠥᠮ ᠬᠠᠷᠭᠤᠭᠤᠯᠬᠤ ᠶᠢ ᠦᠨᠡᠨ ᠬᠦ ᠪᠡᠶᠡᠯᠡᠭᠦᠯᠵᠤ᠂ ᠣᠷᠣᠨ ᠨᠤᠲᠤᠭ ᠤᠨ ᠭᠠᠶᠢᠯᠢ ᠶᠢᠨ ᠰᠠᠯᠠᠭ᠎ᠠ | ᠮᠥᠴᠢᠷ ᠤᠨ ᠬᠤᠷᠢᠶᠠᠬᠤ ᠶᠣᠰᠣᠲᠠᠶ ᠶᠢ ᠨᠢ ᠪᠦᠷᠢᠨ ᠬᠤᠷᠢᠶᠠᠬᠤ ᠳᠤ ᠰᠠᠭᠤᠷᠢ ᠲᠠᠯᠪᠢᠨ ᠥᠭᠴᠦ᠂ ᠣᠨ ᠤ | ᠲᠠᠲᠠᠪᠤᠷᠢᠯᠠᠵᠤ ᠲᠤᠰᠢᠶᠠᠬᠤ ᠲᠥᠯᠥᠪᠯᠡᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠡᠶ᠃ | ᠬᠢᠩᠭᠠᠨ ᠠᠶᠢᠮᠠᠭ ᠤᠨ ᠨᠡᠶᠢᠭᠡᠮ ᠤᠨ ᠪᠠᠲᠤᠯᠠᠭ᠎ᠠ ᠶᠢᠨ ᠲᠠᠩᠬᠢᠮ ᠨᠢ ᠨᠡᠶᠢᠭᠡᠮ ᠤᠨ ᠳᠠᠭᠠᠳᠬᠠᠯ ᠤᠨ | ᠰᠦᠢᠳᠬᠡᠯ ᠲᠠᠲᠠᠪᠤᠷᠢᠯᠠᠵᠤ ᠲᠤᠰᠢᠶᠠᠬᠤ ᠲᠥᠪ ᠪᠠᠶᠢᠭᠤᠯᠵᠤ᠂ ᠲᠥᠪ ᠨᠢ ᠨᠡᠶᠢᠭᠡᠮ ᠤᠨ ᠳᠠᠭᠠᠳᠬᠠᠯ ᠤᠨ ᠲᠣᠪᠴᠢᠶ᠎ᠠ | ᠪᠠᠷ ᠲᠦᠷᠦᠭᠦᠯᠡᠵᠤ᠂ ᠡᠯ᠎ᠡ ᠭᠠᠷᠲᠠᠨ ᠭᠦᠢᠴᠡᠳᠬᠡᠬᠦ ᠨᠢᠭᠡᠴᠡ ᠶᠢᠨ ᠠᠵᠢᠯᠲᠠᠨ ᠢᠶᠠᠷ ᠪᠦᠷᠢᠯᠳᠦᠵᠦ᠂ ᠰᠦᠶᠳᠬᠡᠯ | ᠲᠤᠰᠢᠶᠠᠬᠤ ᠰᠠᠭᠤᠷᠢ ᠲᠤᠭ᠎ᠠ ᠶᠢ ᠬᠠᠮᠲᠤᠷᠠᠨ ᠬᠢᠨᠠᠨ ᠲᠣᠭᠲᠠᠭᠠᠬᠤ ᠶᠢ ᠬᠡᠷᠡᠭᠵᠢᠭᠦᠯᠵᠡᠢ᠃ ᠪᠠᠶᠠᠨᠨᠠᠭᠤᠷ ᠬᠤᠲᠠ ᠨᠢ | ᠰᠠᠷ᠎ᠠ ᠪᠠᠷ ᠬᠢᠨᠠᠨ ᠲᠣᠭᠲᠠᠭᠠᠵᠤ ᠠᠯᠪᠠᠳᠠᠨ ᠲᠠᠲᠠᠪᠤᠷᠢᠯᠠᠨ ᠲᠤᠰᠢᠶᠠᠬᠤ ᠵᠠᠭᠪᠤᠷ ᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠠᠷᠭᠤᠭᠤᠯᠬᠤ ᠶᠤᠰᠤᠲᠠᠢ ᠶᠢ ᠨᠢ | ᠴᠥᠮ ᠬᠠᠷᠭᠤᠭᠤᠯᠬᠤ ᠶᠢ ᠦᠨᠡᠨ ᠬᠦ ᠪᠡᠶᠡᠯᠡᠭᠦᠯᠵᠡᠶ᠃ ᠰᠢᠨ᠎ᠡ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ | ᠠᠵᠢᠯᠴᠢᠨ ᠤ ᠰᠢᠨ᠎ᠡ ᠳᠤᠮᠳᠠᠴᠢ ᠴᠠᠯᠢᠩ ᠢ ᠨᠡᠶᠢᠲᠡᠯᠡᠬᠦ ᠠᠴᠠ ᠪᠠᠨ ᠡᠮᠦᠨ᠎ᠡ᠂ ᠪᠥᠬᠦ ᠬᠤᠲᠠ ᠶᠢᠨ ᠠᠵᠤ | ᠠᠬᠤᠶᠢᠯᠠᠯ ᠤᠨ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠲᠦᠷ 2016 ᠣᠨ ᠤ 12 ᠳ᠋ᠤᠭᠠᠷ ᠰᠠᠷ᠎ᠠ ᠶᠢᠨ | ᠰᠠᠭᠤᠷᠢ ᠲᠤᠭ᠎ᠠ ᠪᠠᠷ ᠬᠠᠷᠭᠤᠭᠤᠯᠤᠨ ᠲᠣᠭᠲᠠᠭᠠᠵᠤ᠂ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ | ᠰᠢᠨ᠎ᠡ ᠳᠤᠮᠳᠠᠴᠢ ᠴᠠᠯᠢᠩ ᠢ ᠨᠡᠶᠢᠲᠡᠯᠡᠭᠰᠡᠨ ᠤ ᠲᠠᠷᠠᠭ᠎ᠠ᠂ ᠰᠢᠨ᠎ᠡ ᠰᠠᠭᠤᠷᠢ ᠲᠤᠭ᠎ᠠ ᠶᠢ ᠳᠠᠬᠢᠨ ᠴᠠᠭ ᠲᠤᠬᠠᠶ ᠳᠤᠨᠢ | ᠮᠡᠳᠡᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠤᠨ ᠵᠦᠷᠢᠶᠡᠨᠲᠦ ᠬᠡᠰᠡᠭ ᠢ ᠨᠢ | ᠨᠥᠬᠦᠪᠥᠷᠢᠯᠡᠨ ᠬᠠᠷᠭᠤᠭᠤᠯᠵᠤ ᠬᠤᠷᠢᠶᠠᠵᠡᠶ᠃ ᠪᠦᠷᠢᠳᠬᠡᠯ ᠢ ᠦᠨᠳᠦᠰᠦᠯᠡᠪᠡᠯ᠂ ᠲᠦᠷᠦᠭᠦᠤ 9 ᠰᠠᠷ᠎ᠠ ᠳᠤ᠂ ᠪᠦᠬᠦ | ᠣᠷᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠰᠠᠭᠤᠷᠢ | ᠮᠥᠩᠭᠦ ᠶᠢᠨ ᠣᠷᠣᠯᠭ᠎ᠠ 447.2 ᠳ᠋ᠦᠩᠰᠢᠭᠤᠷ ᠲᠥᠭᠦᠷᠢᠭ ᠪᠣᠯᠵᠡᠶ᠃ | ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ ᠣᠯᠭᠤᠬᠤ ᠶᠢ ᠪᠠᠲᠤᠯᠠᠵᠠᠢ᠃ ᠪᠦᠬᠦ ᠣᠷᠣᠨ ᠤ ᠡᠯ᠎ᠡ | ᠱᠠᠲᠤᠨ ᠤ ᠨᠠᠰᠤᠵᠢᠯ ᠤᠨ ᠳᠠᠭᠠᠳᠬᠠᠯ ᠤᠨ ᠶᠠᠪᠤᠳᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠤᠭᠤᠳ | ᠵᠣᠬᠢᠴᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠲᠥᠰᠦᠪ ᠤᠨ ᠳᠤᠲᠠᠭᠤᠳᠠᠯ ᠪᠡᠯᠡ ᠮᠥᠩᠭᠦ | ᠪᠠ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢ ᠴᠠᠭ ᠲᠤᠬᠠᠶ ᠳᠤᠨᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠠᠢ᠃ ᠡᠯ᠎ᠡ ᠵᠦᠢᠯ ᠤᠨ ᠬᠦᠴᠢᠷ ᠢ ᠤᠷᠢᠳᠴᠢᠯᠠᠨ ᠪᠠᠷᠤᠭᠴᠠᠭᠠᠯᠠᠵᠤ᠂ | ᠬᠠᠮᠢᠶ᠎ᠠ ᠪᠦᠬᠦᠢ ᠪᠡᠯᠡᠳᠬᠡᠯ ᠠᠵᠢᠯ ᠢ ᠴᠠᠭ ᠲᠤᠬᠠᠶ ᠳᠤᠨᠢ ᠡᠷᠲᠡᠬᠡᠨ ᠰᠠᠶᠢᠲᠤᠷ ᠬᠢᠵᠤ᠂ ᠡᠯ᠎ᠡ ᠵᠦᠢᠯ ᠤᠨ | ᠨᠠᠰᠤᠵᠢᠯ ᠤᠨ ᠣᠯᠭᠤᠮᠵᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠦᠨᠡᠨ ᠬᠦ ᠪᠠᠲᠤᠯᠠᠵᠠᠢ᠃ ᠪᠦᠬᠦ | ᠣᠷᠣᠨ ᠤ ᠨᠡᠶᠢᠳᠡ 221.3 ᠲᠦᠮᠡᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠪᠠᠭᠤᠭᠰᠠᠨ ᠠᠵᠢᠯᠲᠠᠨ | ᠵᠢᠴᠢ 211.4 ᠲᠦᠮᠡᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠠᠷᠠᠭᠠᠯᠵᠠᠯ ᠭᠥᠷᠳᠡᠬᠦ ᠬᠥᠮᠦᠰ ᠲᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ | ᠲᠤᠭ᠎ᠠ ᠶᠣᠰᠣᠭᠠᠷ ᠣᠯᠭᠤᠵᠤ᠂ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠭᠰᠠᠨ ᠨᠤᠷᠮ᠎ᠠ 100% ᠳᠤ | ᠬᠦᠷᠴᠡᠢ᠃ |