ᠥᠪᠥᠷ ᠵᠠᠰᠠᠭ ᠠᠯᠪᠠᠨ ᠥᠰᠥᠭ ﹇2017﹈ 136 ᠳ᠋ᠤᠭᠠᠷ ᠲᠤᠭᠠᠳᠤ | 6 ᠳ᠋ᠤᠭᠠᠷ ᠰᠠᠷ᠎ᠠ ᠶᠢᠨ 30 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ︿ᠣᠯᠡᠨ ᠦᠨᠡᠮᠯᠠᠯ ᠢ ᠨᠡᠶᠢᠯᠡᠬᠦᠯᠥᠨ ᠨᠢᠭᠡ | ᠪᠤᠯᠭᠠᠬᠤ﹀ ᠦᠬᠡᠷᠡᠴᠢᠯᠡᠯᠳᠡ ᠶᠢ ᠭᠡᠷᠡᠭᠵᠢᠬᠦᠯᠬᠦ ᠳᠦᠰᠦᠯ︾ ᠢ ᠦᠪᠡᠷᠳᠡᠭᠡᠨ ᠵᠠᠰᠬᠠᠥ ᠣᠷᠣᠨ ᠤ ᠠᠷᠡᠳ ᠤᠨ | ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠭᠡᠳ᠂ ᠡᠳᠣᠭᠡ ᠳᠡᠨᠡᠷ ᠲᠤ ᠲᠠᠷᠣᠮᠠᠯᠯᠠᠨ ᠶᠠᠪᠤᠭᠤᠯᠥᠯ᠎ᠠ᠂ | ᠪᠤᠳᠡᠳᠡᠢ ᠲᠠᠢ ᠪᠠᠨ ᠣᠶᠠᠯᠳᠣᠭᠤᠯᠵᠦ᠂ ᠬᠢᠨᠠᠮᠠᠭᠠᠢ ᠵᠤᠬᠢᠶᠡᠨ ᠪᠠᠶᠢᠭᠤᠯᠥᠨ ᠭᠡᠷᠡᠭᠵᠢᠬᠦᠯᠳᠣᠭᠡᠢ᠃ | | ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ︽ᠣᠯᠡᠨ ᠦᠨᠡᠮᠯᠠᠯ ᠢ | ᠨᠡᠶᠢᠯᠡᠬᠦᠯᠥᠨ ᠨᠢᠭᠡ ᠪᠤᠯᠭᠠᠬᠤ︾ ᠦᠬᠡᠷᠡᠴᠢᠯᠡᠯᠳᠡ ᠶᠢ ᠭᠡᠷᠡᠭᠵᠢᠬᠦᠯᠬᠦ ᠳᠦᠰᠦᠯ | | ︵ᠦᠪᠡᠷᠳᠡᠭᠡᠨ ᠵᠠᠰᠠᠬᠤ ᠣᠷᠣᠨ ᠤ ᠠᠵᠦ ᠦᠢᠯᠡᠳᠪᠦᠷᠢ ᠬᠤᠳᠠᠯᠳᠣᠭᠠᠨ ᠤ ᠲᠣᠪᠴᠢᠶ᠎ᠠ 2017 ᠣᠨ ᠤ 6 | ᠳ᠋ᠣᠭᠠᠷ ᠰᠡᠷ᠎ᠠ︶ | | ︽︿ᠣᠯᠡᠨ ᠦᠨᠡᠮᠯᠠᠯ ᠢ ᠨᠡᠶᠢᠯᠡᠬᠦᠯᠥᠨ ᠨᠢᠭᠡ ᠪᠤᠯᠭᠠᠬᠤ﹀ ᠦᠬᠡᠷᠡᠴᠢᠯᠡᠯᠳᠡ ᠶᠢ ᠳᠥᠷᠭᠡᠳᠭᠡᠨ ᠠᠬᠢᠭᠤᠯᠬᠤ | ᠲᠣᠬᠠᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠠᠯᠪᠠᠨ ᠳᠢᠩᠬᠢᠮ ᠤᠨ ᠵᠢᠯᠥᠭᠤᠳᠬᠤ ᠰᠠᠨᠠᠯ︾ ︵ᠳᠥᠷᠥ ᠠᠯᠪᠠᠨ | ᠲᠠᠷᠬᠠᠭᠠᠠᠠᠰᠠᠨ ﹇2017﹈ 41 ᠳ᠋ᠣᠭᠡᠷ ᠲᠣᠭᠠᠳᠣ︶ ᠤᠨ ᠵᠣᠷᠢᠭ ᠰᠠᠨᠠᠭ᠎ᠠ ᠶᠢ ᠲᠣᠣᠱᠯᠠᠭᠤᠯᠥᠨ | ᠨᠡᠶᠢᠳᠡᠪᠦᠷᠢᠵᠢᠭᠤᠯᠵᠦ᠂ ᠵᠠᠰᠠᠭ ᠤᠨ ᠣᠷᠳᠣᠨ ᠤ ᠡᠬᠦᠷᠭᠡ ᠴᠢᠳᠡᠪᠦᠷᠢ ᠶᠢ ᠬᠤᠪᠢᠷᠡᠭᠤᠯᠥᠨ᠂ ᠵᠠᠰᠠᠭ ᠢ ᠴᠣᠮᠬᠠᠳᠬᠠᠨ | ᠡᠷᠬᠡ ᠶᠢ ᠲᠣᠷᠣᠠᠠᠰᠢ ᠪᠠᠭᠤᠯᠭᠠᠵᠦ᠂ ᠪᠠᠭᠤᠯᠭᠠᠬᠤ ᠪᠠ ᠬᠠᠮᠢᠶᠡᠷᠬᠤ ᠶᠢ ᠣᠶᠠᠯᠳᠣᠭᠤᠯᠥᠨ᠂ ᠦᠢᠯᠡᠴᠢᠯᠡᠬᠡᠨ ᠢ | ᠰᠢᠯᠢᠳᠡᠭᠵᠢᠬᠦᠯᠬᠦ ᠶᠢ ᠣᠯᠡᠮ ᠨᠢᠭᠡ ᠠᠯᠬᠤᠮ ᠠᠬᠢᠭᠤᠯᠬᠤ ᠶᠢᠨ ᠲᠣᠰᠠᠳᠡ᠂ ᠲᠣᠰ ᠳᠥᠰᠥᠯ ᠢ ᠣᠨᠴᠣᠭᠤᠶᠢᠯᠠᠨ | ᠲᠣᠠᠠᠳᠠᠭᠠᠪᠡ᠃ | ᠨᠢᠭᠡ᠂ ᠶᠡᠷᠦᠩᠭᠡᠢ ᠱᠠᠭᠠᠷᠳᠡᠯᠭ᠎ᠠ | ︵ᠨᠢᠭᠡ︶ ᠵᠢᠯᠥᠭᠤᠳᠬᠤ ᠦᠵᠡᠯ ᠰᠠᠨᠠᠭ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠪᠤᠯᠥᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠣᠭᠠᠷ᠂ ᠳᠥᠷᠪᠡᠳᠣᠭᠡᠷ᠂ ᠲᠠᠪᠤᠳᠣᠭᠠᠷ᠂ ᠵᠢᠷᠭᠤᠳᠣᠭᠠᠷ ᠪᠦᠬᠦᠲᠡ ᠬᠤᠷᠡᠯ ᠤᠨ ᠵᠣᠷᠢᠭ | ᠰᠠᠨᠠᠭ᠎ᠠ ᠶᠢ ᠪᠦᠬᠦ ᠳᠡᠯ᠎ᠠ ᠪᠠᠷ ᠲᠣᠣᠱᠯᠠᠭᠤᠯᠵᠦ᠂ ᠨᠠᠮ ᠤᠨ ᠲᠥᠪ ᠬᠤᠷᠢᠶ᠎ᠠ᠂ ᠳᠥᠷᠥ ᠶᠢᠨ ᠶᠠᠪᠤᠳᠡᠯ ᠤᠨ | ᠬᠤᠷᠢᠶ᠎ᠠ ᠶᠢᠨ ᠰᠢᠢᠳᠪᠦᠷᠢᠳᠦ ᠪᠤᠳᠣᠯᠭ᠎ᠠ ᠶᠢᠨ ᠪᠠᠶᠢᠷᠢᠯᠠᠭᠤᠯᠥᠯᠳᠡ ᠶᠢ ᠬᠢᠨᠠᠮᠠᠭᠠᠢ ᠨᠡᠶᠢᠳᠡᠪᠦᠷᠢᠵᠢᠭᠤᠯᠥᠨ᠂ ᠵᠠᠰᠠᠭ ᠤᠨ | ᠣᠷᠳᠣᠨ ᠤ ᠡᠬᠦᠷᠭᠡ ᠴᠢᠳᠡᠪᠦᠷᠢ ᠶᠢ ᠣᠯᠡᠮ ᠨᠢᠭᠡ ᠠᠯᠬᠤᠮ ᠬᠤᠪᠢᠷᠡᠭᠤᠯᠵᠦ᠂ ︽ᠪᠠᠭᠤᠯᠭᠠᠬᠤ ᠬᠠᠮᠢᠶᠡᠷᠬᠤ | ᠦᠢᠯᠡᠴᠢᠯᠡᠬᠦ︾ ᠦᠭᠡᠷᠡᠴᠢᠯᠡᠯᠳᠡ ᠪᠠ ᠬᠤᠳᠠᠯᠳᠣᠭᠠᠨ ᠤ ᠶᠠᠪᠤᠳᠡᠯ ᠤᠨ ᠳᠥᠷᠢᠮ ᠤᠨ ᠦᠭᠡᠷᠡᠴᠢᠯᠡᠯᠳᠡ ᠶᠢ | ᠬᠦᠨᠵᠡᠭᠡᠶᠢᠷᠡᠬᠦᠯᠥᠨ᠂ ︽ᠣᠯᠡᠨ ᠦᠨᠡᠮᠯᠠᠯ ᠢ ᠨᠡᠶᠢᠯᠡᠬᠦᠯᠥᠨ ᠨᠢᠭᠡ ᠪᠤᠯᠭᠠᠬᠤ︾ ᠶᠢ ᠠᠬᠢᠭᠤᠯᠵᠦ᠂ ᠠᠵᠦ | ᠠᠬᠤᠶᠢᠯᠠᠯ ᠤᠨ ᠳᠥᠷᠢᠮ ᠤᠨ ᠴᠢᠨᠡᠷᠳᠡᠢ ᠦᠪᠡᠷ ᠤᠨ ᠦᠷᠲᠡᠭ ᠢ ᠪᠠᠭᠤᠷᠡᠭᠤᠯᠥᠨ᠂ ᠬᠤᠳᠠᠯᠳᠤᠭ᠎ᠠ ᠡᠵᠡᠩᠨᠡᠬᠦ | ᠣᠷᠴᠢᠨ ᠲᠤᠭᠤᠷᠢᠨ ᠢ ᠰᠢᠯᠢᠳᠡᠭᠵᠢᠬᠦᠯᠵᠦ᠂ ᠵᠠᠬ᠎ᠠ ᠳᠡᠯᠭᠡᠬᠦᠷ ᠤᠨ ᠠᠮᠢᠵᠢᠷᠡᠯ ᠤᠨ ᠬᠦᠴᠣᠨ ᠢ ᠬᠦᠭᠵᠢᠭᠡᠨ᠂ | ᠵᠠᠰᠠᠯᠳᠡ ᠶᠢᠨ ᠰᠢᠰᠲ᠋ᠧᠮᠵᠢ ᠪᠠ ᠵᠠᠰᠠᠬᠤ ᠴᠢᠳᠡᠪᠦᠷᠢ ᠶᠢᠨ ᠣᠳᠣᠬᠢᠴᠢᠯᠠᠯᠳᠡ ᠶᠢ ᠠᠬᠢᠭᠤᠯᠥᠨ᠂ ᠠᠵᠦ ᠠᠬᠤᠢ | ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠥᠨ᠎ᠠ᠃ | ︵ᠬᠤᠶᠡᠷ︶ ᠦᠨᠳᠣᠰᠣᠡ ᠵᠠᠷᠴᠢᠮ᠃ | 1. ᠨᠢᠭᠡᠳᠦᠯᠳᠡᠢ ᠳᠥᠯᠥᠪᠯᠡᠨ ᠠᠬᠢᠭᠤᠯᠵᠦ᠂ ᠬᠠᠮᠵᠢᠯᠴᠠᠭ᠎ᠠ ᠶᠢ ᠴᠢᠩᠭᠠᠳᠬᠠᠨ᠎ᠠ᠃ ︽ᠣᠯᠡᠨ ᠦᠨᠡᠮᠯᠠᠯ ᠢ | ᠨᠡᠶᠢᠯᠡᠬᠦᠯᠥᠨ ᠨᠢᠭᠡ ᠪᠤᠯᠭᠠᠬᠤ︾ ᠦᠭᠡᠷᠡᠴᠢᠯᠡᠯᠳᠡ ᠶᠢ ᠨᠢᠭᠡᠳᠦᠯᠳᠡᠢ ᠳᠥᠯᠥᠪᠯᠡᠨ ᠪᠤᠳᠣᠯᠬᠢᠯᠠᠵᠦ᠂ ᠪᠦᠷᠢᠳᠭᠡᠨ | ᠳᠡᠩᠰᠡᠯᠠᠬᠤ ᠪᠦᠬᠦ ᠶᠠᠪᠤᠴᠠ ᠳᠤ ᠡᠯᠧᠺᠲᠷᠣᠠᠴᠢᠯᠡᠭᠰᠡᠨ ᠪᠠ ᠡᠯᠧᠺᠲᠷᠣᠨ ᠡᠵᠡᠩᠨᠡᠯᠳᠡ ᠶᠢᠨ ᠦᠨᠡᠮᠯᠠᠯ ᠢ | ᠭᠡᠷᠡᠭᠵᠢᠬᠦᠯᠵᠦ᠂ ᠭᠡᠷᠩ ᠤᠨ ᠲᠣᠮᠳᠡ ᠪᠠ ᠭᠡᠷᠩ ᠤᠨ ᠳᠡᠷᠠᠭ᠎ᠠ ᠬᠢᠨᠡᠨ ᠬᠠᠮᠢᠶᠡᠷᠬᠤ ᠶᠢ ᠴᠢᠩᠭᠠᠳᠬᠠᠨ᠂ ᠵᠠᠰᠠᠭ | ᠵᠠᠬᠢᠷᠭᠠᠨ ᠤ ᠬᠢᠨᠡᠨ ᠵᠦᠪᠰᠢᠶᠡᠷᠡᠬᠦ ᠳᠥᠷᠢᠮ ᠤᠨ ᠦᠭᠡᠷᠡᠴᠢᠯᠡᠯᠳᠡ ᠵᠡᠷᠭᠡ ᠠᠵᠢᠯ ᠢ ᠬᠦᠨᠵᠡᠭᠡᠶᠢᠷᠡᠬᠦᠯᠵᠦ᠂ ᠰᠠᠯᠠᠭ᠎ᠠ | ᠮᠦᠴᠢᠷ ᠤᠨ ᠵᠤᠬᠢᠴᠠᠯᠳᠤᠨ ᠬᠠᠮᠵᠢᠯᠴᠠᠬᠤ ᠶᠢ ᠴᠢᠩᠭᠠᠳᠬᠠᠨ᠂ ᠦᠭᠡᠷᠡᠴᠢᠯᠡᠯᠳᠡ ᠶᠢᠨ ᠲᠣᠮᠳᠡᠬᠢ ᠬᠦᠴᠢᠷᠳᠡᠯ ᠪᠠ | ᠠᠰᠠᠭᠤᠳᠡᠯ ᠢ ᠰᠢᠢᠳᠪᠦᠷᠢᠯᠡᠵᠦ᠂ ᠦᠭᠡᠷᠡᠴᠢᠯᠡᠯᠳᠡ ᠶᠢ ᠠᠬᠢᠭᠤᠯᠬᠤ ᠨᠡᠶᠢᠯᠡᠮᠡᠯ ᠬᠦᠴᠣᠨ ᠢ ᠪᠦᠷᠢᠯᠳᠦᠬᠦᠯᠥᠨ᠂ | ᠬᠦᠴᠣᠨ ᠳᠡᠬᠦᠯᠳᠡᠷ ᠬᠠᠮᠵᠢᠯᠴᠠᠭ᠎ᠠ ᠪᠠᠷ ᠦᠨᠡᠮᠯᠠᠯ ᠢ ᠪᠠᠭᠠᠰᠬᠠᠬᠤ ︵ᠲᠣᠪᠴᠢᠯᠠᠬᠤ︶ ᠶᠢ ᠠᠬᠢᠭᠤᠯᠥᠨ᠎ᠠ᠃ | 2. ᠬᠠᠦᠯᠢ ᠶᠣᠰᠣᠭᠠᠷ ᠡᠮᠬᠢ ᠵᠢᠷᠦᠮ ᠲᠠᠢ ᠪᠠᠷ ᠳᠥᠷᠦᠯ ᠬᠤᠪᠢᠶᠡᠨ ᠶᠠᠪᠤᠠᠠᠳᠠᠭᠤᠯᠥᠨᠠ᠃ ᠠᠳᠡᠯᠢ ᠪᠤᠰᠣ | ᠬᠠᠦᠯᠢ ᠴᠠᠭᠠᠵᠠ ᠶᠢᠨ ᠳᠡᠰ ᠵᠡᠷᠭᠡ ᠪᠤᠶᠤ ᠬᠠᠦᠯᠢ ᠴᠠᠭᠠᠵᠠ ᠶᠢᠨ ᠵᠢᠷᠦᠮᠵᠢᠯ ᠢ ᠦᠨᠳᠣᠰᠣᠯᠡᠨ ᠪᠠᠶᠢᠭᠤᠯᠥᠠᠠᠰᠠᠨ | ᠦᠨᠡᠮᠯᠠᠯ ᠤᠨ ᠬᠦᠷᠢᠶ᠎ᠡ ᠭᠡᠪᠴᠢᠶ᠎ᠠ ᠶᠢ ᠡᠮᠬᠢᠯᠡᠵᠦ᠂ ᠡᠮᠬᠢᠯᠡᠨ ᠨᠡᠶᠢᠯᠡᠬᠦᠯᠬᠦ ᠦᠨᠡᠮᠯᠠᠯ ᠤᠨ ᠭᠠᠷᠴᠠᠭ ᠢ ᠲᠣᠠᠠᠳᠠᠭᠠᠵᠦ᠂ | ᠨᠢᠭᠡ ᠪᠦᠯᠥᠭ ᠨᠢ ᠨᠦᠬᠦᠴᠡᠯ ᠪᠦᠷᠢᠯᠳᠦᠬᠦᠯᠪᠠᠯ᠂ ᠨᠢᠭᠡ ᠪᠦᠯᠥᠭ ᠢ ᠨᠢ ᠡᠮᠬᠢᠯᠡᠨ ᠨᠡᠶᠢᠯᠡᠬᠦᠯᠵᠦ᠂ ᠳᠥᠷᠦᠯ ᠬᠤᠪᠢᠶᠡᠨ | ᠶᠠᠪᠤᠠᠠᠳᠠᠭᠤᠯᠵᠦ᠂ ᠵᠤᠬᠢᠴᠡᠭᠤᠯᠥᠨ ᠠᠬᠢᠭᠤᠯᠵᠦ᠂ ᠦᠭᠡᠷᠡᠴᠢᠯᠡᠯᠳᠡ ᠶᠢᠨ ᠠᠵᠢᠯ ᠢ ᠡᠮᠬᠢ ᠵᠢᠷᠦᠮ ᠲᠠᠢ ᠪᠠᠷ | ᠦᠷᠨᠢᠬᠦᠯᠦᠨ᠎ᠠ᠃ | 3. ᠴᠣᠪᠤᠷᠡᠯ ᠢ ᠰᠢᠯᠢᠳᠡᠭᠵᠢᠬᠦᠯᠵᠦ᠂ ᠳᠦᠬᠦᠮ ᠳᠦᠳᠡ ᠦᠨᠳᠣᠷ ᠦᠷ᠎ᠠ ᠪᠦᠳᠦᠮᠵᠢ ᠲᠠᠢ ᠪᠤᠯᠭᠠᠨ᠎ᠠ᠃ ᠳᠡᠰ | ᠳᠡᠷᠡᠭᠠᠯᠠᠯ ᠨᠢ ᠳᠦᠬᠦᠮ ᠳᠦᠳᠡ᠂ ᠬᠦᠢᠴᠠᠳᠭᠡᠬᠦ ᠳᠤ ᠦᠨᠳᠣᠷ ᠦᠷ᠎ᠠ ᠪᠦᠳᠦᠮᠵᠢ ᠲᠠᠢ ᠪᠠᠶᠢᠯᠭᠠᠬᠤ ᠱᠠᠭᠠᠷᠳᠡᠯᠭ᠎ᠠ | ᠶᠣᠰᠣᠭᠠᠷ᠂ ᠬᠢᠨᠡᠨ ᠵᠦᠪᠰᠢᠶᠡᠷᠡᠬᠦ ᠮᠠᠲ᠋ᠧᠷᠢᠶᠡᠯ ᠢ ᠴᠣᠮᠬᠠᠳᠬᠠᠵᠦ᠂ ᠬᠢᠨᠡᠨ ᠵᠦᠪᠰᠢᠶᠡᠷᠡᠬᠦ ᠳᠡᠰ ᠳᠡᠷᠡᠭᠠᠯᠠᠯ ᠢ | ᠲᠣᠪᠴᠢᠯᠠᠨ᠂ ᠬᠢᠨᠡᠨ ᠵᠦᠪᠰᠢᠶᠡᠷᠡᠬᠦ ᠴᠣᠪᠤᠷᠡᠯ ᠢ ᠰᠢᠯᠢᠳᠡᠭᠵᠢᠬᠦᠯᠵᠦ᠂ ᠦᠢᠯᠡᠴᠢᠯᠡᠬᠡᠨ ᠤ ᠠᠷᠭ᠎ᠠ ᠮᠠᠶ᠋ᠢᠭ ᠲᠤ | ᠰᠢᠨ᠎ᠡ ᠶᠢ ᠡᠬᠦᠳᠣᠨ᠂ ᠬᠢᠨᠡᠨ ᠵᠦᠪᠰᠢᠶᠡᠷᠡᠬᠦ ᠦᠷ᠎ᠠ ᠪᠦᠳᠦᠮᠵᠢ ᠶᠢ ᠳᠡᠭᠡᠭᠰᠢᠯᠡᠬᠦᠯᠦᠨ᠎ᠡ᠃ | 4. ᠮᠡᠳᠡᠭᠡ ᠵᠡᠩᠬᠢ ᠶᠢ ᠬᠠᠮᠳᠣᠪᠡᠷ ᠬᠦᠷᠲᠡᠵᠦ᠂ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠬᠦᠯᠥᠨᠠ᠃ | ᠦᠪᠡᠷᠳᠡᠭᠡᠨ ᠵᠠᠰᠠᠬᠤ ᠣᠷᠣᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠳᠡᠪᠴᠠᠩ ᠢᠶᠠᠷ ᠭᠤᠤᠯ | ᠪᠤᠯᠭᠠᠠᠠᠰᠠᠨ ᠣᠯᠡᠨ ᠵᠦᠢᠯ ᠤᠨ ᠮᠡᠳᠡᠭᠡ ᠵᠠᠩᠬᠢ ᠶᠢ ᠬᠠᠮᠳᠣᠪᠡᠷ ᠬᠦᠷᠲᠡᠵᠦ ᠰᠣᠯᠢᠯᠴᠠᠬᠤ ᠳᠡᠪᠴᠠᠩ ᠤᠨ ᠴᠢᠳᠠᠮᠵᠢ ᠶᠢ | ᠳᠡᠬᠦᠯᠳᠡᠷᠵᠢᠬᠦᠯᠵᠦ᠂ ᠰᠠᠯᠠᠭ᠎ᠠ ᠮᠦᠴᠢᠷ ᠤᠨ ᠬᠤᠭᠤᠷᠤᠨᠳᠦᠬᠢ ᠲᠣᠬᠠᠶᠢᠯᠬᠠᠰᠠᠨ ᠠᠵᠢᠯ ᠤᠨ ᠰᠢᠰᠲ᠋ᠧᠮ ᠤᠨ | ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠠᠬᠦ ᠶᠢ ᠠᠬᠢᠭᠤᠯᠥᠨ᠂ ᠨᠡᠩ ᠶᠡᠭᠡ ᠬᠦᠷᠢᠶ᠎ᠡ ᠭᠡᠪᠴᠢᠶ᠎ᠠ᠂ ᠨᠡᠩ | ᠬᠦᠡ ᠳᠡᠰ ᠲᠠᠪᠬᠤᠷᠭ᠎ᠠ ᠳᠤ ᠰᠠᠯᠠᠭ᠎ᠠ ᠮᠦᠴᠢᠷ ᠤᠨ ᠬᠤᠭᠤᠷᠣᠨᠳᠣᠬᠢ ᠠᠵᠦ ᠠᠬᠤᠶᠢᠯᠠᠯ ᠤᠨ ᠬᠠᠮᠢᠶ᠎ᠠ ᠪᠦᠬᠦᠢ | ᠮᠡᠳᠡᠭᠡ ᠵᠠᠩᠬᠢ ᠶᠢ ᠬᠠᠮᠳᠣᠪᠡᠷ ᠬᠦᠷᠲᠡᠬᠦ᠂ ᠲᠤᠬᠠᠶᠢᠯᠬᠠᠰᠠᠨ ᠠᠵᠢᠯ ᠤᠨ ᠬᠠᠮᠵᠢᠯᠴᠠᠭ᠎ᠠ ᠬᠢᠬᠦ ᠶᠢ ᠪᠠᠶᠠᠯᠠᠬᠦᠯᠦᠨ᠎ᠠ᠃ | ︵ᠭᠤᠷᠪᠡ︶ ᠦᠭᠡᠷᠡᠴᠢᠯᠡᠯᠳᠡ ᠶᠢᠨ ᠬᠠᠷᠡᠯᠳᠡ᠃ | ︽ᠲᠠᠪᠤᠨ ᠦᠨᠡᠮᠯᠠᠯ ᠢ ᠨᠡᠶᠢᠯᠡᠬᠦᠯᠥᠨ ᠨᠢᠭᠡ ᠪᠤᠯᠭᠠᠬᠤ︾᠂ ︽ᠬᠤᠶᠡᠷ ᠦᠨᠡᠮᠯᠠᠯ ᠢ ᠡᠮᠬᠢᠯᠡᠨ ᠨᠡᠶᠢᠯᠡᠬᠦᠯᠬᠦ︾ | ᠶᠢ ᠪᠦᠬᠦ ᠳᠡᠯ᠎ᠠ ᠪᠠᠷ ᠭᠡᠷᠡᠭᠵᠢᠬᠦᠯᠥᠭᠰᠡᠨ ᠰᠠᠭᠤᠷᠢᠨ ᠳᠡᠭᠡᠷ᠎ᠠ᠂ ᠬᠤᠯᠪᠤᠠᠠᠳᠡᠯ ᠪᠦᠬᠦᠢ ᠠᠵᠦ ᠠᠬᠤᠶᠢᠯᠠᠯ ᠳᠤ | ᠬᠤᠯᠪᠤᠠᠠᠳᠠᠬᠤ ︵ᠬᠤᠪᠢ ᠶᠢᠨ ᠠᠵᠦ ᠦᠢᠯᠡᠳᠪᠦᠷᠢ ᠬᠤᠳᠠᠯᠳᠣᠭᠠᠨ ᠤ ᠡᠷᠦᠬᠡ᠂ ᠮᠠᠯᠴᠢᠨ ᠳᠡᠷᠢᠶᠡᠴᠢᠨ ᠤ ᠲᠣᠰᠬᠠᠢ | ᠠᠵᠢᠯ ᠤᠨ ᠬᠤᠷᠰᠢᠶ᠎ᠠ ᠶᠢ ᠪᠠᠭᠳᠠᠭᠠᠠᠠᠰᠠᠨ᠂ ᠲᠣᠷᠣᠠᠠᠰᠢ ᠠᠳᠡᠯᠢ︶ ᠮᠡᠳᠡᠭᠡ ᠵᠠᠩᠬᠢ ᠶᠢ ᠴᠣᠠᠠᠯᠠᠭᠤᠯᠬᠤ᠂ ᠳᠡᠮᠳᠡᠭᠯᠡᠨ | ᠢᠯᠡ ᠨᠡᠶᠢᠳᠡᠯᠡᠬᠦ᠂ ᠬᠠᠮᠢᠶᠡᠷᠤᠯᠳᠡ ᠶᠢᠨ ᠪᠡᠯᠡᠳᠭᠡᠯ ᠪᠠᠶᠢᠴᠠᠭᠠᠯᠳᠡ ᠵᠡᠷᠭᠡ ᠦᠨᠡᠮᠯᠠᠯ ᠤᠨ ᠵᠦᠢᠯᠡᠰ ︵ᠲᠣᠷᠣᠠᠠᠰᠢ ︽ | ᠠᠵᠦ ᠠᠬᠤᠶᠢᠯᠠᠯ ᠳᠤ ᠬᠤᠯᠪᠤᠠᠠᠳᠠᠬᠤ ᠦᠨᠡᠮᠯᠠᠯ ᠤᠨ ᠵᠦᠢᠯᠡᠰ︾ ᠬᠡᠵᠦ ᠲᠣᠪᠴᠢᠯᠠᠨ᠎ᠠ︶ ᠢ ᠡᠵᠡᠩᠨᠡᠯᠳᠡ ᠶᠢᠨ | ᠦᠨᠡᠮᠯᠠᠯ ᠳᠤ ᠳᠥᠪᠯᠡᠷᠡᠬᠦᠯᠥᠨ ᠡᠮᠬᠢᠯᠡᠨ ᠨᠡᠶᠢᠯᠡᠬᠦᠯᠵᠦ᠂ ᠡᠵᠡᠩᠨᠡᠯᠳᠡ ᠶᠢᠨ ᠦᠨᠡᠮᠯᠡᠯ ᠢ ᠠᠵᠦ ᠠᠬᠤᠶᠢᠯᠠᠯ ᠤᠨ | ᠴᠣᠷ ᠤᠨ ᠭᠠᠭᠴᠠ ︽ᠪᠡᠶ᠎ᠡ ᠶᠢᠨ ᠦᠨᠡᠮᠯᠠᠯ︾ ᠪᠤᠯᠭᠠᠵᠦ᠂ ᠠᠵᠦ ᠠᠬᠤᠶᠢᠯᠠᠯ ᠤᠨ ᠢᠳᠡᠭᠡᠮᠵᠢ ᠶᠢᠨ ᠣᠷᠣᠯᠠᠬᠤ | ᠨᠣᠮᠧᠷ ᠢ ᠠᠵᠦ ᠠᠬᠤᠶᠢᠯᠠᠯ ᠤᠨ ︽ᠪᠡᠶ᠎ᠡ ᠶᠢᠨ ᠣᠷᠣᠯᠠᠬᠤ ᠨᠣᠮᠧᠷ︾ ᠪᠤᠯᠭᠠᠵᠦ᠂ ︽ᠨᠢᠭᠡ ᠦᠨᠡᠮᠯᠠᠯ ︵ᠨᠣᠮᠧᠷ︶ | ᠢᠶᠠᠷ ᠪᠦᠬᠦᠡ ᠢ ᠬᠦᠢᠴᠡᠳᠭᠡᠬᠦ︾ ᠶᠢ ᠪᠠᠶᠠᠯᠠᠬᠦᠯᠦᠨ᠎ᠠ᠃ 2017 ᠣᠨ ᠤ 7 ᠳ᠋ᠣᠭᠠᠷ ᠰᠡᠷ᠎ᠠ ᠶᠢᠨ ᠰᠡᠬᠦᠯᠴᠢ ᠠᠴᠠ | ᠡᠮᠤᠨ᠎ᠠ ᠪᠦᠬᠦ ᠣᠷᠣᠨ ᠳᠤ ᠭᠡᠷᠡᠭᠵᠢᠬᠦᠯᠬᠦ ᠪᠠᠷ ᠴᠢᠷᠮᠡᠶᠢᠵᠦ᠂ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠱᠠᠭᠠᠷᠳᠡᠯᠭ᠎ᠠ | ᠶᠣᠰᠣᠭᠠᠷ 10 ᠳ᠋ᠣᠭᠠᠷ ᠰᠡᠷ᠎ᠠ ᠶᠢᠨ 1 ᠤ ᠡᠳᠣᠷ ᠠᠴᠠ ᠡᠮᠤᠨ᠎ᠠ ᠦᠭᠡᠷᠡᠴᠢᠯᠡᠯᠳᠡ ᠶᠢ ᠪᠤᠳᠡᠳᠡᠶᠢᠵᠢᠭᠤᠯᠵᠦ᠂ ᠦᠷ᠎ᠠ | ᠪᠦᠳᠦᠮᠵᠢ ᠣᠯᠬᠤ ᠶᠢ ᠦᠨᠡᠨᠬᠦ ᠪᠠᠳᠣᠯᠠᠨ᠎ᠠ᠃ | ᠬᠤᠶᠡᠷ᠂ ᠦᠭᠡᠷᠡᠴᠢᠯᠡᠯᠳᠡ ᠶᠢᠨ ᠡᠬᠦᠷᠭᠡ | ︵ᠨᠢᠭᠡ︶ ᠠᠵᠦ ᠠᠬᠤᠶᠢᠯᠠᠯ ᠳᠤ ᠬᠤᠯᠪᠤᠠᠠᠳᠠᠬᠤ ᠦᠨᠡᠮᠯᠠᠯ ᠢ ᠡᠮᠬᠢᠯᠡᠵᠦ᠂ ᠡᠮᠬᠢᠯᠡᠨ ᠨᠡᠶᠢᠯᠡᠬᠦᠯᠬᠦ ᠬᠦᠷᠢᠶ᠎ᠡ | ᠭᠡᠪᠴᠢᠶ᠎ᠠ ᠶᠢ ᠲᠣᠠᠠᠳᠠᠭᠠᠨ᠎ᠠ᠃ ᠠᠵᠦ ᠠᠬᠤᠶᠢᠯᠠᠯ ᠳᠤ ᠬᠤᠯᠪᠤᠠᠠᠳᠠᠬᠤ ᠦᠨᠡᠮᠯᠠᠯ ᠤᠨ ᠵᠦᠢᠯᠡᠰ ᠢ ᠡᠮᠬᠢᠯᠡᠵᠦ᠂ | ᠡᠮᠬᠢᠯᠡᠨ ᠨᠡᠶᠢᠯᠡᠬᠦᠯᠬᠦ ᠭᠠᠷᠴᠠᠭ ᠤᠨ ᠨᠠᠷᠢᠨ ᠬᠠᠭᠤᠳᠠᠰᠣ ᠶᠢ ᠲᠣᠠᠠᠳᠠᠭᠠᠨ᠎ᠠ᠃ ᠡᠯ᠎ᠠ ᠭᠠᠵᠡᠷ ᠣᠷᠣᠨ᠂ ᠡᠯ᠎ᠠ ᠬᠠᠮᠢᠶ᠎ᠠ | ᠪᠦᠬᠦᠢ ᠬᠠᠮᠢᠶᠡᠷᠦᠯᠳᠡ ᠶᠢᠨ ᠰᠠᠯᠠᠭ᠎ᠠ ᠮᠦᠴᠢᠷ ᠤᠳ ᠲᠣᠰ ᠭᠠᠵᠡᠷ ᠣᠷᠣᠨ᠂ ᠲᠣᠰ ᠰᠠᠯᠠᠭ᠎ᠠ ᠮᠦᠴᠢᠷ᠂ ᠲᠣᠰ | ᠨᠢᠭᠡᠴᠡ ᠶᠢᠨ ᠣᠳᠣᠬᠠᠨ ᠳᠤ ᠮᠦᠡᠬᠦ ᠭᠡᠷᠡᠭᠵᠢᠬᠦᠯᠵᠦ ᠪᠠᠶᠢᠭ᠎ᠠ ᠡᠯ᠎ᠠ ᠳᠥᠷᠦᠯ ᠤᠨ ᠠᠵᠦ ᠠᠬᠤᠶᠢᠯᠠᠯ ᠳᠤ | ᠬᠤᠯᠪᠤᠠᠠᠳᠠᠬᠤ ᠦᠨᠡᠮᠯᠠᠯ ᠢ ᠬᠢᠨᠠᠮᠠᠭᠠᠢ ᠡᠮᠬᠢᠯᠡᠵᠦ᠂ ᠡᠮᠬᠢᠯᠡᠨ ᠨᠡᠶᠢᠯᠡᠬᠦᠯᠵᠦ ᠪᠤᠯᠬᠤ ᠶᠢ ᠨᠢ ᠡᠮᠬᠢᠯᠡᠨ ᠨᠡᠶᠢᠯᠡᠬᠦᠯᠵᠦ᠂ | ᠳᠦᠬᠦᠮᠴᠢᠯᠡᠵᠦ ᠪᠤᠯᠬᠤ ᠶᠢ ᠨᠢ ᠳᠦᠬᠦᠮᠴᠢᠯᠡᠵᠦ᠂ ᠬᠠᠰᠣᠵᠦ ᠪᠤᠯᠬᠤ ᠶᠢ ᠨᠢ ᠡᠷᠡᠰ ᠬᠠᠰᠣᠬᠤ ᠭᠡᠷᠡᠭᠳᠡᠢ᠃ ᠮᠡᠳᠡᠭᠡ | ᠵᠠᠩᠬᠢ ᠴᠣᠠᠠᠯᠠᠭᠤᠯᠬᠤ᠂ ᠳᠡᠮᠳᠡᠭᠯᠡᠨ ᠢᠯᠡ ᠨᠡᠶᠢᠳᠡᠯᠡᠬᠦ᠂ ᠬᠠᠮᠢᠶᠡᠷᠤᠯᠳᠡ ᠶᠢᠨ ᠪᠡᠯᠡᠳᠭᠡᠯ ᠪᠠᠶᠢᠴᠠᠭᠠᠯᠲᠠ ᠶᠢᠨ | ᠳᠥᠷᠦᠯ ᠤᠨ ᠡᠩ ᠤᠨ ᠡᠵᠡᠩᠨᠡᠯᠳᠡ ᠶᠢᠨ ᠳᠥᠷᠦᠯ ᠵᠦᠢᠯ ᠤᠨ ᠠᠵᠦ ᠠᠬᠤᠶᠢᠯᠠᠯ ᠳᠤ ᠬᠤᠯᠪᠤᠠᠠᠳᠠᠬᠤ ᠵᠦᠢᠯᠡᠰ᠂ | ᠵᠢᠴᠢ ᠠᠵᠦ ᠠᠬᠤᠶᠢᠯᠠᠯ ᠤᠨ ᠳᠡᠩᠰᠡᠯᠡᠯ ᠤᠨ ᠮᠡᠳᠡᠭᠡ ᠵᠠᠩᠬᠢ ᠨᠢ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ | ᠬᠠᠮᠢᠶᠡᠷᠦᠯᠳᠡ ᠶᠢᠨ ᠭᠡᠷᠡᠭᠴᠡᠭᠡ ᠶᠢ ᠬᠠᠩᠭᠠᠵᠦ ᠳᠡᠶᠢᠯᠬᠦ ᠠᠵᠦ ᠠᠬᠤᠶᠢᠯᠠᠯ ᠳᠤ ᠬᠤᠯᠪᠤᠠᠠᠳᠠᠬᠤ ᠦᠨᠡᠮᠯᠠᠯ ᠤᠨ | ᠵᠦᠢᠯᠡᠰ ᠢ ᠡᠵᠡᠩᠨᠡᠯᠳᠡ ᠶᠢᠨ ᠦᠨᠡᠮᠯᠠᠯ ᠳᠤ ᠡᠮᠬᠢᠯᠡᠨ ᠨᠡᠶᠢᠯᠡᠬᠦᠯᠵᠦ᠂ ᠡᠮᠬᠢᠯᠡᠨ ᠨᠡᠶᠢᠯᠡᠬᠦᠯᠥᠭᠳᠡᠭᠰᠡᠨ ᠠᠵᠦ | ᠠᠬᠤᠶᠢᠯᠠᠯ ᠳᠤ ᠬᠤᠯᠪᠤᠠᠠᠳᠠᠬᠤ ᠦᠨᠡᠮᠯᠠᠯ ᠢ ᠳᠡᠬᠢᠵᠦ ᠣᠯᠭᠤᠬᠤ ᠦᠭᠡᠢ᠃ ᠡᠮᠬᠢᠯᠡᠨ ᠨᠡᠶᠢᠯᠡᠬᠦᠯᠬᠦ ᠵᠠᠷᠴᠢᠮ ᠢ | ᠦᠨᠳᠣᠰᠣᠯᠡᠨ᠂ ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠦᠨᠡᠮᠯᠠᠯ ᠤᠨ ᠬᠠᠮᠢᠶᠡᠷᠦᠯᠳᠡ ᠶᠢᠨ ᠰᠠᠯᠠᠭ᠎ᠠ | ᠮᠦᠴᠢᠷ ᠤᠳ ᠡᠮᠬᠢᠯᠡᠨ ᠨᠡᠶᠢᠯᠡᠬᠦᠯᠬᠦ ᠨᠦᠬᠦᠴᠡᠯ ᠳᠤ ᠨᠡᠶᠢᠴᠡᠬᠦ ᠠᠵᠦ ᠠᠬᠤᠶᠢᠯᠠᠯ ᠳᠤ ᠬᠤᠯᠪᠤᠠᠠᠳᠠᠬᠤ ᠦᠨᠡᠮᠯᠠᠯ ᠳᠤ | ᠭᠠᠷᠴᠠᠭ ᠤᠨ ᠨᠠᠷᠢᠨ ᠬᠠᠭᠤᠳᠠᠰᠣ ᠭᠠᠷᠭᠠᠵᠦ᠂ ᠦᠪᠡᠷᠳᠡᠭᠡᠨ ᠵᠠᠰᠠᠬᠤ ᠣᠷᠣᠨ ᠤ ᠬᠢᠨᠡᠨ ᠪᠠᠶᠢᠴᠠᠭᠠᠵᠦ ᠦᠭᠡᠷᠡᠴᠢᠯᠡᠬᠦ | ᠠᠯᠪᠠᠨ ᠭᠡᠷ ᠠᠴᠠ ᠬᠢᠨᠡᠨ ᠬᠠᠷᠭᠤᠭᠤᠯᠵᠦ᠂ ᠨᠣᠳᠡᠯᠡᠨ ᠲᠣᠠᠠᠳᠠᠭᠠᠠᠠᠰᠠᠨ ᠤ ᠳᠡᠷᠠᠭ᠎ᠠ᠂ ᠡᠮᠬᠢ ᠵᠢᠷᠦᠮ ᠲᠠᠢ ᠪᠠᠷ | ᠡᠮᠬᠢᠯᠡᠨ ᠨᠡᠶᠢᠯᠡᠬᠦᠯᠥᠨᠠ᠃ ︵ᠬᠠᠷᠢᠭᠤᠴᠠᠯᠭᠠᠳᠦ ᠨᠢᠭᠡᠴᠡ᠄ ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ | ᠦᠨᠡᠮᠯᠠᠯ ᠤᠨ ᠬᠠᠮᠢᠶᠡᠷᠦᠯᠳᠡ ᠶᠢᠨ ᠰᠠᠯᠠᠭ᠎ᠠ ᠮᠦᠴᠢᠷ᠂ ᠣᠷᠣᠨ ᠲᠤᠭ᠎ᠠ ᠶᠢᠨ ᠠᠯᠪᠠᠨ ᠭᠡᠷ︶ | ︵ᠬᠤᠶᠡᠷ︶ ᠲᠣᠷᠰᠢᠯᠳᠡ ᠶᠢᠨ ᠴᠢᠬ ᠢ ᠣᠷᠢᠳᠡᠪᠡᠷ ᠭᠡᠷᠡᠭᠵᠢᠬᠦᠯᠵᠦ᠂ ᠦᠭᠡᠷᠡᠴᠢᠯᠡᠯᠳᠡ ᠶᠢᠨ ᠠᠵᠢᠯ ᠢ | ᠯᠠᠪᠳᠠᠭᠤᠨ ᠪᠠᠳᠣᠳᠡᠢ ᠪᠠᠷ ᠠᠬᠢᠭᠤᠯᠥᠨ᠎ᠠ᠃ ᠨᠢᠭᠡᠳᠦᠯᠳᠡᠢ ᠳᠥᠯᠥᠪᠯᠡᠨ ᠠᠬᠢᠭᠤᠯᠬᠤ ᠪᠠ ᠲᠣᠬᠠᠢ ᠶᠢᠨ ᠭᠠᠵᠡᠷ | ᠣᠷᠣᠨ ᠤ ᠪᠠᠶᠢᠳᠡᠯ ᠳᠤᠨᠢ ᠲᠣᠬᠢᠷᠡᠭᠤᠯᠬᠤ ᠶᠢ ᠬᠠᠷᠢᠯᠴᠠᠨ ᠣᠶᠠᠯᠳᠣᠭᠤᠯᠵᠦ᠂ ᠡᠯ᠎ᠠ ᠭᠠᠵᠡᠷ ᠣᠷᠣᠨ᠂ ᠡᠯ᠎ᠠ ᠬᠠᠮᠢᠶ᠎ᠠ | ᠪᠦᠬᠦᠢ ᠰᠠᠯᠠᠭ᠎ᠠ ᠮᠦᠴᠢᠷ ᠤᠨ ᠦᠭᠡᠷᠡᠴᠢᠯᠡᠯᠳᠡ ᠳᠤ ᠰᠠᠭᠤᠷᠢᠯᠠᠨ᠂ ᠵᠣᠷᠢᠠᠠᠳᠡᠢ ᠪᠠᠷ ᠰᠢᠨ᠎ᠡ ᠶᠢ ᠡᠬᠦᠳᠴᠥ᠂ | ᠢᠳᠡᠪᠬᠢᠳᠡᠢ ᠪᠠᠷ ᠰᠦᠪᠡᠭᠴᠢᠯᠡᠡ᠂ ᠵᠣᠷᠢᠠᠠᠳᠡᠢ ᠪᠠᠷ ᠦᠢᠯᠡᠳᠣᠯᠭᠡᠵᠢᠬᠦᠯᠵᠦ᠂ ᠲᠣᠷᠰᠢᠯᠳᠡ ᠶᠢᠨ ᠴᠢᠬ ᠢ ᠣᠷᠢᠳᠡᠪᠡᠷ | ᠭᠡᠷᠡᠭᠵᠢᠬᠦᠯᠬᠦ ᠶᠢ ᠵᠣᠷᠢᠠᠠᠵᠢᠭᠤᠯᠥᠨ᠎ᠠ᠃ ᠬᠦᠬᠡᠬᠤᠳᠡ᠂ ᠪᠤᠭᠤᠳᠣ᠂ ᠬᠢᠩᠭᠠᠨ ᠠᠶᠢᠮᠠᠭ᠂ ᠳᠥᠩᠯᠢᠶᠥᠥ ᠬᠤᠳᠡ᠂ | ᠮᠠᠨᠵᠤᠤᠷ ᠬᠤᠳᠡ᠂ ᠡᠷᠢᠶᠡᠨ ᠬᠤᠳᠡ ᠣᠷᠢᠳᠡᠪᠡᠷ ᠭᠡᠷᠡᠭᠵᠢᠬᠦᠯᠵᠦ ᠣᠷᠢᠳᠡᠪᠡᠷ ᠲᠣᠷᠰᠢᠯᠳᠡ ᠬᠢᠨ᠎ᠠ᠃ | ᠲᠣᠷᠰᠢᠯᠳᠡ ᠶᠢᠨ ᠴᠢᠬ ᠤᠨ ᠭᠠᠵᠡᠷ ᠣᠷᠣᠨ ᠨᠤᠭᠤᠳ ᠦᠭᠡᠷᠡᠴᠢᠯᠡᠯᠳᠡ ᠶᠢᠨ ᠲᠣᠷᠰᠢᠯᠭ᠎ᠠ ᠪᠠᠨ ᠴᠠᠭ ᠲᠣᠬᠠᠢ ᠳᠤᠨᠢ | ᠳ᠋ᠦ᠋ᠶᠢᠩᠨᠡᠵᠦ᠂ ᠦᠭᠡᠷᠡᠴᠢᠯᠡᠯᠳᠡ ᠶᠢᠨ ᠦᠷ᠎ᠠ ᠪᠦᠳᠦᠬᠡᠯ ᠢ ᠪᠠᠬᠢᠵᠢᠬᠦᠯᠥᠨ᠂ ︽ᠣᠯᠡᠨ ᠦᠨᠡᠮᠯᠠᠯ ᠢ ᠨᠡᠶᠢᠯᠡᠬᠦᠯᠦᠨ | ᠨᠢᠭᠡ ᠪᠤᠯᠭᠠᠬᠤ︾ ᠶᠢᠨ ᠬᠠᠮᠣᠷᠬᠤ ᠬᠦᠷᠢᠶ᠎ᠡ ᠭᠡᠪᠴᠢᠶ᠎ᠠ ᠶᠢ ᠳᠠᠰᠣᠷᠡᠯᠳᠡ ᠦᠭᠡᠢ ᠦᠷᠭᠡᠳᠭᠡᠵᠦ᠂ ᠦᠪᠡᠷᠳᠡᠭᠡᠨ | ᠵᠠᠰᠠᠬᠤ ᠣᠷᠣᠨ ᠤ ᠦᠭᠡᠷᠡᠴᠢᠯᠡᠯᠳᠡ ᠶᠢ ᠪᠦᠬᠦ ᠳᠡᠯ᠎ᠠ ᠪᠠᠷ ᠭᠡᠷᠡᠭᠵᠢᠬᠦᠯᠬᠦ ᠳᠤ ᠲᠠᠭᠤᠷᠢᠶᠡᠵᠦ ᠪᠤᠯᠬᠤ᠂ ᠳᠡᠯᠭᠡᠷᠡᠬᠦᠯᠵᠦ | ᠪᠤᠯᠬᠤ ᠲᠣᠷᠰᠢᠯᠭ᠎ᠠ ᠶᠢ ᠬᠠᠩᠭᠠᠨ᠎ᠠ᠃ ︵ᠬᠠᠷᠢᠭᠤᠴᠠᠯᠭᠠᠳᠦ ᠨᠢᠭᠡᠴᠡ᠄ ᠡᠯ᠎ᠠ ᠲᠣᠷᠰᠢᠯᠳᠡ ᠶᠢᠨ ᠴᠢᠬ ᠤᠨ ᠠᠶᠢᠮᠠᠭ | ᠬᠤᠳᠡ︶ | ︵ᠭᠤᠷᠪᠡ︶ ᠠᠵᠢᠯ ᠤᠨ ᠴᠣᠪᠣᠷᠡᠯ ᠢ ᠳᠡᠬᠦᠯᠳᠡᠷᠵᠢᠬᠦᠯᠵᠦ᠂ ᠦᠭᠡᠷᠡᠴᠢᠯᠡᠯᠳᠡ ᠶᠢᠨ ᠵᠤᠯᠭᠠᠭᠤᠯᠲᠡ | ᠰᠢᠯᠵᠢᠯᠳᠡ ᠶᠢ ᠰᠠᠶᠢᠳᠣᠷ ᠬᠢᠨ᠎ᠠ᠃ ᠡᠯ᠎ᠠ ᠭᠠᠵᠡᠷ ᠣᠷᠣᠨ ᠨᠤᠭᠤᠳ ︽ᠲᠠᠪᠤᠨ ᠦᠨᠡᠮᠯᠠᠯ ᠢ ᠨᠡᠶᠢᠯᠡᠬᠦᠯᠦᠨ ᠨᠢᠭᠡ | ᠪᠤᠯᠭᠠᠬᠤ︾ ᠳᠡᠩᠰᠡᠯᠡᠯ ᠤᠨ ᠳᠥᠷᠢᠮ ᠤᠨ ᠦᠭᠡᠷᠡᠴᠢᠯᠡᠯᠳᠡ ᠶᠢᠨ ᠰᠠᠭᠤᠷᠢᠨ ᠳᠡᠭᠡᠷ᠎ᠠ᠂ ︽ᠨᠢᠭᠡ ᠢᠵᠢ ᠮᠠᠲ᠋ᠧᠷᠢᠶᠡᠯ᠂ | ᠨᠢᠭᠡ ᠬᠦᠰᠦᠨᠦᠭ ᠤᠨ ᠳᠡᠩᠰᠡᠯᠠᠯ᠂ ᠨᠢᠭᠡ ᠴᠣᠩᠬᠤᠪᠴᠢ ᠪᠠᠷ ᠬᠦᠯᠢᠶᠡᠨ ᠠᠪᠴᠥ ᠰᠢᠢᠳᠪᠦᠷᠢᠯᠡᠬᠦ︾ ᠠᠵᠢᠯ ᠤᠨ | ᠵᠬᠠᠪᠤᠷ ᠢ ᠦᠷᠬᠦᠯᠵᠢᠯᠡᠨ ᠪᠦᠬᠦ ᠳᠡᠯ᠎ᠠ ᠪᠠᠷ ᠭᠡᠷᠡᠭᠵᠢᠬᠦᠯᠦᠨ᠎ᠡ᠃ ︽ᠲᠠᠪᠤᠨ ᠦᠨᠡᠮᠯᠠᠯ ᠢ ᠨᠡᠶᠢᠯᠡᠬᠦᠯᠦᠨ ᠨᠢᠭᠡ | ᠪᠤᠯᠭᠠᠬᠤ︾ ᠳᠡᠩᠰᠡᠯᠡᠯ ᠤᠨ ᠵᠬᠠᠪᠤᠷ ᠶᠣᠰᠣᠭᠠᠷ ᠨᠡᠶᠢᠭᠡᠮ ᠤᠨ ᠢᠳᠡᠭᠡᠮᠵᠢ ᠶᠢᠨ ᠣᠷᠣᠯᠠᠬᠤ ᠨᠣᠮᠧᠷ ᠲᠠᠢ ᠨᠢᠭᠡᠳᠦᠯᠳᠡᠢ | ᠡᠵᠡᠩᠨᠡᠯᠳᠡ ᠶᠢᠨ ᠦᠨᠡᠮᠯᠠᠯ ᠢ ᠨᠢᠬᠡᠨᠳᠡ ᠠᠪᠤᠠᠠᠰᠠᠨ ᠠᠵᠦ ᠠᠬᠤᠶᠢᠯᠠᠯ ᠨᠢ᠂ ︽ᠲᠠᠪᠤᠨ ᠦᠨᠡᠮᠯᠠᠯ ᠢ ᠨᠡᠶᠢᠯᠡᠬᠦᠯᠦᠨ | ᠨᠢᠭᠡ ᠪᠤᠯᠭᠠᠬᠤ︾ ᠳᠡᠩᠰᠡᠯᠡᠯ ᠢ ᠳᠡᠬᠢᠵᠦ ᠰᠢᠨ᠎ᠡ ᠪᠠᠷ ᠬᠦᠢᠴᠡᠳᠭᠡᠬᠦ ᠴᠢᠬᠤᠯᠡ ᠦᠭᠡᠢ᠂ ᠳᠡᠩᠰᠡᠯᠬᠠᠰᠠᠨ | ᠪᠠᠶᠢᠭᠤᠯᠥᠮᠵᠢ ᠨᠢ ᠳᠡᠩᠰᠡᠯᠡᠯ ᠤᠨ ᠮᠡᠳᠡᠭᠡ ᠵᠠᠩᠬᠢ ᠶᠢ ᠦᠪᠡᠷᠳᠡᠭᠡᠨ ᠵᠠᠰᠠᠬᠤ ᠣᠷᠣᠨ ᠤ ᠨᠡᠶᠢᠭᠡᠮ ᠤᠨ ᠢᠳᠡᠭᠡᠮᠵᠢ ᠶᠢᠨ | ᠮᠡᠳᠡᠭᠡ ᠵᠠᠩᠬᠢ ᠶᠢᠨ ᠳᠡᠪᠴᠠᠩ ᠢᠶᠠᠷ ᠭᠤᠤᠯ ᠪᠤᠯᠭᠠᠠᠠᠰᠠᠨ ᠣᠯᠡᠨ ᠵᠦᠢᠯ ᠤᠨ ᠮᠡᠳᠡᠭᠡ ᠵᠠᠩᠬᠢ ᠶᠢ ᠬᠠᠮᠳᠣᠪᠡᠷ | ᠬᠦᠷᠲᠡᠬᠦ ᠵᠠᠮ ᠮᠦᠷ ᠢᠶᠠᠷ ᠳᠡᠮᠵᠢᠭᠤᠯᠥᠨ ᠡᠮᠬᠢᠯᠡᠨ ᠨᠡᠶᠢᠯᠡᠬᠦᠯᠥᠭᠳᠡᠭᠰᠡᠨ ᠦᠨᠡᠮᠯᠠᠯ ᠳᠤ ᠬᠤᠯᠪᠤᠠᠠᠳᠠᠬᠤ ᠬᠠᠮᠢᠶ᠎ᠠ | ᠪᠦᠬᠦᠢ ᠰᠠᠯᠠᠭ᠎ᠠ ᠮᠦᠴᠢᠷ ᠲᠤ ᠬᠠᠮᠳᠣᠪᠡᠷ ᠬᠦᠷᠳᠡᠬᠡᠨ᠎ᠠ᠃ ᠠᠵᠦ ᠠᠬᠤᠶᠢᠯᠠᠯ ᠤᠨ ᠣᠣᠯ ᠤᠨ ᠦᠨᠡᠮᠯᠠᠯ ᠤᠨ | ᠬᠦᠴᠣᠨ ᠲᠠᠢ ᠬᠤᠭᠤᠴᠠᠭ᠎ᠠ ᠨᠢ ᠳᠠᠭᠤᠰᠴᠤ᠂ ᠳᠡᠩᠰᠡᠯᠡᠯ ᠬᠤᠪᠢᠷᠡᠭᠤᠯᠬᠤ ᠪᠠᠷ ᠭᠤᠶᠤᠴᠢᠯᠠᠬᠤ ᠪᠤᠶᠤ | ᠡᠵᠡᠩᠨᠡᠯᠳᠡ ᠶᠢᠨ ᠦᠨᠡᠮᠯᠠᠯ ᠰᠣᠯᠢᠬᠤ ᠪᠠᠷ ᠭᠤᠶᠤᠴᠢᠯᠠᠪᠠᠯ᠂ ᠳᠡᠩᠰᠡᠯᠬᠠᠰᠠᠨ ᠪᠠᠶᠢᠭᠤᠯᠥᠮᠵᠢ ᠨᠢ ᠨᠡᠶᠢᠭᠡᠮ ᠤᠨ | ᠢᠳᠡᠭᠡᠮᠵᠢ ᠶᠢᠨ ᠣᠷᠣᠯᠠᠬᠤ ᠨᠣᠮᠧᠷ ᠲᠠᠢ ᠨᠢᠭᠡᠳᠦᠯᠳᠡᠢ ᠡᠵᠡᠩᠨᠡᠯᠳᠡ ᠶᠢᠨ ᠦᠨᠡᠮᠯᠠᠯ ᠰᠣᠯᠢᠵᠦ ᠦᠭᠬᠦᠨ᠎ᠡ᠃ ︵ | ᠬᠠᠷᠢᠭᠤᠴᠠᠯᠭᠠᠳᠣ ᠨᠢᠭᠡᠴᠡ᠄ ᠦᠪᠡᠷᠳᠡᠭᠡᠨ ᠵᠠᠰᠠᠬᠤ ᠣᠷᠣᠨ ᠤ ᠠᠵᠦ ᠦᠢᠯᠡᠳᠪᠦᠷᠢ ᠬᠤᠳᠠᠯᠳᠣᠭᠠᠨ ᠤ ᠲᠣᠪᠴᠢᠶ᠎ᠠ᠂ | ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠬᠠᠮᠢᠶ᠎ᠠ ᠪᠦᠬᠦᠢ ᠦᠨᠡᠮᠯᠠᠯ ᠤᠨ ᠬᠠᠮᠢᠶᠡᠷᠦᠯᠳᠡ ᠶᠢᠨ ᠰᠠᠯᠠᠭ᠎ᠠ | ᠮᠦᠴᠢᠷ︶ | ︵ᠳᠥᠷᠪᠡ︶ ᠲᠣᠰ ᠲᠣᠰ ᠤᠨ ᠲᠣᠬᠠᠶᠢᠯᠬᠠᠰᠠᠨ ᠠᠵᠢᠯ ᠤᠨ ᠰᠢᠰᠲ᠋ᠧᠮ ᠢᠶᠠᠨ ᠳᠡᠰ ᠳᠡᠪᠰᠢᠬᠦᠯᠥᠨ | ᠦᠭᠡᠷᠡᠴᠢᠯᠡᠵᠦ᠂ ᠮᠡᠳᠡᠭᠡ ᠵᠠᠩᠬᠢ ᠶᠢ ᠬᠠᠮᠳᠣᠪᠡᠷ ᠬᠦᠷᠲᠡᠵᠦ ᠭᠡᠷᠡᠭᠯᠡᠬᠦ ᠶᠢ ᠪᠠᠶᠠᠯᠠᠬᠦᠯᠦᠨ᠎ᠠ᠃ ᠡᠯ᠎ᠠ ᠭᠠᠵᠡᠷ ᠣᠷᠣᠨ᠂ | ᠡᠯ᠎ᠠ ᠬᠠᠮᠢᠶ᠎ᠠ ᠪᠦᠬᠦᠢ ᠦᠨᠡᠮᠯᠠᠯ ᠤᠨ ᠬᠠᠮᠢᠶᠡᠷᠦᠯᠳᠡ ᠶᠢᠨ ᠰᠠᠯᠠᠭ᠎ᠠ ᠮᠦᠴᠢᠷ ᠤᠳ ᠬᠠᠷᠢᠯᠴᠠᠨ ᠮᠡᠳᠡᠷᠡᠬᠦ ᠮᠡᠳᠡᠭᠡ | ᠵᠠᠩᠬᠢ ᠶᠢ ᠬᠠᠮᠳᠣᠪᠡᠷ ᠬᠦᠷᠲᠡᠬᠦ ᠮᠡᠷᠭᠡᠵᠢᠯ ᠤᠨ ᠳᠥᠰᠥᠯ ᠶᠣᠰᠣᠭᠠᠷ᠂ ᠲᠣᠰ ᠲᠣᠰ ᠤᠨ ᠲᠣᠬᠠᠶᠢᠯᠬᠠᠰᠠᠨ ᠠᠵᠢᠯ ᠤᠨ | ᠰᠢᠰᠲ᠋ᠧᠮ ᠢᠶᠠᠨ ᠳᠡᠰ ᠳᠡᠪᠰᠢᠬᠦᠯᠥᠨ ᠦᠭᠡᠷᠡᠴᠢᠯᠡᠵᠦ᠂ ᠰᠣᠯᠢᠯᠴᠠᠬᠤ ᠳ᠋ᠠᠶᠢᠲ᠋ᠠ ᠶᠢᠨ ᠵᠦᠢᠯ ᠢ ᠨᠢᠭᠡᠳᠦᠯᠳᠡᠢ ᠪᠠᠷ | ᠬᠠᠮᠳᠣᠪᠡᠷ ᠬᠦᠷᠲᠡᠬᠦ ᠶᠢᠨ ᠬᠠᠮᠳᠣ᠂ ᠦᠪᠡᠷᠳᠡᠭᠡᠨ ᠵᠠᠰᠠᠬᠤ ᠣᠷᠣᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ | ᠵᠠᠩᠬᠢ ᠶᠢᠨ ᠳᠡᠪᠴᠠᠩ ᠢᠶᠠᠷ ᠭᠤᠤᠯ ᠪᠤᠯᠭᠠᠠᠠᠰᠠᠨ ᠣᠯᠡᠨ ᠵᠦᠢᠯ ᠤᠨ ᠮᠡᠳᠡᠭᠡ ᠵᠠᠩᠬᠢ ᠶᠢ ᠬᠠᠮᠳᠣᠪᠡᠷ ᠬᠦᠷᠲᠡᠬᠦ | ᠳᠡᠪᠴᠠᠩ ᠢ ᠵᠠᠯᠭᠠᠭᠤᠯᠵᠦ᠂ ᠮᠡᠳᠡᠭᠡ ᠵᠠᠩᠬᠢ ᠶᠢᠨ ᠳ᠋ᠠᠶᠢᠲᠨ ᠶᠢ ᠬᠠᠮᠳᠣᠪᠡᠷ ᠬᠦᠷᠲᠡᠬᠦ ᠶᠢ ᠪᠠᠶᠠᠯᠠᠬᠦᠯᠬᠦ ᠶᠢᠨ ᠬᠠᠮᠳᠣ᠂ | ᠲᠣᠰ ᠰᠠᠯᠠᠭ᠎ᠠ ᠮᠦᠴᠢᠷ ᠤᠨ ᠡᠬᠦᠷᠭᠡ ᠴᠢᠳᠡᠪᠦᠷᠢ ᠡᠬᠦᠷᠭᠡ ᠬᠠᠷᠢᠭᠤᠴᠠᠯᠭ᠎ᠠ ᠶᠣᠰᠣᠭᠠᠷ᠂ ᠬᠠᠮᠳᠣᠪᠡᠷ ᠬᠦᠷᠲᠡᠬᠦ | ᠮᠡᠳᠡᠭᠡ ᠵᠠᠩᠬᠢ ᠶᠢᠨ ᠳ᠋ᠠᠶᠢᠲᠨ ᠶᠢ ᠣᠯᠡᠮ ᠨᠢᠭᠡ ᠠᠯᠬᠤᠮ ᠨᠡᠭᠡᠭᠡᠨ ᠬᠦᠭᠵᠢᠬᠦᠯᠬᠦ ᠪᠠ ᠠᠰᠢᠠᠠᠯᠠᠵᠦ᠂ ᠭᠡᠷᠩ ᠤᠨ | ᠲᠣᠮᠳᠡ ᠪᠠ ᠭᠡᠷᠩ ᠤᠨ ᠳᠡᠷᠡᠭᠠᠬᠢ ᠬᠢᠨᠡᠯᠳᠡ ᠬᠠᠮᠢᠶᠡᠷᠥᠯᠳᠡ ᠶᠢ ᠳᠠᠰᠣᠷᠡᠯᠳᠡ ᠦᠭᠡᠢ ᠴᠢᠩᠭᠠᠷᠡᠭᠤᠯᠥᠨ᠂ ᠠᠵᠢᠯ ᠤᠨ | ᠰᠢᠨ᠎ᠡ ᠲᠣᠠᠠᠳᠡᠴᠠ ᠶᠢ ᠪᠠᠶᠢᠭᠤᠯᠥᠨ᠎ᠠ᠃ ︵ᠬᠠᠷᠢᠭᠤᠴᠠᠯᠭᠠᠳᠣ ᠨᠢᠭᠡᠴᠡ᠄ ᠦᠪᠡᠷᠳᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠦᠨᠡᠮᠯᠠᠯ ᠤᠨ ᠬᠠᠮᠢᠶᠡᠷᠦᠯᠳᠡ ᠶᠢᠨ ᠰᠠᠯᠠᠭ᠎ᠠ ᠮᠦᠴᠢᠷ᠂ ᠠᠵᠦ ᠦᠢᠯᠡᠳᠪᠦᠷᠢ ᠬᠤᠳᠠᠯᠳᠣᠭᠠᠨ ᠤ ᠲᠣᠪᠴᠢᠶ᠎ᠠ᠂ | ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ︶ | ︵ᠲᠠᠪᠤ︶ ᠮᠡᠳᠡᠭᠡ ᠵᠠᠩᠬᠢ ᠶᠢᠨ ᠳ᠋ᠠᠶᠢᠲᠨ ᠶᠢ ᠬᠠᠮᠳᠣᠪᠡᠷ ᠬᠦᠷᠲᠡᠵᠦ ᠰᠣᠯᠢᠯᠴᠠᠬᠤ ᠳᠡᠪᠴᠠᠩ ᠢ | ᠳᠡᠬᠦᠯᠳᠡᠷᠵᠢᠬᠦᠯᠵᠦ᠂ ᠳ᠋ᠠᠶᠢᠲᠨ ᠶᠢᠨ ᠳᠠᠮᠵᠢᠭᠤᠯᠭ᠎ᠠ ᠶᠢ ᠪᠠᠳᠣᠯᠠᠨ᠎ᠠ᠃ ︽ᠲᠠᠪᠤᠨ ᠦᠨᠡᠮᠯᠡᠯ ᠢ ᠨᠡᠶᠢᠯᠡᠬᠦᠯᠥᠨ ᠨᠢᠭᠡ | ᠪᠤᠯᠭᠠᠬᠤ︾ ᠮᠡᠳᠡᠭᠡ ᠵᠠᠩᠬᠢ ᠶᠢᠨ ᠳ᠋ᠠᠶᠢᠲᠨ ᠶᠢ ᠬᠠᠮᠳᠣᠪᠡᠷ ᠬᠦᠷᠲᠡᠵᠦ ᠰᠣᠯᠢᠯᠴᠠᠬᠤ ᠳᠡᠪᠴᠠᠩ ᠳᠡᠷᠦᠢ ᠦᠪᠡᠷᠳᠡᠭᠡᠨ | ᠵᠠᠰᠠᠬᠤ ᠣᠷᠣᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠳᠡᠪᠴᠠᠩ ᠢᠶᠠᠷ ᠭᠤᠤᠯ ᠪᠤᠯᠭᠠᠠᠠᠰᠠᠨ ᠣᠯᠡᠨ | ᠵᠦᠢᠯ ᠤᠨ ᠮᠡᠳᠡᠭᠡ ᠵᠠᠩᠬᠢ ᠶᠢ ᠬᠠᠮᠳᠣᠪᠡᠷ ᠬᠦᠷᠲᠡᠵᠦ ᠰᠣᠯᠢᠯᠴᠠᠬᠤ ᠳᠡᠪᠴᠠᠩ ᠢ ᠬᠦᠢᠴᠡᠳ ᠠᠰᠢᠠᠠᠯᠠᠨᠵᠦ᠂ ᠬᠠᠮᠢᠶ᠎ᠠ | ᠪᠦᠬᠦᠢ ᠰᠠᠯᠠᠭ᠎ᠠ ᠮᠦᠴᠢᠷ ᠯᠦᠭᠡ ᠶᠢᠨ ᠴᠦᠷᠬᠡ ᠶᠢ ᠢᠳᠡᠪᠬᠢᠳᠡᠢ ᠪᠠᠷ ᠦᠷᠭᠡᠳᠭᠡᠵᠦ᠂ ᠮᠡᠳᠡᠭᠡ ᠵᠠᠩᠬᠢ ᠶᠢᠨ | ᠳ᠋ᠠᠶᠢᠲ᠋ᠠ ᠶᠢ ᠬᠠᠮᠳᠣᠪᠡᠷ ᠬᠦᠷᠲᠡᠵᠦ ᠰᠣᠯᠢᠯᠴᠠᠬᠤ ᠴᠢᠳᠠᠮᠵᠢ ᠶᠢ ᠳᠡᠬᠦᠯᠳᠡᠷᠵᠢᠬᠦᠯᠥᠨ᠂ ᠮᠡᠳᠡᠭᠡ ᠵᠠᠩᠬᠢ ᠶᠢᠨ | ᠳ᠋ᠠᠶᠢᠲ᠋ᠠ ᠶᠢᠨ ᠠᠳᠡᠯᠢ ᠪᠤᠰᠣ ᠰᠠᠯᠠᠭ᠎ᠠ ᠮᠦᠴᠢᠷ᠂ ᠠᠳᠡᠯᠢ ᠪᠤᠰᠣ ᠰᠢᠰᠲ᠋ᠧᠮ᠂ ᠠᠳᠡᠯᠢ ᠪᠤᠰᠣ ᠳ᠋ᠠᠶᠢᠲ᠋ᠠ ᠶᠢᠨ ᠦᠭᠡ | ᠬᠡᠯᠡ ᠶᠢᠨ ᠬᠤᠭᠤᠷᠣᠨᠳᠣ ᠰᠠᠭᠠᠳ ᠦᠭᠡᠢ ᠳᠡᠮᠵᠢᠭᠤᠯᠭ᠎ᠠ ᠬᠢᠬᠦ ᠪᠠ ᠰᠣᠯᠢᠯᠴᠠᠬᠤ ᠶᠢ ᠪᠠᠳᠣᠯᠠᠵᠦ᠂ ᠰᠠᠯᠠᠭ᠎ᠠ | ᠮᠦᠴᠢᠷ ᠤᠨ ᠬᠤᠭᠤᠷᠤᠨᠳᠤᠬᠢ ᠮᠡᠳᠡᠭᠡ ᠵᠠᠩᠬᠢ ᠶᠢᠨ ᠳ᠋ᠠᠶᠢᠲ᠋ᠠ ᠶᠢᠨ ᠬᠠᠷᠢᠯᠴᠠᠨ ᠬᠤᠯᠪᠤᠭᠠᠯᠠᠵᠦ ᠬᠠᠷᠢᠯᠴᠠᠨ | ᠨᠡᠪᠳᠡᠷᠡᠯᠴᠡᠬᠦ᠂ ᠬᠠᠮᠳᠣᠪᠡᠷ ᠬᠦᠷᠲᠡᠵᠦ ᠬᠠᠮᠳᠣᠪᠡᠷ ᠭᠡᠷᠡᠭᠯᠡᠬᠦ ᠶᠢ ᠪᠠᠶᠠᠯᠠᠬᠦᠯᠦᠨ᠎ᠠ᠃ ︵ᠬᠠᠷᠢᠭᠤᠴᠠᠯᠭᠠᠳᠣ ᠨᠢᠭᠡᠴᠡ᠄ | ᠦᠪᠡᠷᠳᠡᠭᠡᠨ ᠵᠠᠰᠠᠬᠤ ᠣᠷᠣᠨ ᠤ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠠᠵᠦ ᠦᠢᠯᠡᠳᠪᠦᠷᠢ | ᠬᠤᠳᠠᠯᠳᠣᠭᠠᠨ ᠤ ᠲᠣᠪᠴᠢᠶ᠎ᠠ᠂ ᠬᠠᠮᠢᠶ᠎ᠠ ᠪᠦᠬᠦᠢ ᠦᠨᠡᠮᠯᠠᠯ ᠤᠨ ᠬᠠᠮᠢᠶᠡᠷᠦᠯᠳᠡ ᠶᠢᠨ ᠰᠠᠯᠠᠭ᠎ᠠ ᠮᠦᠴᠢᠷ︶ | ︵ᠵᠢᠷᠭᠤᠭ᠎ᠠ︶ ᠦᠨᠡᠮᠯᠠᠯ ᠤᠨ ᠪᠢᠴᠢᠭ ᠬᠠᠷ᠎ᠠ ᠶᠢᠨ ᠵᠢᠷᠦᠮᠵᠢᠯ ᠢ ᠢᠯᠭᠠᠷᠡᠭᠤᠯᠵᠦ᠂ ᠮᠡᠳᠡᠷᠡᠨ ᠭᠡᠷᠡᠭᠯᠡᠬᠦ ᠶᠢ | ᠠᠬᠢᠭᠤᠯᠥᠨ᠎ᠠ᠃ ᠬᠠᠮᠢᠶ᠎ᠠ ᠪᠦᠬᠦᠢ ᠦᠨᠡᠮᠯᠠᠯ ᠤᠨ ᠬᠠᠮᠢᠶᠡᠷᠦᠯᠳᠡ ᠶᠢᠨ ᠰᠠᠯᠠᠭ᠎ᠠ ᠮᠦᠴᠢᠷ ᠨᠢ ︽ᠣᠯᠡᠨ ᠦᠨᠡᠮᠯᠠᠯ ᠢ | ᠨᠡᠶᠢᠯᠡᠬᠦᠯᠦᠨ ᠨᠢᠭᠡ ᠪᠤᠯᠭᠠᠬᠤ︾ ᠦᠭᠡᠷᠡᠴᠢᠯᠡᠯᠳᠡ ᠯᠦᠭᠡ ᠬᠠᠷᠰᠢᠯᠳᠦᠬᠤ ᠬᠠᠮᠢᠶ᠎ᠠ ᠪᠦᠬᠦᠢ ᠪᠢᠴᠢᠭ ᠬᠠᠷ᠎ᠠ ᠶᠢᠨ | ᠵᠢᠷᠦᠮᠵᠢᠯ ᠢ ᠴᠠᠭ ᠲᠤᠬᠠᠢ ᠳᠤᠨᠢ ᠡᠮᠬᠢᠯᠡᠵᠦ᠂ ᠬᠠᠦᠯᠢ ᠴᠠᠭᠠᠵᠠ ᠶᠢᠨ ᠬᠦᠷᠢᠶ᠎ᠠ ᠭᠡᠪᠴᠢᠶᠡᠨ ᠳᠣᠳᠣᠷ᠎ᠠ ᠬᠠᠦᠯᠢ | ᠶᠣᠰᠣᠭᠠᠷ ᠴᠠᠭ ᠲᠣᠬᠠᠢ ᠳᠤᠨᠢ ᠵᠠᠰᠠᠪᠦᠷᠢ ᠣᠷᠣᠭᠤᠯᠬᠤ ᠪᠠ ᠳᠡᠬᠦᠯᠳᠡᠷᠵᠢᠬᠦᠯᠵᠦ᠂ ᠦᠭᠡᠷᠡᠴᠢᠯᠡᠯᠳᠡ ᠶᠢᠨ ᠬᠠᠦᠯᠢ | ᠳᠥᠷᠢᠮ ᠤᠨ ᠵᠠᠮ ᠢᠶᠠᠷ ᠶᠠᠪᠤᠠᠠᠳᠠᠬᠤ ᠶᠢ ᠦᠨᠡᠨᠬᠦ ᠪᠠᠳᠣᠯᠠᠨ᠎ᠠ᠃ ︽ᠣᠯᠡᠨ ᠦᠨᠡᠮᠯᠠᠯ ᠢ ᠨᠡᠶᠢᠯᠡᠬᠦᠯᠥᠨ ᠨᠢᠭᠡ | ᠪᠤᠯᠭᠠᠬᠤ︾ ᠦᠭᠡᠷᠡᠴᠢᠯᠡᠯᠳᠡ ᠶᠢᠨ ᠳᠡᠷᠠᠭ᠎ᠠ᠂ ᠨᠡᠶᠢᠭᠡᠮ ᠤᠨ ᠢᠳᠡᠭᠡᠮᠵᠢ ᠶᠢᠨ ᠣᠷᠣᠯᠠᠬᠤ ᠨᠣᠮᠧᠷ ᠲᠠᠢ ᠨᠢᠭᠡᠳᠦᠯᠳᠡᠢ | ᠡᠵᠡᠩᠨᠡᠯᠳᠡ ᠶᠢᠨ ᠦᠨᠡᠮᠯᠠᠯ ᠨᠢ ᠠᠵᠦ ᠠᠬᠤᠶᠢᠯᠠᠯ ᠳᠤ ᠬᠤᠯᠪᠤᠠᠠᠳᠠᠬᠤ ᠣᠯᠡᠨ ᠦᠨᠡᠮᠯᠠᠯ ᠢ ᠡᠮᠬᠢᠯᠡᠨ ᠨᠡᠶᠢᠯᠡᠬᠦᠯᠥᠭᠰᠡᠨ | ᠴᠢᠳᠠᠮᠵᠢ ᠲᠠᠢ ᠪᠤᠯᠬᠤᠷ᠂ ᠭᠡᠷᠡᠭᠯᠡᠬᠦ ᠲᠣᠮᠳᠡ ᠪᠠᠨ ᠡᠯ᠎ᠠ ᠭᠠᠵᠡᠷ ᠣᠷᠣᠨ᠂ ᠡᠯ᠎ᠠ ᠰᠠᠯᠠᠭ᠎ᠠ ᠮᠦᠴᠢᠷ ᠨᠢ ᠪᠦᠷ | ᠮᠡᠳᠡᠷᠡᠭᠰᠡᠨ ᠪᠠᠶᠢᠬᠤ ᠭᠡᠷᠡᠭᠳᠡᠢ᠃ ᠡᠮᠬᠢᠯᠡᠨ ᠨᠡᠶᠢᠯᠡᠬᠦᠯᠥᠭᠳᠡᠭᠰᠡᠨ ᠦᠨᠡᠮᠯᠠᠯ ᠤᠨ ᠬᠠᠮᠣᠷᠤᠠᠠᠰᠠᠨ ᠣᠣᠯ ᠤᠨ ᠪᠠᠶᠢᠭ᠎ᠠ | ᠵᠦᠢᠯᠡᠰ ᠤᠨ ᠮᠡᠳᠡᠭᠡ ᠵᠠᠩᠬᠢ ᠳᠤ᠂ ᠠᠵᠦ ᠠᠬᠤᠶᠢᠯᠠᠯ ᠢ ᠡᠭᠦᠨ ᠠᠴᠠ ᠪᠣᠰᠣᠳ ᠭᠡᠷᠡᠴᠢ ᠳᠡᠮᠳᠡᠭ ᠤᠨ ᠪᠢᠴᠢᠭ ᠬᠠᠷ᠎ᠠ | ᠬᠠᠩᠭᠠᠯᠭᠠᠬᠤ ᠪᠠᠷ ᠱᠠᠭᠠᠷᠳᠡᠵᠦ ᠪᠤᠯᠬᠤ ᠦᠭᠡᠢ᠃ ︵ᠬᠠᠷᠢᠭᠤᠴᠠᠯᠭᠠᠳᠣ ᠨᠢᠭᠡᠴᠡ᠄ ᠦᠪᠡᠷᠳᠡᠭᠡᠨ ᠵᠠᠰᠠᠬᠤ ᠣᠷᠣᠨ ᠤ | ᠬᠠᠮᠢᠶ᠎ᠠ ᠪᠦᠬᠦᠢ ᠦᠨᠡᠮᠯᠠᠯ ᠤᠨ ᠬᠠᠮᠢᠶᠡᠷᠦᠯᠳᠡ ᠶᠢᠨ ᠰᠠᠯᠠᠭ᠎ᠠ ᠮᠦᠴᠢᠷ᠂ ᠡᠯ᠎ᠠ ᠱᠠᠳᠣᠨ ᠤ ᠠᠷᠡᠳ ᠤᠨ ᠵᠠᠰᠠᠭ ᠤᠨ | ᠣᠷᠳᠣᠨ︶ | ᠭᠤᠷᠪᠡ᠂ ᠪᠠᠳᠣᠯᠠᠭ᠎ᠠ ᠶᠢᠨ ᠠᠷᠭ᠎ᠠ ᠭᠡᠮᠵᠢᠶ᠎ᠠ | ︵ᠨᠢᠭᠡ︶ ᠵᠤᠬᠢᠶᠡᠨ ᠪᠠᠶᠢᠭᠤᠯᠥᠯᠳᠡ ᠶᠢᠨ ᠣᠳᠣᠷᠢᠳᠣᠯᠭ᠎ᠠ ᠪᠠᠨ ᠴᠢᠩᠭᠠᠳᠬᠠᠨ᠎ᠠ᠃ ᠦᠪᠡᠷᠳᠡᠭᠡᠨ ᠵᠠᠰᠠᠬᠤ | ᠣᠷᠣᠨ ᠠᠴᠠ ︽ᠣᠯᠡᠨ ᠦᠨᠡᠮᠯᠠᠯ ᠢ ᠨᠡᠶᠢᠯᠡᠬᠦᠯᠦᠨ ᠨᠢᠭᠡ ᠪᠤᠯᠭᠠᠬᠤ᠂ ᠨᠢᠭᠡ ᠦᠨᠡᠮᠯᠠᠯ ᠳᠤ ᠨᠢᠭᠡ ᠨᠣᠮᠧᠷ ᠲᠠᠢ | ᠪᠠᠶᠢᠯᠭᠠᠬᠤ︾ ᠳᠡᠩᠰᠡᠯᠡᠯ ᠤᠨ ᠳᠥᠷᠢᠮ ᠤᠨ ᠦᠭᠡᠷᠡᠴᠢᠯᠡᠯᠳᠡ ᠶᠢᠨ ᠠᠵᠢᠯ ᠤᠨ ᠣᠳᠣᠷᠢᠳᠬᠤ ᠲᠤᠭᠤᠶᠢᠯᠡᠩ ᠢ | ᠪᠠᠶᠢᠭᠤᠯᠵᠦ᠂ ︽ᠣᠯᠡᠨ ᠦᠨᠡᠮᠯᠠᠯ ᠢ ᠨᠡᠶᠢᠯᠡᠬᠦᠯᠦᠨ ᠨᠢᠭᠡ ᠪᠤᠯᠭᠠᠬᠤ︾ ᠦᠭᠡᠷᠡᠴᠢᠯᠡᠯᠳᠡ ᠶᠢᠨ ᠠᠵᠢᠯ ᠢ | ᠨᠢᠭᠡᠳᠦᠯᠳᠡᠢ ᠪᠠᠷ ᠵᠤᠬᠢᠶᠡᠨ ᠪᠠᠶᠢᠭᠤᠯᠥᠨ ᠠᠬᠢᠭᠤᠯᠥᠨ᠎ᠠ᠃ ᠣᠳᠣᠷᠢᠳᠬᠤ ᠲᠤᠭᠤᠶᠢᠯᠡᠩ ᠤᠨ ᠠᠯᠪᠠᠨ ᠭᠡᠷ ᠢ | ᠦᠪᠡᠷᠳᠡᠬᠡᠨ ᠵᠠᠰᠠᠬᠤ ᠣᠷᠣᠨ ᠤ ᠠᠵᠦ ᠦᠢᠯᠡᠳᠪᠦᠷᠢ ᠬᠤᠳᠠᠯᠳᠣᠭᠠᠨ ᠤ ᠲᠣᠪᠴᠢᠶ᠎ᠠ ᠳᠤ ᠪᠠᠶᠢᠷᠢᠯᠠᠭᠤᠯᠵᠦ᠂ | ᠦᠭᠡᠷᠡᠴᠢᠯᠡᠯᠳᠡ ᠶᠢᠨ ᠪᠤᠳᠡᠳᠡᠢ ᠠᠵᠢᠯ ᠢ ᠵᠤᠬᠢᠶᠡᠨ ᠪᠠᠶᠢᠭᠤᠯᠬᠤ ᠪᠠ ᠵᠤᠬᠢᠴᠠᠭᠤᠯᠬᠤ ᠶᠢ ᠬᠠᠷᠢᠭᠤᠴᠠᠨ᠎ᠠ᠃ ᠡᠯ᠎ᠠ | ᠬᠠᠮᠢᠶ᠎ᠠ ᠪᠦᠬᠦᠢ ᠨᠢᠭᠡᠴᠡ ᠨᠢ ᠪᠦᠷ ᠣᠳᠣᠷᠢᠳᠬᠤ ᠲᠤᠭᠤᠶᠢᠯᠡᠩ ᠤᠨ ᠪᠦᠷᠢᠯᠳᠦᠬᠦᠨ ᠨᠢᠭᠡᠴᠡ ᠪᠤᠯᠥᠨ᠎ᠠ᠂ ᠳᠠᠭᠠᠭᠠᠨ | ᠡᠬᠦᠷᠭᠡᠯᠡᠵᠦ ᠪᠦᠬᠦᠢ ᠦᠭᠡᠷᠡᠴᠢᠯᠡᠯᠳᠡ ᠶᠢᠨ ᠪᠤᠳᠡᠳᠡᠢ ᠠᠵᠢᠯ ᠤᠨ ᠡᠬᠦᠷᠭᠡ ᠪᠠᠨ ᠦᠨᠳᠣᠰᠣᠯᠡᠨ ᠲᠣᠰᠬᠠᠢ ᠵᠦᠢᠯ ᠤᠨ | ᠦᠭᠡᠷᠡᠴᠢᠯᠡᠯᠳᠡ ᠶᠢᠨ ᠠᠵᠢᠯ ᠤᠨ ᠲᠤᠭᠤᠶᠢᠯᠡᠩ ᠢ ᠪᠦᠷᠢᠯᠳᠦᠬᠦᠯᠵᠦ᠂ ᠪᠣᠳᠡᠳᠡᠢ ᠭᠡᠷᠡᠭᠵᠢᠬᠦᠯᠬᠦ ᠶᠢ ᠬᠠᠷᠢᠭᠤᠴᠠᠨ᠎ᠠ᠃ | ᠡᠯ᠎ᠠ ᠭᠠᠵᠡᠷ ᠣᠷᠣᠨ ᠨᠢ ᠪᠠᠶᠢᠳᠡᠯ ᠢᠶᠠᠨ ᠦᠨᠳᠣᠰᠣᠯᠡᠨ ᠵᠤᠬᠢᠬᠤ ᠦᠭᠡᠷᠡᠴᠢᠯᠡᠯᠳᠡ ᠶᠢᠨ ᠠᠵᠢᠯ ᠤᠨ ᠣᠳᠣᠷᠢᠳᠬᠤ | ᠲᠤᠭᠤᠶᠢᠯᠡᠩ ᠪᠠᠶᠢᠭᠤᠯᠬᠤ ᠪᠤᠶᠤ ᠲᠣᠬᠢᠷᠡᠭᠤᠯᠵᠦ᠂ ᠲᠣᠰ ᠭᠠᠵᠡᠷ ᠣᠷᠣᠨ ᠤ ︽ᠣᠯᠡᠨ ᠦᠨᠡᠮᠯᠠᠯ ᠢ ᠨᠡᠶᠢᠯᠡᠬᠦᠯᠦᠨ | ᠨᠢᠭᠡ ᠪᠤᠯᠭᠠᠬᠤ︾ ᠦᠭᠡᠷᠡᠴᠢᠯᠡᠯᠳᠡ ᠶᠢᠨ ᠠᠵᠢᠯ ᠢ ᠨᠢᠭᠡᠳᠦᠯᠳᠡᠢ ᠳᠥᠯᠥᠪᠯᠡᠨ ᠵᠤᠬᠢᠴᠠᠭᠤᠯᠵᠦ ᠠᠬᠢᠭᠤᠯᠬᠤ ᠶᠢ | ᠬᠠᠷᠢᠭᠤᠴᠠᠨ᠎ᠠ᠃ | ︵ᠬᠤᠶᠡᠷ︶ ᠬᠠᠮᠵᠢᠯᠴᠠᠨ ᠠᠬᠢᠭᠤᠯᠬᠤ ᠶᠢ ᠴᠢᠩᠭᠠᠳᠬᠠᠨ᠎ᠠ᠃ ᠡᠯ᠎ᠠ ᠭᠠᠵᠡᠷ ᠣᠷᠣᠨ᠂ ᠡᠯ᠎ᠠ ᠬᠠᠮᠢᠶ᠎ᠠ ᠪᠦᠬᠦᠢ | ᠰᠠᠯᠠᠭ᠎ᠠ ᠮᠦᠴᠢᠷ ᠤᠳ ︽ᠣᠯᠡᠨ ᠦᠨᠡᠮᠯᠠᠯ ᠢ ᠨᠡᠶᠢᠯᠡᠬᠦᠯᠦᠨ ᠨᠢᠭᠡ ᠪᠤᠯᠭᠠᠬᠤ︾ ᠦᠭᠡᠷᠡᠴᠢᠯᠡᠯᠳᠡ ᠶᠢᠨ ᠪᠡᠯᠡ | ᠮᠦᠡᠭᠬᠦ ᠶᠢᠨ ᠪᠠᠳᠣᠯᠠᠭ᠎ᠠ ᠶᠢᠨ ᠠᠵᠢᠯ ᠢ ᠰᠠᠶᠢᠳᠣᠷ ᠬᠢᠵᠦ᠂ ᠬᠠᠮᠢᠶ᠎ᠠ ᠪᠦᠬᠦᠢ ᠳᠡᠪᠴᠠᠩ ᠢ ᠪᠠᠶᠢᠭᠤᠯᠥᠨ | ᠳᠡᠬᠦᠯᠳᠡᠷᠵᠢᠬᠦᠯᠵᠦ᠂ ᠲᠣᠬᠠᠶᠢᠯᠬᠠᠰᠠᠨ ᠠᠵᠢᠯ ᠤᠨ ᠰᠢᠰᠲ᠋ᠧᠮ ᠤᠨ ᠳᠠᠰ ᠳᠡᠪᠰᠢᠬᠦᠯᠵᠦ ᠦᠭᠡᠷᠡᠴᠢᠯᠡᠬᠦ ᠶᠢ ᠰᠠᠶᠢᠳᠣᠷ | ᠬᠢᠵᠦ᠂ ᠦᠭᠡᠷᠡᠴᠢᠯᠡᠯᠳᠡ ᠶᠢ ᠬᠠᠮᠵᠢᠯᠴᠠᠨ ᠠᠬᠢᠭᠤᠯᠬᠤ ᠳᠤ ᠰᠠᠭᠤᠷᠢ ᠶᠢ ᠪᠠᠬᠢᠵᠢᠬᠦᠯᠦᠨ᠎ᠠ᠃ ᠡᠯ᠎ᠠ ᠬᠠᠮᠢᠶ᠎ᠠ ᠪᠦᠬᠦᠢ | ᠰᠠᠯᠠᠭ᠎ᠠ ᠮᠦᠴᠢᠷ ᠤᠳ ᠨᠢᠠᠠᠳᠡ ᠬᠠᠮᠵᠢᠯᠴᠠᠵᠦ᠂ ᠲᠣᠬᠠᠶᠢᠯᠬᠠᠰᠠᠨ ᠠᠵᠢᠯ ᠤᠨ ᠴᠣᠪᠤᠷᠡᠯ ᠢ ᠳᠡᠬᠦᠯᠳᠡᠷᠵᠢᠬᠦᠯᠥᠨ᠂ | ᠠᠵᠢᠯ ᠤᠨ ᠬᠠᠮᠵᠢᠯᠴᠠᠭ᠎ᠠ ᠬᠢᠬᠦ ᠶᠢ ᠪᠠᠶᠠᠯᠠᠬᠦᠯᠥᠨ᠎ᠠ᠃ ᠦᠭᠡᠷᠡᠴᠢᠯᠡᠯᠳᠡ ᠶᠢᠨ ᠶᠠᠪᠤᠴᠠ ᠲᠣᠮᠳᠡ᠂ ᠪᠤᠳᠡᠳᠡᠢ | ᠠᠵᠢᠯ ᠤᠨ ᠬᠠᠷᠡᠯᠳᠡ ᠶᠢᠨ ᠠᠳᠡᠯᠢ ᠪᠤᠰᠣ ᠪᠠᠶᠢᠬᠤ ᠶᠢ ᠦᠨᠳᠣᠰᠣᠯᠡᠨ᠂ ᠦᠭᠡᠷᠡᠴᠢᠯᠡᠯᠳᠡ ᠳᠤ ᠣᠷᠣᠯᠴᠠᠬᠤ ᠰᠠᠯᠠᠭ᠎ᠠ | ᠮᠦᠴᠢᠷ ᠨᠢ ᠴᠦ ᠠᠳᠡᠯᠢ ᠪᠤᠰᠣ ᠪᠠᠶᠢᠬᠤ ᠪᠤᠯᠬᠤᠷ᠂ ᠦᠭᠡᠷᠡᠴᠢᠯᠡᠯᠳᠡ ᠶᠢᠨ ᠡᠬᠦᠷᠭᠡ ᠶᠢᠨ ᠪᠤᠳᠡᠳᠡᠢ ᠳᠦᠷᠦᠬᠦᠯᠡᠬᠦ | ᠰᠠᠯᠠᠭ᠎ᠠ ᠮᠦᠴᠢᠷ᠂ ᠣᠷᠣᠯᠴᠠᠬᠤ ᠰᠠᠯᠠᠭ᠎ᠠ ᠮᠦᠴᠢᠷ ᠬᠢᠭᠡᠳ ᠬᠠᠮᠵᠢᠯᠴᠠᠬᠤ ᠰᠠᠯᠠᠭ᠎ᠠ ᠮᠦᠴᠢᠷ ᠢ ᠲᠣᠳᠣᠷᠬᠠᠶᠢᠯᠠᠵᠦ᠂ | ᠲᠣᠰ ᠲᠣᠰ ᠤᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠬᠠᠮᠵᠢᠯᠴᠠᠨ ᠠᠬᠢᠭᠤᠯᠵᠦ᠂ ᠡᠯ᠎ᠠ ᠵᠦᠢᠯ ᠤᠨ | ᠠᠵᠢᠯ ᠢ ᠡᠮᠬᠢ ᠵᠢᠷᠦᠮ ᠲᠠᠢ ᠪᠠᠷ ᠦᠷᠨᠢᠬᠦᠯᠥᠨ᠎ᠠ᠃ | ︵ᠭᠤᠷᠪᠡ︶ ᠴᠣᠩᠬᠤᠪᠴᠢ ᠶᠢᠨ ᠪᠠᠶᠢᠭᠤᠯᠥᠯᠳᠡ ᠶᠢ ᠴᠢᠩᠭᠠᠳᠬᠠᠨ᠎ᠠ᠃ ︽ᠣᠯᠡᠨ ᠦᠨᠡᠮᠯᠠᠯ ᠢ ᠨᠡᠶᠢᠯᠡᠬᠦᠯᠦᠨ | ᠨᠢᠭᠡ ᠪᠤᠯᠭᠠᠬᠤ︾ ᠦᠭᠡᠷᠡᠴᠢᠯᠡᠯᠳᠡ ᠶᠢᠨ ᠳᠡᠷᠠᠭ᠎ᠠ᠂ ᠳᠡᠩᠰᠡᠯᠡᠯ ᠤᠨ ᠴᠣᠩᠬᠤᠪᠴᠢ ᠶᠢᠨ ᠰᠠᠯᠠᠭ᠎ᠠ ᠮᠦᠴᠢᠷ ᠤᠨ | ᠳᠡᠷᠣᠭᠠᠰᠣ ᠣᠯᠡᠮ ᠨᠢᠭᠡ ᠠᠯᠬᠤᠮ ᠨᠡᠮᠡᠭᠳᠡᠬᠦ ᠪᠤᠯᠥᠨ᠎ᠠ᠃ ᠡᠯ᠎ᠠ ᠭᠠᠵᠡᠷ ᠣᠷᠣᠨ ᠨᠢ ᠠᠵᠢᠯᠳᠡᠨ ᠢᠶᠠᠨ ᠵᠦᠢ | ᠵᠤᠬᠢᠰᠳᠡᠢ ᠪᠠᠷ ᠲᠣᠬᠢᠷᠡᠭᠤᠯᠬᠤ ᠪᠠᠷ ᠳᠡᠮᠵᠢᠭᠤᠯᠥᠨ᠂ ᠴᠣᠩᠬᠤᠪᠴᠢ ᠶᠢᠨ ᠬᠦᠴᠣᠨ ᠴᠢᠲᠡᠯ ᠢ ᠴᠢᠩᠭᠠᠷᠡᠭᠤᠯᠵᠦ᠂ | ᠴᠢᠬᠤᠯᠡ ᠲᠠᠢ ᠦᠶᠡᠰ ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠣᠨ ᠠᠪᠠᠨ᠋ᠥ ᠠᠷᠭ᠎ᠠ ᠮᠠᠶ᠋ᠢᠭ ᠢᠶᠠᠷ᠂ | ᠴᠣᠩᠬᠤᠪᠴᠢ ᠶᠢᠨ ᠦᠢᠯᠡᠴᠢᠯᠡᠬᠡᠨ ᠤ ᠶᠠᠰᠣ ᠴᠢᠨᠡᠷ ᠢ ᠲᠡᠭᠡᠭᠰᠢᠯᠡᠬᠦᠯᠥᠨ᠎ᠠ᠃ ᠴᠣᠩᠬᠤᠪᠴᠢ ᠶᠢᠨ ᠠᠵᠢᠯᠳᠡᠨ ᠤ | ᠲᠣᠬᠠᠶᠢᠯᠬᠠᠰᠠᠨ ᠠᠵᠢᠯ ᠤᠨ ᠰᠣᠷᠣᠯᠴᠠᠯᠭ᠎ᠠ ᠪᠠ ᠪᠤᠯᠪᠠᠰᠣᠷᠡᠭᠤᠯᠥᠯ ᠢ ᠴᠢᠩᠭᠠᠳᠬᠠᠵᠦ᠂ ᠲᠣᠬᠠᠶᠢᠯᠬᠠᠰᠠᠨ ᠠᠵᠢᠯ ᠤᠨ | ᠬᠡᠪ ᠪᠤᠯᠪᠠᠰᠣᠷᠡᠯ ᠢ ᠳᠡᠭᠡᠭᠰᠢᠯᠡᠬᠦᠯᠥᠨ᠂ ᠴᠣᠩᠬᠤᠪᠴᠢ ᠶᠢᠨ ᠠᠵᠢᠯᠳᠡᠨ ᠤ ᠲᠣᠬᠠᠶᠢᠯᠬᠠᠰᠠᠨ ᠠᠵᠢᠯ ᠳᠠᠭᠠᠨ ᠴᠠᠭᠠᠷᠡᠵᠦ | ᠂ ᠪᠤᠯᠪᠠᠰᠣᠷᠡᠩᠭᠤᠢ ᠪᠠᠷ ᠠᠵᠢᠯᠯᠠᠨ᠂ ᠦᠢᠯᠡᠴᠢᠯᠡᠬᠡᠨ ᠢ ᠰᠠᠶᠢᠳᠣᠷ ᠬᠢᠬᠦ ᠶᠢ ᠦᠨᠡᠨᠬᠦ ᠪᠠᠳᠣᠯᠠᠨ᠎ᠠ᠃ | ︵ᠳᠥᠷᠪᠡ︶ ᠣᠬᠠᠭᠤᠯᠵᠦ ᠬᠦᠳᠦᠯᠥᠨ ᠵᠢᠯᠥᠭᠤᠳᠬᠤ ᠶᠢ ᠴᠢᠩᠭᠠᠳᠬᠠᠨ᠎ᠠ᠃ ︽ᠣᠯᠡᠨ ᠦᠨᠡᠮᠯᠠᠯ ᠢ | ᠨᠡᠶᠢᠯᠡᠬᠦᠯᠦᠨ ᠨᠢᠭᠡ ᠪᠤᠯᠭᠠᠬᠤ︾ ᠦᠭᠡᠷᠡᠴᠢᠯᠡᠯᠳᠡ ᠨᠢ ᠵᠠᠬ᠎ᠠ ᠳᠡᠯᠭᠡᠬᠦᠷ ᠤᠨ ᠭᠤᠤᠯ ᠴᠣᠠᠠᠴᠠ ᠶᠢᠨ ᠣᠷᠣᠭᠤᠯᠬᠤ ᠶᠢ | ᠵᠦᠪᠰᠢᠶᠡᠷᠡᠬᠦ ᠳᠤ ᠳᠦᠬᠦᠮ ᠦᠵᠡᠬᠦᠯᠵᠦ᠂ ᠵᠠᠬ᠎ᠠ ᠳᠡᠯᠭᠡᠬᠦᠷ ᠤᠨ ᠭᠤᠤᠯ ᠴᠣᠠᠠᠴᠠ ᠶᠢᠨ ᠳᠥᠷᠢᠮ ᠤᠨ ᠴᠢᠨᠡᠷᠳᠡᠢ | ᠦᠪᠡᠷ ᠤᠨ ᠦᠷᠲᠡᠭ ᠢ ᠪᠠᠭᠤᠷᠡᠭᠤᠯᠬᠤ ᠳᠤ ᠴᠢᠬᠤᠯᠡ ᠠᠴᠢ ᠬᠤᠯᠪᠤᠠᠠᠳᠡᠯ ᠲᠠᠢ ᠶᠤᠮ᠂ ᠭᠡᠷᠩ ᠤᠨ ᠲᠣᠮᠳᠡ ᠪᠠ | ᠭᠡᠷᠩ ᠤᠨ ᠳᠡᠷᠡᠭᠠᠬᠢ ᠬᠢᠨᠡᠯᠳᠡ ᠬᠠᠮᠢᠶᠡᠷᠦᠯᠳᠡ ᠶᠢ ᠴᠢᠩᠭᠠᠳᠬᠠᠬᠤ᠂ ᠵᠠᠰᠠᠯᠳᠡ ᠶᠢᠨ ᠰᠢᠰᠲ᠋ᠧᠮᠵᠢ ᠶᠢ ᠪᠠᠶᠢᠭᠤᠯᠥᠨ | ᠳᠡᠬᠦᠯᠳᠡᠷᠵᠢᠬᠦᠯᠬᠦ᠂ ᠵᠠᠰᠠᠯᠳᠡ ᠶᠢᠨ ᠴᠢᠳᠡᠪᠦᠷᠢ ᠶᠢᠨ ᠣᠳᠣᠬᠢᠴᠢᠯᠠᠯᠳᠡ ᠶᠢ ᠳᠡᠭᠡᠭᠰᠢᠯᠡᠬᠦᠯᠬᠦ ᠳᠤ ᠮᠦᠨᠬᠦ ᠴᠢᠬᠤᠯᠡ | ᠠᠴᠢ ᠬᠤᠯᠪᠤᠠᠠᠳᠡᠯ ᠲᠠᠢ ᠶᠤᠮ᠃ ᠡᠯ᠎ᠠ ᠭᠠᠵᠡᠷ ᠣᠷᠣᠨ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠰᠣᠨᠢᠨ | ᠮᠡᠳᠡᠭᠡᠨ ᠤ ᠵᠠᠭᠤᠴᠢᠯᠠᠭᠤᠷ ᠢ ᠠᠰᠢᠠᠠᠯᠠᠨ᠂ ︽ᠣᠯᠡᠨ ᠦᠨᠡᠮᠯᠠᠯ ᠢ ᠨᠡᠶᠢᠯᠡᠬᠦᠯᠦᠨ ᠨᠢᠭᠡ ᠪᠤᠯᠭᠠᠬᠤ︾ | ᠦᠭᠡᠷᠡᠴᠢᠯᠡᠯᠳᠡ ᠶᠢᠨ ᠠᠵᠢᠯ ᠤᠨ ᠣᠬᠠᠭᠤᠯᠥᠯ ᠪᠠ ᠳᠥᠷᠥ ᠶᠢᠨ ᠪᠤᠳᠣᠯᠭ᠎ᠠ ᠶᠢᠨ ᠳᠡᠶᠢᠯᠥᠮᠵᠢ ᠶᠢ ᠴᠢᠩᠭᠠᠳᠬᠠᠵᠦ᠂ | ᠨᠡᠶᠢᠭᠡᠮ ᠤᠨ ᠠᠩᠬᠠᠷᠴᠥ ᠪᠦᠬᠦᠢ ᠵᠦᠢᠯ ᠳᠤ ᠴᠠᠭ ᠲᠣᠬᠠᠢ ᠳᠤᠨᠢ ᠬᠠᠷᠢᠭᠤᠯᠳᠡ ᠦᠭᠴᠥ᠂ ᠨᠡᠶᠢᠭᠡᠮ ᠤᠨ ᠡᠯ᠎ᠠ | ᠡᠳᠡᠭᠡᠳ ᠲᠤ ᠦᠭᠡᠷᠡᠴᠢᠯᠡᠯᠳᠡ ᠶᠢ ᠲᠣᠳᠣᠷᠬᠠᠢ ᠮᠡᠳᠡᠬᠦᠯᠵᠦ᠂ ᠦᠭᠡᠷᠡᠴᠢᠯᠡᠯᠳᠡ ᠶᠢ ᠣᠶᠢᠯᠠᠭᠠᠭᠤᠯᠵᠦ᠂ | ᠦᠭᠡᠷᠡᠴᠢᠯᠡᠯᠳᠡ ᠶᠢ ᠳᠡᠮᠵᠢᠬᠦᠯᠵᠦ᠂ ᠦᠭᠡᠷᠡᠴᠢᠯᠡᠯᠳᠡ ᠶᠢᠨ ᠦᠷ᠎ᠠ ᠪᠦᠳᠦᠭᠡᠯ ᠢ ᠦᠷᠬᠡᠨ ᠣᠯᠡᠨ ᠵᠠᠬ᠎ᠠ | ᠳᠡᠯᠭᠡᠬᠦᠷ ᠤᠨ ᠭᠤᠤᠯ ᠴᠣᠠᠠᠴᠠ ᠳᠤ ᠠᠯᠢ ᠳᠦᠷᠬᠡᠨ ᠢᠶᠠᠷ ᠠᠰᠢᠭ ᠬᠦᠷᠲᠡᠭᠡᠬᠦ ᠭᠡᠷᠡᠭᠳᠡᠢ᠃ ᠡᠯ᠎ᠠ ᠭᠠᠵᠡᠷ ᠣᠷᠤᠨ᠂ | ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠡᠭᠦᠨ ᠢᠶᠠᠷ ᠠᠨᠢᠰᠦ ᠪᠤᠯᠭᠠᠵᠦ᠂ ᠵᠠᠰᠠᠭ ᠤᠨ ᠣᠷᠳᠣᠨ ᠤ ᠡᠬᠦᠷᠭᠡ | ᠴᠢᠳᠡᠪᠦᠷᠢ ᠶᠢ ᠬᠤᠪᠢᠷᠡᠭᠤᠯᠬᠤ ᠶᠢ ᠳᠥᠷᠭᠡᠳᠭᠡᠨ ᠪᠠᠶᠠᠯᠠᠬᠦᠯᠵᠦ᠂ ᠴᠢᠨᠡᠷ ᠰᠠᠶᠢᠳᠡᠢ ᠦᠨᠳᠣᠷ ᠦᠷ᠎ᠠ ᠪᠦᠳᠦᠮᠵᠢ ᠲᠠᠢ | ᠦᠢᠯᠡᠴᠢᠯᠡᠬᠡᠨ ᠢ ᠬᠠᠩᠭᠠᠵᠦ᠂ ᠦᠨᠡᠨᠴᠢ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠥᠯᠳᠡ ᠶᠢ ᠠᠬᠢᠭᠤᠯᠵᠦ᠂ | ᠰᠠᠶᠢᠨ ᠰᠠᠶᠢᠬᠠᠨ ᠬᠤᠳᠠᠯᠳᠣᠭᠠᠨ ᠤ ᠣᠷᠴᠢᠨ ᠲᠤᠭᠤᠷᠢᠨ ᠢ ᠪᠤᠢ ᠪᠤᠯᠭᠠᠬᠤ ᠭᠡᠷᠡᠭᠳᠡᠢ᠃ | ︵ᠲᠠᠪᠤ︶ ᠰᠢᠮᠳᠠᠭᠤᠯᠥᠨ ᠪᠠᠶᠢᠴᠠᠭᠠᠵᠦ ᠰᠢᠯᠭᠠᠨ ᠬᠢᠨᠡᠬᠤ ᠶᠢ ᠴᠢᠩᠭᠠᠳᠬᠠᠨ᠎ᠠ᠃ ᠡᠯ᠎ᠠ ᠭᠠᠵᠡᠷ ᠣᠷᠤᠨ᠂ | ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠮᠬᠢᠯᠡᠨ ᠨᠡᠶᠢᠯᠡᠬᠦᠯᠬᠦ ᠭᠠᠷᠴᠠᠭ ᠤᠨ ᠨᠠᠷᠢᠨ ᠬᠠᠭᠤᠳᠠᠰᠣ ᠶᠢ | ᠦᠨᠳᠣᠰᠣᠯᠡᠨ᠂ ᠡᠬᠦᠷᠭᠡ ᠶᠢᠨ ᠠᠵᠢᠯ ᠤᠨ ᠬᠤᠪᠢᠶᠡᠷᠢᠯᠡᠯ᠂ ᠴᠠᠭ ᠤᠨ ᠵᠠᠩᠬᠢᠶᠡᠰᠦ ᠪᠠ ᠠᠵᠢᠯ ᠤᠨ ᠱᠠᠭᠠᠷᠳᠡᠯᠭ᠎ᠠ ᠶᠢ | ᠲᠣᠳᠣᠷᠬᠠᠶᠢᠯᠠᠵᠦ᠂ ᠬᠠᠮᠢᠶ᠎ᠠ ᠪᠦᠬᠦᠢ ᠦᠭᠡᠷᠡᠴᠢᠯᠡᠯᠳᠡ ᠶᠢᠨ ᠠᠵᠢᠯ ᠢ ᠬᠢᠨᠠᠮᠠᠭᠠᠢ ᠰᠠᠶᠢᠳᠣᠷ ᠬᠢᠨ᠎ᠠ᠂ ᠣᠷᠣᠨ | ᠨᠣᠳᠤᠭ ᠤᠨ ᠡᠯ᠎ᠠ ᠱᠠᠳᠣᠨ ᠤ ᠠᠷᠡᠳ ᠤᠨ ᠵᠠᠰᠠᠭ ᠤᠨ ᠣᠷᠳᠣᠨ ᠨᠤᠭᠤᠳ ︽ᠣᠯᠡᠨ ᠦᠨᠡᠮᠯᠠᠯ ᠢ ᠨᠡᠶᠢᠯᠡᠬᠦᠯᠦᠨ | ᠨᠢᠭᠡ ᠪᠤᠯᠭᠠᠬᠤ︾ ᠦᠭᠡᠷᠡᠴᠢᠯᠡᠯᠳᠡ ᠶᠢ ᠠᠵᠦ ᠠᠬᠤᠢ ᠶᠢᠨ ᠬᠦᠭᠵᠢᠯᠳᠡ ᠶᠢᠨ ᠪᠦᠬᠦ ᠳᠡᠯ᠎ᠠ ᠳᠤ ᠣᠷᠣᠭᠤᠯᠥᠨ | ᠪᠤᠳᠣᠯᠬᠢᠯᠡᠵᠦ᠂ ᠦᠭᠡᠷᠡᠴᠢᠯᠡᠯᠳᠡ ᠬᠢᠬᠦ ᠶᠢ ᠵᠣᠷᠢᠠᠠᠵᠢᠭᠤᠯᠥᠨ᠂ ᠳᠡᠷᠢᠬᠦᠨ ᠤ ᠬᠢ ᠶᠢ ᠰᠠᠨᠠᠭᠠᠴᠢᠯᠠᠵᠦ᠂ ᠬᠦᠴᠣᠨ | ᠳᠡᠬᠦᠯᠳᠡᠷ ᠣᠷᠮᠠᠰᠢᠭᠤᠯᠬᠤ ᠲᠤᠠᠠᠳᠡᠴᠠ ᠪᠠ ᠠᠯᠳᠠᠭ᠎ᠠ ᠶᠢ ᠠᠭᠤᠴᠢᠯᠠᠬᠤ ᠲᠣᠠᠠᠳᠡᠴᠠ ᠶᠢ ᠪᠦᠷᠢᠯᠳᠦᠬᠦᠯᠥᠨ᠎ᠠ᠃ ᠡᠯ᠎ᠠ | ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠠᠮᠳᠣᠷᠡᠨ ᠬᠢᠨᠡᠨ ᠵᠢᠯᠥᠭᠤᠳᠬᠤ ᠶᠢ ᠵᠤᠬᠢᠶᠡᠨ ᠪᠠᠶᠢᠭᠤᠯᠵᠦ᠂ | ᠦᠭᠡᠷᠡᠴᠢᠯᠡᠯᠳᠡ ᠶᠢᠨ ᠠᠬᠢᠴᠠ ᠶᠢᠨ ᠪᠠᠶᠢᠳᠡᠯ ᠢ ᠬᠢᠨᠡᠯᠳᠡ ᠳᠡᠯᠪᠢᠨ ᠪᠠᠶᠢᠴᠠᠭᠠᠵᠦ᠂ ᠠᠵᠢᠯ ᠤᠨ ᠦᠷᠨᠢᠯᠲᠡ ᠶᠢ | ᠠᠬᠢᠭᠤᠯᠥᠨ᠎ᠠ᠃ |