ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦᠴᠢᠷ ᠎ ᠤᠨ ᠭᠡᠰᠢᠭᠦᠳ ᠲᠤ ᠦᠭᠭᠦᠭᠰᠡᠨ ᠬᠠᠷᠢᠭᠤ ᠵᠠᠬᠢᠳᠠᠯ ᠢ ᠲᠤᠰᠬᠠᠢ ᠰᠡᠳᠦᠪ ᠢᠶᠠᠷ ᠤᠯᠠᠮᠵᠢᠯᠠᠨ ᠰᠤᠷᠤᠯᠴᠠᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2017/11/22
     11 ᠰᠠᠷ᠎ᠠ ᠶᠢᠨ 21᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦᠴᠢᠷ ᠤᠨ ᠭᠡᠰᠢᠭᠦᠳ ᠲᠤ ᠦᠭᠭᠦᠭᠰᠡᠨ ᠬᠠᠷᠢᠭᠤ ᠵᠠᠬᠢᠳᠠᠯ ᠢ ᠲᠤᠰᠬᠠᠢ ᠰᠡᠳᠦᠪ ᠢᠶᠠᠷ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃      ᠯᠢ ᠵᠢᠢ ᠾᠧᠩ᠂ ᠶᠡᠷᠦᠩᠬᠡᠢ ᠱᠦᠵᠢ ᠰᠢ ᠶᠢᠨ ᠫᠢᠩ ᠰᠦᠨᠢᠳ ᠪᠠᠷᠠᠭᠤᠨ ᠬᠤᠰᠢᠭᠤᠨ ᠤ ᠤᠯᠠᠭᠠᠨᠮᠦᠴᠢᠷ ᠤᠨ ᠭᠡᠰᠢᠭᠦᠳ ᠲᠤ ᠬᠠᠷᠢᠭᠤ ᠵᠠᠬᠢᠳᠠᠯ ᠦᠭᠭᠦᠭᠰᠡᠨ ᠨᠢ ᠪᠦᠬᠦ ᠤᠷᠤᠨ ᠤ ᠦᠨᠳᠦᠰᠦᠳᠡᠨ ᠨᠦᠭᠦᠳ ᠤᠨ 2500 ᠲᠦᠮᠡᠨ ᠬᠦᠪᠡᠬᠦᠳ ᠦᠬᠢᠳ ᠤᠨ ᠪᠠᠶᠠᠷᠯᠠᠨ ᠵᠤᠷᠢᠬᠵᠢᠭᠤᠰᠢᠳᠠᠢ ᠶᠡᠭᠡ ᠶᠠᠪᠤᠳᠠᠯ ᠪᠤᠯᠬᠤ ᠪᠦᠭᠡᠳ ᠪᠦᠬᠦ ᠤᠷᠤᠨ ᠤ ᠰᠤᠶᠤᠯ ᠎ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠤ ᠬᠦᠰᠢᠶ᠎ᠠ ᠲᠤᠷᠠᠰᠬᠠᠯ ᠤᠨ ᠠᠴᠢ ᠬᠤᠯᠪᠤᠬᠳᠠᠯ ᠲᠠᠢ ᠶᠡᠭᠡ ᠶᠠᠪᠤᠳᠠᠯ ᠪᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠦᠵᠡᠯ ᠰᠠᠨᠠᠭ᠎ᠠ ᠨᠢ ᠬᠦᠨ ᠬᠦᠨᠵᠡᠭᠡᠢ᠂ ᠲᠤᠳᠤᠭᠠᠳᠤ ᠤᠨᠤᠯᠵᠢᠬᠤᠨ ᠨᠢ ᠡᠯᠪᠡᠭ ᠪᠠᠶᠠᠯᠢᠭ᠂ ᠦᠭᠡ ᠦᠨᠡᠨᠴᠢ ᠰᠡᠳᠬᠢᠯᠭᠡ ᠬᠦᠨ ᠪᠠᠶᠢᠭ᠎ᠠ ᠶᠤᠮ᠂ ᠨᠠᠮ ᠤᠨ ᠲᠦᠪ ᠬᠤᠷᠢᠶ᠎ᠠ ᠪᠤᠯᠤᠨ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠦᠴᠢᠷ ᠤᠨ ᠪᠤᠶᠢᠵᠢᠯᠲᠠ ᠲᠠᠪᠰᠢᠯᠳᠠ ᠶᠢᠨ ᠲᠤᠬᠠᠢ ᠲᠡᠭᠡᠳᠦ ᠬᠡᠮᠵᠢᠶᠠᠨ ᠤ ᠴᠢᠬᠤᠯᠠᠴᠢᠯᠠᠯ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠯᠳᠡ ᠬᠦᠭᠵᠢᠯᠳᠡ ᠶᠢᠨ ᠲᠤᠬᠠᠢ ᠡᠷᠬᠢᠮ ᠨᠠᠨᠳᠢᠨ ᠬᠦᠰᠡᠯ ᠡᠷᠡᠮᠡᠯᠵᠡᠯ᠂ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠦᠭᠬᠦᠭᠰᠡᠨ ᠲᠤᠳᠤᠨᠤ ᠬᠠᠯᠠᠮᠵᠢᠯᠠᠯ ᠢ ᠬᠦᠢᠴᠡᠳ ᠢᠯᠡᠷᠡᠭᠦᠯᠵᠤ᠂ ᠪᠢᠳᠡᠨ ᠤ ᠤᠯᠠᠭᠠᠨᠮᠦᠴᠢᠷ ᠤᠨ ᠦᠢᠯᠡᠰ ᠢᠶᠠᠨ ᠨᠡᠩ ᠰᠠᠶᠢᠲᠤᠷ ᠬᠦᠭᠵᠢᠭᠦᠯᠭᠦ᠂ ᠤᠳᠬ᠎ᠠ ᠤᠷᠠᠯᠢᠭ ᠤᠨ ᠠᠵᠢᠯ ᠢ ᠨᠡᠩ ᠰᠠᠶᠢᠲᠤᠷ ᠴᠢᠩᠭᠠᠳᠬᠠᠬᠤ᠂ ᠦᠨᠳᠦᠰᠦᠳᠡᠨ ᠤ ᠰᠤᠶᠤᠯ ᠤᠨ ᠬᠦᠴᠦᠷᠭᠡᠭ ᠤᠷᠤᠨ ᠢᠶᠠᠨ ᠨᠡᠩ ᠰᠠᠶᠢᠲᠤᠷ ᠪᠦᠳᠦᠭᠡᠨ ᠪᠠᠶᠢᠭᠤᠯᠬᠤ ᠳᠤ ᠴᠢᠬᠤᠯᠠ ᠵᠢᠷᠤᠮᠯᠠᠯ ᠬᠠᠩᠭᠠᠵᠤ᠂ ᠬᠦᠴᠦᠷᠭᠡᠭ ᠶᠡᠭᠡ ᠬᠦᠳᠡᠯᠭᠡᠭᠦ ᠬᠦᠴᠦᠨ ᠨᠡᠮᠡᠷᠢᠯᠡᠪᠡ ᠬᠡᠵᠤ ᠵᠢᠭᠠᠵᠤ ᠭᠠᠷᠭᠠᠪᠠ᠃      ᠯᠢ ᠵᠢᠢ ᠾᠧᠩ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠴᠢᠨᠠᠬᠰᠢᠳᠠ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠳᠡᠭᠡᠯ︾᠎ ᠢᠶᠠᠨ ᠪᠠᠳᠤᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢᠨ ᠴᠢᠬᠤᠯᠠ ᠶᠡᠭᠡ ᠠᠴᠢ ᠬᠤᠯᠪᠤᠬᠳᠠᠯ ᠢ ᠬᠦᠢᠴᠡᠳ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭᠠᠨ ᠤ ᠪᠠᠶᠠᠯᠢᠭ ᠤᠨᠤᠯᠵᠢᠬᠤᠨ ᠢ ᠬᠦᠨᠵᠡᠭᠡᠢ ᠤᠶᠢᠯᠠᠭᠠᠵᠤ᠂ ᠰᠤᠷᠤᠯᠴᠠᠨ ᠲᠤᠤᠱᠯᠠᠭᠤᠯᠬᠤ ᠠᠵᠢᠯ ᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠨᠢᠬᠳᠠ ᠤᠶᠠᠯᠳᠤᠭᠤᠯᠦᠨ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠶᠠᠷᠢᠶᠠᠨ ᠤ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠭᠦ ᠪᠢᠴᠢᠭᠡᠰᠦ ᠶᠢᠨ ᠵᠤᠷᠢᠭ ᠰᠠᠨᠠᠭ᠎ᠠ ᠲᠠᠢ ᠨᠢᠬᠳᠠ ᠤᠶᠠᠯᠳᠤᠭᠤᠯᠵᠤ᠂ ᠤᠯᠠᠭᠠᠨᠮᠦᠴᠢᠷ ᠤᠨ 60 ᠵᠢᠯ ᠤᠨ ᠲᠤᠷᠰᠢᠬᠢ ᠨᠠᠨᠳᠢᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠤ᠂ ᠤᠯᠠᠭᠠᠨᠮᠦᠴᠢᠷ ᠤᠨ ᠦᠢᠯᠡᠰ ᠤᠨ ᠬᠦᠭᠵᠢᠯᠳᠡ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠦᠨᠵᠡᠭᠡᠢ ᠰᠤᠳᠤᠯᠵᠤ᠂ ᠤᠯᠠᠭᠠᠨᠮᠦᠴᠢᠷ ᠤᠨ ᠰᠢᠨ᠎ᠠ ᠴᠠᠭ ᠦᠶ᠎ᠠ ᠳᠤ ᠰᠢᠨ᠎ᠠ ᠲᠦᠷᠰᠦ ᠪᠠᠶᠢᠳᠠᠯ ᠎ ᠢ ᠢᠯᠡᠷᠡᠭᠦᠯᠦᠨ᠂ ᠰᠢᠨ᠎ᠠ ᠵᠢᠳᠭᠦᠯ ᠴᠢᠷᠮᠠᠶᠢᠯᠭ᠎ᠠ ᠭᠠᠷᠭᠠᠨ᠂ ᠰᠢᠨ᠎ᠠ ᠬᠦᠭᠵᠢᠯᠳᠡ ᠶᠢ ᠪᠡᠶᠡᠯᠡᠭᠦᠯᠭᠦ ᠶᠢ ᠨᠡᠩ ᠰᠠᠶᠢᠲᠤᠷ ᠠᠬᠢᠭᠤᠯᠵᠤ᠂ ᠦᠷᠭᠡᠨ ᠤᠯᠠᠨ ᠮᠠᠯᠴᠢᠨ ᠲᠠᠷᠢᠶᠠᠴᠢᠨ ᠢ ᠬᠠᠪᠰᠤᠷᠤᠨ ᠪᠤᠳᠠᠰ ᠤᠨ ᠪᠠ ᠤᠶᠤᠨ ᠤ ᠠᠮᠢᠳᠤᠷᠠᠯ ᠢ ᠨᠢ ᠨᠡᠩ ᠪᠠᠶᠠᠯᠢᠬᠵᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠯᠢ ᠵᠢᠢ ᠾᠧᠩ᠂ ᠪᠦᠬᠦ ᠤᠷᠤᠨ ᠤ ᠦᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ᠂ ᠢᠯᠠᠩᠭᠤᠶ᠎ᠠ ᠤᠯᠠᠭᠠᠨᠮᠦᠴᠢᠷ ᠤᠨ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ ᠡᠷᠬᠢᠮ ᠨᠠᠨᠳᠢᠨ ᠬᠦᠰᠡᠯ ᠨᠠᠶᠢᠳᠠᠯᠭ᠎ᠠ ᠪᠤᠯᠤᠨ ᠴᠢᠬᠤᠯᠠ ᠵᠢᠭᠠᠪᠤᠷᠢ ᠶᠢ ᠢᠮᠠᠬᠳᠠ ᠪᠠᠳᠤ ᠴᠡᠭᠡᠵᠢᠯᠡᠵᠤ᠂ ᠰᠢᠯᠢᠳᠡᠭ ᠤᠯᠠᠮᠵᠢᠯᠡᠯ ᠢᠶᠠᠨ ᠪᠠᠳᠠᠷᠠᠭᠤᠯᠤᠨ᠂ ᠦᠨᠳᠦᠰᠦᠨ ᠱᠠᠳᠤᠨ ᠤ ᠡᠮᠦᠨ᠎ᠡ ᠹᠠᠷᠤᠨᠲ ᠳᠤ ᠦᠨᠳᠦᠰᠦᠯᠡᠵᠤ᠂ ᠤᠳᠬ᠎ᠠ ᠤᠷᠠᠯᠢᠭ ᠤᠨ ᠰᠢᠨ᠎ᠠ ᠶᠢ ᠡᠭᠦᠳᠭᠦ ᠶᠢ ᠠᠬᠢᠭᠤᠯᠦᠨ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠮᠠᠯᠴᠢᠨ ᠲᠠᠷᠢᠶᠠᠴᠢᠨ ᠳᠤ ᠦᠢᠯᠡᠴᠢᠯᠡᠵᠤ᠂ ᠨᠡᠩ ᠢᠯᠡᠭᠦᠦ ᠠᠷᠠᠳ ᠲᠦᠮᠡᠨ ᠲᠠᠢ ᠤᠶᠢᠷᠠᠲᠤᠭᠰᠠᠨ᠂ ᠤᠯᠠᠨ ᠲᠦᠮᠡᠨ ᠤ ᠲᠤᠮᠳᠠ ᠲᠡᠯᠭᠡᠷᠡᠵᠦ ᠲᠠᠭᠠᠰᠢᠶᠠᠭᠳᠠᠭᠰᠠᠨ ᠰᠢᠯᠢᠳᠡᠭ ᠪᠦᠳᠦᠭᠡᠯ ᠢ ᠴᠢᠷᠮᠠᠶᠢᠨ ᠵᠤᠬᠢᠶᠠᠨ ᠪᠦᠳᠦᠭᠡᠵᠤ᠂ ᠪᠤᠳᠠᠳᠤ ᠠᠵᠢᠯᠯᠠᠭ᠎ᠠ ᠪᠤᠯᠤᠨ ᠰᠢᠯᠢᠳᠡᠭ ᠠᠮᠵᠢᠯᠳᠡ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠶᠢ ᠬᠠᠷᠢᠭᠤᠯᠬᠤ ᠬᠡᠷᠡᠭᠳᠡᠢ ᠬᠡᠵᠤ ᠱᠠᠭᠠᠷᠳᠠᠪᠠ᠃      ᠯᠢ ᠵᠢᠢ ᠾᠧᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠦᠬᠦ ᠤᠷᠤᠨ ᠤ ᠦᠷᠭᠡᠨ ᠤᠯᠠᠨ ᠤᠯᠠᠭᠠᠨᠮᠦᠴᠢᠷ ᠤᠨ ᠭᠡᠰᠢᠭᠦᠨ ᠳᠤ ᠵᠤᠷᠢᠬᠵᠢᠭᠤᠯᠤᠯ᠂ ᠤᠷᠮᠠᠰᠢᠭᠤᠯᠤᠯ ᠪᠠ ᠱᠠᠯᠠᠪᠳᠠᠭᠤᠯᠤᠯ ᠪᠤᠯᠬᠤ ᠮᠦᠷᠳᠡᠭᠡᠨ ᠪᠦᠬᠦ ᠤᠷᠤᠨ ᠤ ᠤᠳᠬ᠎ᠠ ᠤᠷᠠᠯᠢᠭ ᠤᠨ ᠹᠷᠤᠨᠲ ᠤᠨ ᠬᠢᠨ ᠳᠤ ᠴᠤ ᠵᠤᠷᠢᠬᠵᠢᠭᠤᠯᠤᠯ᠂ ᠤᠷᠮᠠᠰᠢᠭᠤᠯᠤᠯ ᠪᠠ ᠱᠠᠯᠠᠪᠳᠠᠭᠤᠯᠤᠯ ᠪᠤᠯᠬᠤ ᠶᠤᠮ︔ ᠤᠯᠠᠭᠠᠨᠮᠦᠴᠢᠷ ᠤᠨ ᠦᠢᠯᠡᠰ ᠤᠨ ᠬᠦᠭᠵᠢᠯᠳᠡ ᠳᠤ ᠲᠦᠢᠯ ᠤᠨ ᠴᠢᠬᠤᠯᠠ ᠵᠢᠯᠤᠭᠤᠳᠬᠤ ᠠᠴᠢ ᠬᠤᠯᠪᠤᠬᠳᠠᠯ ᠲᠠᠢ ᠮᠦᠷᠳᠡᠭᠡᠨ ᠪᠦᠬᠦ ᠤᠷᠤᠨ ᠤ ᠤᠳᠬ᠎ᠠ ᠤᠷᠠᠯᠢᠭ ᠤᠨ ᠦᠢᠯᠡᠰ ᠤᠨ ᠬᠦᠭᠵᠢᠯᠳᠡ ᠳᠤ ᠴᠤ ᠲᠦᠢᠯ ᠤᠨ ᠴᠢᠬᠤᠯᠠ ᠵᠢᠯᠤᠭᠤᠳᠬᠤ ᠠᠴᠢ ᠬᠤᠯᠪᠤᠬᠳᠠᠯ ᠲᠠᠢ ᠶᠤᠮ᠃ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ︽ᠰᠤᠶᠤᠯ ᠤᠨ ᠢᠳᠡᠭᠡᠯ ᠢ ᠪᠠᠳᠤᠳᠬᠠᠵᠤ᠂ ᠨᠡᠶᠢᠭᠡᠮ ᠵᠢᠷᠤᠮ ᠤᠨ ᠰᠤᠶᠤᠯ ᠤᠨ ᠴᠡᠴᠡᠭᠯᠡᠯᠳᠡ ᠮᠠᠨᠳᠤᠯᠳᠡ ᠶᠢ ᠠᠬᠢᠭᠤᠯᠬᠤ ᠬᠡᠷᠡᠭᠳᠡᠢ︾ ᠬᠡᠭᠦ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠲᠠᠰᠪᠤᠷᠢ ᠬᠠᠳᠠᠭᠤᠵᠢᠯᠳᠠᠢ ᠲᠡᠮᠡᠴᠡᠬᠦ᠂ ᠴᠤᠴᠠᠯᠳᠠ ᠦᠭᠡᠢ ᠤᠷᠤᠬᠰᠢᠯᠠᠬᠤ ᠮᠤᠩᠭᠤᠯ ᠮᠤᠷᠢᠨ ᠤ ᠵᠤᠷᠢᠭ ᠰᠠᠨᠠᠭ᠎ᠠ ᠪᠠᠷ ᠪᠦᠬᠦ ᠤᠷᠤᠨ ᠤ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠯᠳᠡ ᠬᠦᠭᠵᠢᠯᠳᠡ ᠶᠢ ᠠᠬᠢᠭᠤᠯᠵᠤ᠂ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ︾᠎ ᠳᠤ ᠬᠦᠴᠦᠷᠭᠡᠭ ᠶᠡᠭᠡ ᠤᠶᠤᠨ ᠰᠠᠨᠠᠭᠠᠨ ᠤ ᠵᠢᠯᠤᠭᠤᠳᠤᠯᠭ᠎ᠠ ᠬᠠᠩᠭᠠᠵᠤ᠂ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠡᠯᠪᠡᠭ ᠪᠠᠶᠠᠯᠢᠭ ᠤᠶᠤᠨ ᠤ ᠬᠦᠨᠡᠰᠦ ᠬᠠᠩᠭᠠᠬᠤ ᠬᠡᠷᠡᠭᠳᠡᠢ ᠬᠡᠵᠤ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号