ᠥᠪᠥᠷ ᠮᠣᠩᠭᠤᠯ ᠤᠨ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ᠄ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠦᠨᠳᠦᠷ ᠵᠡᠷᠭᠡ ᠶᠢᠨ ᠮᠡᠷᠭᠡᠵᠢᠯ ᠤᠨ ᠴᠣᠯᠠ ᠰᠢᠭᠤᠳ ᠭᠤᠶᠤᠴᠢᠯᠠᠨ ᠮᠡᠳᠡᠭᠦᠯᠵᠦ ᠪᠤᠯᠤᠨ᠎ᠠ
ᠨᠡᠶᠢᠲᠡᠯᠡᠭᠰᠡᠨ ᠴᠠᠭ᠄
2017/11/20
     ᠥᠪᠥᠷ ᠮᠣᠩᠭᠤᠯ ᠮᠡᠷᠭᠡᠵᠢᠯ ᠤᠨ ᠴᠣᠯᠠ ᠶᠢᠨ ᠥᠭᠡᠷᠡᠴᠢᠯᠡᠯᠲᠡ ᠶᠢᠨ ᠬᠠᠮᠤᠭ ᠤᠨ ᠰᠢᠨ᠎ᠡ ᠲᠦᠷᠦ ᠶᠢᠨ ᠪᠤᠳᠤᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠰᠠᠶ᠋ᠢ ᠥᠨᠳᠥᠷ ᠵᠡᠷᠭᠡ ᠶᠢᠨ ᠮᠡᠷᠭᠡᠵᠢᠯ ᠤᠨ ᠴᠣᠯᠠ ᠰᠢᠭᠤᠳ ᠭᠤᠶᠤᠴᠢᠯᠠᠨ ᠮᠡᠳᠡᠭᠦᠯᠵᠦ ᠪᠤᠯᠤᠨ᠎ᠠ ᠭᠡᠵᠦ ᠲᠤᠳᠤᠷᠬᠠᠢ ᠲᠤᠭᠲᠠᠭᠠᠪᠠ᠃      ᠬᠠᠮᠤᠭ ᠤᠨ ᠰᠢᠨ᠎ᠡ ᠲᠣᠭᠲᠠᠭᠠᠯ ᠢᠶᠠᠷ ᠪᠤᠯ᠂ ᠥᠪᠥᠷ ᠮᠣᠩᠭᠤᠯ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ᠂ ᠦᠨᠳᠦᠰᠦᠲᠡᠨ ᠤ ᠣᠨᠴᠠᠯᠢᠭ ᠪᠦᠬᠦᠢ ᠴᠢᠳᠠᠪᠤᠷᠢᠲᠠᠨ ᠬᠢᠭᠡᠳ ᠤᠯᠤᠰ ᠤᠨ ᠤᠷᠤᠭᠤᠯᠤᠨ ᠠᠪᠴᠢᠷᠠᠭᠰᠠᠨ ᠳᠣᠲᠣᠭᠠᠳᠤ ᠭᠠᠳᠠᠭᠠᠳᠤ ᠶᠢᠨ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠪᠣᠯᠤᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠳᠤ ᠠᠰ ᠠᠰ ᠢᠶᠠᠷ ᠨᠢ ᠵᠥᠪᠯᠡᠬᠦ᠂ ᠨᠢᠭᠡ ᠬᠥᠮᠦᠨ ᠳᠤ ᠨᠢᠭᠡ ᠪᠣᠳᠣᠯᠭ᠎ᠠ ᠬᠡᠷᠡᠭᠵᠢᠭᠦᠯᠬᠦ᠂ ᠣᠨᠴᠠᠭᠠᠶ ᠬᠡᠷᠡᠭ ᠢ ᠣᠨᠴᠠᠭᠠᠶ ᠪᠠᠷ ᠰᠢᠶᠳᠪᠦᠷᠢᠯᠡᠬᠦ ᠠᠷᠭ᠎ᠠ ᠬᠡᠯᠪᠡᠷᠢ ᠶᠢ ᠠᠪᠴᠦ᠂ ᠰᠤᠷᠤᠯᠭ᠎ᠠ ᠶᠢᠨ ᠨᠠᠮᠲᠠᠷ᠂ ᠬᠢᠷᠭᠡᠮ᠂ ᠣᠨ ᠵᠢᠯ ᠵᠡᠷᠭᠡ ᠨᠦᠭᠦᠴᠡᠯ ᠤᠨ ᠬᠢᠵᠠᠭᠠᠷᠯᠠᠯ ᠢ ᠠᠭᠤᠵᠢᠭᠤ ᠲᠠᠯᠪᠢᠵᠤ᠂ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠨᠢᠭᠤᠷᠲᠠᠨ ᠰᠢᠯᠭᠠᠵᠤ ᠨᠣᠮ ᠬᠠᠶᠠᠯᠴᠠᠬᠤ ᠳᠠᠮᠵᠢᠭᠤᠯᠤᠨ᠂ ᠲᠤᠬᠠᠶ ᠶᠢᠨ ᠭᠠᠵᠠᠷ ᠲᠤᠨᠢ ᠬᠢᠨᠠᠨ ᠰᠢᠯᠭᠠᠬᠤ᠂ ᠦᠷ᠎ᠡ ᠪᠦᠲᠦᠭᠡᠯ ᠢ ᠬᠢᠨᠠᠨ ᠲᠣᠭᠲᠠᠭᠠᠬᠤ ᠵᠡᠷᠭᠡ ᠠᠷᠭ᠎ᠠ ᠬᠡᠯᠪᠡᠷᠢ ᠪᠠᠷ ᠵᠣᠬᠢᠴᠠᠩᠭᠤᠶ ᠮᠡᠷᠭᠡᠵᠢᠯ ᠤᠨ ᠴᠤᠯᠠ ᠶᠢ ᠱᠠᠳᠤ ᠠᠯᠭᠠᠰᠠᠭᠤᠯᠤᠨ ᠮᠠᠭᠠᠳᠯᠠᠨ ᠲᠤᠭᠲᠠᠭᠠᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠨᠠᠮ ᠤᠨ ᠰᠤᠷᠭᠠᠭᠤᠯᠢ᠂ ᠨᠡᠶᠢᠭᠡᠮ ᠤᠨ ᠰᠢᠨᠵᠢᠯᠡᠬᠦ ᠤᠬᠠᠭᠠᠨ᠂ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠤ ᠠᠬᠤᠶ ᠤᠢ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠨᠢᠭᠲᠠᠯᠠᠨ ᠪᠣᠳᠣᠭᠴᠢ᠂ ᠠᠵᠤ ᠠᠬᠤᠢ᠂ ᠲᠤᠭ᠎ᠠ ᠪᠦᠷᠢᠳᠬᠡᠯ᠂ ᠬᠢᠨᠠᠨ ᠪᠤᠳᠤᠯᠳᠠ᠂ ᠰᠤᠨᠢᠨ ᠮᠡᠳᠡᠭᠡ᠂ ᠬᠡᠪᠯᠡᠯ᠂ ᠳᠠᠩᠰᠠ ᠡᠪᠬᠡᠮᠡᠯ᠂ ᠨᠤᠮ ᠤᠨ ᠰᠠᠩ᠂ ᠬᠠᠭᠤᠴᠢ ᠰᠤᠳᠤᠯᠤᠯ ᠰᠢᠷᠢᠰ ᠤᠨ ᠳᠡᠳ᠋ ᠥᠨᠳᠥᠷ ᠵᠡᠷᠭᠡ ᠠᠴᠠ ᠳᠡᠭᠡᠭᠰᠢᠬᠢ ᠮᠡᠷᠭᠡᠵᠢᠯ ᠤᠨ ᠴᠣᠯᠠ᠂ ᠳᠡᠭᠡᠳᠦ ᠵᠡᠷᠭᠡ ᠶᠢᠨ ᠢᠨᠵᠧᠨᠧᠷ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠳᠠᠭᠠᠨ᠂ ᠦᠷᠭᠦᠯᠵᠢᠯᠡᠨ ᠥᠭᠦᠯᠡᠯ ᠤᠨ ᠨᠥᠬᠦᠴᠡᠯ ᠳᠤᠷᠠᠳᠴᠤ᠂ ᠥᠭᠦᠯᠡᠯ ᠤᠨ ᠲᠥᠯᠥᠭᠡᠯᠡᠬᠦ ᠪᠦᠲᠦᠭᠡᠯ ᠤᠨ ᠳᠦᠷᠢᠮ ᠢ ᠬᠡᠷᠡᠭᠵᠢᠭᠦᠯᠵᠦ᠂ ᠰᠤᠳᠤᠯᠭᠠᠨ ᠤ ᠦᠷ᠎ᠡ ᠪᠦᠲᠦᠭᠡᠯ᠂ ᠠᠮᠵᠢᠯᠲᠠ ᠪᠦᠲᠦᠮᠵᠢ ᠶᠢᠨ ᠬᠤᠪᠢ ᠨᠡᠮᠡᠷᠢ ᠵᠢᠴᠢ ᠵᠤᠬᠢᠶᠠᠯ ᠪᠦᠲᠦᠭᠡᠯ ᠤᠨ ᠶᠠᠰᠤ ᠴᠢᠨᠠᠷ ᠢ ᠭᠤᠣᠯᠳᠠᠯᠭ᠎ᠠ ᠲᠠᠢ ᠬᠢᠨᠠᠨ ᠪᠠᠶᠢᠴᠠᠭᠠᠵᠤ᠂ ᠥᠭᠦᠯᠡᠯ ᠤᠨ ᠲᠤᠭ᠎ᠠ ᠬᠡᠮᠵᠢᠶᠡᠨ ᠤ ᠲᠤᠬᠠᠢ ᠱᠠᠭᠠᠷᠳᠠᠯᠭ᠎ᠠ ᠶᠢ ᠦᠭᠡᠶᠢᠰᠬᠡᠵᠦ᠂ ᠥᠩᠭᠡᠷᠡᠭᠰᠡᠨ ᠤ ᠲᠤᠭ᠎ᠠ ᠶᠢ ᠴᠢᠬᠤᠯᠠᠴᠢᠯᠠᠨ ᠴᠢᠨᠠᠷ ᠢ ᠬᠥᠩᠭᠡᠪᠴᠢᠯᠡᠬᠦ ᠦᠵᠡᠭᠳᠡᠯ ᠢ ᠬᠤᠪᠢᠷᠠᠭᠤᠯᠤᠨ᠎ᠠ᠃      ᠥᠪᠥᠷ ᠮᠣᠩᠭᠤᠯ ᠲᠣᠳᠣᠷᠬᠠᠶ ᠲᠣᠭᠲᠠᠭᠠᠭᠰᠠᠨ ᠨᠢ᠄ ᠡᠯ᠎ᠡ ᠰᠢᠷᠢᠰ ᠤᠨ ᠳᠤᠮᠳᠠ ᠵᠡᠷᠭᠡ ᠶᠢᠨ ︵ᠢᠨᠵᠧᠨᠧᠷᠢᠩ ᠤᠨ ᠰᠢᠷᠢᠰ ᠤᠨ ᠳᠡᠳ᠋ ᠥᠨᠳᠥᠷ ᠵᠡᠷᠭᠡ︶ ᠵᠢᠴᠢ ᠲᠡᠭᠦᠨ ᠠᠴᠠ ᠳᠣᠷᠣᠭᠰᠢᠬᠢ ᠮᠡᠷᠭᠡᠵᠢᠯ ᠤᠨ ᠴᠣᠯᠠ ᠎ ᠳᠤ ᠲᠠᠬᠢᠵᠤ ᠦᠭᠦᠯᠡᠯ ᠢᠶᠠᠷ ᠬᠢᠵᠠᠭᠠᠷᠯᠠᠬᠤ ᠨᠥᠬᠦᠴᠡᠯ ᠪᠤᠯᠭᠠᠬᠤ ᠦᠭᠡᠢ᠂ ᠵᠥᠪᠬᠡᠨ ᠯᠠᠪᠯᠠᠯᠲᠠ ᠶᠢᠨ ᠴᠢᠨᠠᠷ ᠲᠠᠢ ᠨᠥᠬᠦᠴᠡᠯ ᠪᠣᠯᠭᠠᠵᠤ᠂ ᠲᠤᠰᠬᠠᠶ ᠠᠰᠢᠭ ᠤᠨ ᠦᠷ᠎ᠡ ᠪᠦᠲᠦᠭᠡᠯ᠂ ᠲᠦᠷᠦᠯ ᠵᠦᠢᠯ ᠤᠨ ᠮᠡᠳᠡᠭᠦᠯᠦᠯᠲᠡ᠂ ᠠᠵᠢᠯ ᠤᠨ ᠳ᠋ᠦᠩᠨᠡᠯᠲᠡ᠂ ᠪᠠᠷᠢᠯᠭ᠎ᠠ ᠶᠢᠨ ᠲᠥᠰᠦᠯ᠂ ᠵᠢᠷᠤᠵᠤ ᠲᠦᠯᠦᠪᠯᠡᠬᠦ ᠮᠠᠲ᠋ᠧᠷᠢᠶᠠᠯ᠂ ᠵᠢᠭᠠᠬᠤ ᠲᠥᠰᠦᠪ᠂ ᠡᠪᠡᠳᠴᠢᠨ ᠤ ᠲᠡᠤᠬᠡ ᠵᠡᠷᠭᠡ ᠦᠷ᠎ᠡ ᠪᠦᠲᠦᠭᠡᠯ ᠢᠶᠠᠷ ᠦᠭᠦᠯᠡᠯ ᠤᠨ ᠱᠠᠭᠠᠷᠳᠠᠯᠭ᠎ᠠ ᠶᠢ ᠤᠷᠤᠯᠠᠭᠤᠯᠬᠤ ᠶᠢ ᠰᠦᠪᠡᠭᠴᠢᠯᠡᠨ᠎ᠡ᠃ ᠣᠶᠢᠯᠠᠭᠠᠭᠰᠠᠨ ᠢᠶᠠᠷ᠂ ᠬᠤᠶᠢᠰᠢᠳᠠ ᠥᠪᠥᠷ ᠮᠣᠩᠭᠤᠯ ᠮᠡᠷᠭᠡᠵᠢᠯ ᠤᠨ ᠴᠣᠯᠠ ᠣᠯᠭᠤᠬᠤ ᠳᠤ ᠭᠠᠳᠠᠭᠠᠳᠤ ᠬᠡᠯᠡ ᠪᠠ ᠺᠣᠮᠫᠢᠦ᠋ᠲ᠋ᠧᠷ ᠤᠨ ᠬᠡᠷᠡᠭᠯᠡᠭᠡᠨ ᠤ ᠴᠢᠳᠠᠪᠤᠷᠢ ᠶᠢᠨ ᠰᠢᠯᠭᠠᠯᠲᠠ ᠶᠢᠨ ᠲᠠᠯ᠎ᠠ ᠪᠠᠷ ᠨᠢᠭᠡᠳᠦᠯᠲᠡᠶ ᠱᠠᠭᠠᠷᠳᠠᠯᠭ᠎ᠠ ᠳᠤᠷᠠᠳᠬᠤ ᠥᠬᠡᠶ᠂ ᠭᠠᠳᠠᠭᠠᠳᠤ ᠬᠡᠯᠡ ᠪᠠ ᠺᠣᠮᠫᠢᠦ᠋ᠲ᠋ᠧᠷ ᠤᠨ ᠰᠢᠯᠭᠠᠯᠲᠠ ᠶᠢᠨ ᠬᠢᠷᠢ ᠬᠡᠮᠵᠢᠶ᠎ᠡ ᠶᠢ ᠦᠨᠡᠨᠬᠦ ᠦᠨᠡᠯᠡᠬᠦ ᠴᠢᠬᠤᠯᠠ ᠎ ᠲᠠᠢ ᠪᠤᠯ ᠬᠥᠮᠦᠨ ᠬᠡᠷᠡᠭᠯᠡᠬᠦ ᠨᠢᠭᠡᠴᠡ ᠪᠤᠶᠤ ᠬᠢᠨᠠᠨ ᠲᠣᠭᠲᠠᠭᠠᠬᠤ ᠪᠠᠶᠢᠭᠤᠯᠤᠮᠵᠢ ᠡᠵᠡᠨ ᠮᠡᠳᠡᠨ ᠲᠣᠭᠲᠠᠭᠠᠵᠤ᠂ ᠥᠩᠭᠡᠷᠡᠭᠰᠡᠨ ᠤ ᠲᠡᠷᠡᠬᠦ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠳᠤ ︽ᠨᠢᠭᠡ ᠯᠡ ᠠᠳᠠᠯᠢ ᠪᠣᠯᠭᠠᠬᠤ︾ ᠦᠵᠡᠭᠳᠡᠯ ᠢ ᠬᠤᠪᠢᠷᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号