ᠥᠪᠥᠷ ᠮᠣᠩᠭᠤᠯ ᠤᠨ ᠬᠥᠳᠡᠯᠭᠡᠭᠴᠢ ᠬᠦᠴᠦᠨ ᠤ ᠨᠡᠭᠦᠷᠡᠰᠦᠨ ᠤ ᠦᠨ᠎ᠡ ᠲᠦᠷᠪᠡᠨ ᠰᠠᠷ᠎ᠠ ᠳᠠᠷᠠᠭᠠᠯᠠᠨ ᠦᠰᠪᠡ
ᠨᠡᠶᠢᠲᠡᠯᠡᠭᠰᠡᠨ ᠴᠠᠭ᠄
2017/11/27
     ᠡᠨᠡ ᠵᠢᠯ ᠤᠨ10 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠭᠤᠣᠯ ᠭᠠᠷᠤᠯᠲᠠ ᠶᠢᠨ ᠣᠷᠣᠨ ᠤ ᠬᠥᠳᠡᠯᠭᠡᠭᠴᠢ ᠬᠦᠴᠦᠨ ᠤ ᠨᠡᠭᠦᠷᠡᠰᠦᠨ ᠤ ᠠᠭᠤᠷᠬᠠᠶ ᠶᠢᠨ ᠠᠮᠠᠨ ᠳᠠᠬᠢ ᠦᠨ᠎ᠡ ᠤᠷᠢᠳᠠᠪᠠᠷ ᠥᠰᠴᠦ ᠳᠠᠷᠠᠭ᠎ᠠ ᠨᠢ ᠲᠤᠭᠲᠠᠭᠤᠨ ᠪᠤᠯᠵᠤ᠂ ᠰᠠᠷ᠎ᠠ ᠶᠢᠨ ᠡᠬᠢᠨ ᠪᠠ ᠰᠠᠷ᠎ᠠ ᠶᠢᠨ ᠰᠡᠭᠦᠯᠴᠢ ᠶᠢᠨ ᠭᠠᠷᠬᠠᠨ ᠬᠠᠷᠢᠴᠠᠯ ᠪᠠᠭ᠎ᠠ ᠬᠡᠮᠵᠢᠶ᠎ᠡ ᠪᠠᠷ ᠳᠡᠭᠡᠭᠰᠢᠯᠡᠵᠦ᠂ ᠰᠠᠷ᠎ᠠ ᠶᠢᠨ ᠰᠡᠭᠦᠯᠴᠢ ᠶᠢᠨ ᠦᠨ᠎ᠡ ᠲᠤᠭᠲᠠᠭᠤᠨ ᠪᠠᠶᠢᠵᠤ᠂ ᠳᠤᠮᠳᠠᠴᠢ ᠳ᠋ᠦᠩᠨᠡᠨ ᠪᠤᠳᠤᠭᠰᠠᠨ ᠦᠨ᠎ᠡ ᠨᠢ ᠲᠤᠰ ᠪᠦᠷᠢ ᠳᠡᠭᠡᠨ 214.20 ᠲᠥᠭᠦᠷᠢᠭ ᠪᠠᠶᠢᠵᠤ᠂ ᠭᠠᠷᠠᠬᠠᠨ ᠬᠠᠷᠢᠴᠠᠯ ᠨᠢ 2.74% ᠳᠡᠭᠡᠭᠰᠢᠯᠡᠵᠦ᠂ ᠠᠳᠠᠯᠢ ᠬᠤᠭᠤᠴᠠᠭᠠᠨ ᠤ ᠬᠢ ᠠᠴᠠ 16.96 ᠦᠰᠴᠦ᠂ ᠳᠦᠷᠪᠡᠨ ᠰᠠᠷ᠎ᠠ ᠳᠠᠷᠠᠭᠠᠯᠠᠨ ᠥᠰᠪᠡ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠬᠥᠳᠡᠯᠭᠡᠭᠴᠢ ᠬᠦᠴᠦᠨ ᠤ ᠨᠡᠭᠦᠷᠡᠰᠦᠨ ᠤ ᠦᠨ᠎ᠡ ᠤᠷᠢᠳᠠᠪᠠᠷ ᠥᠰᠴᠦ ᠳᠠᠷᠠᠭ᠎ᠠ ᠨᠢ ᠪᠠᠭᠤᠷᠠᠵᠤ᠂ 7 ᠳ᠋ᠤᠭᠠᠷ ᠰᠠᠷ᠎ᠠ ᠠᠴᠠ ᠨᠠᠰᠢ᠂ ᠬᠠᠩᠭᠠᠯᠭ᠎ᠠ ᠪᠠᠭ᠎ᠠ ᠪᠠᠴᠢᠮ ᠪᠤᠯᠤᠭᠰᠠᠨ ᠪᠠᠶᠢᠬᠤ ᠵᠡᠷᠭᠡ ᠬᠦᠴᠦᠨ ᠵᠦᠢᠯ ᠤᠨ ᠨᠥᠯᠥᠭᠡᠯᠡᠯ ᠢᠶᠠᠷ ᠦᠨ᠎ᠡ ᠨᠢ ᠦᠷᠭᠦᠯᠵᠢᠯᠡᠨ ᠥᠰᠪᠡ᠃ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ 7 ᠳ᠋ᠤᠭᠠᠷ ᠰᠠᠷ᠎ᠠ᠂ 8 ᠳ᠋ᠤᠭᠠᠷ ᠰᠠᠷ᠎ᠠ᠂ 9 ᠳ᠋ᠦ᠋ᠭᠡᠷ ᠰᠠᠷ᠎ᠠ ᠳᠤ ᠬᠥᠳᠡᠯᠭᠡᠭᠴᠢ ᠬᠦᠴᠦᠨ ᠤ ᠨᠡᠭᠦᠷᠡᠰᠦᠨ ᠤ ᠠᠭᠤᠷᠬᠠᠶ ᠶᠢᠨ ᠠᠮᠠᠨ ᠳᠠᠬᠢ ᠳᠤᠮᠳᠠᠴᠢ ᠦᠨ᠎ᠡ ᠨᠢ ᠲᠤᠰ ᠪᠦᠷᠢ ᠳᠦ᠋ᠨ ᠪᠦᠷᠢ ᠳᠡᠭᠡᠨ 199.85 ᠲᠥᠭᠦᠷᠢᠭ᠂ 200.64 ᠲᠥᠭᠦᠷᠢᠭ᠂ 208.49 ᠲᠥᠭᠦᠷᠢᠭ ᠪᠤᠯᠵᠤ᠂ ᠭᠠᠷᠠᠬᠠᠨ ᠬᠠᠷᠢᠴᠠᠯ ᠨᠢ ᠲᠣᠰ ᠲᠣᠰ 1.86%᠂ 0.39%᠂ 3.91% ᠦᠰᠴᠦ᠂ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ ᠨᠢ 49.07%᠂ 42.64% ᠪᠠ 26.16% ᠪᠤᠯᠪᠠ᠃ ᠠᠳᠠᠯᠢ ᠬᠤᠭᠤᠴᠠᠭᠠᠨ ᠳᠤ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠨᠡᠭᠦᠷᠡᠰᠦ ᠶᠢᠨ ᠦᠨ᠎ᠡ ᠦᠷᠭᠦᠯᠵᠢᠯᠡᠨ ᠪᠠᠭ᠎ᠠ ᠬᠡᠮᠵᠢᠶ᠎ᠡ ᠪᠠᠷ ᠥᠰᠬᠦ ᠪᠠᠶᠢᠳᠠᠯ ᠲᠠᠢ ᠪᠤᠯᠪᠠ᠃ ᠡᠨᠡ ᠵᠢᠯ ᠤᠨ 8 ᠳ᠋ᠤᠭᠠᠷ ᠰᠠᠷ᠎ᠠ᠂ 9 ᠳ᠋ᠦ᠋ᠭᠡᠷ ᠰᠠᠷ᠎ᠠ᠂ 10 ᠳ᠋ᠤᠭᠠᠷ ᠰᠠᠷ᠎ᠠ ᠶᠢᠨ ᠬᠤᠳᠠᠯᠳᠤᠨ ᠤᠷᠤᠭᠤᠯᠤᠭᠰᠠᠨ ᠳᠤᠮᠳᠠᠴᠢ ᠦᠨ᠎ᠡ ᠨᠢ ᠲᠤᠰ ᠪᠦᠷᠢ ᠳᠡᠭᠡᠨ 201.05 ᠲᠥᠭᠦᠷᠢᠭ᠂        207.71 ᠲᠥᠭᠦᠷᠢᠭ ᠪᠠ 209.44 ᠲᠥᠭᠦᠷᠢᠭ ᠪᠤᠯᠵᠤ᠂ ᠭᠠᠷᠠᠬᠠᠨ ᠬᠠᠷᠢᠴᠠᠯ ᠨᠢ 2.22%᠂ 3.31% ᠪᠠ 0.83 ᠦᠰᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号