ᠡᠨᠡ ᠵᠢᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤᠯᠤᠰ ᠤᠨ ᠬᠠᠮᠢᠶ᠎ᠠ ᠪᠦᠬᠦᠢ ᠱᠠᠭᠠᠷᠳᠠᠯᠭ᠎ᠠ | ᠶᠣᠰᠣᠭᠠᠷ ︽4 ᠲᠥᠷᠥᠯ ᠤᠨ ᠭᠤᠤᠯᠳᠠᠯᠭᠠᠲᠤ ᠡᠷᠦᠬᠡ︾ ᠶᠢᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ | ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠵᠠᠰᠠᠬᠤ ᠢᠨᠵᠧᠨᠧᠷᠢᠩ ᠢ ᠬᠦᠴᠦᠯᠡᠨ ᠠᠬᠢᠭᠤᠯᠪᠠ᠃ ᠡᠨᠡ ᠵᠢᠯ ᠤᠨ | ᠲᠦᠷᠦᠭᠦᠦ 10 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠨᠢᠭᠡᠨᠲᠡ ᠤᠯᠤᠰ ᠤᠨ ᠪᠠ ᠥᠪᠡᠷᠲᠡᠭᠡᠨ ᠵᠠᠰᠠᠬᠤ | ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠵᠠᠰᠠᠬᠤ ᠪᠡᠯᠡ | ᠮᠥᠩᠭᠦ 14 ᠳ᠋ᠦᠩᠰᠢᠭᠤᠷ ᠲᠥᠭᠦᠷᠢᠭ ᠪᠠᠭᠤᠯᠭᠠᠵᠤ᠂ 5.93 ᠲᠦᠮᠡᠨ ᠡᠷᠦᠬᠡ ︵ᠡᠭᠦᠨ ᠳᠤ ᠪᠠᠷᠢᠯᠭ᠎ᠠ ᠶᠢᠨ ᠠᠵᠢᠯ | ᠡᠬᠢᠯᠡᠭᠦᠯᠦᠭᠰᠡᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠡᠷᠦᠬᠡ 2.8 ᠲᠦᠮᠡ | ᠪᠠᠶᠢᠨ᠎ᠠ︶ ᠶᠢᠨ ᠪᠠᠷᠢᠯᠭ᠎ᠠ ᠶᠢᠨ ᠠᠵᠢᠯ ᠢ ᠡᠬᠢᠯᠡᠭᠦᠯᠦᠨ᠂ 5 ᠲᠦᠮᠡᠨ ᠡᠷᠤᠭᠡ ︵ᠡᠭᠦᠨ ᠳᠤ ᠪᠠᠷᠢᠯᠭ᠎ᠠ ᠶᠢᠨ ᠠᠵᠢᠯ | ᠳᠠᠭᠤᠰᠤᠭᠰᠠᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠡᠷᠦᠬᠡ 2.4 ᠲᠦᠮᠡ | ᠪᠠᠶᠢᠨ᠎ᠠ︶ ᠶᠢᠨ ᠪᠠᠷᠢᠯᠭ᠎ᠠ ᠶᠢᠨ ᠠᠵᠢᠯ ᠢ ᠳᠠᠭᠤᠰᠬᠠᠪᠠ᠃ | ᠨᠢᠭᠡ ᠳᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ | ᠦᠭᠡᠷᠡᠴᠢᠯᠡᠨ ᠵᠠᠰᠠᠬᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠠᠢ᠃ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ | ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠨᠤᠷᠠᠬᠤ ᠠᠶᠤᠯᠲᠠᠶ ᠭᠡᠷ ᠪᠠᠶᠢᠰᠢᠩ ᠲᠠᠢ | ᠡᠷᠦᠬᠡ ᠶᠢᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠬᠢᠨᠠᠨ ᠪᠠᠶᠢᠴᠠᠭᠠᠬᠤ ᠶᠢᠨ ᠲᠤᠰᠠᠳᠠ᠂ 4 ᠳ᠋ᠦ᠋ᠭᠡᠷ | ᠰᠠᠷ᠎ᠠ ᠶᠢᠨ ᠰᠡᠭᠦᠯᠴᠢ᠂ 5 ᠳ᠋ᠤᠭᠠᠷ ᠰᠠᠷ᠎ᠠ ᠶᠢᠨ ᠡᠬᠢ ᠪᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽ᠳᠠᠩᠰᠠ ᠡᠪᠬᠡᠮᠡᠯ ᠪᠠᠶᠢᠭᠤᠯᠤᠨ ᠺᠠᠷᠲ | ᠠᠪᠤᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ | ᠪᠠᠶᠢᠰᠢᠩ ᠢ ᠦᠭᠡᠷᠡᠴᠢᠯᠡᠨ ᠵᠠᠰᠠᠬᠤ ᠠᠵᠢᠯ ᠢ ᠤᠷᠢᠳᠠᠪᠠᠷ ᠳᠡᠮᠵᠢᠬᠦ ᠲᠤᠬᠠᠶ ᠮᠡᠳᠡᠭᠳᠡᠯ︾ ︽ᠶᠠᠳᠠᠭᠤ ᠬᠦᠴᠢᠷᠳᠡᠯᠲᠡᠶ | ᠬᠤᠰᠢᠭᠤ ᠰᠢᠶᠠᠨ ᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠨᠤᠷᠠᠬᠤ ᠠᠶᠤᠯᠲᠠᠶ | ᠭᠡᠷ ᠪᠠᠶᠢᠰᠢᠩ ᠲᠠᠢ ᠡᠷᠦᠬᠡ ᠶᠢᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ | ᠥᠭᠡᠷᠡᠴᠢᠯᠡᠨ ᠵᠠᠰᠠᠬᠤ ᠡᠷᠴᠢᠮ ᠢᠶᠠᠨ ᠤᠯᠠᠮ ᠴᠢᠩᠭᠠᠳᠬᠠᠬᠤ ᠲᠤᠬᠠᠢ ᠮᠡᠳᠡᠭᠳᠡᠯ︾ ᠢ ᠨᠡᠶᠢᠲᠡᠯᠡᠵᠦ᠂ ᠡᠯ᠎ᠡ ᠭᠠᠵᠠᠷ | ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ | ᠬᠦᠴᠢᠷᠳᠡᠯᠲᠡᠢ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠤᠨ ᠲᠤᠭ᠎ᠠ᠂ ᠶᠠᠳᠠᠭᠤ ᠠᠴᠠ ᠠᠩᠭᠢᠵᠢᠷᠠᠭᠤᠯᠬᠤ | ᠲᠥᠯᠥᠪᠯᠡᠭᠡ ᠵᠡᠷᠭᠡ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠵᠤ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ | ᠶᠠᠳᠠᠭᠤ ᠬᠦᠴᠢᠷᠳᠡᠯᠲᠡᠢ ᠨᠤᠷᠠᠬᠤ ᠠᠶᠤᠯᠲᠠᠶ ᠭᠡᠷ ᠪᠠᠶᠢᠰᠢᠩ ᠲᠠᠢ ᠡᠷᠦᠬᠡ ᠶᠢ ᠵᠥᠪ ᠣᠨᠤᠪᠴᠢᠲᠠᠢ ᠮᠠᠭᠠᠳᠯᠠᠨ | ᠲᠣᠭᠲᠠᠭᠠᠭᠰᠠᠨ ᠰᠠᠭᠤᠷᠢᠨ ᠳᠡᠭᠡᠷ᠎ᠡ᠂ ᠪᠡᠯᠡ ᠮᠥᠩᠭᠦᠨ ᠤ ᠲᠣᠬᠢᠷᠠᠭᠤᠯᠤᠯᠲᠠ ᠪᠣᠯᠣᠨ ᠠᠵᠢᠯ ᠤᠨ ᠠᠷᠭ᠎ᠠ | ᠪᠠᠷᠢᠯ ᠢᠶᠠᠨ ᠲᠣᠳᠣᠷᠬᠠᠶᠢᠯᠠᠨ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ | ᠡᠷᠦᠬᠡ ᠶᠢ ᠲᠡᠷᠢᠭᠦᠨ ᠪᠠᠶᠢᠷᠢᠨ ᠳᠤ ᠲᠠᠯᠪᠢᠵᠤ᠂ 2017 ᠣᠨ ᠳᠤ ᠳᠠᠩᠰᠠ ᠡᠪᠬᠡᠮᠡᠯ ᠪᠠᠶᠢᠭᠤᠯᠤᠨ ᠺᠠᠷᠲ | ᠠᠪᠤᠭᠰᠠᠨ 3.5 ᠲᠦᠮᠡᠨ ᠶᠠᠳᠠᠭᠤ ᠬᠦᠴᠢᠷᠳᠡᠯᠲᠡᠢ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ | ᠵᠠᠰᠠᠬᠤ ᠡᠭᠦᠷᠭᠡ ᠶᠢᠨ ᠪᠡᠶᠡᠯᠡᠭᠳᠡᠯ ᠢ ᠥᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ 2017 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠵᠠᠰᠠᠬᠤ | ᠡᠭᠦᠷᠭᠡ ᠶᠢ ᠲᠣᠬᠢᠷᠠᠭᠤᠯᠬᠤ ᠳᠠᠭᠠᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠳᠠᠩᠰᠠ ᠡᠪᠬᠡᠮᠡᠯ ᠪᠠᠶᠢᠭᠤᠯᠤᠨ | ᠺᠠᠷᠲ ᠠᠪᠤᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠵᠠᠰᠠᠬᠤ | ᠠᠵᠢᠯ ᠢ ᠭᠤᠣᠯᠳᠠᠯᠭ᠎ᠠ ᠲᠠᠢ ᠪᠠᠷ ᠳᠡᠮᠵᠢᠬᠦ ᠪᠥᠭᠡᠳ 2017 ᠣᠨ ᠳᠤ ᠶᠠᠳᠠᠭᠤ ᠠᠴᠠ ᠠᠩᠭᠢᠵᠢᠷᠠᠬᠤ ᠪᠠᠷ | ᠲᠦᠯᠦᠪᠯᠡᠵᠦ ᠪᠠᠶᠢᠭ᠎ᠠ ᠬᠤᠰᠢᠭᠤ ᠰᠢᠶᠠᠨ ᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ ᠭᠡᠵᠦ | ᠲᠣᠳᠣᠷᠬᠠᠶᠢᠯᠠᠵᠠᠢ᠃ | ᠬᠤᠶᠠᠷ ᠲᠤ ᠡᠭᠦᠷᠭᠡ ᠶᠢᠨ ᠪᠡᠯᠡ ᠮᠦᠩᠭᠦᠨ ᠤ ᠬᠤᠪᠢᠶᠠᠷᠢᠯᠠᠯᠲᠠ ᠶᠢ ᠶᠠᠳᠠᠭᠤ ᠬᠦᠴᠢᠷᠳᠡᠯᠲᠡᠢ ᠭᠠᠵᠠᠷ ᠣᠷᠣᠨ | ᠲᠡᠰᠢ ᠬᠡᠯᠪᠡᠶᠢᠯᠭᠡᠵᠡᠢ᠃ ᠣᠯᠠᠨ ᠡᠭᠡᠯᠵᠢ ᠶᠢᠨ ᠬᠢᠨᠠᠨ ᠪᠠᠶᠢᠴᠠᠭᠠᠯᠲᠠ ᠪᠠᠷ ᠳᠠᠮᠵᠢᠭᠰᠠᠨ ᠪᠠ ᠲᠡᠷᠡᠴᠢᠯᠡᠨ ᠮᠠᠯᠵᠢᠬᠤ | ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠤᠨ ᠲᠤᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠳᠠᠬᠢ | ᠡᠯ᠎ᠡ ᠠᠶᠢᠮᠠᠭ ᠬᠤᠲᠠ ᠶᠢᠨ ︽ᠳᠥᠷᠪᠡᠨ ᠲᠥᠷᠥᠯ ᠤᠨ ᠭᠤᠤᠯᠳᠠᠯᠭᠠᠲᠤ︾ ᠡᠷᠦᠬᠡ ᠶᠢᠨ ᠨᠤᠷᠠᠬᠤ ᠠᠶᠤᠯᠲᠠᠶ ᠭᠡᠷ | ᠪᠠᠶᠢᠰᠢᠩ ᠤᠨ ᠲᠤᠭ᠎ᠠ᠂ ᠣᠨ ᠤ ᠥᠭᠡᠷᠡᠴᠢᠯᠡᠨ ᠵᠠᠰᠠᠬᠤ ᠴᠢᠳᠠᠪᠤᠷᠢ ᠵᠡᠷᠭᠡ ᠬᠦᠴᠦᠨ ᠵᠦᠢᠯ ᠲᠠᠢ ᠤᠶᠠᠯᠳᠤᠭᠤᠯᠵᠤ ᠂ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ︽2017 ᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠦᠭᠡᠷᠡᠴᠢᠯᠡᠨ | ᠵᠠᠰᠠᠬᠤ ᠨᠥᠬᠦᠪᠥᠷᠢ ᠪᠡᠯᠡ ᠮᠦᠩᠭᠦ ᠶᠢ ᠬᠤᠪᠢᠶᠠᠷᠢᠯᠠᠬᠤ ᠲᠥᠰᠦᠯ︾ ᠢ ᠲᠣᠭᠲᠠᠭᠠᠨ ᠨᠡᠶᠢᠲᠡᠯᠡᠵᠦ᠂ ᠪᠦᠬᠦ ᠵᠢᠯ ᠳᠤ 4 | ᠲᠥᠷᠥᠯ ᠤᠨ ᠭᠤᠤᠯᠳᠠᠯᠭᠠᠲᠤ ᠡᠷᠦᠬᠡ ᠶᠢᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ | ᠦᠭᠡᠷᠡᠴᠢᠯᠡᠨ ᠵᠠᠰᠠᠬᠤ ᠡᠭᠦᠷᠭᠡ ᠶᠢ 67600 ᠡᠷᠦᠬᠡ ᠪᠠᠷ ᠲᠣᠬᠢᠷᠠᠭᠤᠯᠤᠨ᠂ ᠲᠥᠪ ᠤᠨ ᠨᠥᠬᠦᠪᠥᠷᠢ ᠪᠠᠯᠠ ᠮᠥᠩᠭᠦ | 9.5 ᠳ᠋ᠥᠩᠰᠢᠭᠤᠷ ᠲᠥᠭᠦᠷᠢᠭ ︵ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠨᠦᠬᠦᠪᠦᠷᠢ ᠪᠡᠯᠡ ᠮᠥᠩᠭᠦ ᠨᠢ | 9.7 ᠳ᠋ᠥᠩᠰᠢᠭᠤᠷ ᠲᠥᠭᠦᠷᠢᠭ ᠪᠠᠶᠢᠵᠤ᠂ ᠦᠯᠡᠳᠡᠪᠦᠷᠢ 2000 ᠲᠦᠮᠡᠨ ᠲᠥᠭᠦᠷᠢᠭ ᠢ ᠨᠢ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠥᠯᠥᠪᠯᠡᠭᠡ ᠶᠣᠰᠤᠭᠠᠷ ᠣᠨᠴᠠ ᠬᠦᠴᠢᠷᠳᠡᠯᠲᠡᠢ ᠡᠷᠦᠬᠡ ᠶᠢᠨ | ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠡᠷᠡᠭᠯᠡᠬᠦ ᠪᠠᠷ ᠪᠠᠶᠢᠨ᠎ᠠ᠂ ᠪᠣᠳᠠᠲᠠᠶ ᠲᠥᠰᠦᠯ ᠢ ᠶᠠᠭ | ᠲᠣᠭᠲᠠᠭᠠᠵᠤ ᠪᠠᠶᠢᠨ᠎ᠠ︶᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ | 4.6 ᠳ᠋ᠦᠩᠰᠢᠭᠤᠷ ᠲᠥᠭᠦᠷᠢᠭ ᠪᠠᠭᠤᠯᠭᠠᠪᠠ᠃ ᠡᠭᠦᠨ ᠳᠤ᠄ ᠬᠢᠩᠭᠠᠨ ᠠᠶᠢᠮᠠᠭ᠂ ᠤᠯᠠᠭᠠᠨᠬᠠᠳᠠ ᠬᠤᠳᠠ᠂ | ᠤᠯᠠᠭᠠᠨᠴᠠᠪ ᠬᠤᠳᠠ ᠵᠡᠷᠭᠡ ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠶ ᠭᠠᠵᠠᠷ ᠣᠷᠣᠨ ᠳᠤ 5.3 ᠲᠦᠮᠡᠨ | ᠡᠷᠦᠬᠡ ᠶᠢᠨ ᠡᠭᠦᠷᠭᠡ ᠲᠤᠰᠢᠶᠠᠵᠤ᠂ ᠪᠥᠬᠦ ᠣᠷᠣᠨ ᠤ ᠶᠡᠷᠦᠩᠬᠡᠶ ᠡᠭᠦᠷᠭᠡ ᠶᠢᠨ 78% ᠶᠢ ᠡᠵᠡᠯᠡᠪᠡ᠃ ᠬᠢᠩᠭᠠᠨ | ᠠᠶᠢᠮᠠᠭ ᠲᠤ ᠲᠡᠭᠦᠨ ᠤ ᠠᠶᠢᠮᠠᠭ ᠬᠤᠳᠠ᠂ ᠬᠤᠰᠢᠭᠤ ᠰᠢᠶᠠᠨ ᠤ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ ᠶᠢ | ᠪᠥᠬᠦ ᠲᠤᠭ᠎ᠠ ᠪᠠᠷ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠣᠷᠣᠯᠠᠨ ᠥᠭᠬᠦ ᠣᠨᠴᠠᠭᠠᠶ | ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠪᠡ᠃ | ᠭᠤᠷᠪᠠ ᠳᠤ ᠠᠶᠤᠯ ᠦᠭᠡᠢ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠤᠨ᠂ ᠲᠠᠯᠳᠠ ᠭᠡᠮ ᠢ | ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠠᠢ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ | ᠪᠠᠶᠢᠰᠢᠩ ᠢ ᠦᠭᠡᠷᠡᠴᠢᠯᠡᠨ ᠵᠠᠰᠠᠬᠤ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠶᠠᠰᠤ ᠴᠢᠨᠠᠷ ᠤᠨ ᠠᠮᠤᠷ | ᠲᠦᠪᠰᠢᠨ ᠤ ᠪᠠᠶᠢᠴᠠᠭᠠᠯᠲᠠ ᠶᠢ ᠣᠯᠠᠨ ᠤᠳᠠᠭ᠎ᠠ ᠥᠷᠨᠢᠭᠦᠯᠵᠦ᠂ ᠡᠯ᠎ᠡ ᠭᠠᠵᠠᠷ ᠲᠤ ᠲᠠᠷᠢᠶᠠᠴᠢᠳ ᠤᠨ ᠭᠡᠷ | ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠬᠤ ᠬᠦᠴᠦᠯᠡᠴᠡ ᠪᠠᠨ ᠤᠯᠠᠮ ᠨᠢᠭᠡ ᠠᠯᠬᠤᠮ | ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠲᠠᠩᠰᠠ ᠡᠪᠬᠡᠮᠡᠯ ᠪᠠᠶᠢᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠬᠥᠳᠡᠯᠦᠩᠭᠦᠶ ᠬᠢᠨᠠᠵᠤ ᠬᠠᠮᠢᠶᠠᠷᠬᠤ ᠬᠡᠷᠡᠭᠲᠡᠶ ᠬᠡᠵᠤ ᠱᠠᠭᠠᠷᠳᠠᠪᠠ᠃ ᠤᠯᠤᠰ ᠤᠨ ᠬᠥᠳᠡᠭᠡ | ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠵᠠᠰᠠᠬᠤ ᠨᠥᠬᠦᠴᠡᠯ ᠳᠤ ᠨᠡᠶᠢᠴᠡᠭᠰᠡᠨ ᠢ ᠨᠢ ᠡᠩ | ᠲᠡᠷᠢᠭᠦᠨ ᠳᠤ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠵᠠᠰᠠᠬᠤ ᠲᠥᠯᠥᠪᠯᠡᠭᠡ ᠳᠤ | ᠤᠷᠤᠭᠤᠯᠪᠠ︔ ᠳᠠᠷᠠᠭ᠎ᠠ ᠳᠤᠨᠢ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ ︽ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ | ᠦᠭᠡᠷᠡᠴᠢᠯᠡᠨ ᠵᠠᠰᠠᠬᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠰᠠᠨᠠᠯ ᠬᠤᠷᠢᠶᠠᠬᠤ | ᠡᠬᠡ ᠨᠤᠤᠷᠠᠭ︶︾ ᠢ ᠲᠤᠭᠤᠷᠪᠢᠨ ᠲᠤᠭᠲᠠᠭᠠᠵᠤ᠂ ᠡᠯ᠎ᠡ ᠱᠠᠲᠤᠨ ᠤ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠪᠠᠷᠢᠯᠭ᠎ᠠ ᠶᠢᠨ ᠶᠠᠰᠤ | ᠴᠢᠨᠠᠷ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠵᠡᠷᠭᠡ ᠶᠢ ᠲᠤᠲᠤᠷᠬᠠᠶᠢᠯᠠᠵᠤ ᠦᠭᠪᠡ᠃ ᠡᠭᠦᠨ ᠠᠴᠠ | ᠭᠠᠳᠠᠨ᠎ᠠ᠂ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠤᠨ | ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠨᠤᠷᠠᠬᠤ | ᠠᠶᠤᠯᠲᠠᠶ ᠬᠠᠭᠤᠴᠢᠨ ᠭᠡᠷ ᠪᠠᠶᠢᠰᠢᠩ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠴᠢᠳᠠᠪᠤᠷᠢ ᠶᠢ | ᠳᠡᠭᠡᠭᠰᠢᠯᠡᠭᠦᠯᠵᠤ᠂ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠤᠨ ᠠᠩ ᠭᠠᠷᠬᠤ᠂ ᠨᠤᠷᠠᠬᠤ ᠵᠡᠷᠭᠡ | ᠬᠡᠨᠡᠳᠲᠡ ᠶᠢᠨ ᠬᠡᠷᠡᠭ ᠢ ᠴᠠᠭ ᠲᠤᠬᠠᠶ ᠳᠤᠨᠢ ᠰᠢᠶᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠠᠰᠠ ︽ᠮᠠᠯᠵᠢᠬᠤ | ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠤᠨ ᠠᠮᠤᠷ ᠲᠦᠪᠰᠢᠨ ᠤ ᠡ᠊ᠨᠳᠡᠯ ᠤᠨ | ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ︾ ᠢ ᠲᠤᠭᠲᠠᠭᠠᠪᠠ᠃ | ᠳᠦᠷᠪᠡ ᠳᠤ ᠠᠮᠵᠢᠯᠲᠠ ᠪᠦᠲᠦᠮᠵᠢ ᠶᠢ ᠦᠨᠡᠯᠡᠬᠦ ᠪᠠ ︽ᠦᠡᠭᠭᠡᠷᠡᠬᠦ ᠭᠠᠯᠠᠭᠤ ᠶᠢᠨ ᠦᠳᠦ ᠶᠢ ᠰᠤᠭᠤᠯᠬᠤ︾ | ᠬᠡᠯᠪᠡᠷᠢ ᠶᠢᠨ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠨᠢᠬᠦᠯᠵᠠᠢ᠃ 6 ᠳ᠋ᠤᠭᠠᠷ | ᠰᠠᠷ᠎ᠠ ᠶᠢᠨ ᠡᠬᠢ ᠪᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ | ︽ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠵᠠᠰᠠᠬᠤ ᠵᠢᠴᠢ | ᠨᠡᠭᠦᠳᠡᠯᠴᠢᠨ ᠮᠠᠯᠴᠢᠳ ᠤᠨ ᠣᠷᠣᠨ ᠰᠠᠭᠤᠴᠠ ᠶᠢᠨ ᠢᠨᠵᠧᠨᠧᠷᠢᠩ ᠤᠨ ᠠᠮᠵᠢᠯᠲᠠ ᠪᠦᠲᠦᠮᠵᠢ ᠶᠢ ᠦᠨᠡᠯᠡᠬᠦ ᠵᠢᠴᠢ ︿ | ᠦᠡᠭᠭᠡᠷᠡᠬᠦ ᠭᠠᠯᠠᠭᠤ ᠶᠢᠨ ᠦᠳᠦ ᠶᠢ ᠰᠤᠭᠤᠯᠬᠤ﹀ ᠬᠡᠯᠪᠡᠷᠢ ᠶᠢᠨ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ | ᠵᠠᠰᠠᠬᠤ ᠠᠵᠢᠯ ᠢ ᠦᠷᠨᠢᠬᠦᠯᠬᠦ ᠲᠤᠬᠠᠶ ᠮᠡᠳᠡᠭᠳᠡᠯ︾ ᠢ ᠲᠠᠷᠬᠠᠭᠠᠵᠤ᠂ ᠡᠯ᠎ᠡ ᠭᠠᠵᠠᠷ ᠤᠨ ᠬᠢᠨ ᠤ ᠤᠯᠤᠰ ᠤᠨ ᠪᠠ | ᠥᠪᠡᠷᠲᠡᠭᠡᠨ ᠵᠠᠰᠠᠬᠤ ᠣᠷᠣᠨ ᠤ ᠲᠦ᠋ᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠪᠠᠶᠢᠳᠠᠯ᠂ ᠬᠠᠷᠠᠯᠲᠠ ᠡᠭᠦᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠪᠠᠷᠢᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠬᠦᠯᠦᠭᠰᠡᠨ ᠪᠠ ᠶᠠᠰᠤ ᠴᠢᠨᠠᠷ ᠢ | ᠪᠠᠲᠤᠯᠠᠬᠤ ᠪᠠᠷ ᠭᠤᠣᠯᠳᠠᠯᠭ᠎ᠠ ᠪᠤᠯᠭᠠᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠯᠤᠭ᠎ᠠ | ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡᠯ᠎ᠡ ᠭᠠᠵᠠᠷ ᠲᠤ ᠬᠦᠷᠴᠦ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠢ ᠪᠠᠶᠢᠴᠠᠭᠠᠨ ᠦᠵᠡᠵᠦ᠂ ᠬᠡᠷ ᠡᠷᠦᠭᠡ ᠳᠤ ᠣᠷᠣᠵᠤ ᠲᠤᠬᠠᠶ ᠶᠢᠨ ᠭᠠᠵᠠᠷ ᠲᠤᠨᠢ ᠰᠤᠭᠤᠴᠢᠨ | ᠪᠠᠶᠢᠴᠠᠭᠠᠪᠠ᠃ ᠡᠯ᠎ᠡ ᠠᠶᠢᠮᠠᠭ ᠬᠤᠳᠠ ᠶᠢᠨ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ | ᠦᠭᠡᠷᠡᠴᠢᠯᠡᠨ ᠵᠠᠰᠠᠬᠤ ᠠᠵᠢᠯ᠂ ᠨᠡᠭᠦᠳᠡᠯᠴᠢᠨ ᠮᠠᠯᠴᠢᠳ ᠤᠨ ᠣᠷᠣᠨ ᠰᠠᠭᠤᠴᠠ ᠶᠢᠨ ᠢᠨᠵᠧᠨᠧᠷᠢᠩ ᠤᠨ | ᠬᠡᠷᠡᠭᠵᠢᠭᠦᠯᠦᠭᠰᠡᠨ ᠪᠠᠶᠢᠳᠠᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠤ ᠬᠠᠮᠲᠤ᠂ ᠤᠯᠠᠨ ᠲᠦᠮᠡᠨ ᠤ ᠠᠰᠢᠭ | ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠳᠤ ᠪᠠᠶᠢᠴᠠᠭᠠᠯᠲᠠ ᠬᠢᠵᠤ | ᠬᠢᠨᠠᠨ ᠵᠢᠯᠤᠭᠤᠳᠪᠠ᠃ |