ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠳᠡᠷᠢᠭᠦᠯᠡᠭᠴᠢ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ ᠤᠳᠤᠬᠠᠨ ᠤ ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠦ ᠲᠠᠷᠠᠭ᠎ᠠ ᠵᠢᠯ ᠤᠨ ᠠᠵᠢᠯ ᠤᠨ ᠰᠡᠳᠬᠢᠴᠠ ᠶᠢ ᠲᠦᠯᠦᠪᠵᠢᠬᠦᠯᠪᠠ
ᠨᠡᠶᠢᠲᠡᠯᠡᠭᠰᠡᠨ ᠴᠠᠭ᠄
2017/11/21
     11 ᠳ᠋ᠦ᠋ᠭᠡᠷ ᠰᠠᠷ᠎ᠠ ᠶᠢᠨ 20᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2017 ᠤᠨ ᠤ 19 ᠳ᠋ᠦ᠋ᠭᠡᠷ ᠤᠳᠠᠭ᠎ᠠ ᠶᠢᠨ ᠳᠡᠷᠢᠭᠦᠯᠡᠭᠴᠢ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠪᠠ ᠳᠠᠷᠠᠭ᠎ᠠ ᠵᠢᠯ ᠤᠨ ᠠᠵᠢᠯ ᠤᠨ ᠰᠡᠳᠬᠢᠴᠡ ᠶᠢ ᠲᠤᠰᠬᠠᠢ ᠰᠡᠳᠦᠪ ᠢᠶᠠᠷ ᠰᠤᠳᠤᠯᠪᠠ᠃      ᠬᠤᠷᠠᠯ ᠠᠴᠠ᠂ ᠡᠯ᠎ᠡ ᠬᠦᠷᠢᠶ᠎ᠡ ᠴᠠᠷᠠᠭ᠎ᠠ ᠶᠢᠨ ᠪᠠᠶᠢᠴᠠᠭᠠᠨ ᠰᠤᠳᠤᠯᠬᠤ ᠠᠵᠢᠯ ᠢ ᠬᠦᠢᠴᠡᠳ ᠬᠢᠵᠤ᠂ ᠬᠦᠨᠵᠡᠭᠡᠢ ᠬᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠳᠦᠮᠵᠢᠳᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠠᠢ᠃ ᠪᠦᠬᠦ ᠵᠢᠯ ᠤᠨ ᠡᠭᠦᠷᠭᠡ ᠪᠠᠨ ᠲᠡᠭᠦᠰ ᠠᠮᠵᠢᠯᠳᠠ ᠲᠠᠢ ᠪᠡᠶᠡᠯᠡᠭᠦᠯᠬᠦ ᠶᠢ ᠲᠦᠷᠭᠡᠳᠬᠡᠨ ᠠᠬᠢᠭᠤᠯᠵᠤ᠂ ᠳᠠᠷᠠᠭ᠎ᠠ ᠵᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠲᠦᠯᠦᠪᠯᠡᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠢᠯᠠᠯᠳᠠ ᠶᠢ ᠤᠯᠬᠤ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠦᠨ᠂ ᠭᠤᠤᠯᠳᠠᠯᠭ᠎ᠠ ᠶᠢ ᠠᠳᠬᠤᠵᠤ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠵᠤ᠂ ᠲᠤᠳᠠᠭᠤᠳᠠᠯ ᠢ ᠨᠦᠬᠦᠪᠦᠷᠢᠯᠡᠬᠦ ᠶᠢ ᠲᠤᠪᠤᠶᠢᠯᠭᠠᠵᠤ᠂ ᠢᠯᠠᠩᠭᠤᠶ᠎ᠠ ᠬᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯ ᠢ ᠰᠠᠶᠢᠳᠤᠷ ᠰᠤᠳᠤᠯᠵᠤ᠂ ᠰᠠᠶᠢᠳᠤᠷ ᠪᠠᠶᠢᠷᠢᠯᠠᠭᠤᠯᠤᠨ᠂ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠠᠢ ᠭᠡᠵᠤ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号