ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠵᠡᠷᠭᠡ ᠭᠤᠷᠪᠠᠨ ᠭᠠᠵᠠᠷ ᠤᠨ ᠤᠯᠤᠰ ᠪᠣᠯᠤᠨ ᠣᠷᠣᠨ ᠨᠤᠲᠤᠭ ᠤᠨ ᠭᠠᠶᠢᠯᠢ ᠲᠠᠲᠠᠪᠤᠷᠢ ᠶᠢᠨ ᠲᠤᠬᠠᠶᠢᠯᠠᠭᠰᠠᠨ ᠠᠵᠢᠯ ᠤᠨ ᠬᠠᠮᠲᠤᠷᠠᠯᠴᠠᠭᠠᠨ ᠤ ᠲᠥᠷᠦᠯ ᠵᠦᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2017/11/30
      ᠦᠢᠷ᠎ᠠ ᠶᠢᠨ ᠡᠳᠦᠷ᠂ ᠤᠯᠠᠭᠠᠨᠴᠠᠪ ᠬᠤᠲᠠ᠂ ᠳ᠋ᠠᠲ᠋ᠦ᠋ᠩ ᠬᠤᠲᠠ᠂ ᠴᠢᠭᠤᠯᠤᠯᠲᠤ ᠬᠠᠭᠠᠯᠭ᠎ᠠ ᠬᠤᠲᠠ ᠵᠡᠷᠭᠡ ᠭᠤᠷᠪᠠᠨ ᠭᠠᠵᠠᠷ ᠤᠨ ᠤᠯᠤᠰ ᠪᠣᠯᠤᠨ ᠣᠷᠣᠨ ᠨᠤᠲᠤᠭ ᠤᠨ ᠭᠠᠶᠢᠯᠢ ᠶᠢᠨ ᠵᠢᠷᠭᠤᠭᠠᠨ ᠲᠣᠪᠴᠢᠶ᠎ᠠ ᠬᠠᠮᠲᠤᠷᠠᠨ ︽ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶᠎ ᠶᠢᠨ ᠤᠷᠲᠤ ᠴᠠᠭᠠᠨ ᠬᠡᠷᠡᠮ ᠤᠨ ᠠᠯᠲᠠᠨ ᠭᠤᠷᠪᠠᠯᠵᠢᠨ ᠣᠷᠣᠨ ᠪᠦᠰᠡ ᠶᠢᠨ ᠭᠠᠶᠢᠯᠢ ᠲᠠᠲᠠᠪᠤᠷᠢ ᠶᠢᠨ ᠬᠠᠮᠵᠢᠯᠴᠠᠭᠠᠨ ᠤ ᠬᠠᠮᠲᠤᠪᠡᠷ ᠪᠠᠶᠢᠭᠤᠯᠬᠤ ᠪᠣᠷᠣ ᠲᠥᠯᠥᠪ ᠤᠨ ᠵᠥᠪᠳᠡᠯᠴᠡᠭᠡᠷ︾ ᠵᠡᠷᠭᠡ ᠳᠤ ᠭᠠᠷ ᠤᠨ ᠦᠰᠦᠭ ᠵᠢᠷᠤᠵᠤ᠂ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠠᠰᠢᠭ ᠭᠥᠷᠳᠡᠬᠦ ᠪᠠᠷ ᠬᠠᠷᠠᠯᠲᠠ ᠪᠠᠨ ᠪᠣᠯᠭᠠᠭᠰᠠᠨ ᠭᠠᠶᠢᠯᠢ ᠲᠠᠲᠠᠪᠤᠷᠢ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠂ ︽ᠢᠨᠲ᠋ᠧᠷ ᠰᠦᠯᠵᠢᠶ᠎ᠡ +︾᠎ ᠪᠠᠷ ᠲᠤᠯᠭᠠᠭᠤᠷᠢ ᠪᠣᠯᠭᠠᠭᠰᠠᠨ ᠭᠠᠶᠢᠯᠢ ᠲᠠᠲᠠᠪᠤᠷᠢ ᠶᠢᠨ ᠬᠠᠮᠲᠤᠷᠠᠯᠴᠠᠭᠠᠨ ᠤ ᠠᠷᠭ᠎ᠠ ᠮᠠᠶ᠋ᠢᠭ ᠢ ᠪᠣᠢ ᠪᠣᠯᠭᠠᠵᠤ᠂ ︽ᠭᠤᠷᠪᠠ ᠶᠢ ᠨᠢᠭᠡᠲᠦᠭᠦᠯᠬᠦ᠂ ᠭᠤᠷᠪᠠ ᠳᠤ ᠬᠠᠷᠢᠯᠴᠠᠨ ᠬᠠᠪᠰᠤᠷᠤᠯᠴᠠᠬᠤ᠂ ᠬᠤᠶᠠᠷ ᠢ ᠬᠠᠷᠢᠯᠴᠠᠨ ᠮᠡᠳᠡᠷᠡᠬᠦ︾᠎ ᠪᠠᠷ ᠪᠣᠷᠣ ᠲᠥᠯᠥᠪ ᠪᠣᠯᠭᠠᠭᠰᠠᠨ ᠭᠠᠶᠢᠯᠢ ᠲᠠᠲᠠᠪᠤᠷᠢ ᠶᠢᠨ ᠬᠠᠮᠲᠤᠷᠠᠯᠴᠠᠭᠠᠨ ᠤ ᠠᠭᠤᠯᠭ᠎ᠠ ᠶᠢ ᠲᠣᠳᠣᠷᠬᠠᠶᠢᠯᠠᠭᠠᠳ᠂ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢᠨ ︽ᠣᠷᠳᠣ ᠴᠠᠭᠠᠨ ᠬᠡᠷᠡᠮ ᠤᠨ ᠠᠯᠲᠠᠨ ᠭᠤᠷᠪᠠᠯᠵᠢᠨ ᠣᠷᠣᠨ︾᠎ ᠤ ᠤᠯᠤᠰ ᠪᠣᠯᠣᠨ ᠣᠷᠣᠨ ᠨᠤᠲᠤᠭ ᠤᠨ ᠭᠠᠶᠢᠯᠢ ᠲᠠᠲᠠᠪᠤᠷᠢ ᠶᠢᠨ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠪᠠ᠃      ᠤᠯᠠᠭᠠᠨᠴᠠᠪ ᠬᠤᠲᠠ᠂ ᠳ᠋ᠠᠲ᠋ᠦ᠋ᠩ ᠬᠤᠲᠠ᠂ ᠴᠢᠭᠤᠯᠤᠯᠲᠤ ᠬᠠᠭᠠᠯᠭ᠎ᠠ ᠬᠤᠲᠠ ᠵᠡᠷᠭᠡ ᠭᠤᠷᠪᠠᠨ ᠭᠠᠵᠠᠷ ᠤᠨ ᠭᠠᠵᠠᠷ ᠤᠰᠦᠠ ᠤ ᠬᠠᠷᠢᠴᠠᠭ᠎ᠠ ᠨᠢᠭᠲᠠ᠂ ᠠᠷᠠᠯᠵᠢᠶ᠎ᠠ ᠬᠤᠳᠠᠯᠳᠤᠭ᠎ᠠ ᠵᠢᠭᠤᠯᠴᠢᠯᠠᠯ ᠤᠨ ᠶᠠᠪᠤᠯᠴᠠᠭ᠎ᠠ ᠣᠯᠠᠰᠢᠷᠠᠵᠤ᠂ ᠭᠠᠶᠢᠯᠢ ᠲᠠᠲᠠᠪᠤᠷᠢ ᠶᠢᠨ ᠲᠤᠬᠠᠶᠢᠯᠠᠭᠰᠠᠨ ᠠᠵᠢᠯ ᠢ ᠣᠷᠣᠨ ᠪᠦᠰᠡ ᠠᠯᠤᠰᠯᠠᠨ ᠨᠢᠭᠡᠳᠦᠯᠲᠡᠢ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠡᠳᠦᠷ ᠢᠷᠡᠬᠦᠶ᠎ᠡ ᠰᠢᠷᠦᠭᠦᠰᠴᠡᠢ᠃ ᠭᠤᠷᠪᠠᠨ ᠭᠠᠵᠠᠷ ᠤᠨ ᠤᠯᠤᠰ ᠪᠣᠯᠤᠨ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ ᠨᠢ ᠭᠠᠶᠢᠯᠢ ᠲᠤᠰᠢᠶᠠᠭᠴᠢ ᠶᠢᠨ ᠭᠠᠶᠢᠯᠢ ᠳᠤ ᠬᠤᠯᠪᠤᠭᠳᠠᠭᠰᠠᠨ ᠵᠦᠢᠯᠡᠰ ᠢ ᠬᠠᠷᠢᠶ᠎ᠠ ᠭᠠᠵᠠᠷ ᠲᠤᠨᠢ ᠭᠦᠢᠴᠡᠳᠬᠡᠬᠦ ᠬᠢᠵᠠᠭᠠᠷᠯᠠᠯ ᠢ ᠰᠢᠨ᠎ᠡ ᠶᠢ ᠡᠭᠦᠳᠬᠦ ᠴᠢᠨᠠᠷᠲᠠᠶ ᠪᠠᠷ ᠡᠪᠳᠡᠵᠦ᠂ ᠤᠤᠯ ᠤᠨ ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶᠎ ᠶᠢᠨ ᠤᠷᠲᠤ ᠴᠠᠭᠠᠨ ᠬᠡᠷᠡᠮ ᠤᠨ ᠠᠯᠲᠠᠨ ᠭᠤᠷᠪᠠᠯᠵᠢᠨ ᠣᠷᠣᠨ ᠪᠦᠰᠡ ᠶᠢᠨ ᠭᠠᠶᠢᠯᠢ ᠲᠠᠲᠠᠪᠤᠷᠢ ᠶᠢᠨ ᠬᠠᠮᠵᠢᠯᠴᠠᠭᠠᠨ ᠤ ᠬᠠᠮᠲᠤ ᠪᠠᠷ ᠪᠠᠶᠢᠭᠤᠯᠬᠤ ᠪᠣᠷᠣ ᠲᠥᠯᠥᠪ ᠤᠨ ᠵᠥᠪᠳᠡᠯᠴᠡᠭᠡᠷ ᠲᠤ ᠰᠠᠭᠤᠷᠢᠯᠠᠨ ︽ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠵᠡᠷᠭᠡ ᠭᠤᠷᠪᠠᠨ ᠭᠠᠵᠠᠷ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠭᠠᠶᠢᠯᠢ ᠲᠠᠲᠠᠪᠤᠷᠢ ᠶᠢᠨ ᠲᠤᠬᠠᠶᠢᠯᠠᠭᠰᠠᠨ ᠠᠵᠢᠯ ᠢ ᠣᠷᠣᠨ ᠪᠦᠰᠡ ᠠᠯᠤᠰᠯᠠᠨ ᠨᠢᠭᠡᠳᠦᠯᠲᠡᠢ ᠭᠦᠢᠴᠡᠳᠬᠡᠬᠦ ᠰᠠᠨᠠᠭᠤᠯᠤᠮᠵᠢ︾᠎ ᠳᠤ ᠬᠠᠮᠲᠤᠪᠡᠷ ᠭᠠᠷ ᠤᠨ ᠦᠰᠦᠭ ᠵᠢᠷᠤᠪᠠ᠃      ᠪᠣᠳᠠᠲᠠᠶ ᠠᠷᠭ᠎ᠠ ᠬᠡᠮᠵᠢᠶ᠎ᠡ ᠭᠡᠪᠡᠯ᠄ ᠬᠡᠪ ᠤᠨ ᠪᠠᠶᠢᠳᠠᠯ ᠪᠦᠬᠦᠢ ᠬᠠᠮᠲᠤᠷᠠᠭᠰᠠᠨ ᠬᠤᠷᠠᠯᠳᠤᠭᠠᠨ ᠤ ᠲᠣᠭᠲᠠᠴᠠ ᠶᠢ ᠪᠠᠶᠢᠭᠤᠯᠤᠨ᠂ ᠭᠠᠶᠢᠯᠢ ᠲᠠᠲᠠᠪᠤᠷᠢ ᠶᠢᠨ ᠬᠠᠮᠲᠤᠷᠠᠯᠴᠠᠭᠠᠨ ᠤ ᠬᠠᠮᠲᠤᠷᠠᠭᠰᠠᠨ ᠬᠤᠷᠠᠯᠳᠤᠭᠠᠨ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠬᠤᠷᠠᠯᠳᠤᠬᠤ ᠪᠦᠭᠡᠳ ᠡᠭᠡᠯᠵᠢᠯᠡᠬᠦ ᠳᠦᠷᠢᠮ ᠬᠡᠷᠡᠭᠵᠢᠭᠦᠯᠬᠦ ᠶᠢ ᠲᠣᠳᠣᠷᠬᠠᠶᠢᠯᠠᠵᠠᠢ︔ ᠬᠠᠮᠲᠤᠷᠠᠯᠴᠠᠭᠠᠨ ᠤ ᠣᠷᠣᠨ ᠪᠦᠰᠡ ᠶᠢᠨ ᠠᠳᠠᠯᠢ ᠪᠤᠰᠤ ᠨᠢᠭᠡᠴᠡ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ︽ᠠᠪᠴᠠᠯᠳᠤᠨ ᠵᠠᠯᠭᠠᠯᠳᠤᠬᠤ᠂ ᠬᠥᠨᠳᠡᠯᠡᠨ ᠭᠤᠯᠳᠤ ᠨᠡᠪᠲᠡᠷᠡᠬᠦ᠂ ᠬᠠᠷᠢᠯᠴᠠᠨ ᠬᠠᠪᠰᠤᠷᠤᠯᠴᠠᠵᠦ ᠬᠠᠮᠲᠤᠪᠡᠷ ᠬᠥᠳᠡᠯᠦᠯᠴᠡᠬᠦ︾ ᠬᠠᠮᠲᠤᠷᠠᠯᠴᠠᠭᠠᠨ ᠤ ᠲᠣᠭᠲᠠᠴᠠ ᠶᠢ ᠪᠣᠢ ᠪᠣᠯᠭᠠᠵᠤ᠂ ᠪᠦᠬᠦ ᠲᠠᠯ᠎ᠠ ᠶᠢᠨ᠂ ᠤᠯᠠᠨ ᠲᠠᠯ᠎ᠠ ᠶᠢᠨ ᠭᠦᠨᠵᠡᠭᠡᠶ ᠬᠠᠮᠲᠤᠷᠠᠯᠴᠠᠭ᠎ᠠ ᠶᠢ ᠭᠦᠢᠴᠡᠳ ᠪᠠᠲᠤᠯᠠᠨ᠎ᠠ︔ ︽ᠣᠷᠣᠨ ᠪᠦᠰᠡ ᠠᠯᠤᠰᠯᠠᠭᠰᠠᠨ ᠭᠠᠶᠢᠯᠢ ᠲᠠᠲᠠᠪᠤᠷᠢ ᠶᠢᠨ ᠬᠠᠮᠲᠤᠷᠠᠯᠴᠠᠭ᠎ᠠ︾᠎ ᠶᠢᠨ ᠲᠤᠰᠬᠠᠶ ᠪᠤᠯᠤᠩ ᠢ ᠨᠡᠭᠡᠭᠡᠵᠦ᠂ ᠣᠷᠣᠨ ᠪᠦᠰᠡ ᠠᠯᠤᠰᠯᠠᠭᠰᠠᠨ ᠭᠠᠶᠢᠯᠢ ᠲᠠᠲᠠᠪᠤᠷᠢ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ︔ ︽ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ︾᠎ ᠪᠠᠷ ᠳᠠᠮᠵᠢᠨ᠂ ᠣᠷᠣᠨ ᠪᠦᠰᠡ ᠠᠯᠤᠰᠯᠠᠭᠰᠠᠨ ᠲᠤᠭ᠎ᠠ ᠪᠠᠷᠢᠮᠲᠠ ᠶᠢᠨ ᠵᠠᠳᠠᠯᠤᠯᠲᠠ ᠶᠢ ᠬᠠᠮᠲᠤᠷᠠᠨ ᠥᠷᠨᠢᠭᠦᠯᠵᠦ᠂ ︽ᠢᠨᠲ᠋ᠧᠷ ᠰᠦᠯᠵᠢᠶ᠎ᠡ + ᠭᠠᠶᠢᠯᠢ ᠳᠤ ᠬᠤᠯᠪᠤᠭᠳᠠᠬᠤ ᠲᠤᠮᠤ ᠳ᠋ᠠᠶᠢᠲ᠋ᠠ︾᠎ ᠶᠢᠨ ᠰᠢᠨ᠎ᠡ ᠬᠡᠯᠪᠡᠷᠢ ᠶᠢᠨ ᠤᠶᠤᠨᠲᠤ ᠭᠠᠶᠢᠯᠢ ᠲᠠᠲᠠᠪᠤᠷᠢ ᠶᠢᠨ ᠬᠠᠮᠲᠤᠷᠠᠯᠴᠠᠭᠠᠨ ᠤ ᠬᠡᠪ ᠵᠠᠭᠪᠤᠷ ᠢ ᠠᠩᠬ᠎ᠠ ᠠᠯᠬᠤᠮ ᠪᠤᠢ ᠪᠣᠯᠭᠠᠨ᠎ᠠ︔ ᠴᠢᠯᠦᠭᠡᠲᠦ ᠲᠠᠰᠤᠯᠤᠯᠲᠠ ᠶᠢᠨ ᠪᠠᠷᠢᠮᠵᠢᠶ᠎ᠠ ᠶᠢ ᠨᠢᠭᠡᠳᠬᠡᠨ᠂ ᠲᠠᠲᠠᠪᠤᠷᠢᠯᠠᠬᠤ ᠬᠠᠮᠢᠶᠠᠷᠬᠤ ᠲᠦᠷᠢᠮ ᠢ ᠨᠢᠭᠡᠳᠬᠡᠬᠦ ᠪᠠ ᠭᠠᠶᠢᠯᠢ ᠲᠠᠲᠠᠪᠤᠷᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠬᠤ ᠶᠢ ᠨᠢᠭᠡᠳᠬᠡᠨ᠎ᠡ︔ ᠭᠠᠶᠢᠯᠢ ᠲᠠᠲᠠᠪᠤᠷᠢ ᠶᠢᠨ ᠵᠠᠳᠠᠯᠤᠯᠲᠠ᠂ ᠭᠠᠶᠢᠯᠢ ᠲᠠᠲᠠᠪᠤᠷᠢ ᠶᠢᠨ ᠬᠠᠤᠯᠢ ᠬᠡᠷᠡᠭᠵᠢᠭᠦᠯᠦᠯᠲᠡ ᠪᠣᠯᠣᠨ ᠲᠠᠲᠠᠪᠤᠷᠢᠯᠠᠬᠤ ᠬᠠᠮᠢᠶᠠᠷᠬᠤ ᠵᠡᠷᠭᠡ ᠭᠤᠷᠪᠠᠨ ᠲᠠᠯ᠎ᠠ ᠪᠠᠷ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠥᠷᠨᠢᠭᠦᠯᠦᠨ᠎ᠡ︔ ᠭᠤᠷᠪᠠᠨ ᠭᠠᠵᠠᠷ ᠤᠨ ᠵᠢᠷᠭᠤᠭᠠᠨ ᠲᠣᠪᠴᠢᠶ᠎ᠠ ᠨᠢ ᠠᠳᠠᠯᠢ ᠨᠢᠭᠡᠨ ᠭᠠᠶᠢᠯᠢ ᠲᠤᠰᠢᠶᠠᠭᠴᠢ ᠶᠢᠨ ᠬᠦᠷᠲᠡᠬᠦ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠬᠢᠷᠢ ᠬᠡᠮ ᠪᠣᠯᠣᠨ ᠣᠯᠵᠤ ᠬᠦᠷᠲᠡᠭᠰᠡᠨ ᠢᠲᠡᠭᠡᠮᠵᠢ ᠶᠢᠨ ᠵᠡᠷᠭᠡ ᠳᠡᠰ ᠢ ᠬᠠᠷᠢᠯᠴᠠᠨ ᠮᠡᠳᠡᠷᠡᠵᠦ ᠬᠠᠷᠢᠯᠴᠠᠨ ᠨᠡᠪᠲᠡᠷᠡᠯᠴᠡᠨ᠎ᠠ᠃      ᠣᠶᠢᠯᠠᠭᠠᠭᠰᠠᠨ ᠢᠶᠠᠷ᠂ ᠭᠤᠷᠪᠠᠨ ᠭᠠᠵᠠᠷ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ︽ᠮᠤᠵᠢ ᠠᠯᠤᠰᠯᠠᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠶᠢᠯᠢ ᠳᠤ ᠬᠤᠯᠪᠤᠭᠳᠠᠬᠤ ᠵᠦᠢᠯᠡᠰ ᠢ ᠪᠦᠬᠦ ᠤᠯᠤᠰ ᠲᠤ ᠨᠡᠶᠢᠳᠡᠮ ᠭᠦᠢᠴᠡᠳᠬᠡᠬᠦ︾ 4 ᠲᠦᠷᠦᠯ 15 ᠵᠦᠢᠯ ᠤᠨ ᠭᠠᠶᠢᠯᠢ ᠳᠤ ᠬᠤᠯᠪᠤᠭᠳᠠᠬᠤ ᠵᠦᠢᠯᠡᠰ ᠢ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠵᠡᠷᠭᠡ ᠭᠤᠷᠪᠠᠨ ᠭᠠᠵᠠᠷ ᠤᠨ ᠤᠷᠲᠤ ᠴᠠᠭᠠᠨ ᠬᠡᠷᠡᠮ ᠤᠨ ᠠᠯᠲᠠᠨ ᠭᠤᠷᠪᠠᠯᠵᠢᠨ ᠬᠠᠮᠲᠤᠷᠠᠯᠴᠠᠭᠠᠨ ᠤ ᠣᠷᠣᠨ ᠪᠦᠰᠡ ᠳᠤ ᠡᠭᠦᠳᠦᠯᠲᠡ ᠶᠢᠨ ᠴᠢᠨᠠᠷᠲᠠᠢ ᠪᠠᠷ ᠭᠠᠶᠢᠯᠢ ᠶᠢᠨ ᠶᠠᠪᠤᠳᠠᠯ ᠳᠠᠩᠰᠠᠯᠠᠭᠤᠯᠬᠤ᠂ ᠭᠠᠶᠢᠯᠢ ᠲᠤᠰᠢᠶᠠᠬᠤ ᠭᠤᠶᠤᠴᠢᠯᠠᠯ ᠪᠠ ᠬᠠᠷᠠᠭᠠᠯᠵᠠᠯ ᠦᠵᠡᠭᠦᠯᠬᠦ ᠳᠠᠩᠰᠠᠯᠠᠯᠲᠠ ᠶᠢ ᠪᠠᠭᠲᠠᠭᠠᠭᠰᠠᠨ 7 ᠲᠣᠮᠣ ᠲᠥᠷᠥᠯ 43 ᠵᠦᠢᠯ ᠤᠨ ᠭᠠᠶᠢᠯᠢ ᠳᠤ ᠬᠤᠯᠪᠤᠭᠳᠠᠬᠤ ᠵᠦᠢᠯᠡᠰ ᠪᠣᠯᠭᠠᠨ ᠦᠷᠭᠡᠳᠬᠡᠬᠦ ᠶᠢᠨ ᠳᠠᠭᠠᠤ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠴᠠ ᠶᠢ ᠪᠠᠶᠢᠭᠤᠯᠵᠤ᠂ ︽ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶᠎ ᠶᠢᠨ ᠤᠷᠲᠤ ᠴᠠᠭᠠᠨ ᠬᠡᠷᠡᠮ ᠤᠨ ᠠᠯᠲᠠᠨ ᠭᠤᠷᠪᠠᠯᠵᠢᠨ ᠣᠷᠣᠨ ᠤ ᠬᠠᠮᠲᠤᠷᠠᠯᠴᠠᠭᠠᠨ ᠤ ᠮᠡᠳᠡᠭᠡ ᠵᠠᠩᠭᠢ ᠶᠢᠨ ᠰᠦᠯᠵᠢᠶ᠎ᠡ︾ ᠳᠡᠭᠡᠷ᠎ᠡ ᠨᠢᠭᠡᠳᠦᠯᠲᠡᠢ ᠨᠡᠶᠢᠲᠡᠯᠡᠵᠦ᠂ ᠭᠠᠶᠢᠯᠢ ᠲᠤᠰᠢᠶᠠᠭᠴᠢ ᠰᠠᠶᠢᠨ ᠳᠤᠷ᠎ᠠ ᠠᠴᠠ ᠪᠠᠨ ᠣᠶᠢᠷ᠎ᠠ ᠬᠠᠪᠢ ᠳᠠᠭᠠᠨ ᠭᠦᠢᠴᠡᠳᠬᠡᠬᠦ ᠳᠤ ᠳᠥᠭᠦᠮ ᠦᠵᠡᠭᠦᠯᠦᠨ᠂ ᠭᠠᠶᠢᠯᠢ ᠶᠢᠨ ᠶᠠᠪᠤᠳᠠᠯ ᠭᠦᠢᠴᠡᠳᠬᠡᠬᠦ ᠠᠵᠢᠯ ᠢ ᠳᠥᠭᠦᠮ ᠳᠥᠲᠡ ᠪᠣᠯᠭᠠᠬᠤ ᠥᠭᠡᠷᠡᠴᠢᠯᠡᠯᠲᠡ ᠶᠢ ᠪᠣᠳᠠᠲᠠᠶ ᠨᠠᠶᠢᠳᠠᠪᠤᠷᠢᠵᠢᠭᠤᠯᠣᠨ᠎ᠠ᠃      ᠤᠯᠠᠭᠠᠨᠴᠠᠪ ᠬᠤᠲᠠ ᠨᠢ ᠡᠩ ᠲᠡᠷᠢᠭᠦᠨ ᠳᠤ ᠳ᠋ᠠᠲ᠋ᠦ᠋ᠩ ᠬᠤᠲᠠ ᠲᠠᠢ ᠵᠠᠬ᠎ᠠ ᠨᠡᠶᠢᠯᠡᠵᠦ ᠪᠠᠶᠢᠭ᠎ᠠ ᠹᠧᠩᠵᠧᠨ ᠬᠤᠲᠠ᠂ ᠴᠢᠭᠤᠯᠤᠯᠲᠤ ᠬᠠᠭᠠᠯᠭ᠎ᠠ ᠲᠠᠢ ᠵᠠᠬ᠎ᠠ ᠨᠡᠶᠢᠯᠡᠵᠦ ᠪᠠᠶᠢᠭ᠎ᠠ ᠰᠢᠩ ᠾᠧ ᠰᠢᠶᠠᠨ᠂ ᠬᠤᠸᠠᠳᠧ ᠰᠢᠶᠠᠨ ᠪᠣᠯᠣᠨ ᠱᠠᠩᠳᠤ ᠰᠢᠶᠠᠨ ᠤ ᠭᠠᠳᠠᠭᠠᠳᠤ ᠭᠠᠶᠢᠯᠢ ᠶᠢᠨ ᠶᠠᠪᠤᠳᠠᠯ ᠢ ᠭᠦᠢᠴᠡᠳᠬᠡᠬᠦ ᠦᠢᠯᠡᠴᠢᠯᠡᠭᠡᠨ ᠤ ᠭᠠᠵᠠᠷ ᠲᠠᠯᠠᠪᠤᠷ ᠢ ᠰᠤᠩᠭᠤᠨ ᠤᠷᠢᠳ ᠢᠶᠠᠷ ᠥᠷᠨᠢᠭᠦᠯᠵᠦ᠂ ᠳᠠᠷᠠᠭ᠎ᠠ ᠪᠠᠷ ᠨᠢ ᠠᠯᠬᠤᠮ ᠠᠯᠬᠤᠮ ᠢᠶᠠᠷ ᠪᠥᠬᠦ ᠬᠤᠲᠠ ᠶᠢᠨ 12 ᠬᠤᠰᠢᠭᠤ ᠰᠢᠶᠠᠨ ᠤ ᠲᠣᠪᠴᠢᠶ᠎ᠠ ᠳᠤ ᠬᠦᠷᠲᠡᠯ᠎ᠡ ᠳᠡᠯᠭᠡᠷᠡᠭᠦᠯᠥᠨ᠎ᠠ᠃ ᠨᠡᠶᠢᠳᠡᠮ ᠭᠦᠢᠴᠡᠳᠬᠡᠬᠦ ᠴᠤᠪᠤᠷᠠᠯ ᠳᠤ ︽ᠣᠨᠳᠣᠤ ᠭᠠᠵᠠᠷ ᠲᠤ ᠭᠥᠯᠢᠶᠡᠨ ᠠᠪᠴᠤ ᠰᠢᠶᠳᠪᠦᠷᠢᠯᠡᠬᠦ᠂ ᠴᠠᠭ ᠲᠤᠬᠠᠶ ᠳᠤᠨᠢ ᠰᠢᠶᠳᠪᠦᠷᠢᠯᠡᠵᠦ ᠳᠠᠭᠤᠰᠬᠠᠬᠤ᠂ ᠲᠤᠬᠠᠶ ᠶᠢᠨ ᠭᠠᠵᠠᠷ ᠲᠤᠨᠢ ᠬᠠᠷᠢᠭᠤ ᠲᠤᠰᠬᠠᠬᠤ᠂ ᠳᠣᠲᠣᠭᠠᠳᠤ ᠳᠠᠭᠠᠨ ᠳᠠᠮᠵᠢᠭᠤᠯᠬᠤ︾ ᠠᠷᠭ᠎ᠠ ᠬᠡᠯᠪᠡᠷᠢ ᠪᠠᠷ ᠨᠡᠶᠢᠳᠡᠮ ᠭᠦᠢᠴᠡᠳᠬᠡᠬᠦ ᠵᠦᠢᠯᠡᠰ ᠢ ᠭᠦᠢᠴᠡᠳᠬᠡᠵᠦ᠂ ᠭᠠᠶᠢᠯᠢ ᠲᠤᠰᠢᠶᠠᠭᠴᠢ ᠶᠢᠨ ᠭᠠᠶᠢᠯᠢ ᠲᠤᠰᠢᠶᠠᠬᠤ ᠠᠵᠢᠯ ᠤᠨ ᠴᠠᠭ ᠢ ᠬᠠᠮᠤᠭ ᠤᠨ ᠶᠡᠭᠡ ᠬᠡᠮᠵᠢᠶ᠎ᠡ ᠪᠠᠷ ᠪᠣᠭᠤᠨᠢᠰᠬᠠᠨ᠂ ᠣᠷᠣᠨ ᠪᠦᠰᠡ ᠶᠢᠨ ᠬᠠᠮᠲᠤᠷᠠᠯᠴᠠᠭᠠᠨ ᠤ ︽ᠦᠷᠡᠵᠢᠭᠦᠯᠬᠦ ᠠᠷᠭ᠎ᠠ︾᠎ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠶᠢᠯᠢ ᠲᠤᠰᠢᠶᠠᠭᠴᠢ ᠶᠢᠨ ᠬᠦᠷᠲᠡᠮᠵᠢᠲᠦ ᠰᠡᠳᠬᠢᠯᠭᠡ ᠶᠢ ᠥᠨᠡᠨᠬᠦ ᠴᠢᠩᠭᠠᠳᠬᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号