ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠪᠦᠬᠦᠨ ᠳᠤ ᠣᠨᠳᠣᠣ ᠭᠠᠵᠠᠷ ᠲᠤ ᠡᠮᠴᠢᠯᠡᠭᠦᠯᠦᠭᠰᠡᠨ ᠢ ᠲᠠᠰᠤᠯᠤᠨ ᠪᠤᠳᠤᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2017/11/3
     ᠣᠳᠣᠬᠠᠨ ᠪᠣᠯᠲᠠᠯ᠎ᠠ᠂ ᠥᠪᠥᠷ ᠮᠣᠩᠭᠤᠯ ᠤᠨ ᠴᠢᠬ ᠲᠣᠭᠲᠠᠭᠠᠭᠳᠠᠭᠰᠠᠨ ᠨᠡᠶᠢᠲᠡ 142  ᠡᠮᠴᠢᠯᠡᠭᠡᠨ ᠤ ᠪᠠᠶᠢᠭᠤᠯᠤᠮᠵᠢ ᠨᠢ ᠤᠯᠤᠰ ᠤᠨ ᠮᠤᠵᠢ ᠠᠯᠤᠰᠯᠠᠨ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠰᠢᠰᠲ᠋ᠧᠮ ᠳᠤ ᠣᠷᠣᠵᠤ᠂ ᠪᠥᠬᠦ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠪᠦᠬᠦᠨ ᠢ ᠪᠦᠷᠬᠦᠭᠦᠯᠪᠡ᠃ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠮᠤᠵᠢ ᠠᠯᠤᠰᠯᠠᠨ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠳᠤ ᠤᠷᠢᠳᠴᠢᠯᠠᠨ ᠥᠭᠬᠦ ᠵᠣᠭᠤᠰ 7006 ᠲᠦᠮᠡᠨ ᠲᠥᠭᠦᠷᠢᠭ ᠳᠡᠭᠡᠭᠰᠢ ᠲᠤᠰᠢᠶᠠᠵᠤ᠂ ᠡᠯ᠎ᠡ ᠮᠤᠵᠢ ︵ᠬᠤᠲᠠ᠂ ᠣᠷᠣᠨ︶᠎ ᠳᠤ ᠤᠷᠢᠳᠴᠢᠯᠠᠨ ᠥᠭᠬᠦ ᠵᠣᠭᠤᠰ 4691 ᠲᠦᠮᠡᠨ ᠲᠥᠭᠦᠷᠢᠭ ᠰᠠᠯᠭᠠᠨ ᠥᠭᠪᠡ᠃ ᠮᠤᠵᠢ ᠠᠯᠤᠰᠯᠠᠨ ᠣᠨᠳᠣᠤ ᠭᠠᠵᠠᠷ ᠲᠤ ᠡᠮᠴᠢᠯᠡᠭᠦᠯᠬᠦ ᠰᠢᠰᠲ᠋ᠧᠮ ᠳᠤ ᠳᠠᠩᠰᠠᠯᠠᠭᠤᠯᠤᠭᠰᠠᠨ ᠬᠥᠮᠦᠨ ᠤ ᠲᠤᠭ᠎ᠠ 5.8 ᠲᠦᠮᠡ᠂ ᠰᠢᠯᠵᠢᠭᠦᠯᠦᠨ ᠡᠮᠨᠡᠬᠦ ᠡᠮᠨᠡᠯᠭᠡ ᠶᠢᠨ ᠬᠤᠷᠢᠶ᠎ᠠ ᠠᠴᠠ ᠰᠢᠯᠵᠢᠭᠦᠯᠬᠦ ᠪᠠᠷ ᠳᠠᠩᠰᠠᠯᠠᠭᠤᠯᠤᠭᠰᠠᠨ ᠬᠥᠮᠥᠨ ᠤ ᠲᠤᠭ᠎ᠠ 6824᠎ ᠳᠤ ᠬᠦᠷᠴᠡᠢ᠃ ᠥᠪᠥᠷ ᠮᠣᠩᠭᠤᠯ ᠤᠨ ᠳᠠᠭᠠᠳᠬᠠᠯ ᠳᠤ ᠣᠷᠣᠯᠴᠠᠭᠰᠠᠨ ᠬᠥᠮᠦᠰ ᠤᠯᠤᠰ ᠤᠨ ᠰᠢᠰᠲ᠋ᠧᠮ ᠢᠶᠠᠷ ᠳᠠᠮᠵᠢᠨ 1918 ᠬᠥᠮᠦᠨ ᠤᠳᠠᠭ᠎ᠠ 2848 ᠲᠦᠮᠡᠨ ᠲᠦᠬᠦᠷᠢᠭ ᠤᠨ ᠡᠮᠨᠡᠯᠭᠡ ᠳᠤ ᠰᠠᠭᠤᠭᠰᠠᠨ ᠵᠠᠷᠤᠳᠠᠯ ᠢᠶᠠᠨ ᠲᠠᠰᠤᠯᠤᠨ ᠪᠣᠳᠣᠪᠠ  ︔  ᠭᠠᠳᠠᠷ ᠮᠤᠵᠢ ᠶᠢᠨ ᠬᠥᠮᠦᠰ ᠥᠪᠥᠷ ᠮᠣᠩᠭᠤᠯ ᠳᠤ16 ᠬᠥᠮᠦᠨ ᠤᠳᠠᠭ᠎ᠠ 25 ᠲᠦᠮᠡᠨ ᠲᠦᠬᠦᠷᠢᠭ ᠤᠨ ᠡᠮᠨᠡᠯᠭᠡ ᠳᠤ ᠰᠠᠭᠤᠭᠰᠠᠨ ᠵᠠᠷᠤᠳᠠᠯ ᠢᠶᠠᠨ ᠲᠠᠰᠤᠯᠤᠨ ᠪᠣᠳᠣᠵᠠᠢ᠃      ᠥᠪᠥᠷ ᠮᠣᠩᠭᠤᠯ ᠨᠡᠶᠢᠭᠡᠮ ᠤᠨ ᠪᠠᠲᠤᠯᠠᠭ᠎ᠠ ᠶᠢᠨ ᠥᠪᠡᠷᠲᠡᠭᠡᠨ ᠵᠠᠰᠠᠬᠤ ᠣᠷᠣᠨ ᠤ ᠳ᠋ᠠᠶᠢᠲ᠋ᠠ ᠶᠢᠨ ᠶᠡᠭᠡ ᠲᠥᠪᠯᠡᠷᠡᠯ ᠪᠣᠯᠣᠨ ᠨᠡᠶᠢᠭᠡᠮ ᠤᠨ ᠪᠠᠲᠤᠯᠠᠭ᠎ᠠ ᠶᠢᠨ ︽ᠪᠥᠬᠦᠨ ᠳᠤ ᠲᠤᠬᠢᠷᠠᠬᠤ ᠺᠠᠷᠲ︾᠎ ᠲᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠣᠨᠳᠣᠣ ᠭᠠᠵᠠᠷ ᠲᠤ ᠡᠮᠴᠢᠯᠡᠭᠦᠯᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠰᠢᠭᠤᠳ ᠲᠠᠰᠤᠯᠤᠨ ᠪᠤᠳᠤᠬᠤ ᠲᠠᠪᠴᠠᠩ ᠪᠠᠶᠢᠭᠤᠯᠵᠤ᠂ ᠣᠨᠳᠣᠣ ᠭᠠᠵᠠᠷ ᠤᠨ ᠡᠭᠦᠳᠡᠨ ᠡᠮᠨᠡᠯᠭᠡ ᠳᠤ ᠺᠠᠷᠲ ᠬᠡᠷᠡᠭᠯᠡᠬᠦ᠂ ᠡᠮ ᠬᠤᠳᠠᠯᠳᠤᠨ ᠠᠪᠬᠤ ᠪᠠ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠲᠠᠰᠤᠯᠤᠨ ᠪᠣᠳᠣᠬᠤ ᠶᠢ ᠪᠡᠶᠡᠯᠡᠭᠦᠯᠪᠡ᠃      ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠣᠨᠴᠣᠭᠤᠶᠢᠯᠠᠨ ᠰᠠᠨᠠᠭᠤᠯᠬᠤ ᠨᠢ᠂ ᠮᠤᠵᠢ ᠠᠯᠤᠰᠯᠠᠨ ᠣᠨᠳᠣᠤ ᠭᠠᠵᠠᠷ ᠲᠤ ᠡᠮᠴᠢᠯᠡᠭᠦᠯᠬᠦ ᠴᠢᠬᠤᠯᠠᠲᠠᠢ ᠬᠥᠮᠦᠰ ᠳᠠᠭᠠᠳᠬᠠᠯ ᠳᠤ ᠣᠷᠣᠯᠴᠠᠭᠰᠠᠨ ᠭᠠᠵᠠᠷ ᠤᠨ ᠢᠶᠠᠨ ᠡᠮ ᠡᠮᠨᠡᠯᠭᠡ ᠶᠢᠨ ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠳᠤ ᠣᠨᠳᠣᠣ ᠭᠠᠵᠠᠷ ᠲᠤ ᠡᠮᠴᠢᠯᠡᠭᠦᠯᠬᠦ ᠰᠢᠰᠲ᠋ᠧᠮ ᠳᠤ ᠳᠠᠩᠰᠠᠯᠠᠭᠤᠯᠤᠭᠰᠠᠨ ᠤ ᠪᠠᠨ ᠳᠠᠷᠠᠭ᠎ᠠ ᠰᠠᠶ᠋ᠢ ᠡᠮᠴᠢᠯᠡᠭᠦᠯᠬᠦ ᠭᠠᠵᠠᠷ ᠤᠨ ᠮᠤᠵᠢ ︵ᠬᠤᠳᠠ᠂ ᠣᠷᠣᠨ︶᠎ ᠶᠢᠨ ᠮᠤᠵᠢ ᠠᠯᠤᠰᠯᠠᠭᠰᠠᠨ ᠲᠣᠭᠲᠠᠭᠰᠠᠨ ᠴᠢᠭ᠋ ᠤᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠺᠠᠷᠲ ᠢᠶᠠᠷ ᠢᠶᠠᠨ ᠡᠮᠨᠡᠯᠭᠡ ᠳᠤ ᠰᠠᠭᠤᠬᠤ ᠭᠠᠷᠳᠠᠮ ᠭᠦᠢᠴᠡᠳᠬᠡᠵᠦ᠂ ᠤᠯᠤᠰ ᠤᠨ ᠰᠢᠰᠲ᠋ᠧᠮ ᠢᠶᠠᠷ ᠳᠠᠮᠵᠢᠨ ᠣᠨᠳᠣᠣ ᠭᠠᠵᠠᠷ ᠲᠤ ᠡᠮᠴᠢᠯᠡᠭᠦᠯᠦᠭᠰᠡᠨ ᠡᠮᠨᠡᠯᠭᠡ ᠳᠤ ᠰᠠᠭᠤᠭᠰᠠᠨ ᠵᠠᠷᠤᠳᠠᠯ ᠢᠶᠠᠨ ᠰᠢᠭᠤᠳ ᠲᠠᠰᠤᠯᠤᠨ  ᠪᠣᠳᠣᠵᠤ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号