ᠥᠪᠥᠷ ᠮᠣᠩᠭᠤᠯ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠬᠦᠯᠬᠦ ᠶᠢᠨ ᠲᠤᠯᠠᠳᠠ ᠮᠣᠩᠭᠤᠯ ᠬᠢᠲᠠᠳ ᠡᠮᠨᠡᠯᠭᠡ ᠶᠢᠨ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2017/11/23
      ᠥᠪᠥᠷ ᠮᠣᠩᠭᠤᠯ ᠮᠣᠩᠭᠤᠯ ᠬᠢᠲᠠᠳ ᠡᠮᠨᠡᠯᠭᠡ ᠶᠢᠨ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠥᠷᠭᠡᠨ ᠤᠯᠠᠨ ᠠᠷᠠᠳ  ᠲᠦᠮᠡᠨ ᠤ ᠤᠯᠠᠨ ᠳᠡᠰ ᠳᠠᠪᠬᠤᠷᠭ᠎ᠠ ᠶᠢᠨ᠂ ᠤᠯᠠᠨ ᠶᠠᠩᠵᠤ ᠶᠢᠨ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠨᠭ᠍ᠭᠠᠪᠠ᠃      2015 ᠣᠨ ᠤ 6 ᠳ᠋ᠤᠭᠠᠷ ᠰᠠᠷ᠎ᠠ ᠳᠤ᠂ ᠥᠪᠥᠷ ᠮᠣᠩᠭᠤᠯ ᠪᠥᠬᠦ ᠣᠷᠣᠨ ᠠᠴᠠ 29 ᠬᠤᠰᠢᠭᠤ ᠰᠢᠶᠠᠨ ᠢ ᠰᠢᠯᠢᠨ ᠰᠤᠩᠭᠤᠵᠤ᠂ ᠮᠣᠩᠭᠤᠯ ᠬᠢᠲᠠᠳ ᠡᠮ ᠡᠮᠨᠡᠯᠭᠡ ᠶᠢᠨ ᠰᠢᠶᠠᠨ ᠰᠤᠮᠤ ᠭᠠᠴᠠᠭ᠎ᠠ ᠶᠢ ᠨᠢᠭᠡ ᠴᠤᠭᠴᠠᠵᠢᠭᠤᠯᠤᠨ ᠬᠠᠮᠢᠶᠠᠷᠬᠤ ᠲᠤᠷᠰᠢᠯᠲᠠ ᠶᠢᠨ ᠠᠵᠢᠯ ᠢ ᠥᠷᠨᠢᠭᠦᠯᠵᠦ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠡᠰᠤᠬ ᠤᠨ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠮᠵᠢ ᠶᠢᠨ ᠪᠠᠶᠢᠭᠤᠯᠤᠯᠲᠠ ᠶᠢ ᠬᠤᠰᠢᠭᠤ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ ᠣᠷᠣᠭᠤᠯᠵᠤ᠂ ︽ᠪᠠᠶᠢᠭᠤᠯᠤᠮᠵᠢ ᠶᠢ ᠨᠢᠭᠡᠳᠦᠯᠲᠠᠢ ᠪᠠᠶᠢᠷᠢᠯᠠᠭᠤᠯᠬᠤ᠂ ᠠᠵᠢᠯᠳᠠᠨ ᠢ ᠨᠢᠭᠡᠳᠦᠯᠲᠡᠶ ᠰᠢᠯᠵᠢᠭᠦᠯᠦᠨ ᠲᠣᠬᠢᠷᠠᠭᠤᠯᠬᠤ᠂ ᠮᠡᠷᠭᠡᠵᠢᠯ ᠤᠨ ᠦᠢᠯᠡᠴᠢᠯᠡᠭᠡ ᠶᠢ ᠨᠢᠭᠡᠳᠦᠯᠲᠡᠶ ᠬᠠᠩᠭᠠᠬᠤ᠂ ᠡᠮ ᠳᠠᠩ ᠪᠠᠭᠠᠵᠢ ᠬᠡᠷᠡᠭᠰᠡᠯ ᠢ ᠨᠢᠭᠡᠳᠦᠯᠲᠡᠶ ᠲᠣᠬᠢᠷᠠᠭᠤᠯᠤᠨ ᠬᠦᠷᠭᠡᠬᠦ᠂ ᠲᠤᠬᠠᠶᠢᠯᠠᠭᠰᠠᠨ ᠠᠵᠢᠯ ᠢ ᠨᠢᠭᠡᠳᠦᠯᠲᠡᠶ ᠬᠠᠮᠢᠶᠠᠷᠬᠤ︾᠎ ᠶᠢ ᠬᠡᠷᠡᠭᠵᠢᠬᠦᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠮᠵᠢ ᠪᠤᠯᠤᠨ ᠦᠢᠯᠡᠴᠢᠯᠡᠭᠡᠨ ᠤ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠮᠣᠩᠭᠤᠯ ᠬᠢᠲᠠᠳ ᠡᠮᠨᠡᠯᠭᠡ ᠶᠢᠨ ᠬᠤᠯᠪᠣᠭᠠᠲᠤ ᠴᠣᠭᠴᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠳᠤ ᠲᠦᠰᠢᠭᠯᠡᠨ᠂ ᠪᠥᠬᠦ ᠣᠷᠣᠨ ᠤ ᠮᠣᠩᠭᠤᠯ ᠡᠮ ᠡᠮᠨᠡᠯᠭᠡ ᠶᠢᠨ ᠠᠯᠤᠰ ᠤᠨ ᠡᠮᠴᠢᠯᠡᠭᠡᠨ ᠤ ᠲᠥᠪ᠂ ᠪᠦᠬᠦ ᠣᠷᠣᠨ ᠤ ᠮᠣᠩᠭᠤᠯ ᠬᠢᠲᠠᠳ ᠡᠮ ᠡᠮᠨᠡᠯᠭᠡ ᠶᠢᠨ ᠲᠤᠭ᠎ᠠ ᠪᠠᠷᠢᠮᠲᠠ ᠶᠢᠨ ᠲᠥᠪ ᠪᠣᠯᠤᠨ ᠪᠥᠬᠦ ᠣᠷᠣᠨ ᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠣᠩᠭᠤᠯ ᠬᠢᠲᠠᠳ ᠡᠮᠨᠡᠯᠭᠡ ᠶᠢᠨ ᠥᠷᠥᠭᠡ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠪᠥᠬᠦ ᠣᠷᠣᠨ ᠤ ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠬᠠᠮᠵᠢᠯᠴᠠᠭ᠎ᠠ ᠶᠢᠨ ᠲᠣᠤᠷ ᠲᠤ ᠤᠷᠤᠭᠤᠯᠵᠤ᠂ ᠣᠷᠣᠨ ᠤ ᠳᠣᠲᠣᠷ᠎ᠠ ᠮᠣᠩᠭᠤᠯ ᠬᠢᠲᠠᠳ ᠡᠮᠨᠡᠯᠭᠡ ᠶᠢᠨ ᠠᠯᠤᠰ ᠠᠴᠠ ᠬᠠᠮᠲᠤᠷᠠᠨ ᠣᠨᠣᠰᠢᠯᠠᠬᠤ᠂ ᠠᠯᠤᠰ ᠠᠴᠠ ᠵᠢᠱᠢᠶ᠎ᠡ ᠦᠵᠡᠭᠦᠯᠬᠦ ᠬᠢᠴᠢᠶᠡᠯ ᠬᠥᠮᠦᠵᠢᠯ ᠬᠢᠬᠦ᠂ ᠠᠯᠤᠰ ᠠᠴᠠ ᠤᠨᠤᠰᠢᠯᠠᠬᠤ᠂ ᠠᠯᠤᠰ ᠠᠴᠠ ᠡᠪᠡᠳᠴᠢᠨ ᠤ ᠵᠦᠢ ᠶᠢ ᠰᠤᠳᠤᠯᠬᠤ᠂ ᠠᠯᠤᠰ ᠠᠴᠠ ᠰᠢᠯᠭᠠᠨ ᠪᠠᠶᠢᠴᠠᠭᠠᠬᠤ᠂ ᠠᠯᠤᠰ ᠠᠴᠠ ᠲᠤᠬᠢᠷᠡᠬᠤ ᠮᠡᠷᠭᠡᠵᠢᠯ ᠢ ᠳᠡᠯᠭᠡᠷᠡᠭᠦᠯᠬᠦ᠂ ᠠᠯᠤᠰ ᠠᠴᠠ ᠵᠢᠷᠦᠬᠡᠨ ᠴᠠᠬᠢᠯᠭᠠᠨ ᠤ ᠬᠢᠨᠠᠨ ᠬᠡᠮᠵᠢᠯᠲᠡ ᠶᠢ ᠦᠨᠡᠯᠡᠨ ᠵᠢᠱᠢᠬᠦ᠂ ᠠᠯᠤᠰ ᠠᠴᠠ ᠡᠷᠡᠭᠦᠯ ᠬᠠᠮᠠᠭᠠᠯᠠᠯ ᠤᠨ ᠤᠬᠠᠭᠤᠯᠭ᠎ᠠ ᠬᠥᠮᠦᠵᠢᠯ ᠬᠢᠬᠦ᠂ ᠠᠯᠤᠰ ᠠᠴᠠ ᠭᠡᠷ ᠪᠦᠯᠢ ᠶᠢᠨ ᠡᠮᠴᠢ ᠶᠢᠨ ᠦᠢᠯᠡᠴᠢᠯᠡᠭᠡ ᠦᠷᠨᠢᠬᠦᠯᠬᠦ ᠶᠢ ᠪᠡᠶᠡᠯᠡᠭᠦᠯᠵᠤ᠂ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号