ᠥᠪᠦᠷ ᠮᠣᠩᠭᠤᠯ ᠵᠢᠵᠢᠭ ᠦᠢᠯᠡᠳᠬᠡᠯ ᠤᠨ ᠭᠠᠵᠠᠷ ᠢ ᠴᠢᠩᠭ᠎ᠠ ᠬᠠᠮᠢᠶᠠᠷᠴᠤ ᠠᠷᠠᠳ ᠢᠷᠭᠡᠳ ᠤᠨ ᠰᠡᠳᠬᠢᠯ ᠠᠮᠤᠷ ︽ᠲᠣᠭᠤᠭᠠᠨ ᠭᠡᠷ︾᠎ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2017/11/22
      ᠥᠪᠥᠷ ᠮᠣᠩᠭᠤᠯ ᠤᠨ ᠪᠥᠬᠦ ᠣᠷᠣᠨ ᠤ ᠬᠤᠳᠠ ᠬᠥᠳᠡᠭᠡ ᠳᠤ ᠲᠦᠭᠡᠵᠦ ᠪᠠᠶᠢᠭ᠎ᠠ ᠵᠢᠵᠢᠭ ᠦᠢᠯᠡᠳᠬᠡᠯ ᠤᠨ ᠭᠠᠵᠠᠷ 1.5 ᠲᠥᠮᠡ ᠰᠢᠬᠠᠮ ᠪᠠᠶᠢᠨ᠎ᠠ᠃ ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠡᠯ᠎ᠡ ᠭᠠᠵᠠᠷ ᠵᠢᠵᠢᠭ ᠦᠢᠯᠡᠳᠬᠡᠯ ᠤᠨ ᠭᠠᠵᠠᠷ ᠢ ᠬᠦᠷᠢᠶᠡᠯᠡᠩ ᠲᠣᠭᠤᠷᠢᠭ ᠲᠤ ᠣᠷᠣᠭᠤᠯᠬᠤ ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠶᠢ ᠨᠡᠶᠢᠲᠡᠯᠡᠵᠦ᠂ ᠵᠢᠵᠢᠭ ᠦᠢᠯᠡᠳᠬᠡᠯ ᠤᠨ ᠭᠠᠵᠠᠷ ᠤᠨ ᠦᠨᠡᠮᠯᠡᠯ ᠦᠭᠡᠢ ᠡᠵᠡᠩᠨᠡᠵᠦ ᠪᠠᠶᠢᠭᠰᠠᠨ ᠠᠴᠠ ᠨᠢ ᠦᠨᠡᠮᠯᠡᠯ ᠠᠪᠴᠤ ᠦᠢᠯᠡᠳᠪᠦᠷᠢᠯᠡᠬᠦ ᠶᠢ ᠨᠢ ᠲᠥᠯᠬᠢᠨ ᠠᠬᠢᠭᠤᠯᠤᠭᠰᠠᠨ ᠤ ᠬᠠᠮᠲᠤ᠂ ︽ᠨᠢᠭᠡ ᠯᠡ ᠥᠷᠲᠡᠭᠡᠨ ᠤ ᠮᠠᠶ᠋ᠢᠭ︾᠎ ᠤᠨ ᠬᠢᠨᠠᠯᠲᠠ ᠬᠠᠮᠢᠶᠠᠷᠤᠯᠲᠠ ᠪᠣᠯᠣᠨ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠶᠢ ᠤᠶᠠᠯᠳᠤᠭᠤᠯᠤᠨ ᠬᠡᠷᠡᠭᠵᠢᠭᠦᠯᠵᠦ᠂ ᠪᠤᠢ ᠪᠦᠬᠦᠢ ᠵᠢᠵᠢᠭ ᠦᠢᠯᠡᠳᠬᠡᠯ ᠤᠨ ᠭᠠᠵᠠᠷ ᠢ ᠨᠡᠶᠢᠳᠡᠮ ᠬᠢᠨᠠᠨ ᠬᠠᠮᠢᠶᠠᠷᠬᠤ ᠶᠢ ᠪᠦᠷᠢᠨ ᠪᠦᠷᠬᠦᠭᠦᠯᠵᠦ᠂ ᠥᠩᠭᠡᠷᠡᠭᠰᠡᠨ ᠤ ᠲᠡᠷᠡᠬᠦ ᠫᠠᠷᠲ᠋ᠢᠽᠠᠨ ᠮᠠᠶ᠋ᠢᠭ ᠤᠨ ᠪᠠᠶᠢᠴᠠᠭᠠᠯᠲᠠ ᠶᠢ ᠲᠦᠢᠯᠪᠤᠷᠢᠲᠠᠶ ᠬᠤᠪᠢᠷᠠᠭᠤᠯᠪᠠ᠃ ᠵᠢᠵᠢᠭ ᠦᠢᠯᠡᠳᠬᠡᠯ ᠤᠨ ᠭᠠᠵᠠᠷ ᠨᠢ ᠡᠭᠦᠨ ᠠᠴᠠ ᠪᠣᠯᠵᠤ ︽ᠠᠳᠡ ᠲᠡᠨᠳᠡ ᠨᠢᠭᠤᠬᠤ︾᠎ ᠪᠠᠨ ᠪᠣᠯᠢᠪᠠ᠃ ᠣᠳᠣᠬᠠᠨ ᠳᠤ᠂ ᠥᠪᠥᠷ ᠮᠣᠩᠭᠤᠯ ᠨᠢᠭᠡᠨᠲᠡ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠬᠦᠷᠢᠶᠡᠯᠡᠩ ᠲᠣᠭᠤᠷᠢᠭ ᠢ 134 ᠪᠠᠶᠢᠭᠤᠯᠵᠤ᠂ 2987 ᠵᠢᠵᠢᠭ ᠦᠢᠯᠡᠳᠬᠡᠯ ᠤᠨ ᠭᠠᠵᠠᠷ ᠬᠦᠷᠢᠶᠡᠯᠡᠩ ᠲᠣᠭᠤᠷᠢᠭ ᠲᠤ ᠤᠷᠤᠭᠰᠠᠨ ᠪᠠᠶᠢᠨ᠎ᠠ᠃ ᠡᠨᠡ ᠵᠢᠯ ᠤᠨ 1᠎ ᠠᠴᠠ 9 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠵᠢᠵᠢᠭ ᠦᠢᠯᠡᠳᠬᠡᠯ ᠤᠨ ᠪᠦᠲᠦᠭᠡᠭᠳᠡᠬᠦᠨ ᠢ 2860 ᠪᠦᠯᠦᠭ ᠤᠳᠠᠭ᠎ᠠ ᠰᠤᠭᠤᠴᠢᠨ ᠪᠠᠶᠢᠴᠠᠭᠠᠵᠤ᠂ ᠰᠢᠯᠭᠠᠨ ᠪᠠᠶᠢᠴᠠᠭᠠᠯᠲᠠ ᠪᠠᠷ ᠬᠢᠷᠢ ᠲᠡᠩᠴᠡᠭᠰᠡᠨ ᠨᠣᠷᠮ᠎ᠠ ᠨᠢ 90.8% ᠬᠦᠷᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号