ᠥᠪᠥᠷ ᠮᠣᠩᠭᠤᠯ 2020 ᠣᠨ ᠪᠣᠯᠬᠤ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ | ᠳᠡᠯᠭᠡᠭᠦᠷ ᠢ ᠪᠦᠬᠦ ᠲᠠᠯ᠎ᠠ ᠪᠠᠷ ᠴᠢᠯᠥᠭᠡᠲᠡᠶ ᠲᠠᠯᠪᠢᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠪᠣᠯᠣᠨ | ᠨᠡᠷᠡᠳᠬᠦᠨ ᠤ ᠪᠦᠲᠦᠮᠵᠢᠲᠡᠶ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠦᠢᠯᠡᠰ ᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ | ᠰᠢᠨ᠎ᠡ ᠬᠥᠳᠡᠯᠭᠡᠭᠦᠷ ᠪᠣᠯᠭᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠦᠬᠦ | ᠲᠠᠯ᠎ᠠ ᠪᠠᠷ ᠴᠢᠯᠥᠭᠡᠲᠡᠶ ᠲᠠᠯᠪᠢᠬᠤ ᠳᠤ ᠵᠥᠪᠰᠢᠶᠡᠷᠡᠯ ᠤᠨ ᠪᠠᠷᠢᠮᠵᠢᠶ᠎ᠠ ᠪᠠᠨ ᠭᠤᠣᠯᠳᠠᠯᠭ᠎ᠠ ᠲᠠᠢ ᠳᠣᠷᠣᠭᠰᠢᠯᠠᠭᠤᠯᠵᠤ᠂ | ᠲᠥᠪ ᠭᠤᠣᠯᠴᠢ ᠪᠠᠷ ᠥᠷᠢᠰᠥᠯᠳᠦᠬᠦ ᠣᠷᠴᠢᠨ ᠨᠥᠬᠦᠴᠡᠯ ᠢ ᠪᠤᠢ ᠪᠣᠯᠭᠠᠨ᠂ ᠨᠡᠶᠢᠭᠡᠮ ᠤᠨ ᠬᠥᠷᠥᠩᠭᠡ ᠢᠯᠠᠩᠭᠤᠶ᠎ᠠ | ᠠᠷᠠᠳ ᠤᠨ ᠬᠥᠷᠥᠩᠭᠡ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠦᠢᠯᠡᠰ ᠲᠤ ᠣᠷᠤᠭᠤᠯᠵᠤ᠂ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ | ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠂ ᠡᠷᠬᠡ ᠲᠡᠭᠰᠢ ᠪᠠᠷ ᠣᠷᠣᠯᠴᠠᠬᠤ᠂ | ᠡᠮᠬᠢ ᠵᠢᠷᠤᠮ ᠲᠠᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ | ᠪᠣᠳᠠᠲᠠᠶ ᠪᠠᠷ ᠬᠡᠯᠡᠪᠡᠯ᠂ ᠥᠪᠥᠷ ᠮᠣᠩᠭᠤᠯ ᠨᠠᠰᠤᠵᠢᠯ ᠤᠨ ᠠᠰᠠᠷᠠᠮᠵᠢ ᠶᠢᠨ ᠵᠠᠬ᠎ᠠ ᠳᠡᠯᠭᠡᠭᠦᠷ ᠤᠨ | ᠵᠥᠪᠰᠢᠶᠡᠷᠡᠯ ᠤᠨ ᠨᠥᠬᠦᠴᠡᠯ ᠢ ᠶᠡᠬᠡᠪᠡᠷ ᠴᠢᠯᠦᠭᠡᠲᠡᠢ ᠲᠠᠯᠪᠢᠬᠤ ᠪᠣᠯᠣᠨ᠎ᠠ᠃ ᠠᠰᠢᠭ ᠬᠤᠨᠵᠢᠪᠣᠷᠢ ᠶᠢᠨ ᠴᠢᠨᠠᠷᠲᠠᠶ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠪᠠᠶᠢᠭᠤᠯᠵᠦ᠂ ︽ᠤᠷᠢᠳᠠᠪᠠᠷ ᠦᠨᠡᠮᠯᠡᠯ ᠣᠯᠭᠤᠵᠣ ᠳᠠᠷᠠᠭ᠎ᠠ ᠨᠢ | ᠵᠥᠪᠰᠢᠶᠡᠷᠡᠬᠦ︾ ᠬᠢᠯᠪᠠᠷᠴᠢᠯᠠᠭᠰᠠᠨ ᠶᠠᠪᠤᠴᠠ ᠪᠠᠷ ᠭᠦᠢᠴᠡᠳᠬᠡᠵᠦ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ᠂ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠭᠤᠶᠤᠴᠢᠯᠠᠨ | ᠵᠥᠪᠰᠢᠶᠡᠷᠡᠭᠦᠯᠦᠨ᠎ᠡ᠃ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ | ᠪᠣᠯ ᠳᠠᠩᠰᠠᠯᠠᠭᠤᠯᠤᠨ ᠲᠠᠩᠰᠠᠯᠠᠨ ᠬᠠᠮᠢᠶᠠᠷᠬᠤ ᠪᠠᠶᠢᠭᠤᠯᠭ᠎ᠠ ᠶᠢᠨ ᠬᠠᠷᠢᠶᠠᠨ ᠳᠤ ᠬᠠᠤᠯᠢ ᠶᠣᠰᠤᠭᠠᠷ ᠬᠠᠤᠯᠢ ᠶᠢᠨ | ᠬᠥᠮᠦᠨ ᠤ ᠬᠢᠷᠢ ᠬᠡᠮ ᠦᠭᠡᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠴᠢᠬ ᠢ ᠣᠯᠠᠨ ᠪᠠᠶᠢᠭᠤᠯᠵᠤ | ᠪᠣᠯᠣᠨ᠎ᠠ᠂ ᠣᠨᠳᠣᠣ ᠭᠠᠵᠠᠷ ᠤᠨ ᠪᠡᠯᠡ ᠣᠷᠣᠭᠤᠯᠤᠭᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ | ᠵᠦᠢᠯ ᠢ ᠡᠷᠬᠢᠯᠡᠪᠡᠯ ᠲᠤᠬᠠᠶ ᠶᠢᠨ ᠭᠠᠵᠠᠷ ᠤᠨ ᠪᠡᠯᠡ ᠣᠷᠣᠭᠤᠯᠤᠭᠴᠢ ᠲᠠᠢ ᠠᠳᠠᠯᠢ ᠲᠡᠭᠰᠢ ᠲᠦᠷᠦ ᠶᠢᠨ | ᠪᠤᠳᠤᠯᠭ᠎ᠠ ᠶᠢᠨ ᠬᠠᠷᠠᠭᠠᠯᠵᠠᠯ ᠬᠦᠷᠲᠡᠬᠦ ᠪᠥᠭᠡᠳ ᠭᠠᠳᠠᠨ᠎ᠠ ᠣᠷᠣᠨ ᠤ ᠪᠡᠯᠡ ᠣᠷᠣᠭᠤᠯᠤᠭᠴᠢ ᠮᠠᠨ ᠤ ᠣᠷᠣᠨ ᠳᠤ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ ᠡᠭᠦᠨ ᠠᠴᠠ ᠭᠠᠳᠠᠨ᠎ᠠ᠂ | ᠥᠪᠥᠷ ᠮᠣᠩᠭᠤᠯ ᠪᠠᠰᠠ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠨᠡᠶᠢᠭᠡᠮ ᠨᠡᠶᠢᠲᠡ ᠳᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠬᠠᠩᠭᠠᠬᠤ ᠨᠥᠬᠦᠴᠡᠯ ᠪᠦᠬᠦᠢ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠪᠠᠶᠢᠭᠤᠯᠤᠯ ᠢ ᠨᠢ ᠦᠭᠡᠷᠡᠴᠢᠯᠡᠨ ᠠᠵᠤ ᠠᠬᠤᠶᠢᠯᠠᠯ ᠪᠣᠯᠭᠠᠬᠤ ᠪᠤᠶᠤ ᠠᠯᠪᠠᠨ ᠠᠴᠠ ᠪᠠᠶᠢᠭᠤᠯᠵᠤ | ᠠᠷᠠᠳ ᠠᠴᠠ ᠡᠵᠡᠩᠨᠡᠬᠦ ᠪᠣᠯᠭᠠᠵᠤ ᠪᠣᠯᠣᠨ᠎ᠠ᠃ ᠨᠡᠶᠢᠭᠡᠮ ᠤᠨ ᠬᠦᠴᠦᠨ ᠤ ᠲᠤᠰᠠᠭᠠᠷ ᠪᠡᠯᠡ ᠣᠷᠣᠭᠤᠯᠬᠤ᠂ | ᠬᠦᠷᠦᠩᠬᠡ ᠨᠡᠶᠢᠯᠡᠭᠦᠯᠬᠦ᠂ ᠬᠠᠮᠲᠤᠷᠠᠯᠴᠠᠬᠤ᠂ ᠬᠠᠮᠲᠤᠷᠠᠨ ᠡᠵᠡᠩᠨᠡᠬᠦ᠂ ᠬᠤᠪᠢ ᠨᠡᠶᠢᠯᠡᠭᠦᠯᠬᠦ᠂ ᠲᠦᠷᠢᠶᠡᠰᠦᠯᠡᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠨ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠳᠤ ᠣᠷᠤᠯᠴᠠᠬᠤ ᠶᠢ ᠨᠢ ᠵᠣᠷᠢᠭᠵᠢᠭᠤᠯᠤᠨ᠎ᠠ᠃ 2020 ᠣᠨ ᠪᠣᠯᠬᠤ ᠳᠤ᠂ ᠵᠠᠰᠠᠭ ᠤᠨ | ᠣᠷᠳᠣᠨ ᠤ ᠡᠵᠡᠩᠨᠡᠬᠦ ᠨᠠᠰᠤᠵᠢᠯ ᠤᠨ ᠠᠰᠠᠷᠠᠮᠵᠢ ᠶᠢᠨ ᠣᠷᠣ ᠶᠢᠨ ᠲᠤᠭ᠎ᠠ ᠶᠢ ᠲᠤᠰ ᠭᠠᠵᠠᠷ ᠤᠨ ᠨᠠᠰᠤᠵᠢᠯ ᠤᠨ | ᠠᠰᠠᠷᠠᠮᠵᠢ ᠶᠢᠨ ᠶᠡᠷᠦᠩᠬᠡᠶ ᠣᠷᠣ ᠶᠢᠨ ᠲᠣᠭᠠᠨ ᠤ 50% ᠠᠴᠠ ᠳᠣᠷᠣᠭᠰᠢ ᠪᠠᠶᠢᠯᠭᠠᠬᠤ ᠪᠠᠷ ᠲᠥᠯᠥᠪᠯᠡᠵᠦ | ᠪᠠᠶᠢᠨ᠎ᠠ᠃ | ᠤᠲᠤ᠂ ᠪᠦᠬᠦ ᠤᠷᠤᠨ ᠤ 60 ᠨᠠᠰᠤᠨ ᠠᠴᠠ ᠲᠠᠬᠡᠭᠰᠢᠬᠢ ᠨᠠᠰᠤᠳᠠᠨ 436 ᠲᠥᠮᠡ ᠪᠠᠶᠢᠵᠤ᠂ ᠶᠡᠷᠥᠩᠬᠡᠢ | ᠬᠦᠮᠦᠨ ᠠᠮᠠ ᠶᠢᠨ 17.4% ᠶᠢ ᠡᠵᠡᠯᠡᠵᠤ ᠪᠤᠢ︔ ᠣᠶᠢᠷ᠎ᠠ ᠶᠢᠨ ᠵᠢᠯ ᠨᠠᠰᠤᠲᠠᠶᠢᠴᠤᠳ ᠤᠨ ᠬᠥᠮᠦᠨ ᠠᠮᠠ ᠶᠢᠨ | ᠲᠠᠰᠤᠷᠠᠯᠳᠠ ᠦᠬᠡᠢ ᠨᠡᠮᠡᠭᠳᠡᠬᠦ ᠶᠢ ᠳᠠᠭᠠᠯᠳᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠨᠢ | ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠭ᠎ᠠ ᠰᠢᠨ᠎ᠡ ᠪᠠᠷ ᠮᠠᠨᠳᠤᠭᠰᠠᠨ ᠥᠷᠨᠢᠩᠭᠦᠶ ᠠᠵᠤ ᠦᠢᠯᠡᠰ | ᠪᠣᠯᠤᠭᠰᠠᠨ ᠪᠠᠶᠢᠨ᠎ᠠ᠃ | |