ᠥᠪᠥᠷ ᠮᠣᠩᠭᠤᠯ ᠬᠠᠶᠢᠨᠠᠨ ᠲᠠᠢ ᠠᠮᠤ ᠪᠤᠳᠠᠭ᠎ᠠ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠠᠮᠵᠢᠯᠴᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠵᠥᠪᠳᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2017/11/29
     ᠥᠨᠥᠬᠡᠨ᠂ ᠮᠠᠨ ᠤ ᠣᠷᠣᠨ ᠬᠠᠶᠢᠨᠠᠨ ᠮᠤᠵᠢ ᠶᠢᠨ ᠠᠮᠤ ᠪᠤᠳᠠᠭ᠎ᠠ ᠶᠢᠨ ᠲᠣᠪᠴᠢᠶ᠎ᠠ ᠯᠤᠭ᠎ᠠ ︽ᠠᠮᠤ ᠪᠤᠳᠠᠭ᠎ᠠ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠤᠨ ᠪᠢᠴᠢᠭ︾᠎ ᠲᠤ ᠭᠠᠷ ᠤᠨ ᠦᠰᠦᠭ ᠵᠢᠷᠤᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠠᠮᠤ ᠲᠣᠰᠣᠨ ᠤ ᠪᠦᠲᠦᠭᠡᠭᠳᠡᠬᠦᠨ ᠢ ︽ᠭᠠᠳᠠᠭᠰᠢ ᠭᠠᠷᠭᠠᠬᠤ︾᠎ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠮᠤᠵᠢ ᠶᠢᠨ ᠬᠤᠭᠤᠷᠣᠨᠳᠣᠬᠢ ᠠᠮᠤ ᠪᠤᠳᠠᠭ᠎ᠠ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠠᠮᠲᠤᠷᠠᠯᠴᠠᠬᠤ ᠬᠦᠷᠢᠶ᠎ᠡ ᠬᠡᠪᠴᠢᠶ᠎ᠡ ᠶᠢ ᠥᠷᠭᠡᠳᠬᠡᠵᠡᠢ᠃      ᠥᠪᠥᠷ ᠮᠣᠩᠭᠤᠯ ᠤᠨ ᠪᠣᠬᠢᠷᠲᠤᠯ ᠦᠭᠡᠢ ᠠᠮᠤ ᠲᠤᠰᠤᠨ ᠤ ᠪᠦᠲᠦᠭᠡᠭᠳᠡᠬᠦᠨ ᠪᠣᠯ ᠭᠠᠷᠤᠯᠲᠠ ᠶᠡᠭᠡ᠂ ᠴᠢᠨᠠᠷ ᠰᠠᠶᠢᠲᠠᠶ ᠣᠨᠴᠠᠯᠢᠭ ᠲᠠᠢ ᠶᠤᠮ᠃ ᠬᠠᠶᠢᠨᠠᠨ ᠮᠤᠵᠢ ᠪᠣᠯ ᠡᠬᠡ ᠤᠯᠤᠰ ᠤᠨ ᠡᠬᠡ ᠬᠠᠭᠤᠷᠠᠶ ᠶᠢᠨ ᠬᠠᠮᠤᠭ ᠡᠮᠦᠨ᠎ᠡ ᠬᠡᠰᠡᠭ ᠲᠤ ᠪᠠᠶᠢᠷᠢᠯᠠᠵᠤ᠂ ᠣᠷᠣᠨ ᠪᠠᠶᠢᠷᠢ ᠨᠢ ᠣᠨᠴᠠᠭᠠᠶ᠂ ᠳᠠᠪᠠᠭᠤᠯᠢᠭ ᠪᠠᠶᠢᠵᠤ᠂ ᠠᠮᠤ ᠪᠤᠳᠠᠭ᠎ᠠ ᠶᠢᠨ ᠴᠣᠯ ᠪᠣᠷᠣᠯᠠᠭᠤᠯᠭ᠎ᠠ ᠶᠢᠨ ᠣᠷᠣᠨ ᠪᠣᠯᠣᠨ᠎ᠠ᠂ ᠢᠯᠠᠩᠭᠤᠶ᠎ᠠ ᠤᠯᠠᠨ ᠤᠯᠤᠰ ᠤᠨ ᠵᠢᠭᠤᠯᠴᠢᠯᠠᠯ ᠤᠨ ᠠᠷᠠᠯ ᠢ ᠪᠦᠳᠦᠭᠡᠨ ᠪᠠᠶᠢᠭᠤᠯᠬᠤ ᠶᠠᠪᠤᠴᠠ ᠳᠤ᠂ ᠠᠮᠤ ᠳᠤᠰᠤᠨ ᠤ ᠪᠦᠲᠦᠭᠡᠭᠳᠡᠬᠦᠨ ᠤ ᠬᠡᠷᠡᠭᠯᠡᠭᠡ ᠨᠢ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠲᠠᠢ ᠪᠠᠶᠢᠵᠤ᠂ ᠠᠮᠤ ᠳᠤᠰᠤ ᠢᠳᠡᠭᠡᠨ ᠤ ᠵᠦᠢᠯ ᠳᠤ ᠲᠤᠭ᠎ᠠ ᠬᠡᠮᠵᠢᠶ᠎ᠡ ᠠᠴᠠ ᠶᠠᠰᠤ ᠴᠢᠨᠠᠷ ᠲᠤ ᠬᠦᠷᠲᠡᠯ᠎ᠡ ᠴᠥᠮ ᠨᠡᠩ ᠥᠨᠳᠥᠷ ᠱᠠᠭᠠᠷᠳᠠᠯᠭ᠎ᠠ ᠲᠠᠢ ᠪᠣᠯᠵᠠᠢ᠃ ᠡᠭᠦᠨ ᠤ ᠬᠠᠮᠲᠤ᠂ ᠥᠪᠥᠷ ᠮᠣᠩᠭᠤᠯ ᠬᠢᠭᠡᠳ ᠬᠠᠶᠢᠨᠠᠨ ᠮᠤᠵᠢ ᠨᠢ ᠴᠥᠮ ︽ᠨᠢᠭᠡ ᠪᠦᠰᠡ ᠨᠢᠭᠡ ᠵᠠᠮ︾᠎ ᠤᠨ ᠴᠢᠬᠤᠯᠠ ᠭᠦᠢᠯᠭᠡᠭᠡᠨ ᠤ ᠵᠠᠩᠭᠢᠯᠠᠭ᠎ᠠ ᠶᠢᠨ ᠴᠢᠭ᠋ ᠳᠡᠭᠡᠷ᠎ᠡ ᠣᠷᠣᠰᠢᠵᠤ ᠪᠠᠶᠢᠨ᠎ᠠ᠃ ᠠᠮᠤ ᠪᠤᠳᠠᠭ᠎ᠠ ᠶᠢᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠣᠷᠣᠨ ᠪᠦᠰᠡ ᠶᠢᠨ ᠬᠠᠷᠢᠯᠴᠠᠨ ᠨᠥᠬᠦᠪᠥᠷᠢᠯᠡᠬᠦ ᠴᠢᠨᠠᠷ ᠲᠠᠢ᠂ ᠠᠮᠤ ᠲᠣᠰᠣᠨ ᠤ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠴᠢᠨᠠᠷ ᠲᠠᠢ ᠪᠠᠶᠢᠳᠠᠭ᠂ ᠡᠶᠢᠮᠦ ᠠᠴᠠ᠂ ᠬᠤᠶᠠᠷ ᠭᠠᠵᠠᠷ ᠤᠨ ᠠᠮᠤ ᠪᠤᠳᠠᠭ᠎ᠠ ᠶᠢᠨ ᠦᠢᠯᠡᠰ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠶᠠᠪᠤᠳᠠᠯ ᠨᠢ ᠤᠯᠤᠰ ᠤᠨ ᠠᠮᠤ ᠪᠤᠳᠠᠭ᠎ᠠ ᠶᠢᠨ ᠠᠮᠤᠷ ᠲᠦᠪᠰᠢᠨ ᠢ ᠪᠠᠲᠤᠯᠠᠵᠤ᠂ ᠬᠤᠶᠠᠷ ᠭᠠᠵᠠᠷ ᠤᠨ ᠠᠮᠤ ᠪᠤᠳᠠᠭ᠎ᠠ ᠶᠢᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠲᠦᠯᠬᠢᠨ ᠠᠬᠢᠭᠤᠯᠬᠤ ᠳᠤ ᠠᠰᠢᠭᠲᠠᠶ ᠶᠤᠮ᠃      ᠵᠥᠪᠳᠡᠯᠴᠡᠭᠡᠷ ᠲᠣᠭᠲᠠᠬᠤ ᠶᠣᠰᠣᠯᠠᠯ ᠳᠡᠭᠡᠷ᠎ᠡ᠂ ᠬᠤᠶᠠᠷ ᠲᠠᠯ᠎ᠠ ᠶᠢᠨ ᠠᠮᠤ ᠪᠤᠳᠠᠭ᠎ᠠ ᠶᠢᠨ ᠰᠠᠯᠠᠭ᠎ᠠ ᠮᠥᠴᠢᠷ ᠎ ᠤᠨ ᠭᠤᠣᠯ ᠬᠠᠷᠢᠭᠤᠴᠠᠯᠭᠠᠲᠠᠨ ᠢᠯᠡᠳᠬᠡᠭᠰᠡᠨ ᠨᠢ᠂ ᠲᠣᠰ ᠣᠳᠠᠭᠠᠨ ᠤ ᠵᠥᠪᠳᠡᠯᠴᠡᠭᠡᠷ ᠢᠶᠠᠷ ᠠᠵᠠ ᠲᠣᠬᠢᠶᠠᠯ ᠪᠣᠯᠭᠠᠵᠤ᠂ ᠬᠤᠶᠢᠰᠢᠳᠠ ᠶᠢᠨ ᠠᠵᠢᠯ ᠳᠠᠭᠠᠨ᠂ ᠬᠤᠶᠠᠷ ᠲᠠᠯ᠎ᠠ ᠪᠠᠷ ᠢᠶᠠᠨ ᠠᠮᠤ ᠪᠤᠳᠠᠭ᠎ᠠ ᠶᠢᠨ ᠦᠢᠯᠡᠰ ᠤᠨ ᠲᠠᠪᠰᠢᠯᠳᠠ ᠪᠠ ᠠᠮᠤ ᠳᠤᠰᠤᠨ ᠤ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ ᠨᠤᠲᠤᠭ ᠤᠨ ᠠᠮᠤ ᠪᠤᠳᠠᠭ᠎ᠠ ᠶᠢᠨ ᠠᠮᠤᠷ ᠲᠦᠪᠰᠢᠨ ᠢ ᠬᠠᠮᠲᠤᠪᠠᠷ ᠬᠠᠮᠠᠭᠠᠯᠠᠨ ᠪᠠᠲᠤᠯᠠᠵᠤ᠂ ᠲᠤᠰ ᠲᠤᠰ ᠤᠨ ᠥᠪᠡᠷᠮᠢᠴᠡ ᠣᠨᠴᠠᠯᠢᠭ ᠪᠣᠯᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ᠂ ᠠᠳᠠᠯᠢ ᠪᠤᠰᠤ ᠲᠡᠰ ᠳᠠᠪᠬᠤᠷᠭ᠎ᠠ ᠶᠢᠨ ᠠᠮᠤ ᠪᠤᠳᠠᠭ᠎ᠠ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠬᠤᠶᠠᠷ ᠭᠠᠵᠠᠷ ᠤᠨ ᠠᠮᠤ ᠪᠤᠳᠠᠭ᠎ᠠ ᠶᠢᠨ ᠠᠵᠤ ᠦᠢᠯᠡᠰ ᠤᠨ ᠠᠵᠤ ᠠᠬᠤᠶ ᠶᠢᠨ ᠬᠥᠭᠵᠢᠯᠲᠡ ᠶᠢ ᠬᠠᠮᠲᠤᠪᠠᠷ ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠭ᠎ᠠ ᠶᠢ ᠠᠬᠢᠭᠤᠯᠤᠨ᠎ᠠ᠃ ᠡᠭᠦᠨ ᠤ ᠬᠠᠮᠲᠤ᠂ ᠬᠤᠶᠠᠷ ᠲᠠᠯ᠎ᠠ ᠶᠢᠨ ᠠᠵᠤ ᠦᠢᠯᠡᠰᠵᠢᠭᠰᠡᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠰᠣᠯᠢᠯᠴᠠᠭ᠎ᠠ ᠶᠢᠨ ᠬᠥᠭᠵᠢᠯᠲᠡ ᠶᠢ ᠪᠦᠬᠦ ᠬᠦᠴᠦ ᠪᠠᠷ ᠢᠶᠠᠨ ᠠᠬᠢᠭᠤᠯᠵᠤ᠂ ᠨᠡᠩ ᠤᠯᠠᠨ ᠠᠵᠤ ᠠᠬᠤᠶᠢᠯᠠᠯ ᠤᠳ ᠨᠦᠭᠦᠭᠡ ᠲᠠᠯ᠎ᠠ ᠳᠠᠭᠠᠨ ᠪᠡᠯᠡ ᠣᠷᠣᠭᠤᠯᠤᠨ ᠬᠦᠭᠵᠢᠭᠦᠯᠬᠦ ᠶᠢ ᠲᠦᠯᠬᠢᠨ ᠠᠬᠢᠭᠤᠯᠵᠤ᠂ ᠬᠤᠶᠠᠷ ᠲᠠᠯ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号