ᠲᠦᠷᠦᠭᠦᠬᠡᠨ᠂ ᠥᠪᠥᠷ ᠮᠣᠩᠭᠤᠯ ᠤᠨ ᠲᠢᠶᠠᠨ ᠲᠢᠶᠠᠨ ᠡᠵᠡᠩᠨᠡᠨ ᠬᠠᠮᠢᠶᠠᠷᠬᠤ ᠬᠢᠵᠠᠭᠠᠷᠲᠤ ᠺᠣᠮᠫᠠᠨᠢ ︵ | ᠳ᠋ᠦᠩ ᠬᠠᠢ · ᠲᠤᠤ ᠪᠦᠦ ᠴᠧᠩ ᠠᠳᠠᠯ ᠦᠢᠯᠡᠰ ᠴᠣᠭᠴᠠᠯᠠᠬᠤ ᠬᠦᠷᠢᠶᠡᠯᠡᠩ︶᠂ ᠬᠢᠩᠭᠠᠨ ᠠᠶᠢᠮᠠᠭ ᠤᠨ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ ᠤᠨ ᠰᠠᠭᠤᠷᠢᠨ ᠭᠠᠵᠠᠷ᠂ | ᠠᠯᠠᠱᠠ ᠶᠢᠨ ᠪᠦᠸᠧ ᠯᠦᠩ ᠴᠠᠭ ᠦᠶ᠎ᠡ ᠶᠢᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠢ 2017 ᠣᠨ ᠤ | ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠴᠢᠨᠠᠷᠲᠠᠶ ᠠᠳᠠᠯ ᠦᠢᠯᠡᠰ ᠴᠣᠭᠴᠠᠯᠠᠬᠤ | ᠬᠦᠷᠢᠶᠡᠯᠡᠩ ᠪᠣᠯᠤᠨ ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ ᠤᠨ ᠰᠠᠭᠤᠷᠢᠨ ᠭᠠᠵᠠᠷ ᠢᠶᠠᠷ ᠦᠨᠡᠯᠡᠪᠡ᠃ | ᠪᠠᠶᠠᠨᠨᠠᠭᠤᠷ ᠬᠤᠲᠠ ᠶᠢᠨ ᠰᠢᠨ᠎ᠡ ᠵᠢᠶᠠᠨ ᠴᠢᠶᠤᠤ ᠠᠵᠢᠯ ᠣᠯᠭᠤᠬᠤ ᠪᠣᠯᠪᠠᠰᠤᠷᠠᠭᠤᠯᠤᠯ ᠤᠨ ᠲᠥᠪ ᠢ 2017 | ᠣᠨ ᠤ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠴᠢᠨᠠᠷᠲᠠᠶ ᠠᠵᠢᠯ ᠣᠯᠭᠤᠬᠤ ᠳᠠᠳᠤᠯᠭ᠎ᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢᠶᠠᠷ ᠦᠨᠡᠯᠡᠪᠡ︔ ᠬᠥᠬᠡᠬᠤᠲᠠ ᠶᠢᠨ ᠠᠵᠢᠯ ᠮᠡᠷᠭᠡᠵᠢᠯ ᠤᠨ ᠳᠤᠮᠳᠠᠳᠤ | ᠵᠡᠷᠭᠡ ᠶᠢᠨ ᠲᠤᠰᠬᠠᠶ ᠮᠡᠷᠭᠡᠵᠢᠯ ᠤᠨ ᠭᠤᠷᠪᠠᠳᠤᠭᠠᠷ ᠰᠤᠷᠭᠠᠭᠤᠯᠢ᠂ ᠪᠤᠭᠤᠲᠤ ᠶᠢᠨ ᠮᠧᠬᠠᠨᠢᠭ ᠠᠵᠤ | ᠦᠢᠯᠡᠳᠪᠦᠷᠢ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤ ᠶᠢᠨ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠤᠯᠠᠭᠠᠨᠬᠠᠳᠠ ᠬᠤᠲᠠ ᠶᠢᠨ | ᠰᠦᠩᠱᠠᠨ ᠲᠣᠭᠤᠷᠢᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠲᠥᠪ᠂ | ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠪᠠᠶᠠᠨᠨᠠᠭᠤᠷ ᠬᠤᠲᠠ ᠶᠢᠨ ᠰᠢᠨ᠎ᠡ ᠵᠢᠶᠠᠨ ᠴᠢᠶᠤᠤ | ᠠᠵᠢᠯ ᠣᠯᠭᠤᠬᠤ ᠪᠣᠯᠪᠠᠰᠤᠷᠠᠭᠤᠯᠤᠯ ᠤᠨ ᠲᠥᠪ᠂ ᠡᠵᠡᠨ᠎ᠡ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ | ᠰᠤᠷᠭᠠᠭᠤᠯᠢ ᠶᠢᠨ ᠠᠵᠢᠯ ᠣᠯᠭᠤᠬᠤ ᠮᠡᠷᠭᠡᠵᠢᠯ ᠤᠨ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠢ 2017 ᠣᠨ ᠤ ᠠᠶᠢᠮᠠᠭ ᠬᠤᠳᠠ ᠶᠢᠨ ᠳᠡᠰ ᠤᠨ ᠵᠢᠱᠢᠶ᠎ᠡ ᠦᠵᠡᠭᠦᠯᠬᠦ ᠴᠢᠨᠠᠷᠲᠠᠶ ᠠᠵᠢᠯ ᠣᠯᠭᠤᠬᠤ | ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢᠶᠠᠷ ᠦᠨᠡᠯᠡᠪᠡ᠃ ᠣᠳᠣᠬᠠᠨ ᠳᠤ᠂ ᠪᠥᠬᠦ ᠣᠷᠣᠨ ᠤ | ᠦᠨᠡᠮᠰᠢᠨ ᠲᠣᠭᠲᠠᠭᠠᠭᠳᠠᠭᠰᠠᠨ ᠵᠢᠱᠢᠶ᠎ᠡ ᠦᠵᠡᠭᠦᠯᠬᠦ ᠴᠢᠨᠠᠷᠲᠠᠶ ᠠᠳᠠᠯ ᠦᠢᠯᠡᠰ ᠴᠣᠭᠴᠠᠯᠠᠬᠤ ᠬᠦᠷᠢᠶᠡᠯᠡᠩ ᠪᠣᠯᠤᠨ | ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ ᠤᠨ ᠰᠠᠭᠤᠷᠢᠨ ᠭᠠᠵᠠᠷ 37᠂ ᠠᠶᠢᠮᠠᠭ ᠬᠤᠳᠠ ᠶᠢᠨ ᠳᠡᠰ ᠤᠨ | ᠰᠠᠭᠤᠷᠢᠨ ᠭᠠᠵᠠᠷ 125︔ ᠵᠢᠱᠢᠶ᠎ᠡ ᠦᠵᠡᠭᠦᠯᠬᠦ ᠴᠢᠨᠠᠷᠲᠠᠶ ᠠᠵᠢᠯ ᠣᠯᠭᠤᠬᠤ ᠳᠠᠳᠤᠯᠭ᠎ᠠ ᠪᠣᠯᠪᠠᠰᠤᠷᠠᠭᠤᠯᠤᠯ ᠤᠨ | ᠥᠪᠡᠷᠲᠡᠭᠡᠨ ᠵᠠᠰᠠᠬᠤ ᠣᠷᠣᠨ ᠤ ᠲᠡᠰ ᠤᠨ ᠰᠠᠭᠤᠷᠢᠨ ᠭᠠᠵᠠᠷ 6᠂ ᠠᠶᠢᠮᠠᠭ ᠬᠤᠳᠠ ᠶᠢᠨ ᠳᠡᠰ ᠤᠨ ᠰᠠᠭᠤᠷᠢᠨ | ᠭᠠᠵᠠᠷ 37 ᠪᠤᠢ᠃ |