ᠦᠢᠷ᠎ᠠ ᠶᠢᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠤᠷᠢᠨ ᠲᠣᠮᠢᠯᠠᠬᠤ ᠳᠦᠷᠢᠮᠲᠦ ᠠᠯᠪᠠᠲᠠᠨ ᠤ | ᠬᠠᠮᠢᠶᠠᠷᠤᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠲᠣᠭᠲᠠᠭᠠᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠶᠠᠪᠤᠭᠤᠯᠪᠠ᠃ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠬᠥᠮᠦᠨ ᠤ | ᠬᠥᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠤᠯᠤᠰ ᠤᠨ ᠠᠯᠪᠠᠲᠠᠨ ᠤ ᠲᠣᠪᠴᠢᠶ᠎ᠠ ᠶᠢᠨ | ᠨᠠᠶᠢᠳᠠᠯᠭ᠎ᠠ ᠪᠠᠷ᠂ ᠤᠯᠤᠰ ᠤᠨ ᠠᠯᠪᠠᠲᠠᠨ ᠤ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠷ ︽ | ᠲᠣᠭᠲᠠᠭᠠᠯ︾ ᠤᠨ ᠬᠠᠮᠢᠶ᠎ᠠ ᠪᠦᠬᠦᠢ ᠠᠭᠤᠯᠭ᠎ᠠ ᠳᠤ ᠲᠠᠶᠢᠯᠤᠮᠵᠢ ᠬᠢᠵᠡᠢ᠃ | ᠠᠰᠠᠭᠤᠭᠰᠠᠨ ᠨᠢ᠄ ︽ᠲᠣᠭᠲᠠᠭᠠᠯ︾ ᠤᠨ ᠨᠡᠶᠢᠲᠡᠯᠡᠭᠳᠡᠭᠰᠡᠨ ᠠᠬᠤᠶ ᠪᠠᠶᠢᠳᠠᠯ ᠪᠣᠯᠤᠨ ᠠᠴᠢ ᠬᠤᠯᠪᠣᠭᠳᠠᠯ ᠢ | ᠲᠠᠨᠢᠯᠴᠠᠭᠤᠯᠤᠭᠠᠳ ᠥᠭᠭᠦᠨ᠎ᠡ ᠤᠤ᠃ | ᠬᠠᠷᠢᠭᠤᠯᠤᠭᠰᠠᠨ ᠨᠢ᠄ ᠤᠷᠢᠨ ᠲᠣᠮᠢᠯᠠᠬᠤ ᠳᠦᠷᠢᠮ ᠪᠣᠯ ᠮᠠᠨ ᠤ ᠤᠯᠤᠰ ᠤᠨ ᠠᠯᠪᠠᠲᠠᠨ ᠤ ᠬᠠᠤᠯᠢ ᠶᠢᠨ | ᠲᠦᠷᠢᠮ ᠤᠨ ᠴᠢᠬᠤᠯᠠ ᠰᠢᠨ᠎ᠡ ᠡᠭᠦᠳᠦᠯᠲᠡ ᠪᠣᠯᠣᠨ᠎ᠠ᠃ ᠠᠯᠪᠠᠲᠠᠨ ᠤ ᠬᠠᠤᠯᠢ ᠶᠢᠨ ᠠᠷᠪᠠᠨ ᠵᠢᠷᠭᠤᠳᠤᠭᠠᠷ | ᠪᠦᠯᠦᠭ ᠲᠤ ᠤᠷᠢᠨ ᠲᠣᠮᠢᠯᠠᠬᠤ ᠳᠦᠷᠢᠮ ᠳᠤ ᠲᠣᠭᠲᠠᠭᠠᠯ ᠭᠠᠷᠭᠠᠵᠠᠢ᠃ ᠠᠯᠪᠠᠲᠠᠨ ᠤ ᠬᠠᠤᠯᠢ ᠶᠢ ᠭᠦᠨᠵᠡᠭᠡᠢ | ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ 2011 ᠣᠨ ᠤ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠤᠯᠤᠰ ᠤᠨ ᠠᠯᠪᠠᠲᠠᠨ ᠤ ᠲᠣᠪᠴᠢᠶ᠎ᠠ ᠨᠤᠭᠤᠳ | ︽ᠤᠷᠢᠨ ᠲᠣᠮᠢᠯᠠᠬᠤ ᠳᠦᠷᠢᠮᠲᠦ ᠠᠯᠪᠠᠲᠠᠨ ᠤ ᠬᠠᠮᠢᠶᠠᠷᠤᠯᠲᠠ ᠶᠢᠨ ᠲᠤᠷᠰᠢᠯᠲᠠ ᠬᠢᠬᠦ ᠠᠷᠭ᠎ᠠ︾ ︵ᠳᠣᠷᠣᠭᠰᠢ ︽ | ᠲᠤᠷᠰᠢᠯᠲᠠ ᠬᠢᠬᠦ ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠨ ᠨᠡᠶᠢᠲᠡᠯᠡᠵᠦ᠂ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠦᠴᠢᠷ ᠤᠳ ᠢ ᠵᠢᠯᠣᠭᠤᠳᠤᠨ ᠲᠤᠷᠰᠢᠨ ᠬᠢᠬᠦ ᠶᠢ ᠡᠮᠬᠢ ᠵᠢᠷᠤᠮ ᠲᠠᠢ ᠪᠠᠷ ᠥᠷᠭᠡᠳᠬᠡᠨ | ᠭᠦᠨᠵᠡᠭᠡᠶᠢᠷᠡᠭᠦᠯᠦᠨ᠎ᠡ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠠᠴᠠ ᠳᠤᠷᠠᠳᠴᠤ ᠭᠠᠷᠭᠠᠭᠰᠠᠨ ᠨᠢ᠂ ᠤᠷᠢᠨ ᠲᠣᠮᠢᠯᠠᠬᠤ ᠠᠵᠢᠯᠲᠠᠨ ᠤ ᠬᠠᠮᠢᠶᠠᠷᠤᠯᠲᠠ ᠶᠢᠨ | ᠲᠦᠷᠢᠮ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠲᠥᠪ ᠤᠨ ᠱᠠᠭᠠᠷᠳᠠᠯᠭ᠎ᠠ ᠶᠣᠰᠣᠭᠠᠷ᠂ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠪᠠᠶᠢᠳᠠᠯ ᠳᠤ ᠵᠣᠬᠢᠴᠠᠭᠤᠯᠤᠨ᠂ ᠲᠤᠷᠰᠢᠯᠲᠠ ᠬᠢᠬᠦ ᠠᠵᠢᠯ ᠤᠨ | ᠲᠤᠷᠰᠢᠯᠭ᠎ᠠ ᠶᠢ ᠳ᠋ᠦᠩᠨᠡᠬᠦ ᠪᠠᠷ ᠳᠠᠮᠵᠢᠭᠤᠯᠵᠤ᠂ ᠪᠢᠳᠡ ︽ᠲᠤᠷᠰᠢᠯᠲᠠ ᠬᠢᠬᠦ ᠠᠷᠭ᠎ᠠ︾ ᠶᠢᠨ ᠰᠠᠭᠤᠷᠢᠨ ᠳᠤ᠂ ︽ | ᠲᠣᠭᠲᠠᠭᠠᠯ︾ ᠢ ᠰᠤᠳᠤᠯᠤᠨ ᠲᠤᠭᠤᠷᠪᠢᠵᠠᠢ᠃ ᠡᠨᠡ ᠵᠢᠯ ᠤᠨ 7 ᠳ᠋ᠤᠭᠠᠷ ᠰᠠᠷ᠎ᠠ ᠶᠢᠨ 19 ᠤ ᠡᠳᠦᠷ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠭᠤᠴᠢᠨ ᠳᠣᠯᠣᠳᠤᠭᠠᠷ | ᠬᠤᠷᠠᠯᠳᠤᠭᠠᠨ ᠠᠴᠠ ︽ᠲᠣᠭᠲᠠᠭᠠᠯ︾ ᠢ ᠬᠢᠨᠠᠨ ᠵᠥᠪᠯᠡᠵᠦ ᠪᠠᠲᠤᠯᠠᠪᠠ᠃ | ︽ᠲᠣᠭᠲᠠᠭᠠᠯ︾ ᠨᠡᠶᠢᠲᠡᠯᠡᠭᠳᠡᠭᠰᠡᠨ ᠨᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ | ᠲᠥᠪ ᠬᠤᠷᠢᠶ᠎ᠠ ᠠᠴᠠ ᠠᠯᠪᠠᠲᠠᠨ ᠤ ᠡᠩᠨᠡᠭᠡ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ ᠪᠠᠶᠢᠭ᠎ᠠ ᠶᠢ ᠢᠯᠡᠷᠡᠭᠦᠯᠪᠡ᠂ ᠡᠨᠡ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ | ᠠᠯᠪᠠᠲᠠᠨ ᠤ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠴᠢᠬᠤᠯᠠ ᠦᠷ᠎ᠡ ᠪᠦᠲᠦᠮᠵᠢ᠂ ᠬᠥᠮᠦᠨ ᠢ | ᠰᠤᠩᠭᠤᠵᠤ ᠬᠡᠷᠡᠭᠯᠡᠬᠦ ᠲᠦᠷᠢᠮ ᠢ ᠲᠡᠭᠦᠯᠳᠡᠷᠵᠢᠭᠦᠯᠵᠦ᠂ ᠠᠯᠪᠠᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠬᠤ ᠶᠢᠨ ᠴᠢᠬᠤᠯᠠ ᠲᠦᠷᠢᠮ ᠤᠨ ᠲᠣᠬᠢᠷᠠᠭᠤᠯᠤᠯᠲᠠ ᠪᠣᠯᠤᠨ᠎ᠠ᠃ ︽ᠲᠣᠭᠲᠠᠭᠠᠯ︾ ᠳᠤ ᠵᠠᠬ᠎ᠠ | ᠳᠡᠯᠭᠡᠭᠦᠷ ᠤᠨ ᠲᠣᠭᠲᠠᠴᠠ ᠶᠢ ᠣᠷᠣᠭᠤᠯᠤᠭᠰᠠᠨ ᠠᠴᠠ ᠪᠠᠶᠢᠭᠤᠯᠭ᠎ᠠ ᠳᠤ ᠨᠡᠶᠢᠭᠡᠮ ᠤᠨ ᠰᠢᠯᠢᠳᠡᠭ ᠴᠢᠳᠠᠪᠤᠷᠢᠲᠠᠨ ᠤ | ᠣᠷᠣᠬᠤ ᠰᠢᠨ᠎ᠡ ᠠᠷᠭ᠎ᠠ ᠵᠠᠮ ᠢ ᠨᠡᠭᠡᠭᠡᠨ ᠥᠭᠴᠡᠢ᠃ ︽ᠲᠣᠭᠲᠠᠭᠠᠯ︾ ᠢ ᠬᠡᠷᠡᠭᠵᠢᠭᠦᠯᠬᠦ ᠨᠢ᠂ ᠨᠠᠮ ᠵᠠᠰᠠᠭ ᠤᠨ | ᠪᠠᠶᠢᠭᠤᠯᠭ᠎ᠠ ᠠᠴᠠ ᠲᠤᠰᠬᠠᠶᠢᠵᠢᠭᠰᠠᠨ ᠴᠢᠳᠠᠪᠤᠷᠢᠲᠠᠨ ᠢ ᠲᠠᠳᠠᠨ ᠠᠪᠴᠢᠷᠠᠬᠤ ᠪᠠ ᠲᠡᠳᠡᠨ ᠤ ᠲᠤᠲᠤᠷᠠᠬᠢ | ᠰᠢᠯᠢᠳᠡᠭ ᠢ ᠨᠢ ᠰᠢᠯᠢᠵᠦ ᠬᠡᠷᠡᠭᠯᠡᠬᠦ ᠳᠤ ᠠᠰᠢᠭᠲᠠᠢ᠂ ᠮᠠᠨ ᠤ ᠤᠯᠤᠰ ᠤᠨ ᠠᠯᠪᠠᠲᠠᠨ ᠤ ᠡᠩᠨᠡᠭᠡᠨ ᠤ | ᠲᠤᠰᠬᠠᠶᠢᠵᠢᠭᠰᠠᠨ ᠬᠢᠷᠢ ᠲᠥᠪᠰᠢᠨ ᠢ ᠳᠡᠭᠡᠭᠰᠢᠯᠡᠭᠦᠯᠬᠦ ᠳᠤ ᠠᠰᠢᠭᠲᠠᠶ᠂ ᠨᠡᠩ ᠠᠮᠢᠳᠤᠯᠢᠭ ᠢᠶᠠᠷ ᠬᠥᠮᠦᠨ ᠬᠡᠷᠡᠭᠯᠡᠬᠦ | ᠲᠣᠭᠲᠠᠴᠠ ᠶᠢ ᠪᠠᠶᠢᠭᠤᠯᠬᠤ ᠳᠤ ᠠᠰᠢᠭᠲᠠᠶ ᠶᠤᠮ᠃ | ᠠᠰᠠᠭᠤᠭᠰᠠᠨ ᠨᠢ᠄ ︽ᠲᠣᠭᠲᠠᠭᠠᠯ︾ ᠢ ᠲᠣᠭᠲᠠᠭᠠᠭᠰᠠᠨ ᠪᠦᠬᠦ ᠲᠠᠯ᠎ᠠ ᠶᠢᠨ ᠪᠣᠳᠣᠯᠬᠢᠯᠠᠯ ᠨᠢ | ᠶᠠᠭᠤ ᠪᠤᠢ︖ | ᠬᠠᠷᠢᠭᠤᠯᠤᠭᠰᠠᠨ ᠨᠢ᠄ ︽ᠲᠣᠭᠲᠠᠭᠠᠯ︾ ᠨᠢ ᠮᠠᠨ ᠤ ᠤᠯᠤᠰ ᠤᠨ ᠤᠯᠤᠰ ᠤᠨ ᠪᠠᠶᠢᠳᠠᠯ ᠪᠣᠯᠣᠨ | ᠠᠯᠪᠠᠲᠠᠨ ᠤ ᠬᠠᠮᠢᠶᠠᠷᠤᠯᠲᠠ ᠶᠢᠨ ᠪᠣᠳᠠᠲᠠᠶ ᠳᠤ ᠨᠡᠶᠢᠴᠡᠭᠰᠡᠨ ᠤᠷᠢᠨ ᠲᠣᠮᠢᠯᠠᠬᠤ ᠠᠵᠢᠯᠲᠠᠨ ᠤ ᠬᠠᠮᠢᠶᠠᠷᠤᠯᠲᠠ ᠶᠢᠨ | ᠲᠦᠷᠢᠮ ᠢ ᠪᠠᠶᠢᠭᠤᠯᠪᠠ᠃ ︽ᠲᠣᠭᠲᠠᠭᠠᠯ︾ ᠢ ᠲᠣᠭᠲᠠᠭᠠᠭᠰᠠᠨ ᠪᠦᠬᠦ ᠲᠠᠯ᠎ᠠ ᠶᠢᠨ ᠪᠣᠳᠣᠯᠬᠢᠯᠠᠯ ᠭᠡᠪᠡᠯ᠄ ᠨᠢᠭᠡ ᠳᠤ | ᠨᠠᠮ ᠠᠴᠠ ᠺᠠᠳ᠋ᠷ ᠢ ᠬᠠᠮᠢᠶᠠᠷᠬᠤ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠪᠠ᠃ ᠺᠠᠳ᠋ᠷ ᠤᠨ | ᠲᠤᠬᠠᠶ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠵᠤ᠂ ᠮᠠᠨ ᠤ ᠤᠯᠤᠰ ᠤᠨ | ᠠᠯᠪᠠᠲᠠᠨ ᠤ ᠡᠩᠨᠡᠭᠡ ᠶᠢᠨ ᠣᠨᠴᠠᠯᠢᠭ ᠪᠣᠯᠣᠨ ᠣᠳᠣᠬᠢ ᠪᠠᠶᠢᠳᠠᠯ ᠳᠤ ᠰᠠᠭᠤᠷᠢᠯᠠᠨ᠂ ᠠᠵᠤ ᠠᠬᠤᠶ ᠨᠡᠶᠢᠭᠡᠮ ᠤᠨ | ᠬᠥᠭᠵᠢᠯᠲᠡ ᠳᠤ ᠦᠢᠯᠡᠴᠢᠯᠡᠬᠦ ᠪᠣᠯᠣᠨ ᠪᠠᠶᠢᠭᠤᠯᠭ᠎ᠠ ᠶᠢᠨ ᠬᠥᠮᠦᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ | ᠺᠠᠳ᠋ᠷ ᠤᠨ ᠠᠵᠢᠯᠳᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠢᠩᠭᠡᠭᠡᠨ᠂ | ᠠᠮᠢᠳᠤᠯᠢᠭ ᠴᠢᠯᠤᠭᠡᠲᠡᠢ ᠪᠠᠷ ᠬᠥᠮᠦᠨ ᠰᠣᠩᠭᠤᠵᠤ ᠬᠡᠷᠡᠭᠯᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠶᠠᠷ ᠲᠤ | ᠬᠠᠤᠯᠢ ᠶᠢ ᠦᠨᠳᠦᠰᠦᠯᠡᠨ ᠳᠦᠷᠢᠮ ᠳᠤ ᠨᠡᠶᠢᠴᠡᠭᠦᠯᠵᠦ᠂ ᠴᠢᠩᠭ᠎ᠠ ᠬᠠᠮᠢᠶᠠᠷᠬᠤ ᠶᠢ ᠪᠠᠷᠢᠮᠲᠠᠯᠠᠪᠠ᠃ ︽ᠲᠣᠭᠲᠠᠭᠠᠯ︾ | ᠨᠢ ᠠᠯᠪᠠᠲᠠᠨ ᠤ ᠬᠠᠤᠯᠢ ᠪᠣᠯᠤᠨ ᠨᠠᠮ ᠵᠠᠰᠠᠭ ᠤᠨ ᠤᠳᠤᠷᠢᠳᠬᠤ ᠺᠠᠳ᠋ᠷ ᠢ ᠰᠤᠩᠭᠤᠵᠤ ᠬᠡᠷᠡᠭᠯᠡᠬᠦ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠤᠲᠤᠷ᠎ᠠ ᠲᠦᠷᠢᠮ ᠤᠨ ᠲᠠᠯ᠎ᠠ ᠪᠠᠷ | ᠰᠢᠨ᠎ᠡ ᠶᠢ ᠡᠭᠦᠳᠴᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠯᠤᠭ᠎ᠠ ᠵᠣᠯᠭᠠᠭᠤᠯᠬᠤ ᠶᠢ | ᠴᠢᠬᠤᠯᠠᠴᠢᠯᠠᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ | ᠲᠥᠪ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠨᠡᠭᠡᠭᠡᠯᠳᠡᠲᠦ᠂ ᠡᠷᠬᠡ ᠲᠡᠭᠰᠢ᠂ ᠦᠷᠢᠰᠦᠯᠳᠦᠬᠦ᠂ | ᠰᠢᠯᠢᠳᠡᠭ ᠢ ᠨᠢ ᠰᠣᠩᠭᠤᠬᠤ ᠶᠢ ᠪᠠᠷᠢᠮᠲᠠᠯᠠᠵᠤ᠂ ᠬᠢᠨᠠᠯᠲᠠ ᠲᠠᠯᠪᠢᠵᠤ ᠬᠢᠵᠠᠭᠠᠷᠯᠠᠬᠤ ᠪᠠ ᠤᠷᠮᠠᠰᠢᠭᠤᠯᠵᠤ | ᠪᠠᠲᠤᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠤᠷᠢᠨ ᠲᠣᠮᠢᠯᠠᠬᠤ ᠳᠦᠷᠢᠮᠲᠦ ᠠᠯᠪᠠᠲᠠᠨ ᠤ | ᠬᠠᠮᠢᠶᠠᠷᠤᠯᠲᠠ ᠶᠢ ᠳᠦᠷᠢᠮᠵᠢᠭᠦᠯᠬᠦ᠂ ᠵᠢᠷᠤᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠤᠷᠢᠨ ᠲᠣᠮᠢᠯᠠᠬᠤ | ᠠᠵᠢᠯ ᠢ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ᠂ ᠨᠥᠬᠦᠴᠡᠯ᠂ ᠪᠠᠷᠢᠮᠵᠢᠶ᠎ᠠ ᠪᠣᠯᠤᠨ ᠳᠡᠰ ᠳᠠᠷᠠᠭᠠᠯᠠᠯ | ᠶᠣᠰᠣᠭᠠᠷ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠭᠤᠷᠪᠠ ᠳᠤ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠪᠠ᠃ ᠠᠯᠪᠠᠲᠠᠨ ᠤ ᠡᠩᠨᠡᠭᠡ ᠶᠢᠨ ᠪᠠᠶᠢᠭᠤᠯᠤᠯᠲᠠ ᠶᠢᠨ ᠪᠣᠳᠠᠲᠠᠶ | ᠠᠰᠠᠭᠤᠳᠠᠯ ᠢ ᠰᠢᠶᠳᠪᠦᠷᠢᠯᠡᠬᠦ ᠳᠤ ᠰᠠᠭᠤᠷᠢᠯᠠᠵᠤ᠂ ᠤᠷᠢᠨ ᠲᠣᠮᠢᠯᠠᠬᠤ ᠳᠦᠷᠢᠮ ᠤᠨ ᠪᠠᠶᠢᠷᠢ ᠲᠣᠭᠲᠠᠭᠠᠯᠲᠠ ᠨᠢ ᠨᠠᠮ | ᠵᠠᠰᠠᠭ ᠤᠨ ᠪᠠᠶᠢᠭᠤᠯᠭ᠎ᠠ ᠶᠢᠨ ᠣᠬᠤᠷ ᠬᠤᠭᠤᠴᠠᠭᠠᠨ ᠤ᠂ ᠳᠡᠭᠡᠳᠦ ᠲᠡᠰ ᠤᠨ ᠪᠠᠴᠢᠮ ᠬᠡᠷᠡᠭᠰᠡᠬᠦ ᠲᠤᠰᠬᠠᠶᠢᠵᠢᠭᠰᠠᠨ | ᠴᠢᠳᠠᠪᠤᠷᠢᠲᠠᠨ ᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠰᠠᠭᠤᠷᠢᠯᠠᠨ᠂ ᠳᠡᠭᠡᠳᠦ ᠲᠡᠰ ᠤᠨ | ᠴᠢᠳᠠᠪᠤᠷᠢᠲᠠᠨ ᠢ ᠲᠠᠳᠠᠨ ᠠᠪᠴᠢᠷᠠᠵᠤ ᠬᠡᠷᠡᠭᠯᠡᠬᠦ ᠵᠢᠮ᠎ᠡ ᠶᠣᠰᠣ ᠶᠢ ᠬᠦᠨᠳᠦᠳᠬᠡᠵᠦ᠂ ᠭᠡᠷ᠎ᠡ ᠪᠠᠷ ᠬᠠᠮᠢᠶᠠᠷᠬᠤ᠂ | ᠤᠷᠢᠬᠤ ᠬᠤᠭᠤᠴᠠᠭᠠᠨ ᠳᠤ ᠬᠠᠮᠢᠶᠠᠷᠬᠤ ᠬᠢᠭᠡᠳ ᠵᠠᠬ᠎ᠠ ᠳᠡᠯᠭᠡᠭᠦᠷ ᠲᠠᠢ ᠨᠡᠶᠢᠴᠡᠭᠦᠯᠦᠨ ᠵᠤᠯᠭᠠᠭᠤᠯᠬᠤ ᠪᠠᠷ | ᠳᠠᠮᠵᠢᠭᠤᠯᠤᠨ᠂ ᠣᠷᠣᠵᠤ ᠭᠠᠷᠴᠤ ᠪᠣᠯᠬᠤᠶᠢᠴᠠ ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ ᠪᠠᠶᠢᠭᠤᠯᠵᠤ᠂ | ᠤᠷᠢᠨ ᠲᠣᠮᠢᠯᠠᠬᠤ ᠳᠦᠷᠢᠮ ᠤᠨ ᠠᠮᠢᠳᠤᠯᠢᠭ ᠢᠶᠠᠷ ᠬᠥᠮᠥᠨ ᠬᠡᠷᠡᠭᠯᠡᠬᠦ ᠳᠠᠪᠠᠭᠤᠯᠢᠭ ᠢ ᠭᠦᠢᠴᠡᠳ ᠪᠠᠳᠠᠷᠠᠭᠤᠯᠤᠨ᠂ | ᠦᠷ᠎ᠡ ᠪᠦᠲᠦᠮᠵᠢ ᠶᠢ ᠨᠢ ᠳᠡᠭᠡᠭᠰᠢᠯᠡᠭᠦᠯᠵᠦ᠂ ᠥᠪᠡᠷ ᠤᠨ ᠦᠷᠳᠡᠭ ᠢ ᠨᠢ ᠪᠠᠭᠤᠷᠠᠭᠤᠯᠬᠤ ᠵᠣᠷᠢᠯᠭ᠎ᠠ ᠳᠤ | ᠬᠦᠷᠭᠡᠨ᠎ᠡ᠃ | ᠠᠰᠠᠭᠤᠭᠰᠠᠨ ᠨᠢ᠄ ︽ᠲᠣᠭᠲᠠᠭᠠᠯ︾ ᠳᠤ ᠤᠷᠢᠨ ᠲᠣᠮᠢᠯᠠᠬᠤ ᠳᠦᠷᠢᠮᠲᠦ ᠠᠯᠪᠠᠲᠠᠨ ᠤ ᠬᠠᠮᠢᠶᠠᠷᠤᠯᠲᠠ ᠶᠢ | ᠵᠢᠷᠤᠮᠵᠢᠭᠤᠯᠬᠤ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠲᠣᠭᠲᠠᠭᠠᠭᠰᠠᠨ ᠪᠤᠢ︖ | ᠬᠠᠷᠢᠭᠤᠯᠤᠭᠰᠠᠨ ᠨᠢ᠄ ᠠᠯᠪᠠᠲᠠᠨ ᠤ ᠬᠠᠤᠯᠢ ᠨᠢ ᠤᠷᠢᠨ ᠲᠣᠮᠢᠯᠠᠬᠤ ᠳᠦᠷᠢᠮ ᠳᠤ ᠵᠥᠪᠬᠡᠨ ᠵᠠᠷᠴᠢᠮ ᠤᠨ | ᠲᠠᠯ᠎ᠠ ᠪᠠᠷ ᠲᠣᠭᠲᠠᠭᠠᠯ ᠭᠠᠷᠭᠠᠵᠤ᠂ ︽ᠲᠣᠭᠲᠠᠭᠠᠯ︾ ᠢ ᠬᠠᠤᠯᠢ ᠲᠣᠭᠲᠠᠭᠠᠯ ᠳᠤ ᠪᠦᠷᠢᠨ ᠥᠷᠭᠦᠯᠵᠢᠯᠡᠯ ᠲᠠᠢ᠂ | ᠠᠵᠢᠯ ᠬᠡᠷᠡᠭ ᠭᠦᠢᠴᠡᠳᠬᠡᠬᠦ ᠳᠤ ᠳᠦᠬᠦᠮ ᠳᠦᠳᠡ ᠪᠠᠶᠢᠯᠭᠠᠬᠤ ᠵᠠᠷᠴᠢᠮ ᠶᠣᠰᠣᠭᠠᠷ᠂ ᠠᠯᠪᠠᠲᠠᠨ ᠤ ᠬᠠᠤᠯᠢ ᠳᠤ | ᠲᠣᠭᠲᠠᠭᠠᠭᠰᠠᠨ ᠪᠣᠷᠣ ᠲᠥᠯᠥᠪ ᠤᠨ ᠲᠤᠲᠤᠷ᠎ᠠ᠂ ᠤᠷᠢᠨ ᠲᠣᠮᠢᠯᠠᠬᠤ ᠳᠦᠷᠢᠮᠲᠦ ᠠᠯᠪᠠᠲᠠᠨ ᠢ ᠣᠷᠣᠭᠤᠯᠬᠤ᠂ | ᠬᠠᠮᠢᠶᠠᠷᠬᠤ᠂ ᠭᠠᠷᠭᠠᠬᠤ ᠵᠡᠷᠭᠡ ᠭᠤᠣᠯᠯᠠᠬᠤ ᠭᠤᠭᠴᠤᠭ᠎ᠠ ᠶᠢᠨ ᠲᠣᠭᠤᠷᠢᠨ ᠳᠤ ᠨᠠᠷᠢᠯᠢᠭᠵᠢᠭᠤᠯᠪᠠ᠃ ᠭᠤᠣᠯ ᠠᠷᠭ᠎ᠠ | ᠬᠡᠮᠵᠢᠶ᠎ᠡ ᠭᠡᠪᠡᠯ᠄ ᠨᠢᠭᠡ ᠳᠤ᠂ ᠤᠷᠢᠨ ᠲᠣᠮᠢᠯᠠᠬᠤ ᠳᠦᠷᠢᠮ ᠢ ᠬᠡᠷᠡᠭᠵᠢᠭᠦᠯᠬᠦ ᠲᠤᠰᠢᠶᠠᠯ ᠤᠨ ᠬᠡᠪᠴᠢᠶ᠎ᠡ ᠶᠢ | ᠲᠤᠲᠤᠷᠬᠠᠶᠢᠯᠠᠪᠠ᠃ ᠣᠶᠢᠷ᠎ᠠ ᠶᠢᠨ ᠵᠢᠯ ᠤᠳ ᠲᠤ ᠲᠤᠷᠰᠢᠯᠲᠠ ᠬᠢᠬᠦ ᠪᠠᠶᠢᠭᠤᠯᠭ᠎ᠠ ᠨᠢ ᠲᠤᠰᠬᠠᠢ ᠮᠡᠷᠭᠡᠵᠢᠯ ᠤᠨ | ᠴᠢᠨᠠᠷᠲᠠᠢ ᠴᠢᠳᠠᠪᠤᠷᠢᠲᠠᠨ ᠢ ᠭᠤᠣᠯᠳᠠᠭᠤ ᠤᠷᠢᠵᠤ ᠲᠣᠮᠢᠯᠠᠬᠤ ᠳᠦᠷᠢᠮ ᠢᠶᠠᠷ ᠲᠠᠲᠠᠨ ᠠᠪᠴᠢᠷᠠᠭᠰᠠᠨ ᠲᠤᠷᠰᠢᠯᠭ᠎ᠠ ᠶᠢ | ᠰᠢᠩᠭᠡᠭᠡᠨ ᠠᠪᠴᠤ᠂ ᠪᠠᠶᠢᠭᠤᠯᠭ᠎ᠠ ᠨᠤᠭᠤᠳ ᠠᠯᠪᠠᠲᠠᠨ ᠢ ᠤᠷᠢᠵᠤ ᠲᠣᠮᠢᠯᠠᠬᠤ ᠳᠠᠭᠠᠨ ᠭᠤᠣᠯᠳᠠᠭᠤ ᠲᠤᠰᠬᠠᠶ | ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠲᠤᠰᠢᠶᠠᠯ ᠳᠤ ᠬᠠᠨᠳᠤᠭᠤᠯᠵᠠᠢ᠂ ᠬᠡᠷᠪᠡ ᠦᠨᠡᠨ ᠬᠦ ᠣᠨᠴᠣᠭᠤᠢ | ᠬᠡᠷᠡᠭᠴᠡᠭᠡ ᠱᠠᠭᠠᠷᠳᠠᠯᠭ᠎ᠠ ᠲᠠᠢ ᠪᠣᠯ ᠲᠤᠰᠠᠯᠠᠬᠤ ᠴᠢᠨᠠᠷ ᠲᠠᠢ ᠲᠤᠰᠢᠶᠠᠯ ᠳᠤ ᠬᠠᠨᠳᠤᠭᠤᠯᠵᠤ ᠪᠣᠯᠣᠨ᠎ᠠ ᠭᠡᠵᠦ ︽ | ᠲᠣᠭᠲᠠᠭᠠᠯ︾ ᠳᠤ ᠲᠤᠲᠤᠷᠬᠠᠶᠢᠯᠠᠪᠠ᠃ ᠬᠤᠶᠠᠷ ᠲᠤ᠂ ᠲᠤᠰᠢᠶᠠᠯ ᠳᠤ ᠤᠷᠢᠵᠤ ᠡᠯᠰᠡᠬᠦ ᠶᠢ ᠨᠠᠷᠢᠯᠢᠭᠵᠢᠭᠤᠯᠪᠠ᠃ ︽ | ᠲᠣᠭᠲᠠᠭᠠᠯ︾ ᠳᠤ ᠪᠠᠶᠢᠭᠤᠯᠭ᠎ᠠ ᠨᠤᠭᠤᠳ ᠠᠯᠪᠠᠲᠠᠨ ᠢ ᠤᠷᠢᠵᠤ ᠲᠤᠮᠢᠯᠠᠬᠤ ᠳᠠᠭᠠᠨ ᠡᠩ ᠤᠨ ᠪᠠᠶᠢᠳᠠᠯ ᠳᠤ | ᠢᠯᠡ ᠪᠠᠷ ᠤᠷᠢᠵᠤ᠂ ᠠᠵᠢᠯ ᠳᠤ ᠪᠠᠴᠢᠮ ᠬᠡᠷᠡᠭᠴᠡᠭᠡ ᠲᠠᠢ᠂ ᠤᠷᠢᠨ ᠲᠤᠮᠢᠯᠠᠬᠤ ᠲᠤᠰᠢᠶᠠᠯ ᠤᠨ ᠨᠥᠬᠦᠴᠡᠯ ᠳᠤ | ᠨᠡᠶᠢᠴᠡᠬᠦ ᠬᠥᠮᠦᠨ ᠴᠦᠬᠡᠨ ᠪᠦᠭᠡᠳ ᠢᠯᠡ ᠪᠠᠷ ᠤᠷᠢᠨ ᠲᠣᠮᠢᠯᠠᠬᠤ ᠳᠤ ᠬᠦᠴᠢᠷᠲᠠᠢ ᠪᠠᠶᠢᠭ᠎ᠠ ᠲᠤᠰᠬᠠᠶ | ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠲᠤᠰᠢᠶᠠᠯ ᠪᠣᠯ᠂ ᠨᠥᠬᠦᠴᠡᠯ ᠳᠤ ᠨᠡᠶᠢᠴᠡᠬᠦ ᠬᠥᠮᠦᠰ ᠠᠴᠠ ᠰᠢᠭᠤᠳ | ᠤᠷᠢᠵᠤ ᠪᠣᠯᠬᠤ ᠪᠥᠭᠡᠳ ᠢᠯᠡ ᠪᠠᠷ ᠡᠯᠰᠡᠬᠦ ᠪᠠ ᠰᠢᠭᠤᠳ ᠤᠷᠢᠬᠤ ᠠᠷᠭ᠎ᠠ ᠬᠡᠯᠪᠡᠷᠢ ᠵᠢᠴᠢ ᠳᠡᠰ ᠳᠠᠷᠠᠭᠠᠯᠠᠯ ᠢ | ᠨᠠᠷᠢᠯᠢᠭᠵᠢᠭᠤᠯᠤᠨ᠎ᠠ ᠭᠡᠵᠦ ᠲᠣᠭᠲᠠᠭᠠᠪᠠ᠃ ᠭᠤᠷᠪᠠ ᠳᠤ ᠤᠷᠢᠨ ᠲᠣᠮᠢᠯᠠᠬᠤ ᠭᠡᠷ᠎ᠡ ᠶᠢᠨ ᠬᠠᠮᠢᠶᠠᠷᠤᠯᠲᠠ ᠶᠢ | ᠲᠡᠭᠦᠯᠳᠡᠷᠵᠢᠭᠦᠯᠪᠡ᠃ ︽ᠲᠣᠭᠲᠠᠭᠠᠯ︾ ᠨᠢ ᠤᠷᠢᠨ ᠲᠣᠮᠢᠯᠠᠬᠤ ᠭᠡᠷ᠎ᠡ ᠲᠣᠭᠲᠠᠭᠠᠬᠤ᠂ ᠬᠤᠪᠢᠷᠠᠭᠤᠯᠬᠤ᠂ ᠬᠦᠴᠦᠨ | ᠦᠭᠡᠢ ᠪᠣᠯᠭᠠᠬᠤ ᠪᠠ ᠳᠠᠭᠤᠰᠬᠠᠬᠤ ᠵᠡᠷᠭᠡ ᠶᠢ ᠲᠤᠲᠤᠷᠬᠠᠶᠢᠯᠠᠵᠤ᠂ ᠠᠯᠪᠠᠳᠠᠨ ᠢ ᠬᠠᠮᠢᠶᠠᠷᠬᠤ ᠬᠠᠮᠢᠶ᠎ᠠ ᠪᠥᠬᠦᠢ | ᠱᠠᠭᠠᠷᠳᠠᠯᠭ᠎ᠠ ᠶᠢ ᠭᠡᠷ᠎ᠡ ᠶᠢᠨ ᠬᠠᠮᠢᠶᠠᠷᠤᠯᠲᠠ ᠳᠤ ᠨᠠᠷᠢᠯᠢᠭᠵᠢᠭᠤᠯᠤᠨ ᠢᠯᠡᠷᠡᠭᠦᠯᠵᠦ᠂ ᠤᠷᠢᠵᠤ ᠲᠣᠮᠢᠯᠠᠬᠤ ᠳᠦᠷᠢᠮ | ᠤᠨ ᠠᠮᠢᠳᠤᠯᠢᠭ ᠴᠢᠨᠠᠷ ᠢ ᠭᠦᠢᠴᠡᠳ ᠢᠯᠡᠷᠡᠭᠦᠯᠪᠡ᠃ ᠲᠦᠷᠪᠡ ᠳᠤ ᠤᠷᠢᠨ ᠲᠣᠮᠢᠯᠠᠬᠤ ᠳᠦᠷᠢᠮᠲᠦ ᠠᠯᠪᠠᠲᠠᠨ ᠤ | ᠡᠳᠦᠷ ᠲᠤᠳᠤᠮ ᠤᠨ ᠬᠠᠮᠢᠶᠠᠷᠤᠯᠲᠠ ᠶᠢ ᠵᠢᠷᠤᠮᠵᠢᠭᠤᠯᠪᠠ᠃ ︽ᠲᠣᠭᠲᠠᠭᠠᠯ︾ ᠳᠤ ᠤᠷᠢᠨ ᠲᠣᠮᠢᠯᠠᠬᠤ ᠳᠦᠷᠢᠮᠲᠦ | ᠠᠯᠪᠠᠲᠠᠨ ᠢ ᠰᠢᠯᠭᠠᠨ ᠬᠢᠨᠠᠬᠤ᠂ ᠥᠷᠭᠦᠯᠵᠢᠯᠡᠨ ᠤᠷᠢᠬᠤ᠂ ᠭᠡᠯᠡᠯᠴᠡᠭᠡᠲᠦ ᠴᠠᠯᠢᠩ᠂ ᠨᠡᠶᠢᠭᠡᠮ ᠤᠨ ᠳᠠᠭᠠᠳᠬᠠᠯ᠂ | ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠰᠢᠶᠳᠪᠦᠷᠢᠯᠡᠬᠦ ᠵᠡᠷᠭᠡ ᠶᠢ ᠲᠤᠲᠤᠷᠬᠠᠶᠢᠯᠠᠵᠤ᠂ ᠪᠠᠶᠢᠭᠤᠯᠭ᠎ᠠ ᠶᠢᠨ ᠬᠢᠨ | ᠤᠷᠢᠨ ᠲᠤᠮᠢᠯᠠᠬᠤ ᠳᠦᠷᠢᠮᠲᠦ ᠠᠯᠪᠠᠲᠠᠨ ᠤ ᠦᠢᠯᠡᠳᠦᠯ ᠢ ᠪᠠᠳᠠᠷᠠᠭᠤᠯᠬᠤ ᠳᠤ ᠲᠦᠷᠦ ᠶᠢᠨ ᠪᠤᠳᠤᠯᠭ᠎ᠠ ᠶᠢᠨ | ᠦᠨᠳᠦᠰᠦᠯᠡᠯ ᠬᠠᠩᠭᠠᠪᠠ᠃ | ᠠᠰᠠᠭᠤᠭᠰᠠᠨ ᠨᠢ᠄ ᠤᠷᠢᠨ ᠲᠤᠮᠢᠯᠠᠬᠤ ᠳᠦᠷᠢᠮᠲᠤ ᠠᠯᠪᠠᠲᠠᠨ ᠤ ᠬᠠᠮᠢᠶᠠᠷᠤᠯᠲᠠ ᠨᠢ ᠶᠠᠮᠠᠷ ᠣᠨᠴᠠᠯᠢᠭ ᠲᠠᠢ | ᠪᠤᠶ︖ | ᠬᠠᠷᠢᠭᠤᠯᠤᠭᠰᠠᠨ ᠨᠢ᠄ ᠤᠷᠢᠨ ᠲᠤᠮᠢᠯᠠᠬᠤ ᠳᠦᠷᠢᠮᠲᠦ ᠠᠯᠪᠠᠲᠠᠨ ᠤ ᠬᠠᠮᠢᠶᠠᠷᠤᠯᠲᠠ ᠳᠤ ᠵᠠᠬ᠎ᠠ ᠳᠡᠯᠭᠡᠭᠦᠷ ᠤᠨ | ᠲᠣᠭᠲᠠᠴᠠ ᠶᠢ ᠣᠷᠣᠭᠤᠯᠤᠨ᠂ ᠬᠥᠮᠦᠨ ᠬᠡᠷᠡᠭᠯᠡᠬᠦ ᠳᠤ ᠨᠡᠩ ᠴᠢᠯᠦᠭᠡᠲᠡᠢ ᠪᠥᠭᠡᠳ ᠠᠮᠢᠳᠤᠯᠢᠭ ᠪᠣᠯᠭᠠᠵᠠᠢ᠂ | ᠲᠡᠭᠦᠨ ᠤ ᠭᠤᠣᠯ ᠣᠨᠴᠠᠯᠢᠭ ᠭᠡᠪᠡᠯ᠄ ᠨᠢᠭᠡ ᠳᠤ ᠭᠡᠷ᠎ᠡ ᠶᠢᠨ ᠬᠠᠮᠢᠶᠠᠷᠤᠯᠲᠠ ᠪᠣᠯᠣᠨ᠎ᠠ᠃ ᠪᠠᠶᠢᠭᠤᠯᠭ᠎ᠠ ᠠᠴᠠ ᠤᠷᠢᠨ | ᠲᠤᠮᠢᠯᠠᠬᠤ ᠳᠦᠷᠢᠮᠲᠤ ᠠᠯᠪᠠᠲᠠᠨ ᠢ ᠬᠠᠮᠢᠶᠠᠷᠬᠤ ᠳᠤ ᠭᠤᠣᠯᠳᠠᠭᠤ ᠠᠯᠪᠠᠳᠠᠨ ᠤ ᠬᠠᠤᠯᠢ ᠪᠣᠯᠣᠨ ᠤᠷᠢᠵᠤ ᠲᠣᠮᠢᠯᠠᠬᠤ | ᠭᠡᠷ᠎ᠡ ᠶᠢ ᠦᠨᠳᠦᠰᠦᠯᠡᠳᠡᠭ᠃ ᠤᠷᠢᠨ ᠲᠣᠮᠢᠯᠠᠬᠤ ᠳᠦᠷᠢᠮᠲᠦ ᠠᠯᠪᠠᠲᠠᠨ ᠨᠢ ᠭᠡᠷ᠎ᠡ ᠳᠤ ᠲᠣᠭᠲᠠᠭᠠᠭᠰᠠᠨ ᠪᠣᠯᠵᠤᠭ᠎ᠠ | ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠠᠭᠠᠯᠵᠠᠭᠰᠠᠨ ᠬᠠᠷᠠᠭᠠᠯᠵᠠᠯ ᠬᠦᠷᠳᠡᠨ᠎ᠠ᠃ | ᠬᠤᠶᠠᠷ ᠲᠤ ᠡᠷᠬᠡ ᠲᠡᠭᠰᠢ ᠪᠠᠷ ᠵᠥᠪᠳᠡᠯᠴᠡᠨ᠎ᠡ᠃ ᠤᠷᠢᠨ ᠲᠣᠮᠢᠯᠠᠬᠤ ᠬᠠᠷᠢᠴᠠᠭ᠎ᠠ ᠶᠢ ᠲᠣᠭᠲᠠᠭᠠᠬᠤ ᠶᠠᠪᠤᠴᠠ ᠳᠤ᠂ | ᠪᠠᠶᠢᠭᠤᠯᠭ᠎ᠠ ᠬᠢᠭᠡᠳ ᠤᠷᠢᠭᠳᠠᠬᠤ ᠠᠵᠢᠯᠲᠠᠨ ᠤ ᠪᠠᠶᠢᠷᠢ ᠰᠠᠭᠤᠷᠢ ᠪᠣᠯ ᠡᠷᠬᠡ ᠲᠡᠭᠰᠢ ᠶᠤᠮ᠃ ᠲᠤᠰᠢᠶᠠᠯ ᠳᠤ | ᠤᠷᠢᠭᠳᠠᠬᠤ ᠭᠡᠷ᠎ᠡ ᠲᠣᠭᠲᠠᠭᠠᠭᠰᠠᠨ ᠤ ᠳᠠᠷᠠᠭ᠎ᠠ᠂ ᠪᠠᠶᠢᠭᠤᠯᠭ᠎ᠠ ᠬᠢᠭᠡᠳ ᠤᠷᠢᠨ ᠲᠣᠮᠢᠯᠠᠬᠤ ᠳᠦᠷᠢᠮᠲᠦ ᠠᠯᠪᠠᠲᠠᠨ ᠨᠢ | ᠬᠤᠭᠤᠷᠤᠨᠳᠤ ᠪᠠᠨ ᠵᠠᠰᠠᠭ ᠵᠠᠬᠢᠷᠭᠠᠨ ᠤ ᠬᠠᠷᠢᠶᠠᠯᠠᠭᠳᠠᠬᠤ ᠬᠠᠷᠢᠴᠠᠭ᠎ᠠ ᠲᠠᠢ ᠪᠣᠯᠣᠭᠰᠠᠨ ᠪᠣᠯᠪᠠᠴᠣ ᠬᠤᠶᠠᠷ | ᠲᠠᠯ᠎ᠠ ᠪᠠᠷ ᠢᠶᠠᠨ ᠵᠥᠪᠳᠡᠯᠴᠡᠬᠦ ᠪᠠᠷ ᠳᠠᠮᠵᠢᠭᠠᠳ ᠤᠷᠢᠵᠤ ᠲᠣᠮᠢᠯᠠᠬᠤ ᠭᠡᠷ᠎ᠡ ᠶᠢ ᠬᠤᠪᠢᠷᠠᠭᠤᠯᠬᠤ ᠪᠤᠶᠤ ᠬᠦᠴᠦᠨ | ᠦᠭᠡᠢ ᠪᠣᠯᠭᠠᠵᠤ ᠪᠣᠯᠣᠨ᠎ᠠ᠃ ᠭᠤᠷᠪᠠ ᠳᠤ ᠤᠷᠢᠬᠤ ᠬᠤᠭᠤᠴᠠᠭ᠎ᠠ ᠨᠢ ᠲᠣᠳᠣᠷᠬᠠᠶ ᠪᠣᠯᠪᠠ᠃ ᠤᠷᠢᠨ ᠲᠣᠮᠢᠯᠠᠬᠤ | ᠳᠦᠷᠢᠮᠲᠦ ᠠᠯᠪᠠᠲᠠᠨ ᠤ ᠤᠷᠢᠨ ᠲᠣᠮᠢᠯᠠᠬᠤ ᠬᠤᠭᠤᠴᠠᠭ᠎ᠠ ᠨᠢ ᠲᠤᠲᠤᠷᠬᠠᠢ᠂ ᠤᠷᠢᠵᠤ ᠲᠣᠮᠢᠯᠠᠬᠤ ᠭᠡᠷ᠎ᠡ ᠶᠢᠨ | ᠬᠤᠭᠤᠴᠠᠭ᠎ᠠ ᠨᠢ ᠨᠢᠭᠡ ᠵᠢᠯ ᠠᠴᠠ ᠲᠠᠪᠤᠨ ᠵᠢᠯ ᠪᠣᠯᠣᠨ᠎ᠠ᠃ ᠤᠷᠢᠵᠤ ᠲᠣᠮᠢᠯᠠᠬᠤ ᠬᠤᠭᠤᠴᠠᠭᠠᠨ ᠳᠤ᠂ ᠤᠷᠢᠵᠤ | ᠲᠣᠮᠢᠯᠠᠬᠤ ᠠᠵᠢᠯᠲᠠᠨ ᠪᠣᠯ ᠠᠯᠪᠠᠲᠠᠨ ᠪᠣᠯᠣᠨ᠎ᠠ᠃ ᠤᠷᠢᠵᠤ ᠲᠣᠮᠢᠯᠠᠬᠤ ᠬᠤᠭᠤᠴᠠᠭ᠎ᠠ ᠨᠢ ᠳᠠᠭᠤᠰᠪᠠᠯ᠂ ᠤᠷᠢᠵᠤ | ᠲᠣᠮᠢᠯᠠᠬᠤ ᠬᠠᠷᠢᠴᠠᠭ᠎ᠠ ᠨᠢ ᠠᠶᠠᠨᠳᠠᠭᠠᠨ ᠬᠦᠴᠦᠨ ᠦᠭᠡᠢ ᠪᠣᠯᠵᠤ᠂ ᠤᠷᠢᠵᠤ ᠲᠤᠮᠢᠯᠠᠬᠤ ᠠᠵᠢᠯᠲᠠᠨ ᠨᠢ ᠠᠯᠪᠠᠲᠠᠨ | ᠪᠢᠰᠢ ᠪᠣᠯᠤᠨ᠎ᠠ᠃ | ᠠᠰᠠᠭᠤᠭᠰᠠᠨ ᠨᠢ᠄ ᠤᠷᠢᠨ ᠲᠣᠮᠢᠯᠠᠬᠤ ᠳᠦᠷᠢᠮᠲᠤ ᠠᠯᠪᠠᠲᠠᠨ ᠤ ᠬᠠᠮᠢᠶᠠᠷᠤᠯᠲᠠ ᠶᠢᠨ ᠠᠵᠢᠯ ᠠᠬᠢᠭᠤᠯᠬᠤ ᠳᠤ | ᠶᠠᠮᠠᠷ ᠶᠠᠮᠠᠷ ᠠᠰᠠᠭᠤᠳᠠᠯ ᠢ ᠠᠩᠬᠠᠷᠬᠤ ᠬᠡᠷᠡᠭᠲᠡᠶ ᠪᠤᠢ︖ | ᠬᠠᠷᠢᠭᠤᠯᠤᠭᠰᠠᠨ ᠨᠢ᠄ ᠤᠷᠢᠨ ᠲᠤᠮᠢᠯᠠᠬᠤ ᠳᠦᠷᠢᠮᠲᠦ ᠠᠯᠪᠠᠲᠠᠨ ᠢ ᠬᠡᠷᠡᠭᠯᠡᠬᠦ ᠳᠤ ᠣᠨᠴᠠ ᠲᠣᠭᠲᠠᠭᠰᠠᠨ | ᠬᠡᠪᠴᠢᠶ᠎ᠡ ᠲᠠᠢ᠂ ᠡᠨᠡ ᠪᠣᠯ ᠠᠯᠪᠠᠲᠠᠨ ᠣᠷᠣᠭᠤᠯᠬᠤ ᠠᠷᠭ᠎ᠠ ᠵᠠᠮ ᠢ ᠥᠷᠭᠡᠳᠬᠡᠬᠦ ᠴᠢᠬᠤᠯᠠ ᠨᠢᠭᠡ ᠵᠦᠢᠯ ᠤᠨ | ᠨᠥᠬᠦᠪᠥᠷᠢ ᠬᠡᠯᠪᠡᠷᠢ ᠪᠣᠯᠤᠨ᠎ᠠ᠂ ᠬᠠᠷᠢᠨ ᠪᠤᠰᠤᠳ ᠠᠷᠭ᠎ᠠ ᠵᠠᠮ ᠢ ᠣᠷᠣᠯᠠᠭᠤᠯᠬᠤ ᠶᠢᠨ ᠲᠤᠰᠠᠳᠠ ᠭᠠᠷᠭᠠᠭᠰᠠᠨ | ᠵᠦᠢᠯ ᠪᠢᠰᠢ᠃ ᠢᠯᠡ ᠪᠠᠷ ᠤᠷᠢᠨ ᠡᠯᠰᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠳᠡᠰ ᠳᠠᠷᠠᠭᠠᠯᠠᠯ ᠪᠣᠯᠣᠨ | ᠨᠥᠬᠦᠴᠡᠯ ᠢ ᠴᠢᠩᠳᠠᠯᠠᠨ᠂ ᠰᠢᠭᠤᠳ ᠤᠷᠢᠭᠰᠠᠳ ᠲᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ ︽ | ᠲᠣᠭᠲᠠᠭᠠᠯ︾ ᠶᠣᠰᠣᠭᠠᠷ᠂ ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠲᠤᠰᠢᠶᠠᠯ ᠳᠤ ᠤᠷᠢᠨ | ᠲᠣᠮᠢᠯᠠᠭᠳᠠᠬᠤ ᠠᠯᠪᠠᠲᠠᠨ ᠤ ᠨᠥᠬᠦᠴᠡᠯ ᠳᠤ ᠨᠡᠶᠢᠴᠡᠭᠰᠡᠳ ᠢ ᠲᠣᠮᠢᠯᠠᠬᠤ ᠳᠦᠷᠢᠮᠲᠤ ᠠᠯᠪᠠᠲᠠᠨ ᠪᠣᠯᠭᠠᠨ | ᠬᠤᠪᠢᠷᠠᠭᠤᠯᠵᠤ ᠪᠣᠯᠤᠨ᠎ᠠ᠃ ᠡᠨᠡ ᠪᠣᠯ ᠲᠤᠰᠢᠶᠠᠯ ᠤᠨ ᠲᠠᠲᠠᠬᠤ ᠬᠦᠴᠦᠨ ᠢ ᠨᠡᠮᠡᠭᠳᠡᠭᠦᠯᠬᠦ ᠲᠦᠷᠦ ᠶᠢᠨ ᠪᠤᠳᠤᠯᠭ᠎ᠠ᠂ | ᠭᠡᠪᠡᠴᠦ ᠣᠷᠣᠭᠤᠯᠬᠤ ᠳᠠᠭᠠᠨ ᠴᠢᠩᠭ᠎ᠠ ᠬᠠᠷᠢᠭᠤᠴᠠᠯᠭ᠎ᠠ ᠲᠠᠢ ᠪᠠᠶᠢᠵᠤ᠂ ᠬᠡᠷᠡᠭᠵᠢᠭᠦᠯᠬᠦ ᠳᠦᠷᠢᠮ ᠤᠨ ᠦᠨᠦᠷ ᠠᠮᠲᠠ | ᠶᠢ ᠨᠢ ᠬᠤᠪᠢᠷᠠᠭᠤᠯᠬᠤ ᠠᠴᠠ ᠪᠣᠯᠭᠤᠮᠵᠢᠯᠠᠬᠤ ᠬᠡᠷᠡᠭᠲᠡᠶ᠃ ᠬᠡᠷᠡᠭᠵᠢᠭᠦᠯᠬᠦ ᠠᠵᠢᠯ ᠤᠨ ᠬᠥᠭ ᠠᠶᠢᠵᠠᠮ ᠢ | ᠲᠡᠩᠴᠡᠭᠦᠯᠵᠦ᠂ ᠲᠤᠰ ᠭᠠᠵᠠᠷ ᠣᠷᠣᠨ ᠲᠤᠰ ᠰᠠᠯᠠᠭ᠎ᠠ ᠮᠦᠴᠢᠷ ᠤᠨ ᠢᠶᠠᠨ ᠪᠤᠳᠠᠲᠠᠢ ᠲᠠᠢ ᠤᠶᠠᠯᠳᠤᠭᠤᠯᠤᠨ᠂ | ᠪᠣᠳᠠᠲᠠᠶ ᠪᠠᠶᠢᠳᠠᠯ ᠢ ᠪᠣᠳᠠᠲᠠᠶ ᠪᠠᠷ ᠵᠠᠳᠠᠯᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠵᠦ ᠲᠣᠬᠢᠷᠠᠭᠰᠠᠨ ᠴᠠᠭ ᠲᠤ | ᠡᠮᠬᠢ ᠵᠢᠷᠤᠮ ᠲᠠᠢ ᠶᠠᠪᠤᠭᠳᠠᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ |