ᠥᠪᠥᠷ ᠵᠠᠰᠠᠭ ᠠᠯᠪᠠᠨ ᠲᠠᠷᠬᠠᠭᠠᠭᠰᠠᠨ ﹇2017﹈ 83 ᠳ᠋ᠤᠭᠠᠷ ᠲᠤᠭᠠᠳᠤ | 2017 ᠣᠨ ᠤ 5 ᠳ᠋ᠤᠭᠠᠷ ᠰᠠᠷ᠎ᠠ ᠶᠢᠨ 15 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠤᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | | | 201 7 ᠣᠨ ᠤ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ | | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠢ ᠲᠥᠷᠭᠡᠳᠬᠡᠨ ᠪᠠᠶᠢᠭᠤᠯᠬᠤ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ︽ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ | ᠬᠦᠲᠦᠯᠪᠦᠷᠢ ︵2015 - 2020 ᠣᠨ︶︾ ︵ᠲᠥᠪ ᠲᠠᠷᠬᠠᠭᠠᠭᠰᠠᠨ ﹇2015﹈ 36 ᠳ᠋ᠤᠭᠠᠷ ᠲᠣᠭᠠᠲᠤ︶ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽︿ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠦᠲᠦᠯᠪᠦᠷᠢ ︵2015 — 2020 ᠣᠨ︶﹀ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠦᠯ︾ ︵ᠥᠪᠥᠷ ᠨᠠᠮ ᠲᠠᠷᠬᠠᠭᠠᠭᠰᠠᠨ ﹇2017﹈ | 6 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠭ ᠣᠷᠣᠨ ᠤ ᠪᠣᠳᠠᠲᠠᠶ ᠲᠠᠢ | ᠤᠶᠠᠯᠳᠤᠭᠤᠯᠤᠨ᠂ ᠲᠤᠰ ᠲᠥᠯᠥᠪᠯᠡᠭᠡ ᠶᠢ ᠲᠣᠭᠲᠠᠭᠠᠪᠠ᠃ | ᠨᠢᠭᠡ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠪᠦᠬᠦ ᠲᠠᠯ᠎ᠠ ᠪᠠᠷ | ᠭᠦᠢᠴᠡᠳᠬᠡᠨ᠎ᠡ | ︵ᠨᠢᠭᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠤᠨ ᠲᠦᠷᠢᠮ ᠳᠤ ᠲᠣᠳᠣᠷᠬᠠᠶ ᠲᠣᠭᠲᠠᠭᠠᠭᠰᠠᠨ | ᠬᠢᠨᠠᠨ ᠵᠥᠪᠰᠢᠶᠡᠷᠡᠬᠦ ᠳᠡᠰ ᠱᠠᠲᠤᠨ ᠤ ᠵᠦᠢᠯ ᠠᠴᠠ ᠪᠤᠰᠤᠳ᠂ 2017 ᠣᠨ ᠤ ᠵᠢᠯ ᠤᠨ ᠰᠡᠭᠦᠯᠴᠢ ᠠᠴᠠ ᠡᠮᠦᠨ᠎ᠡ | ᠤᠯᠠᠨ ᠲᠦᠮᠡᠨ ᠳᠤ ᠰᠢᠭᠤᠳ ᠬᠠᠨᠳᠤᠭᠤᠯᠤᠭᠰᠠᠨ᠂ ᠬᠡᠮᠵᠢᠶ᠎ᠡ ᠪᠠᠷ ᠶᠡᠭᠡ ᠬᠡᠪᠴᠢᠶ᠎ᠡ ᠪᠠᠷ ᠥᠷᠭᠡᠨ᠂ ᠦᠨᠳᠦᠰᠦᠨ | ᠱᠠᠲᠤᠨ ᠳᠤ ᠬᠡᠷᠡᠭᠵᠢᠭᠦᠯᠬᠦ ᠳᠤ ᠨᠡᠩ ᠲᠦᠭᠦᠮ ᠳᠦᠳᠡ ᠪᠦᠲᠦᠮᠵᠢᠲᠡᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠵᠦᠢᠯ ᠢ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠠᠵᠢᠯ ᠤᠨ ᠰᠠᠯᠠᠭ᠎ᠠ ᠮᠥᠴᠢᠷ ᠲᠤ | ᠪᠠᠭᠤᠯᠭᠠᠵᠤ ᠬᠠᠮᠢᠶᠠᠷᠤᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠨᠢ ᠨᠢᠭᠡᠨᠲᠡ ᠬᠦᠴᠦᠨ ᠦᠭᠡᠶ ᠪᠣᠯᠭᠠᠭᠰᠠᠨ ᠪᠠ ᠳᠣᠷᠣᠭᠰᠢ ᠪᠠᠭᠤᠯᠭᠠᠭᠰᠠᠨ ᠵᠠᠰᠠᠭ | ᠵᠠᠬᠢᠷᠭᠠᠨ ᠤ ᠡᠷᠬᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠ ᠪᠦᠲᠦᠮᠵᠢᠲᠠᠢ ᠵᠣᠯᠭᠠᠭᠤᠯᠤᠨ᠎ᠠ᠃ ᠡᠯ᠎ᠡ | ᠱᠠᠲᠤᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠬᠢᠨᠠᠨ | ᠬᠠᠮᠢᠶᠠᠷᠬᠤ ᠲᠠᠪᠴᠠᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ | ᠬᠤᠭᠤᠷᠤᠨᠳᠤ ᠪᠠᠨ ᠬᠥᠨᠳᠡᠯᠡᠨ ᠢᠶᠠᠷ ᠬᠤᠯᠪᠣᠯᠳᠤᠬᠤ ᠵᠢᠴᠢ ᠳᠡᠭᠡᠳᠦ ᠲᠤᠤᠷᠠᠳᠤ ᠱᠠᠲᠤᠨ ᠤ ᠰᠠᠯᠠᠭ᠎ᠠ ᠮᠥᠴᠢᠷ ᠤᠨ | ᠬᠤᠭᠤᠷᠤᠨᠳᠤ ᠪᠠᠨ ᠭᠤᠯᠳᠤ ᠪᠠᠷ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ | ᠵᠠᠬᠢᠷᠭᠠᠨ ᠤ ᠵᠥᠪᠰᠢᠶᠡᠷᠡᠬᠦ ᠡᠷᠬᠡ ᠶᠢᠨ ᠲᠤᠷᠰᠢᠯᠲᠠ ᠶᠢᠨ ᠠᠵᠢᠯ ᠢ ᠲᠦᠷᠭᠡᠳᠬᠡᠨ ᠠᠬᠢᠭᠤᠯᠤᠨ᠎ᠠ᠃ ᠲᠤᠷᠰᠢᠯᠲᠠ ᠶᠢᠨ | ᠪᠤᠰᠤ ᠭᠠᠵᠠᠷ ᠣᠷᠣᠨ ᠬᠠᠮᠢᠶ᠎ᠠ ᠪᠦᠬᠦᠢ ᠰᠠᠭᠤᠷᠢ ᠪᠡᠯᠡᠳᠬᠡᠯ ᠠᠵᠢᠯ ᠢ ᠰᠠᠶᠢᠲᠤᠷ ᠬᠢᠵᠦ᠂ ᠬᠠᠷᠢᠴᠠᠩᠭᠤᠢ ᠪᠠᠷ | ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠬᠡᠷᠡᠭᠵᠢᠭᠦᠯᠬᠦ ᠳᠤ ᠰᠠᠭᠤᠷᠢ ᠶᠢ ᠰᠠᠶᠢᠲᠤᠷ ᠲᠠᠯᠪᠢᠨ᠎ᠠ᠃ | ︵ᠬᠤᠶᠠᠷ︶ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠳᠦᠷᠢᠮ ᠢ ᠬᠦᠴᠦᠲᠡᠢ ᠶᠠᠪᠤᠭᠳᠠᠭᠤᠯᠬᠤ ᠶᠢᠨ | ᠬᠠᠮᠲᠤ ᠬᠥᠳᠡᠯᠦᠩᠭᠦᠶ ᠪᠠᠶᠢᠳᠠᠯ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠱᠠᠲᠤᠨ ᠤ ᠵᠠᠰᠠᠭ ᠤᠨ | ᠣᠷᠳᠣᠨ ᠤ ᠬᠡᠷᠡᠭᠵᠢᠭᠦᠯᠵᠦ ᠪᠦᠬᠦᠢ ᠵᠠᠰᠠᠭ ᠵᠠᠬᠢᠷᠭᠠᠨ ᠤ ᠡᠷᠬᠡ ᠪᠦᠬᠦᠨ ᠳᠤ ᠨᠠᠷᠢᠨ ᠳᠠᠩᠰᠠᠴᠢᠯᠠᠭᠰᠠᠨ | ᠬᠠᠮᠢᠶᠠᠷᠤᠯᠲᠠ ᠶᠢ ᠬᠡᠷᠡᠭᠵᠢᠭᠦᠯᠵᠦ᠂ ᠨᠠᠷᠢᠨ ᠳᠠᠩᠰᠠ ᠶᠢᠨ ᠬᠠᠮᠢᠶᠠᠷᠤᠯᠲᠠ ᠪᠠᠷ ᠵᠠᠰᠠᠭ ᠢ ᠴᠣᠮᠬᠠᠳᠬᠠᠨ ᠡᠷᠬᠡ ᠶᠢ | ᠪᠠᠭᠤᠯᠭᠠᠬᠤ ᠶᠢ ᠲᠦᠯᠬᠢᠨ ᠠᠬᠢᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠣᠷᠳᠣᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ | ᠦᠨᠡᠮᠯᠡᠯ ᠤᠨ ᠵᠦᠢᠯᠡᠰ ᠤᠨ ᠨᠠᠷᠢᠨ ᠳᠠᠩᠰᠠ ᠶᠢ ᠨᠡᠶᠢᠲᠡᠯᠡᠨ᠎ᠡ᠃ ᠬᠤᠰᠢᠭᠤ ᠰᠢᠶᠠᠨ ︵ᠬᠤᠳᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰ ᠱᠠᠲᠤᠨ ᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠶᠢ ᠨᠡᠶᠢᠲᠡᠯᠡᠨ᠂ | ᠵᠢᠯ ᠤᠨ ᠰᠡᠭᠦᠯᠴᠢ ᠠᠴᠠ ᠡᠮᠦᠨ᠎ᠡ ᠲᠤᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠤᠨ | ᠵᠦᠢᠯᠡᠰ ᠤᠨ ᠨᠠᠷᠢᠨ ᠳᠠᠩᠰᠠ ᠶᠢ ᠨᠡᠶᠢᠲᠡᠯᠡᠨ᠎ᠡ᠃ ᠨᠢᠭᠡᠨᠲᠡ ᠪᠠᠶᠢᠭᠤᠯᠤᠭᠰᠠᠨ ᠡᠷᠬᠡ ᠬᠠᠷᠢᠭᠤᠴᠠᠯᠭ᠎ᠠ ᠶᠢᠨ ᠨᠠᠷᠢᠨ | ᠳᠠᠩᠰᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ᠂ | ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠤᠨ ᠵᠦᠢᠯᠡᠰ ᠤᠨ ᠨᠠᠷᠢᠨ ᠳᠠᠩᠰᠠ᠂ ᠤᠯᠠᠨ ᠨᠡᠶᠢᠲᠡ ᠶᠢᠨ | ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ᠂ ᠮᠠᠰᠢᠨ ᠤ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ | ᠨᠠᠷᠢᠨ ᠳᠠᠩᠰᠠ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠤᠨ | ᠭᠠᠷᠴᠠᠭ ᠤᠨ ᠨᠠᠷᠢᠨ ᠲᠠᠩᠰᠠ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ | ᠮᠥᠩᠭᠦ ᠵᠨ ᠭᠠᠷᠴᠠᠭ ᠤᠨ ᠨᠠᠷᠢᠨ ᠲᠠᠩᠰᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ | ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠳᠠᠩᠰᠠ ᠪᠦᠬᠦᠨ ᠳᠤ ᠬᠥᠳᠡᠯᠦᠩᠭᠦᠶ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ | ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠵᠠᠰᠠᠭ ᠵᠠᠬᠢᠷᠭᠠᠨ ᠤ | ᠡᠷᠬᠡ ᠳᠤ ᠬᠠᠣᠯᠢ ᠶᠣᠰᠣᠭᠠᠷ ᠲᠣᠬᠢᠷᠠᠭᠤᠯᠤᠯᠲᠠ ᠬᠢᠨ᠎ᠠ᠃ | ︵ᠭᠤᠷᠪᠠ︶ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ | ᠳᠠᠩᠰᠠ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠳ ᠤᠨ ︽ᠭᠤᠷᠪᠠ ᠶᠢ ᠲᠣᠭᠲᠠᠭᠠᠬᠤ︾ ᠲᠣᠭᠲᠠᠭᠠᠯ ᠢ ᠥᠷᠭᠦᠯᠵᠢᠯᠡᠨ ᠡᠮᠬᠢᠯᠡᠨ᠎ᠡ᠃ | ︵ᠲᠦᠷᠪᠡ︶ ᠬᠤᠷᠸ᠎ᠠ ᠲᠣᠬᠢᠷᠠᠭᠤᠯᠭ᠎ᠠ ᠡᠵᠡᠮᠰᠢᠯ ᠢ ᠲᠡᠭᠦᠯᠳᠡᠷᠵᠢᠭᠦᠯᠦᠨ᠎ᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠬᠢᠨᠠᠨ ᠵᠥᠪᠰᠢᠶᠡᠷᠡᠭᠰᠡᠨ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ ᠭᠠᠷᠴᠠᠭ︾ ᠲᠤ ᠵᠠᠰᠠᠪᠤᠷᠢ ᠣᠷᠣᠭᠤᠯᠤᠨ᠎ᠠ᠃ ᠵᠠᠰᠠᠭ ᠤᠨ ᠣᠷᠳᠣᠨ ᠪᠣᠯᠤᠨ ᠨᠡᠶᠢᠭᠡᠮ ᠤᠨ | ᠬᠦᠷᠦᠩᠭᠡ ᠶᠢᠨ ᠬᠠᠮᠲᠤᠷᠠᠯᠴᠠᠭᠠᠨ ᠤ ᠵᠠᠭᠪᠤᠷ ᠢ ᠲᠡᠭᠦᠯᠳᠡᠷᠵᠢᠭᠦᠯᠵᠦ᠂ ︽ᠵᠠᠰᠠᠭ ᠤᠨ ᠣᠷᠳᠣᠨ ᠪᠣᠯᠤᠨ ᠨᠡᠶᠢᠭᠡᠮ ᠤᠨ | ᠬᠥᠷᠥᠩᠭᠡ ᠶᠢᠨ ᠬᠠᠮᠲᠤᠷᠠᠯᠴᠠᠭᠠᠨ ︵PPP︶ ᠤ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠤᠨ ᠮᠡᠳᠡᠭᠡ | ᠵᠠᠩᠭᠢ ᠶᠢ ᠢᠯᠡ ᠪᠣᠯᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠨᠠᠶᠢᠳᠠᠪᠤᠷᠢᠵᠢᠭᠤᠯᠤᠨ᠂ ᠬᠠᠮᠢᠶ᠎ᠠ | ᠪᠦᠬᠦᠢ ᠲᠦᠷᠦᠯ ᠵᠦᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠴᠢᠩᠭᠠᠳᠬᠠᠨ ᠵᠢᠷᠤᠮᠵᠢᠭᠤᠯᠤᠨ᠎ᠠ᠃ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠲᠣᠭᠲᠠᠭᠠᠬᠤ ᠭᠠᠷᠴᠠᠭ︾ ᠢ | ᠬᠡᠷᠡᠭᠵᠢᠭᠦᠯᠦᠨ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠤᠲᠤᠷᠬᠠᠢ ᠲᠣᠭᠲᠠᠭᠠᠭᠰᠠᠨ | ᠶᠣᠰᠣᠭᠠᠷ ᠦᠨ᠎ᠡ ᠬᠠᠩᠰᠢ ᠲᠣᠭᠲᠠᠭᠠᠬᠤ ᠭᠠᠷᠴᠠᠭ ᠲᠤ ᠣᠷᠣᠬᠤ ᠪᠤᠶᠤ ᠭᠠᠷᠬᠤ ᠲᠥᠷᠥᠯ ᠵᠦᠢᠯ ᠢ ᠵᠣᠬᠢᠬᠤ ᠠᠷᠭ᠎ᠠ | ᠮᠠᠶ᠋ᠢᠭ ᠢᠶᠠᠷ ᠨᠡᠶᠢᠭᠡᠮ ᠳᠤ ᠨᠡᠶᠢᠲᠡᠯᠡᠨ᠎ᠡ᠃ | ︵ᠲᠠᠪᠤ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠤᠨ | ᠲᠠᠩᠰᠠᠯᠠᠯᠳᠠ ᠶᠢ ᠳᠦᠭᠦᠮ ᠢᠶᠠᠷ ᠬᠦᠴᠦᠨ ᠦᠭᠡᠢ ᠪᠣᠯᠭᠠᠬᠤ ᠥᠭᠡᠷᠡᠴᠢᠯᠡᠯᠲᠡ ᠶᠢᠨ ᠲᠤᠷᠰᠢᠯᠲᠠ ᠬᠢᠭᠰᠡᠨ | ᠲᠤᠷᠰᠢᠯᠭ᠎ᠠ ᠶᠢ ᠳ᠋ᠦ᠋ᠶᠢᠩᠨᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠵᠤ | ᠠᠬᠤᠶᠢᠯᠠᠯ ᠤᠨ ᠲᠠᠩᠰᠠᠯᠠᠯᠳᠠ ᠶᠢ ᠳᠦᠭᠦᠮ ᠢᠶᠠᠷ ᠬᠦᠴᠦᠨ ᠦᠭᠡᠢ ᠪᠣᠯᠭᠠᠬᠤ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠨ ᠲᠡᠮᠳᠡᠭᠯᠡᠭᠦᠯᠦᠭᠰᠡᠨ ᠣᠯᠠᠨ | ᠦᠨᠡᠮᠯᠡᠯ ᠢ ᠨᠡᠶᠢᠯᠡᠭᠦᠯᠵᠦ ᠨᠢᠭᠡ ᠪᠣᠯᠭᠠᠬᠤ ᠶᠢ ᠲᠦᠷᠭᠡᠳᠬᠡᠵᠦ᠂ ︽ᠦᠨᠡᠮᠯᠡᠯ ᠢ ᠬᠠᠰᠤᠵᠤ ᠠᠷᠠᠳ ᠲᠤ ᠳᠥᠭᠦᠮ | ᠦᠵᠡᠭᠦᠯᠬᠦ︾ ᠲᠤᠰᠬᠠᠶ ᠠᠵᠢᠯᠯᠠᠭ᠎ᠠ ᠶᠢ ᠦᠷᠨᠢᠭᠦᠯᠦᠨ᠎ᠡ᠃ ᠬᠡᠷᠡᠭ ᠤᠴᠢᠷ ᠤᠨ ᠳᠤᠮᠳᠠᠬᠢ ᠪᠠ ᠬᠡᠷᠡᠭ ᠤᠴᠢᠷ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢᠨ ᠪᠦᠷᠢᠨ ᠪᠦᠷᠭᠦᠯᠲᠡ ᠶᠢ ᠪᠡᠶᠡᠯᠡᠭᠦᠯᠦᠨ᠎ᠡ᠃ ᠤᠯᠤᠰ ᠤᠨ ᠠᠵᠤ ᠠᠬᠤᠶᠢᠯᠠᠯ ᠤᠨ | ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠠᠷ ᠨᠡᠶᠢᠲᠡᠯᠡᠬᠦ ᠰᠢᠰᠲ᠋ᠧᠮ ᠤᠨ ︵ᠥᠪᠥᠷ ᠮᠣᠩᠭᠤᠯ︶ ᠪᠦᠳᠦᠭᠡᠨ | ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠵᠤ ᠠᠬᠤᠶᠢᠯᠠᠯ ᠤᠨ ᠮᠡᠳᠡᠭᠡ ᠵᠠᠩᠭᠢ ᠶᠢ | ᠨᠢᠭᠡᠳᠦᠯᠲᠡᠶ ᠴᠤᠭᠯᠠᠭᠤᠯᠵᠤ ᠢᠯᠡ ᠪᠠᠷ ᠨᠡᠶᠢᠲᠡᠯᠡᠬᠦ ᠠᠵᠢᠯ ᠢ ᠥᠷᠭᠦᠯᠵᠢᠯᠡᠨ ᠰᠠᠶᠢᠲᠤᠷ ᠬᠢᠨ᠎ᠡ᠃ ᠠᠵᠤ | ᠠᠬᠤᠶᠢᠯᠠᠯ ᠤᠨ ᠡᠵᠡᠩᠨᠡᠯᠲᠡ ᠶᠢᠨ ᠬᠡᠪ ᠤᠨ ᠪᠤᠰᠤ ᠨᠡᠷᠡᠰ ᠪᠣᠯᠣᠨ ᠬᠦᠨᠳᠦ ᠨᠣᠴᠢᠲᠠᠶ ᠪᠠᠷ ᠬᠠᠤᠯᠢ ᠠᠴᠠ ᠵᠥᠷᠢᠴᠡᠨ | ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠤᠨ ᠨᠡᠷᠡᠰ ᠤᠨ ᠬᠠᠮᠠᠭᠠᠯᠠᠯᠲᠠ ᠶᠢ ᠴᠢᠩᠭᠠᠳᠬᠠᠨ᠎ᠠ᠃ | ︵ᠵᠢᠷᠭᠤᠭ᠎ᠠ︶ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠎ᠡ᠃ ᠠᠵᠢᠯ ᠳᠦᠷᠦᠯ ᠤᠨ ᠨᠡᠶᠢᠭᠡᠮᠯᠢᠭ | ᠬᠤᠳᠠᠯᠳᠤᠭᠠᠴᠢᠳ ᠤᠨ ᠨᠡᠶᠢᠭᠡᠮᠯᠢᠭ ᠢ ᠵᠢᠯᠣᠭᠤᠳᠴᠤ ᠥᠪᠡᠷ ᠢ ᠪᠠᠨ ᠡᠵᠡᠮᠳᠡᠬᠦ ᠨᠡᠶᠢᠲᠡ ᠶᠢᠨ ᠭᠡᠷ᠎ᠡ ᠲᠣᠭᠲᠠᠭᠠᠨ᠎ᠠ᠃ | ᠤᠳᠤᠷᠢᠳᠬᠤ ᠺᠠᠳ᠋ᠷᠴᠤᠳ ᠤᠨ ᠠᠶᠤᠯ ᠥᠭᠡᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ ᠲᠥᠷᠢᠮ ᠢ | ᠴᠢᠩᠭ᠎ᠠ ᠬᠡᠷᠡᠭᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠬᠦᠷᠢᠶ᠎ᠡ ᠴᠠᠷᠠᠭ᠎ᠠ ᠶᠢᠨ ᠡᠯ᠎ᠡ ᠵᠦᠢᠯ ᠤᠨ | ᠥᠭᠡᠷᠡᠴᠢᠯᠡᠯᠲᠡ ᠶᠢᠨ ᠠᠷᠭ᠎ᠠ ᠪᠠᠷᠢᠯ ᠪᠣᠯᠣᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ 2017 ᠣᠨ ᠤ ᠵᠢᠯ ᠤᠨ ᠰᠡᠭᠦᠯᠴᠢ ᠠᠴᠠ ᠡᠮᠦᠨ᠎ᠡ᠂ | ᠥᠪᠡᠷᠲᠡᠭᠡᠨ ᠵᠠᠰᠠᠬᠤ ᠣᠷᠣᠨ ᠤ ᠡᠯ᠎ᠡ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠲᠡᠭᠦᠨ ᠤ ᠬᠢᠨᠠᠨ ᠬᠠᠮᠢᠶᠠᠷᠴᠤ ᠪᠠᠶᠢᠭ᠎ᠠ ᠠᠵᠢᠯ ᠲᠦᠷᠦᠯ ᠪᠣᠯᠣᠨ ᠬᠦᠷᠢᠶ᠎ᠡ ᠴᠠᠷᠠᠭ᠎ᠠ ᠳᠠᠭᠠᠨ ᠠᠶᠤᠯ ᠥᠭᠡᠢ | ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠵᠤ᠂ | ᠵᠢᠯ ᠤᠨ ᠳᠣᠲᠣᠷ᠎ᠠ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠵᠤ ᠠᠬᠤᠶᠢᠯᠠᠯ ᠢ ᠰᠤᠩᠭᠤᠨ ᠠᠶᠤᠯ ᠥᠭᠡᠢ | ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠥᠳᠥᠭᠡᠨ ᠪᠠᠶᠢᠭᠤᠯᠤᠯᠲᠠ ᠶᠢᠨ ᠲᠤᠷᠰᠢᠯᠲᠠ ᠬᠢᠨ᠎ᠡ᠃ ᠡᠯ᠎ᠡ | ᠱᠠᠲᠤᠨ ᠤ ᠠᠶᠤᠯ ᠥᠭᠡᠢ ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠲᠥᠪ ᠢ ᠵᠡᠷᠭᠡ ᠪᠠᠷ ᠪᠦᠲᠦᠭᠡᠨ ᠪᠠᠶᠢᠭᠤᠯᠵᠤ᠂ | ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠰᠤᠳᠤᠯᠤᠨ ᠨᠤᠳᠠᠯᠬᠤ ᠬᠠᠮᠢᠶ᠎ᠠ ᠪᠦᠬᠦᠢ ᠵᠥᠭᠡᠯᠡᠨ ᠲᠤᠨᠤᠭᠯᠠᠯ ᠤᠨ | ᠰᠢᠰᠲ᠋ᠧᠮ ᠢ ᠰᠤᠳᠤᠯᠤᠨ ᠨᠡᠭᠡᠭᠡᠨ᠎ᠡ᠃ ︽ᠳᠥᠷᠪᠡᠨ ᠬᠠᠮᠤᠭ ᠠᠴᠠ ᠴᠢᠩᠭ᠎ᠠ ᠪᠠᠶᠢᠬᠤ︾ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠢ ᠡᠬᠢ ᠡᠭᠦᠰᠦᠯ ᠠᠴᠠ ᠨᠢ ᠵᠠᠰᠠᠬᠤ | ᠪᠠ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ︵ᠲᠤᠯᠤᠭ᠎ᠠ︶ ᠤᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠶᠢ ᠲᠤᠰ ᠱᠠᠲᠤᠨ ᠤ ᠪᠠᠨ ᠤᠯᠤᠰ ᠠᠷᠠᠳ ᠤᠨ ᠠᠵᠤ ᠠᠬᠤᠶ ᠪᠣᠯᠣᠨ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠳᠤ ᠣᠷᠣᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠦᠨᠳᠦᠰᠦᠨ ᠴᠢᠨᠠᠷᠲᠠᠢ᠂ ᠠᠳᠠᠯᠢ | ᠲᠡᠭᠰᠢ ᠴᠢᠨᠠᠷᠲᠠᠢ᠂ ᠲᠦᠭᠦᠮ ᠦᠵᠡᠭᠦᠯᠬᠦ ᠴᠢᠨᠠᠷᠲᠠᠶ ᠪᠠᠶᠢᠬᠤ ᠱᠠᠭᠠᠷᠳᠠᠯᠭ᠎ᠠ ᠶᠣᠰᠣᠭᠠᠷ᠂ ᠤᠯᠠᠨ ᠨᠡᠶᠢᠲᠡ ᠶᠢᠨ | ᠰᠣᠶᠣᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠷ᠎ᠡ | ᠴᠢᠳᠠᠮᠵᠢ ᠶᠢ ᠳᠡᠭᠡᠭᠰᠢᠯᠡᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠤᠮᠵᠢ ᠶᠢᠨ ᠴᠢᠨᠠᠷᠲᠠᠶ ᠭᠠᠷᠴᠠᠭ︾ ᠲᠤ | ᠵᠠᠰᠠᠪᠤᠷᠢ ᠣᠷᠣᠭᠤᠯᠤᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠯ᠎ᠡ ᠰᠠᠯᠠᠭ᠎ᠠ ᠮᠥᠴᠢᠷ ᠤᠳ ᠲᠤᠰ | ᠰᠠᠯᠠᠭ᠎ᠠ ᠮᠥᠴᠢᠷ ᠤᠨ ᠢᠶᠠᠨ ᠵᠢᠯᠣᠭᠤᠳᠤᠮᠵᠢ ᠶᠢᠨ ᠴᠢᠨᠠᠷᠲᠠᠶ ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠢ | ᠪᠡᠶᠡᠯᠡᠭᠦᠯᠵᠦ᠂ ᠡᠯ᠎ᠡ ᠠᠶᠢᠮᠠᠭ ᠬᠤᠳᠠ ᠨᠢ ᠲᠤᠰ ᠠᠶᠢᠮᠠᠭ ᠬᠤᠳᠠ ᠶᠢᠨ ᠢᠶᠠᠨ ᠵᠢᠯᠣᠭᠤᠳᠤᠮᠵᠢ ᠶᠢᠨ ᠴᠢᠨᠠᠷᠲᠠᠶ | ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠨ᠎ᠡ᠃ | ︵ᠨᠠᠢᠮᠠ︶ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠷᠠᠭᠤᠯᠤᠨ᠎ᠠ᠃ ᠡᠯ᠎ᠡ | ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠣᠷᠴᠢᠨ ᠲᠣᠭᠤᠷᠢᠨ ᠢ | ᠬᠠᠮᠠᠭᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠲᠤᠤᠱᠯᠠᠭᠤᠯᠤᠨ ᠬᠡᠷᠡᠭᠵᠢᠭᠦᠯᠵᠦ᠂ ᠲᠤᠰ ᠭᠠᠵᠠᠷ | ᠣᠷᠣᠨ᠂ ᠲᠤᠰ ᠰᠢᠰᠲ᠋ᠧᠮ ᠤᠨ ᠢᠶᠠᠨ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠣᠯᠤᠨ ᠲᠣᠭᠲᠠᠭᠠᠵᠤ᠂ | ᠬᠠᠷᠢᠭᠤᠴᠠᠯᠭ᠎ᠠ ᠶᠢ ᠲᠤᠲᠤᠷᠬᠠᠶᠢᠯᠠᠨ᠎ᠠ᠃ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠶ ᠣᠷᠴᠢᠨ | ᠲᠣᠭᠤᠷᠢᠨ ᠪᠣᠯᠣᠨ ᠡᠬᠢ ᠪᠠᠶᠠᠯᠢᠭ ᠤᠨ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠵᠤ᠂ | ᠤᠳᠤᠷᠢᠳᠬᠤ ᠺᠠᠳ᠋ᠷ ᠲᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠲᠤᠰᠢᠶᠠᠯ ᠠᠴᠠ ᠪᠠᠨ ᠰᠠᠯᠬᠤ ᠳᠤᠨᠢ | ᠬᠢᠨᠠᠨ ᠪᠣᠳᠣᠬᠤ ᠲᠤᠷᠰᠢᠯᠲᠠ ᠬᠢᠬᠦ ᠶᠢ ᠥᠷᠭᠦᠯᠵᠢᠯᠡᠨ ᠬᠡᠷᠡᠭᠵᠢᠭᠦᠯᠦᠨ᠎ᠡ᠃ | ᠬᠤᠶᠠᠷ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠷᠢᠮ ᠢ ᠲᠡᠭᠦᠯᠳᠡᠷᠵᠢᠭᠦᠯᠦᠨ᠎ᠡ | ︵ᠶᠢᠰᠦ︶ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ | ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠨᠣᠣᠷᠠᠭ ᠢ ᠲᠤᠭᠤᠷᠪᠢᠨ ᠲᠣᠭᠲᠠᠭᠠᠬᠤ ᠪᠣᠯᠣᠨ ᠳᠦᠷᠢᠮ | ᠲᠣᠭᠲᠠᠭᠠᠯ ᠢ ᠲᠣᠭᠲᠠᠭᠠᠬᠤ ᠲᠣᠭᠲᠠᠭᠠᠯ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠠᠷᠯᠢᠭ 91 ᠳ᠋ᠤᠭᠡᠷ ᠲᠣᠭᠠᠲᠤ︶ ᠳᠤ ᠵᠠᠰᠠᠪᠤᠷᠢ ᠣᠷᠣᠭᠤᠯᠤᠨ᠎ᠠ᠃ ᠨᠢᠭᠡ ᠠᠴᠠ ᠬᠤᠶᠠᠷ ᠴᠢᠬᠤᠯᠠ ᠪᠦᠬᠦᠢ ᠣᠷᠣᠨ | ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠥᠷᠢᠮ ᠲᠣᠭᠲᠠᠭᠠᠯ ᠢ ᠰᠤᠩᠭᠤᠵᠤ ᠬᠠᠤᠯᠢ | ᠲᠣᠭᠲᠠᠭᠠᠬᠤ ᠠᠴᠠ ᠡᠮᠦᠨᠡᠬᠢ ᠦᠨᠡᠯᠡᠨ ᠵᠢᠱᠢᠬᠦ ᠪᠠ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ | ᠦᠷᠭᠦᠯᠵᠢᠯᠡᠨ ᠦᠷᠨᠢᠭᠦᠯᠦᠨ᠎ᠡ᠃ ᠭᠤᠷᠪᠠᠳᠤᠭᠠᠷ ᠡᠲᠡᠭᠡᠳ ᠲᠤ ᠨᠠᠶᠢᠳᠠᠵᠤ ᠪᠠᠶᠢᠭᠠᠳ ᠣᠷᠣᠨ ᠨᠤᠲᠤᠭ ᠤᠨ | ᠴᠢᠨᠠᠷᠲᠠᠶ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠡᠭᠡ ᠨᠤᠤᠷᠠᠬ ᠲᠤᠭᠤᠷᠪᠢᠬᠤ ᠶᠢ | ᠬᠠᠶᠢᠨ ᠰᠦᠪᠡᠭᠴᠢᠯᠡᠨ᠎ᠡ᠃ | ︵ᠠᠷᠪᠠ︶ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠰᠠᠭ ᠤᠨ ᠣᠷᠳᠣᠨ ᠤ ᠬᠠᠤᠯᠢ ᠲᠣᠭᠲᠠᠭᠠᠬᠤ | ᠠᠵᠢᠯ ᠢ ᠴᠢᠩᠭᠠᠳᠬᠠᠨ᠎ᠠ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ | ᠲᠡᠭᠦᠯᠳᠡᠷᠵᠢᠭᠦᠯᠬᠦ ᠶᠢ ᠲᠥᠷᠭᠡᠳᠬᠡᠨ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠴᠦ᠂ ᠠᠷᠠᠳ | ᠢᠷᠭᠡᠳ ᠤᠨ ᠡᠷᠬᠡ ᠶᠢ ᠪᠠᠲᠤᠯᠠᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠠᠮᠢ ᠠᠬᠤᠶ ᠶᠢᠨ ᠣᠷᠴᠢᠨ | ᠲᠣᠭᠤᠷᠢᠨ ᠢ ᠬᠠᠮᠠᠭᠠᠯᠠᠬᠤ ᠪᠠ ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ | ᠴᠠᠷᠠᠭ᠎ᠠ ᠶᠢᠨ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠶᠢ ᠴᠢᠩᠭᠠᠳᠬᠠᠨ᠎ᠠ᠃ ᠦᠢᠯᠡᠳᠦᠯᠭᠡ ᠪᠠᠷ ᠭᠡᠷᠡᠴᠢᠯᠡᠭᠡᠳ | ᠨᠡᠯᠢᠶᠡᠳ ᠪᠣᠯᠪᠠᠰᠤᠷᠠᠩᠭᠤᠶ ᠪᠣᠯᠤᠭᠰᠠᠨ ᠥᠭᠡᠷᠡᠴᠢᠯᠡᠯᠲᠡ ᠶᠢᠨ ᠲᠤᠷᠰᠢᠯᠭ᠎ᠠ ᠪᠣᠯᠤᠨ ᠦᠷ᠎ᠡ ᠪᠦᠲᠦᠮᠵᠢᠲᠡᠶ | ᠥᠭᠡᠷᠡᠴᠢᠯᠡᠯᠲᠡ ᠶᠢᠨ ᠠᠷᠭ᠎ᠠ ᠪᠠᠷᠢᠯ ᠢ ᠴᠠᠭ ᠲᠤᠬᠠᠶ ᠳᠤᠨᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ | ᠪᠣᠯᠣᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠪᠣᠯᠭᠠᠨ᠎ᠠ᠃ | ︵ᠠᠷᠪᠠᠨ ᠨᠢᠭᠡ︶ ᠵᠠᠰᠠᠭ ᠤᠨ ᠣᠷᠳᠣᠨ ᠤ ᠬᠠᠣᠯᠢ ᠲᠣᠭᠲᠠᠭᠠᠬᠤ ᠳᠤ ᠤᠯᠠᠨ ᠨᠡᠶᠢᠲᠡ ᠶᠢᠨ | ᠣᠷᠣᠯᠴᠠᠯᠭ᠎ᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠬᠠᠤᠯᠢ ᠲᠣᠭᠲᠠᠭᠠᠬᠤ ᠭᠡᠷᠡᠴᠢᠯᠡᠭᠡ ᠰᠣᠨᠣᠰᠬᠤ ᠠᠷᠭ᠎ᠠ︾ | ᠶᠢ ᠲᠣᠭᠲᠠᠭᠠᠵᠤ ᠨᠡᠶᠢᠲᠡᠯᠡᠨ᠎ᠡ᠃ ᠨᠢᠭᠡ ᠠᠴᠠ ᠬᠤᠶᠠᠷ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ | ᠵᠠᠰᠠᠭ ᠤᠨ ᠣᠷᠳᠣᠨ ᠤ ᠲᠥᠷᠢᠮ ᠲᠣᠭᠲᠠᠭᠠᠯ ᠢ ᠬᠠᠤᠯᠢ ᠲᠣᠭᠲᠠᠭᠠᠬᠤ ᠳᠤ ᠵᠥᠪᠯᠡᠬᠦ ᠲᠥᠷᠥᠯ ᠵᠦᠢᠯ ᠪᠣᠯᠭᠠᠬᠤ ᠪᠠᠷ | ᠲᠣᠭᠲᠠᠭᠠᠨ᠎ᠠ᠃ | ︵ᠠᠷᠪᠠᠨ ᠬᠤᠶᠠᠷ︶ ᠲᠣᠭᠤᠷᠢᠭ ᠪᠠᠶᠢᠭᠤᠯᠤᠭᠰᠠᠨ ᠬᠤᠲᠠ ᠶᠢᠨ ᠵᠠᠰᠠᠭ ᠤᠨ ᠣᠷᠳᠣᠨ ᠤ ᠬᠠᠤᠯᠢ | ᠲᠣᠭᠲᠠᠭᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠲᠣᠭᠤᠷᠢᠭ ᠪᠠᠶᠢᠭᠤᠯᠤᠭᠰᠠᠨ ᠬᠤᠳᠠ ᠶᠢᠨ | ᠠᠷᠠᠳ ᠤᠨ ᠵᠠᠰᠠᠭ ᠤᠨ ᠣᠷᠳᠣᠨ ᠲᠤᠰ ᠬᠤᠳᠠ ᠶᠢᠨ ᠢᠶᠠᠨ ᠪᠤᠳᠠᠳᠤ ᠪᠠᠶᠢᠳᠠᠯ ᠪᠣᠯᠣᠨ ᠪᠣᠳᠠᠲᠠᠶ ᠬᠡᠷᠡᠭᠴᠡᠭᠡ ᠶᠢ | ᠦᠨᠳᠦᠰᠦᠯᠡᠨ᠂ ᠦᠨᠳᠦᠰᠦᠨ ᠬᠠᠤᠯᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠣᠷᠣᠨ | ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠳᠦᠷᠢᠮ ᠲᠣᠭᠲᠠᠭᠠᠯ ᠤᠨ ᠲᠣᠭᠲᠠᠭᠠᠯ ᠯᠤᠭ᠎ᠠ ᠬᠠᠷᠰᠢᠯᠳᠤᠬᠤ ᠦᠭᠡᠢ ᠪᠠᠶᠢᠬᠤ ᠤᠷᠢᠲᠠᠯ ᠳᠣᠣᠷ᠎ᠠ᠂ ᠬᠤᠳᠠ | ᠬᠥᠳᠡᠭᠡ ᠶᠢᠨ ᠪᠦᠳᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠲᠡᠦᠬᠡ | ᠰᠣᠶᠣᠯ ᠤᠨ ᠬᠠᠮᠠᠭᠠᠯᠠᠯᠲᠠ ᠵᠡᠷᠭᠡ ᠲᠠᠯ᠎ᠠ ᠶᠢᠨ ᠶᠠᠪᠤᠳᠠᠯ ᠳᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ | ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠨᠢ | ᠲᠣᠭᠤᠷᠢᠭ ᠪᠠᠶᠢᠭᠤᠯᠤᠭᠰᠠᠨ ᠬᠤᠲᠠ ᠶᠢᠨ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠤᠨ | ᠵᠢᠯᠣᠭᠤᠳᠤᠯᠭ᠎ᠠ ᠶᠢ ᠴᠢᠩᠭᠠᠳᠬᠠᠨ᠎ᠠ ᠃ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠬᠠᠤᠯᠢ ᠲᠣᠭᠲᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠲᠣᠭᠲᠠᠭᠠᠬᠤ | ᠬᠦᠴᠦᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ︵ᠠᠷᠪᠠᠨ ᠭᠤᠷᠪᠠ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠳᠠᠩᠰᠠᠯᠠᠨ ᠬᠢᠨᠠᠨ ᠪᠠᠶᠢᠴᠠᠭᠠᠬᠤ ᠳᠦᠷᠢᠮ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠡᠯᠧᠺᠲᠷᠣᠨ ᠢᠶᠠᠷ ᠮᠡᠳᠡᠭᠦᠯᠦᠨ ᠬᠦᠷᠭᠡᠬᠦ ᠶᠢ ᠳᠠᠩᠰᠠᠯᠠᠭᠤᠯᠬᠤ ᠳᠤ | ᠲᠣᠬᠢᠷᠠᠬᠤ ᠰᠢᠰᠲ᠋ᠧᠮ ᠢ ᠨᠡᠭᠡᠭᠡᠨ ᠬᠦᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠡᠯᠧᠺᠲᠷᠣᠨ ᠢᠶᠠᠷ | ᠮᠡᠳᠡᠭᠦᠯᠦᠨ ᠬᠦᠷᠭᠡᠵᠦ ᠳᠠᠩᠰᠠᠯᠠᠭᠤᠯᠬᠤ ᠲᠠᠪᠴᠠᠩ ᠤᠨ ᠬᠠᠮᠢᠶᠠᠷᠤᠯᠲᠠ ᠶᠢ ᠪᠡᠶᠡᠯᠡᠭᠦᠯᠦᠨ᠎ᠡ᠃ | ︵ᠠᠷᠪᠠᠨ ᠳᠥᠷᠪᠡ︶ ᠳᠦᠷᠢᠮ ᠲᠣᠭᠲᠠᠭᠠᠯ ᠪᠣᠯᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠢᠯᠭᠠᠷᠠᠭᠤᠯᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ᠂ ᠲᠣᠭᠤᠷᠢᠭ ᠪᠠᠶᠢᠭᠤᠯᠤᠭᠰᠠᠨ ᠬᠤᠲᠠ ᠶᠢᠨ ᠵᠠᠰᠠᠭ ᠤᠨ | ᠣᠷᠳᠣᠨ ᠤ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ | 2017 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃ | ᠭᠤᠷᠪᠠ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠵᠢᠭᠤᠯᠬᠤ᠂ | ᠠᠷᠠᠳᠴᠢᠯᠠᠯᠵᠢᠭᠤᠯᠬᠤ᠂ ᠬᠠᠤᠯᠢ ᠪᠠᠷ ᠵᠠᠰᠠᠵᠢᠭᠤᠯᠬᠤ ᠶᠢ ᠲᠦᠯᠬᠢᠨ ᠠᠬᠢᠭᠤᠯᠤᠨ᠎ᠠ | ︵ᠠᠷᠪᠠᠨ ᠲᠠᠪᠤ︶ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ | ᠪᠦᠷᠢᠨᠰᠢᠭᠦᠯᠦᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠤᠯᠢ ᠪᠠᠷ | ᠲᠣᠭᠲᠠᠭᠠᠭᠰᠠᠨ ᠵᠢᠷᠤᠮ ᠢ ᠴᠢᠩᠭ᠎ᠠ ᠬᠡᠷᠡᠭᠵᠢᠭᠦᠯᠵᠦ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠢᠶᠠᠨ | ᠪᠤᠳᠠᠲᠠᠢ ᠳᠤ ᠨᠡᠶᠢᠴᠡᠬᠦ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠢ | ᠲᠣᠭᠲᠠᠭᠠᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠭᠤᠣᠯ ᠵᠦᠢᠯᠡᠰ ᠤᠨ ᠬᠡᠪᠴᠢᠶ᠎ᠡ ᠪᠣᠯᠤᠨ ᠰᠢᠢᠳᠪᠦᠷᠢᠲᠦ | ᠪᠤᠳᠤᠯᠭ᠎ᠠ ᠲᠣᠭᠲᠠᠭᠠᠬᠤ ᠳᠡᠰ ᠳᠠᠷᠠᠭᠠᠯᠠᠯ ᠢ ᠲᠣᠭᠲᠠᠭᠠᠨ᠎ᠠ᠃ | ︵ᠠᠷᠪᠠᠨ ᠵᠢᠷᠭᠤᠭ᠎ᠠ︶ ᠤᠯᠠᠨ ᠨᠡᠶᠢᠲᠡ ᠶᠢᠨ ᠣᠷᠣᠯᠴᠠᠯᠭ᠎ᠠ ᠬᠢᠭᠡᠳ ᠪᠤᠲᠠᠲᠠᠢ ᠪᠦᠲᠦᠮᠵᠢ ᠶᠢ | ᠨᠡᠮᠡᠭᠳᠡᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ 2017 ᠣᠨ ᠤ ᠵᠢᠯ ᠤᠨ ᠰᠡᠭᠦᠯᠴᠢ ᠠᠴᠠ | ᠡᠮᠦᠨ᠎ᠡ᠂ ᠠᠰᠢᠭ ᠲᠤᠰᠠ ᠳᠤ ᠬᠤᠯᠪᠣᠭᠳᠠᠬᠤ ᠡᠲᠡᠭᠡᠳ᠂ ᠤᠯᠠᠨ ᠨᠡᠶᠢᠲᠡ ᠶᠢᠨ ᠲᠥᠯᠥᠭᠡᠯᠡᠭᠴᠢ᠂ ᠮᠡᠷᠭᠡᠵᠢᠯᠲᠡᠨ᠂ | ᠵᠠᠭᠤᠴᠢᠯᠠᠭᠤᠷ ᠵᠡᠷᠭᠡ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠤᠷᠠᠯ ᠳᠤ ᠰᠤᠯᠠ ᠣᠷᠣᠯᠴᠠᠬᠤ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠰᠢᠢᠳᠪᠦᠷᠢᠲᠦ ᠪᠤᠳᠤᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ | ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠣᠯᠤᠨ ᠰᠠᠯᠠᠭ᠎ᠠ ᠮᠥᠴᠢᠷ ᠤᠨ ᠶᠠᠪᠤᠳᠠᠯ ᠤᠨ | ᠬᠤᠷᠠᠯ ᠠᠴᠠ ᠬᠢᠨᠠᠨ ᠶᠠᠷᠢᠯᠴᠠᠭᠰᠠᠨ ᠴᠢᠬᠤᠯᠠ ᠥᠭᠡᠷᠡᠴᠢᠯᠡᠯᠲᠡ ᠶᠢᠨ ᠲᠥᠰᠦᠯ ᠪᠣᠯᠣᠨ ᠴᠢᠬᠤᠯᠠ ᠶᠡᠭᠡ ᠲᠦᠷᠦ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠡᠭᠡᠭᠰᠢ ᠲᠤᠰᠢᠶᠠᠵᠤ᠂ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ | ᠴᠢᠬᠤᠯᠠᠲᠠᠢ ᠠᠴᠠ ᠪᠤᠰᠤᠳ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠠᠴᠠ ᠡᠮᠦᠨ᠎ᠡ ᠨᠡᠶᠢᠭᠡᠮ ᠨᠡᠶᠢᠲᠡ ᠳᠤ | ᠰᠢᠢᠳᠪᠦᠷᠢᠲᠦ ᠪᠤᠳᠤᠯᠭ᠎ᠠ ᠶᠢᠨ ᠲᠥᠰᠦᠯ᠂ ᠰᠢᠢᠳᠪᠦᠷᠢᠲᠤ ᠪᠣᠳᠤᠯᠭ᠎ᠠ ᠲᠣᠭᠲᠠᠭᠠᠬᠤ ᠪᠠᠷᠢᠮᠲᠠ ᠶᠢ ᠨᠡᠶᠢᠭᠡᠮ ᠳᠤ | ᠨᠡᠶᠢᠲᠡᠯᠡᠨ᠂ ᠤᠯᠠᠨ ᠨᠡᠶᠢᠲᠡ ᠶᠢᠨ ᠰᠠᠨᠠᠯ ᠢ ᠥᠷᠭᠡᠨ ᠢᠶᠠᠷ ᠰᠣᠨᠣᠰᠤᠨ᠎ᠠ᠃ ᠡᠯ᠎ᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠢᠯᠠᠩᠭᠤᠶ᠎ᠠ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ | ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠣᠯᠠᠨ ᠨᠡᠶᠢᠲᠡ ᠶᠢᠨ | ᠲᠠᠪᠴᠠᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠴᠢᠩᠭᠠᠳᠬᠠᠨ᠂ ᠨᠡᠶᠢᠭᠡᠮ ᠤᠨ ᠬᠢᠨ ᠤ ᠠᠩᠬᠠᠷᠤᠯ ᠢ | ᠳᠡᠭᠡᠳᠦ ᠬᠡᠮᠵᠢᠶ᠎ᠡ ᠪᠠᠷ ᠲᠠᠲᠠᠭᠰᠠᠨ ᠰᠢᠢᠳᠪᠦᠷᠢᠲᠦ ᠪᠤᠳᠤᠯᠭ᠎ᠠ ᠶᠢᠨ ᠵᠦᠢᠯᠡᠰ ᠢ ᠪᠣᠯ ᠮᠡᠳᠡᠭᠡ ᠵᠠᠩᠭᠢ ᠶᠢ ᠢᠯᠡ | ᠪᠣᠯᠭᠠᠵᠤ᠂ ᠲᠠᠶᠢᠯᠪᠤᠷᠢᠯᠠᠨ ᠲᠤᠲᠤᠷᠬᠠᠶᠢᠯᠠᠵᠤ᠂ ᠰᠠᠨᠠᠯ ᠢ ᠬᠥᠯᠢᠶᠡᠨ ᠠᠪᠴᠤ ᠬᠡᠷᠡᠭᠯᠡᠭᠰᠡᠨ ᠪᠠᠶᠢᠳᠠᠯ ᠪᠣᠯᠣᠨ ᠤᠴᠢᠷ | ᠰᠢᠯᠲᠠᠭᠠᠨ ᠢ ᠴᠠᠭ ᠲᠣᠬᠠᠢ ᠳᠤᠨᠢ ᠬᠠᠷᠢᠭᠤ ᠲᠤᠰᠬᠠᠨ᠎ᠠ᠃ ᠰᠣᠶᠣᠯ ᠰᠤᠷᠭᠠᠨ ᠬᠥᠮᠦᠵᠢᠯ᠂ ᠡᠮᠴᠢᠯᠡᠭᠡ ᠡᠷᠡᠭᠦᠯ | ᠬᠠᠮᠠᠭᠠᠯᠠᠯ᠂ ᠡᠬᠢ ᠪᠠᠶᠠᠯᠢᠭ ᠤᠨ ᠨᠡᠭᠡᠭᠡᠨ ᠠᠰᠢᠭᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠲᠡ ᠶᠢᠨ | ᠬᠡᠷᠡᠭᠯᠡᠭᠡᠨ ᠤ ᠠᠵᠢᠯ ᠦᠢᠯᠡᠰ ᠵᠡᠷᠭᠡ ᠠᠷᠠᠳ ᠤᠨ ᠠᠮᠢᠳᠤᠷᠠᠯ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ | ᠵᠦᠢᠯᠡᠰ ᠤᠨ ᠲᠤᠬᠠᠢ ᠠᠷᠠᠳ ᠤᠨ ᠰᠠᠨᠠᠭ᠎ᠠ ᠶᠢ ᠪᠠᠶᠢᠴᠠᠭᠠᠬᠤ ᠲᠦᠷᠢᠮ ᠢ ᠶᠠᠪᠤᠭᠳᠠᠭᠤᠯᠤᠨ᠎ᠠ᠃ | ︵ᠠᠷᠪᠠᠨ ᠲᠤᠯᠤᠭ᠎ᠠ︶ ᠲᠤᠰᠬᠠᠶ ᠮᠡᠷᠭᠡᠵᠢᠯᠲᠡᠳ ᠤᠨ ᠨᠤᠲᠠᠯᠠᠯᠲᠠ ᠪᠣᠯᠣᠨ ᠠᠶᠤᠯ ᠲᠦᠭᠰᠢᠭᠦᠷᠢ ᠶᠢ ᠦᠨᠡᠯᠡᠨ | ᠵᠢᠱᠢᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠴᠦ ᠨᠤᠲᠠᠯᠠᠯᠲᠠ ᠬᠢᠬᠦ ᠲᠤᠰᠬᠠᠶ | ᠮᠡᠷᠭᠡᠵᠢᠯᠲᠡᠳ ᠤᠨ ᠬᠥᠮᠥᠷᠭᠡ ᠪᠠᠶᠢᠭᠤᠯᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠲᠤᠰᠬᠠᠶ ᠮᠡᠷᠭᠡᠵᠢᠯ ᠤᠨ | ᠬᠤᠪᠢᠶᠠᠷᠢ ᠬᠥᠮᠥᠷᠭᠡ ᠪᠠᠶᠢᠭᠤᠯᠤᠨ᠎ᠠ᠃ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ | ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠡᠰᠡᠭ ᠲᠤᠰᠬᠠᠶ ᠮᠡᠷᠭᠡᠵᠢᠯᠲᠡᠨ ᠤ ᠮᠡᠳᠡᠭᠡ ᠵᠠᠩᠭᠢ ᠪᠣᠯᠣᠨ | ᠨᠤᠲᠠᠯᠠᠯᠲᠠ ᠶᠢᠨ ᠰᠠᠨᠠᠯ ᠢ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠳᠡᠭᠡᠷ᠎ᠡ ᠲᠤᠷᠰᠢᠨ ᠢᠯᠡ ᠨᠡᠶᠢᠲᠡᠯᠡᠨ᠎ᠡ᠃ | ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠨᠡᠶᠢᠭᠡᠮ ᠤᠨ ᠠᠶᠤᠯ ᠲᠦᠭᠰᠢᠭᠦᠷᠢ ᠶᠢᠨ ᠲᠣᠭᠲᠠᠭᠤᠨ | ᠪᠠᠶᠢᠳᠠᠯ ᠢ ᠦᠨᠡᠯᠡᠨ ᠵᠢᠱᠢᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ︵ᠠᠷᠪᠠᠨ ᠨᠠᠢᠮᠠ︶ ᠬᠠᠤᠯᠢ ᠶᠣᠰᠣᠴᠢ ᠴᠢᠨᠠᠷ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃ 2017 | ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠳᠤ ᠬᠠᠤᠯᠢᠴᠢ ᠶᠢ | ᠨᠡᠶᠢᠳᠡᠮ ᠪᠠᠶᠢᠭᠤᠯᠤᠨ᠎ᠠ︔ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠬᠠᠤᠯᠢ ᠴᠠᠭᠠᠵᠠ ᠶᠢᠨ | ᠵᠥᠪᠯᠡᠭᠴᠢ ᠶᠢ ᠨᠡᠶᠢᠳᠡᠮ ᠪᠠᠶᠢᠭᠤᠯᠵᠤ᠂ ᠬᠡᠷᠡᠭᠴᠡᠭᠡ ᠪᠠᠨ ᠦᠨᠳᠦᠰᠦᠯᠡᠨ ᠠᠯᠪᠠᠨ ᠲᠤᠰᠢᠶᠠᠯᠳᠤ ᠬᠠᠤᠯᠢᠴᠢ ᠶᠢ | ᠲᠣᠬᠢᠷᠠᠭᠤᠯᠤᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ | ᠬᠠᠤᠯᠢ ᠴᠠᠭᠠᠵᠠ ᠶᠢᠨ ᠤᠴᠢᠷ ᠶᠠᠪᠤᠳᠠᠯ ᠶᠡᠬᠡᠲᠡᠢ ᠠᠵᠢᠯ ᠤᠨ ᠰᠠᠯᠠᠭ᠎ᠠ ᠮᠥᠴᠢᠷ ᠲᠤ ᠪᠣᠯ᠂ ᠲᠡᠭᠦᠨ ᠤ ᠡᠭᠦᠷᠭᠡᠯᠡᠬᠦ | ᠡᠭᠦᠷᠭᠡ ᠬᠠᠷᠢᠭᠤᠴᠠᠯᠭ᠎ᠠ ᠪᠣᠯᠣᠨ ᠡᠭᠦᠷᠭᠡ ᠳᠤᠨᠢ ᠲᠤᠬᠢᠷᠠᠬᠤ ᠲᠤᠰᠬᠠᠶ ᠲᠤᠰᠢᠶᠠᠯᠲᠤ ᠠᠵᠢᠯᠲᠠᠨ ᠲᠣᠬᠢᠷᠠᠭᠤᠯᠤᠨ | ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠢ ᠡᠭᠦᠷᠭᠡᠯᠡᠭᠦᠯᠬᠦ ᠬᠡᠷᠡᠭᠲᠡᠢ︔ ᠬᠠᠤᠯᠢ ᠴᠠᠭᠠᠵᠠ ᠶᠢᠨ ᠤᠴᠢᠷ | ᠶᠠᠪᠤᠳᠠᠯ ᠢᠶᠠᠷ ᠪᠠᠭ᠎ᠠ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠠᠵᠢᠯ ᠤᠨ ᠰᠠᠯᠠᠭ᠎ᠠ ᠮᠦᠴᠢᠷ ᠪᠣᠯ ᠲᠤᠰᠢᠶᠠᠯ ᠬᠠᠪᠰᠤᠷᠭᠠᠭᠰᠠᠨ ᠠᠵᠢᠯᠳᠡᠠ ᠲᠤᠬᠢᠷᠠᠭᠤᠯᠤᠨ ᠬᠠᠤᠯᠢ ᠴᠠᠭᠠᠵᠠ ᠶᠢᠨ | ᠵᠥᠪᠯᠡᠭᠴᠢ ᠶᠢᠨ ᠬᠠᠷᠢᠭᠤᠴᠠᠯᠭ᠎ᠠ ᠶᠢ ᠡᠭᠦᠷᠭᠡᠯᠡᠭᠦᠯᠵᠦ ᠪᠣᠯᠣᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠤᠰᠬᠠᠶ ᠲᠣᠰᠢᠶᠠᠯᠳᠣ ᠠᠵᠢᠯᠳᠡᠠ ᠪᠤᠶᠤ | ᠲᠤᠰᠢᠶᠠᠯ ᠬᠠᠪᠰᠤᠷᠭᠠᠭᠰᠠᠨ ᠠᠵᠢᠯᠳᠡᠠ ᠢ ᠲᠣᠬᠢᠷᠠᠭᠤᠯᠤᠨ ᠬᠠᠤᠯᠢ ᠴᠠᠭᠠᠵᠠ ᠶᠢᠨ ᠵᠥᠪᠯᠡᠭᠴᠢ ᠶᠢᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠯᠭᠡᠵᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠳ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ | ᠵᠢᠯ ᠤᠨ ᠰᠡᠭᠦᠯᠴᠢ ᠠᠴᠠ ᠡᠮᠦᠨ᠎ᠡ ᠠᠶᠢᠮᠠᠭ ᠬᠤᠳᠠ ᠪᠣᠯᠤᠨ ᠨᠥᠬᠦᠴᠡᠯ ᠪᠦᠬᠦᠢ ᠬᠤᠰᠢᠭᠤ ᠰᠢᠶᠠᠨ ᠤ ︵ᠬᠤᠳᠠ᠂ | ᠲᠣᠭᠤᠷᠢᠭ︶ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠳ ᠤᠨ ᠬᠥᠮᠥᠷᠭᠡ ᠶᠢ ᠱᠠᠲᠤ ᠬᠤᠪᠢᠶᠠᠨ ᠪᠠᠶᠢᠭᠤᠯᠵᠤ᠂ | ᠡᠯ᠎ᠡ ᠱᠠᠲᠤᠨ ᠤ ᠲᠤᠰᠬᠠᠶ ᠮᠡᠷᠭᠡᠵᠢᠯᠲᠡᠳ ᠤᠨ ᠬᠥᠮᠥᠷᠭᠡ ᠶᠢᠨ ᠬᠠᠮᠲᠤ ᠳᠠᠭᠠᠨ ᠬᠦᠷᠲᠡᠬᠦ ᠶᠢ ᠲᠦᠯᠬᠢᠨ | ᠠᠬᠢᠭᠤᠯᠤᠨ᠎ᠠ᠃ | ︵ᠠᠷᠪᠠ ᠶᠢᠰᠦ︶ ᠬᠠᠮᠲᠤ ᠪᠠᠷ ᠶᠠᠷᠢᠯᠴᠠᠵᠤ ᠲᠣᠭᠲᠠᠭᠠᠬᠤ ᠶᠢ ᠪᠠᠷᠢᠮᠲᠠᠯᠠᠵᠤ᠂ ᠰᠢᠢᠳᠪᠦᠷᠢᠲᠦ ᠪᠤᠳᠤᠯᠭ᠎ᠠ ᠶᠢᠨ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ᠃ ᠬᠠᠮᠲᠤ ᠪᠠᠷ ᠶᠠᠷᠢᠯᠴᠠᠭᠰᠠᠨ ᠪᠠᠶᠢᠳᠠᠯ ᠪᠣᠯᠣᠨ ᠲᠣᠭᠲᠠᠭᠠᠯ ᠢ ᠦᠨᠡᠨ | ᠮᠥᠨ ᠢᠶᠠᠷ ᠨᠢ ᠲᠡᠮᠳᠡᠭᠯᠡᠨ᠂ ᠪᠦᠷᠢᠨ ᠪᠦᠲᠦᠨ ᠢᠶᠠᠷ ᠨᠢ ᠲᠠᠩᠰᠠ ᠡᠪᠬᠡᠮᠡᠯ ᠳᠤ ᠬᠠᠳᠠᠭᠠᠯᠠᠨ᠎ᠠ᠃ ᠡᠯ᠎ᠡ ᠱᠠᠲᠤᠨ ᠤ | ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠰᠦᠪᠡᠭᠴᠢᠯᠡᠨ ᠦᠷᠨᠢᠭᠦᠯᠦᠨ᠎ᠡ᠃ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠶᠢᠨ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠵᠢᠴᠢ | ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠬᠦ ᠪᠦᠭᠡᠳ ᠴᠢᠩᠭ᠎ᠠ ᠬᠡᠷᠡᠭᠵᠢᠭᠦᠯᠦᠨ᠎ᠡ᠃ | ᠲᠦᠷᠪᠡ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ | ᠪᠠᠷᠢᠮᠲᠠᠯᠠᠨ᠎ᠠ | ︵ᠬᠤᠷᠢ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠳᠤ ᠥᠭᠡᠷᠡᠴᠢᠯᠡᠯᠲᠡ ᠬᠢᠨ᠎ᠡ᠃ ᠬᠠᠤᠯᠢ | ᠬᠡᠷᠡᠭᠵᠢᠭᠦᠯᠬᠦ ᠭᠤᠣᠯᠳᠠᠯᠭ᠎ᠠ ᠪᠠᠨ ᠠᠶᠢᠮᠠᠭ ᠬᠤᠲᠠ᠂ ᠬᠤᠰᠢᠭᠤ ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ | ᠵᠦᠭ ᠰᠢᠯᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠠᠭ᠎ᠠ ᠮᠦᠴᠢᠷ ᠤᠳ ᠲᠦᠷᠦ ᠶᠢᠨ ᠪᠤᠳᠤᠯᠭ᠎ᠠ ᠶᠢ ᠰᠤᠳᠤᠯᠬᠤ᠂ ᠬᠢᠨᠠᠯᠲᠠ ᠲᠠᠯᠪᠢᠨ ᠵᠢᠯᠣᠭᠤᠳᠬᠤ᠂ ᠵᠣᠬᠢᠶᠠᠨ | ᠪᠠᠶᠢᠭᠤᠯᠤᠨ ᠵᠣᠬᠢᠴᠠᠭᠤᠯᠬᠤ ᠵᠢᠴᠢ ᠣᠷᠣᠨ ᠪᠦᠰᠡ ᠠᠯᠤᠰᠯᠠᠭᠰᠠᠨ ᠪᠠ ᠬᠠᠤᠯᠢ ᠠᠴᠠ ᠬᠦᠨᠳᠦ ᠨᠣᠴᠢᠲᠠᠶ | ᠵᠥᠷᠢᠴᠡᠭᠰᠡᠨ ᠦᠢᠯᠡ ᠠᠵᠢᠯᠯᠠᠭ᠎ᠠ ᠶᠢᠨ ᠪᠠᠶᠢᠴᠠᠭᠠᠨ ᠰᠢᠢᠳᠪᠦᠷᠢᠯᠡᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ | ᠪᠣᠳᠠᠲᠠᠶ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠭᠤᠣᠯᠳᠠᠭᠤ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ | ᠵᠠᠰᠠᠭ ᠵᠠᠬᠢᠷᠭᠠᠨ ᠤ ᠪᠠᠶᠢᠭᠤᠯᠭ᠎ᠠ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ | ᠴᠠᠷᠠᠭ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠲᠠ ᠶᠢᠨ | ᠬᠠᠮᠢᠶᠠᠷᠤᠯᠲᠠ᠂ ᠰᠣᠶᠣᠯ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ | ᠂ ᠬᠤᠳᠠᠯᠳᠤᠭᠠᠨ ᠤ ᠶᠠᠪᠤᠳᠠᠯ ᠵᠡᠷᠭᠡ ᠬᠦᠷᠢᠶ᠎ᠡ ᠴᠠᠷᠠᠭ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠠᠷᠢᠶᠠᠯᠠᠩ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭ᠎ᠠ ᠶᠢᠨ | ᠥᠭᠡᠷᠡᠴᠢᠯᠡᠯᠲᠡ ᠶᠢᠨ ᠬᠡᠪᠴᠢᠶ᠎ᠡ ᠶᠢ ᠵᠣᠬᠢᠰᠲᠠᠶ ᠥᠷᠭᠡᠳᠬᠡᠨ᠎ᠡ᠃ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢᠨ ᠲᠤᠷᠰᠢᠯᠲᠠ ᠬᠢᠬᠦ ᠠᠵᠢᠯ ᠤᠨ ᠵᠢᠯᠣᠭᠤᠳᠤᠮᠵᠢ ᠶᠢ ᠥᠷᠭᠦᠯᠵᠢᠯᠡᠨ ᠴᠢᠩᠭᠠᠳᠬᠠᠵᠤ᠂ | ᠲᠤᠷᠰᠢᠯᠲᠠ ᠬᠢᠭᠰᠡᠨ ᠲᠤᠷᠰᠢᠯᠭ᠎ᠠ ᠪᠣᠯᠣᠨ ᠬᠢᠬᠦ ᠠᠷᠭ᠎ᠠ ᠶᠢ ᠳ᠋ᠦᠩᠨᠡᠨ ᠳᠡᠯᠭᠡᠷᠡᠭᠦᠯᠦᠨ᠎ᠡ᠃ ᠲᠤᠷᠰᠢᠯᠲᠠ ᠶᠢᠨ ᠪᠤᠰᠤ | ᠭᠠᠵᠠᠷ ᠣᠷᠣᠨ ᠰᠠᠯᠠᠭ᠎ᠠ ᠮᠥᠴᠢᠷ ᠤᠨ ᠲᠤᠲᠤᠭᠠᠳᠤ ᠳᠠᠬᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠂ ᠨᠥᠬᠦᠴᠡᠯ ᠲᠠᠢ ᠭᠠᠵᠠᠷ ᠣᠷᠣᠨ ᠨᠢ ᠰᠠᠯᠠᠭ᠎ᠠ ᠮᠥᠴᠢᠷ | ᠠᠯᠤᠰᠯᠠᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠦᠷᠨᠢᠭᠦᠯᠦᠨ᠎ᠡ᠃ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠪᠠᠶᠢᠭᠤᠯᠤᠮᠵᠢ ᠬᠢᠭᠡᠳ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠬᠠᠶᠢᠨ ᠰᠦᠪᠡᠭᠴᠢᠯᠡᠨ ᠰᠢᠯᠤᠭᠤᠳᠬᠠᠵᠤ᠂ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠲᠡᠭᠦᠨ ᠤ ᠠᠵᠢᠯᠯᠠᠬᠤ ᠰᠠᠯᠠᠭ᠎ᠠ | ᠮᠥᠴᠢᠷ ᠤᠨ ᠡᠷᠬᠡ ᠶᠢᠨ ᠨᠠᠷᠢᠨ ᠳᠠᠩᠰᠠ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠬᠢᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢᠨ | ᠬᠠᠷᠢᠴᠠᠭ᠎ᠠ ᠶᠢ ᠴᠡᠭᠴᠡᠯᠡᠨ ᠢᠯᠠᠭᠠᠷᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ | ᠬᠢᠭᠡᠳ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠤᠭᠤᠷᠣᠨᠳᠣᠬᠢ | ᠵᠤᠯᠭᠠᠯᠳᠤᠭᠤᠯᠤᠨ ᠬᠠᠮᠵᠢᠯᠴᠠᠬᠤ᠂ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤ ᠳᠠᠭᠠᠨ | ᠬᠦᠷᠲᠡᠬᠦ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ᠂ ᠬᠢᠨᠠᠯᠲᠠ ᠲᠠᠯᠪᠢᠵᠤ ᠬᠢᠵᠠᠭᠠᠷᠯᠠᠬᠤ ᠵᠡᠷᠭᠡ ᠠᠵᠢᠯᠯᠠᠭᠠᠨ ᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ︵ᠬᠤᠷᠢᠨ ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠲᠡᠭᠦᠯᠳᠡᠷᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ | ᠵᠠᠰᠠᠭ ᠵᠠᠬᠢᠷᠭᠠᠨ ᠤ ᠰᠢᠳᠬᠡᠯ ᠤᠨ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ ᠶᠢ ᠲᠣᠭᠲᠠᠭᠠᠵᠤ᠂ ᠡᠯ᠎ᠡ | ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠣᠭᠲᠠᠭᠠᠭᠰᠠᠨ ᠬᠦᠷᠢᠶ᠎ᠡ ᠬᠡᠪᠴᠢᠶ᠎ᠡ᠂ | ᠲᠥᠷᠥᠯ ᠵᠦᠢᠯ᠂ ᠥᠷᠭᠡᠴᠡ ᠶᠢᠨ ᠶᠣᠰᠣᠭᠠᠷ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠵᠦ᠂ ᠬᠠᠤᠯᠢ ᠶᠢ ᠲᠥᠪ | ᠭᠤᠣᠯᠴᠢ ᠪᠠᠷ ᠬᠡᠷᠡᠭᠵᠢᠭᠦᠯᠦᠨ᠂ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ | ᠂ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠨ᠎ᠠ᠃ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ | ᠳᠦᠷᠢᠮ ᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠮᠡᠳᠡᠭᠡ ᠵᠠᠩᠭᠢ ᠶᠢᠨ ᠰᠢᠰᠲ᠋ᠧᠮ᠂ | ᠠᠬᠤᠢ ᠲᠠᠯᠠᠪᠠᠢ ᠳᠤ ᠬᠠᠤᠯᠢ ᠬᠡᠷᠡᠭᠵᠢᠭᠦᠯᠬᠦ ᠶᠢ ᠲᠡᠮᠳᠡᠭᠯᠡᠬᠦ ᠲᠥᠬᠦᠭᠡᠷᠦᠮᠵᠢ᠂ ᠬᠠᠷᠠᠭᠠᠨ ᠳᠠᠪᠲᠠᠮᠵᠢ ᠪᠠᠷ ᠬᠢᠨᠠᠨ | ᠡᠵᠡᠮᠳᠡᠬᠦ ᠪᠡᠯᠡᠳᠬᠡᠮᠵᠢ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ | ᠲᠡᠮᠳᠡᠭᠯᠡᠨ᠎ᠡ᠃ 2017 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠱᠠᠲᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠤᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠢ ᠰᠢᠯᠤᠭᠤᠳᠬᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ 2017 | ᠣᠨ ᠤ ᠵᠢᠯ ᠤᠨ ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠤᠰ ᠰᠢᠰᠲ᠋ᠧᠮ᠂ ᠲᠤᠰ ᠠᠵᠢᠯ ᠲᠦᠷᠦᠯ ᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠᠶᠢᠴᠠᠭᠠᠯᠲᠠ ᠬᠢᠵᠦ ᠭᠡᠷᠡᠴᠢ ᠠᠪᠬᠤ᠂ ᠮᠡᠳᠡᠭᠳᠡᠬᠦ᠂ ᠲᠣᠷᠭᠠᠵᠤ ᠬᠤᠷᠢᠶᠠᠭᠰᠠᠨ | ᠣᠷᠣᠯᠭ᠎ᠠ ᠶᠢᠨ ᠬᠠᠮᠢᠶᠠᠷᠤᠯᠲᠠ ᠵᠡᠷᠭᠡ ᠳᠦᠷᠢᠮ ᠤᠳ ᠢ ᠪᠠᠶᠢᠭᠤᠯᠤᠨ ᠪᠦᠷᠢᠨᠰᠢᠭᠦᠯᠦᠨ᠎ᠡ᠃ ᠴᠢᠬᠤᠯᠠ ᠶᠡᠭᠡ ᠰᠢᠳᠬᠡᠬᠦ | ᠲᠣᠭᠲᠠᠭᠠᠯ ᠬᠠᠤᠯᠢ ᠲᠦᠷᠢᠮ ᠢ ᠬᠢᠨᠠᠨ ᠬᠠᠷᠭᠤᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠮᠢᠶ᠎ᠠ ᠪᠦᠬᠦᠢ | ᠠᠷᠭ᠎ᠠ ᠬᠡᠮᠵᠢᠶ᠎ᠡ ᠪᠣᠯᠤᠨ ᠨᠠᠷᠢᠨ ᠳᠦᠷᠢᠮ ᠢ ᠲᠣᠭᠲᠠᠭᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠳᠬᠡᠯ ᠤᠨ | ᠳᠠᠩᠰᠠᠯᠠᠵᠤ ᠬᠢᠨᠠᠯᠲᠠ ᠲᠠᠯᠪᠢᠬᠤ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠵᠢᠷᠤᠮ ᠤᠨ | ᠶᠣᠰᠣᠭᠠᠷ ᠲᠤᠰ ᠰᠠᠯᠠᠭ᠎ᠠ ᠮᠥᠴᠢᠷ ᠤᠨ ᠭᠠᠷᠭᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠳᠬᠡᠯ ᠥᠭᠬᠦ | ᠲᠣᠭᠲᠠᠭᠠᠯ ᠢ ᠴᠠᠭ ᠲᠤᠬᠠᠶ ᠳᠤᠨᠢ ᠮᠡᠳᠡᠭᠦᠯᠦᠨ ᠳᠠᠩᠰᠠᠯᠠᠭᠤᠯᠤᠨ᠎ᠠ᠃ | ︵ᠬᠤᠷᠢᠨ ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ | 2017 ᠣᠨ ᠤ ᠵᠢᠯ ᠤᠨ ᠰᠡᠭᠦᠯᠴᠢ ᠠᠴᠠ ᠡᠮᠦᠨ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠢᠯᠡ | ᠨᠡᠶᠢᠲᠡᠯᠡᠬᠦ ᠲᠦᠷᠢᠮ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠲᠦᠷᠢᠮ ᠬᠠᠤᠯᠢ ᠬᠡᠷᠡᠭᠵᠢᠭᠦᠯᠬᠦ ᠴᠢᠬᠤᠯᠠ | ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠤᠨ ᠲᠤᠷᠰᠢᠯᠲᠠ ᠶᠢᠨ ᠠᠵᠢᠯ ᠢ | ᠪᠡᠶᠡᠯᠡᠭᠦᠯᠵᠦ᠂ ᠲᠤᠷᠰᠢᠯᠲᠠ ᠶᠢᠨ ᠨᠢᠭᠡᠴᠡ ᠶᠢ ᠵᠣᠬᠢᠶᠠᠨ ᠪᠠᠶᠢᠭᠤᠯᠵᠤ ᠪᠠᠶᠢᠭᠠᠳ ᠲᠤᠷᠰᠢᠯᠲᠠ ᠶᠢᠨ ᠠᠵᠢᠯ ᠤᠨ | ᠲᠤᠷᠰᠢᠯᠭ᠎ᠠ ᠶᠢ ᠳ᠋ᠦᠩᠨᠡᠬᠦ ᠶᠢᠨ ᠬᠠᠮᠲᠤ ᠳ᠋ᠦᠩᠨᠡᠯᠲᠡ ᠶᠢᠨ ᠮᠡᠳᠡᠭᠦᠯᠦᠯᠲᠡ ᠶᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠬᠠᠤᠯᠢ ᠳᠦᠷᠢᠮ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠡ᠃ ᠨᠥᠬᠦᠴᠡᠯ ᠲᠠᠢ ᠣᠷᠣᠨ ᠨᠤᠲᠤᠭ | ᠪᠣᠯᠣᠨ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢᠨ ᠨᠢᠭᠡᠳᠦᠯᠲᠡᠶ | ᠲᠠᠪᠴᠠᠩ ᠪᠠᠶᠢᠭᠤᠯᠤᠨ᠂ ᠰᠦᠯᠵᠢᠶᠡᠨ ᠳᠡᠭᠡᠷ᠎ᠡ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠵᠢᠴᠢ ᠮᠡᠳᠡᠭᠡ | ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ | ︵ᠬᠤᠷᠢᠨ ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ | ︽ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ︾ ᠶᠢᠨ ᠶᠣᠰᠣᠭᠠᠷ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ᠂ | ᠬᠠᠤᠯᠢ ᠬᠡᠷᠡᠭᠵᠢᠭᠦᠯᠬᠦ ᠠᠵᠢᠯᠳᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠲᠤᠲᠤᠷᠬᠠᠢ ᠨᠠᠷᠢᠯᠢᠬᠵᠢᠭᠤᠯᠤᠨ᠎ᠠ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠶᠢ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠵᠠᠰᠠᠭ ᠤᠨ ᠣᠷᠳᠣᠨ | ᠪᠣᠯᠤᠨ ᠰᠠᠯᠠᠭ᠎ᠠ ᠮᠥᠴᠢᠷ ᠤᠨ ᠣᠨ ᠤ ᠠᠵᠢᠯ ᠤᠨ ᠠᠮᠵᠢᠯᠲᠠ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠳᠤ | ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠭᠤᠷᠪᠠᠨ ᠱᠠᠲᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠰᠦᠯᠵᠢᠶᠡᠨ ᠤ ᠲᠠᠪᠴᠠᠩ ᠢ ᠲᠥᠷᠭᠡᠳᠬᠡᠨ | ᠪᠠᠶᠢᠭᠤᠯᠤᠨ᠎ᠠ᠃ | ︵ᠬᠤᠷᠢᠨ ᠲᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠬᠠᠮᠢᠶᠠᠷᠬᠤ ᠲᠦᠷᠢᠮ ᠢ | ᠪᠦᠷᠢᠨᠰᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠤᠨ ᠰᠦᠯᠵᠢᠶᠡᠨ ᠳᠡᠭᠡᠷᠡᠬᠢ | ᠰᠢᠯᠭᠠᠯᠲᠠ ᠶᠢ ᠠᠯᠬᠤᠮ ᠠᠯᠬᠤᠮ ᠢᠶᠠᠷ ᠪᠦᠬᠦ ᠣᠷᠣᠨ ᠤ ᠬᠡᠪᠴᠢᠶᠡᠨ ᠳᠤ ᠬᠡᠷᠡᠭᠵᠢᠭᠦᠯᠦᠨ᠎ᠡ᠃ ᠬᠠᠤᠯᠢ ᠬᠡᠷᠡᠭᠵᠢᠭᠦᠯᠬᠦ | ᠬᠠᠪᠰᠤᠷᠤᠭᠴᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠲᠡᠭᠦᠨ ᠤ ᠲᠣᠬᠢᠷᠠᠮᠵᠢᠲᠠᠢ ᠠᠵᠢᠯ ᠤᠨ ᠪᠠᠶᠢᠷᠢ᠂ ᠪᠡᠶ᠎ᠡ | ᠠᠬᠤᠢ ᠶᠢᠨ ᠰᠢᠨᠵᠢ ᠴᠢᠨᠠᠷ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ᠂ ᠡᠷᠬᠡ ᠡᠭᠦᠷᠭᠡ᠂ ᠤᠷᠢᠵᠤ ᠬᠡᠷᠡᠭᠯᠡᠬᠦ | ᠨᠥᠬᠦᠴᠡᠯ ᠵᠡᠷᠭᠡ ᠶᠢ ᠲᠣᠭᠲᠠᠭᠠᠨ᠎ᠠ᠃ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠱᠠᠲᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠤᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠲᠠᠨ ᠤ ᠡᠩ ᠤᠨ ᠦᠶ᠎ᠡ ᠶᠢᠨ ᠰᠢᠯᠭᠠᠨ ᠬᠢᠨᠠᠬᠤ ᠲᠦᠷᠢᠮ ᠢ ᠪᠠᠶᠢᠭᠤᠯᠵᠤ᠂ ᠰᠢᠯᠭᠠᠨ | ᠬᠢᠨᠠᠬᠤ ᠭᠦᠢᠴᠡᠳᠬᠡᠯ ᠲᠣᠭᠠᠨ ᠤ ᠰᠢᠰᠲ᠋ᠧᠮᠵᠢ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠵᠢᠷᠤᠭᠯᠠᠨ | ᠲᠥᠯᠥᠪᠯᠡᠨ᠎ᠡ᠃ | ︵ᠬᠤᠷᠢᠨ ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠳᠬᠠᠨ᠎ᠠ᠃ ᠬᠠᠤᠯᠢ ᠶᠢ | ᠬᠡᠷᠡᠭᠵᠢᠭᠦᠯᠬᠦ ᠨᠥᠬᠦᠴᠡᠯ ᠢ ᠰᠠᠶᠢᠵᠢᠷᠠᠭᠤᠯᠤᠨ᠂ ᠬᠠᠤᠯᠢ ᠬᠡᠷᠡᠭᠵᠢᠭᠦᠯᠬᠦ ᠲᠤᠨᠤᠭᠯᠠᠯ ᠤᠨ ᠲᠤᠬᠢᠷᠠᠭᠤᠯᠤᠯᠳᠠ᠂ | ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠶᠢᠨ ᠣᠷᠣᠭᠤᠯᠤᠯᠲᠠ ᠶᠢ ᠵᠦᠢ | ᠵᠣᠬᠢᠰᠲᠠᠢ ᠲᠣᠬᠢᠷᠠᠭᠤᠯᠤᠨ᠎ᠠ᠃ | ᠲᠠᠪᠤ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠎ᠠ | ︵ᠬᠤᠷᠢᠨ ᠵᠢᠷᠭᠤᠭ᠎ᠠ︶ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ | ᠲᠠᠯᠪᠢᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ | ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨ ᠬᠦ | ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠠᠵᠢᠯ ᠤᠨ ᠲᠥᠰᠦᠯ | ᠪᠣᠯᠤᠨ ᠬᠡᠷᠡᠭᠵᠢᠭᠦᠯᠬᠦ ᠠᠷᠭ᠎ᠠ ᠶᠢ ᠰᠤᠳᠤᠯᠤᠨ ᠨᠡᠶᠢᠲᠡᠯᠡᠵᠦ᠂ ᠲᠤᠰ ᠭᠠᠵᠠᠷ ᠣᠷᠣᠨ ᠲᠤᠰ ᠰᠠᠯᠠᠭ᠎ᠠ | ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃ | ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠬᠠᠣᠯᠢ ᠲᠣᠭᠲᠠᠭᠠᠯ ᠤᠨ ᠵᠢᠷᠤᠮᠵᠢᠯ ᠢ ᠠᠯᠬᠤᠮ | ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠶᠠᠪᠤᠳᠠᠯ ᠤᠨ | ᠢᠲᠡᠭᠡᠮᠵᠢ ᠶᠢᠨ ᠪᠠᠶᠢᠭᠤᠯᠤᠯᠲᠠ ᠶᠢᠨ ᠬᠠᠤᠯᠢ ᠲᠣᠭᠲᠠᠭᠠᠬᠤ ᠠᠵᠢᠯ ᠢ ᠡᠬᠢᠯᠡᠭᠦᠯᠦᠨ᠎ᠡ᠃ ᠠᠯᠪᠠᠲᠠᠨ ᠤ ᠢᠲᠡᠭᠡᠮᠵᠢ ᠶᠢᠨ | ᠬᠠᠮᠢᠶᠠᠷᠤᠯᠲᠠ ᠶᠢ ᠴᠢᠩᠭᠠᠳᠬᠠᠨ᠂ ᠠᠯᠪᠠᠲᠠᠨ ᠤ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠤᠨ᠎ᠠ᠃ | ︵ᠬᠤᠷᠢᠨ ᠲᠤᠯᠤᠭ᠎ᠠ︶ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ᠂ ᠠᠷᠠᠳᠴᠢᠯᠠᠯ ᠤᠨ ᠬᠢᠨᠠᠯᠲᠠ ᠲᠠᠯᠪᠢᠬᠤ᠂ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ ᠠᠪᠤᠨ᠎ᠠ᠃ ᠡᠯ᠎ᠡ ᠱᠠᠲᠤᠨ ᠤ ᠵᠠᠰᠠᠭ ᠤᠨ | ᠣᠷᠳᠣᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠠᠨᠠᠭᠠᠴᠢᠯᠠᠭ᠎ᠠ ᠠᠴᠠ ᠪᠠᠨ ᠨᠠᠮ ᠤᠨ ᠬᠤᠷᠢᠶ᠎ᠠ ᠳᠤ ᠮᠡᠳᠡᠭᠦᠯᠦᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠬᠠᠷᠰᠢᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠴᠠᠭ ᠲᠣᠬᠠᠢ ᠳᠤᠨᠢ | ᠠᠷᠢᠯᠭᠠᠨ᠎ᠠ᠃ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠲᠡᠭᠦᠨ ᠤ ᠪᠠᠶᠢᠩᠭᠤ ᠶᠢᠨ | ᠬᠤᠷᠢᠶ᠎ᠠ ᠳᠤ ᠠᠵᠢᠯ ᠢᠶᠠᠨ ᠮᠡᠳᠡᠭᠦᠯᠬᠦ ᠲᠦᠷᠢᠮ᠂ ᠯᠠᠪᠯᠠᠨ ᠠᠰᠠᠭᠤᠬᠤ ᠪᠠ ᠲᠤᠯᠭᠠᠨ ᠠᠰᠠᠭᠤᠬᠤ ᠶᠢ ᠬᠦᠯᠢᠶᠡᠨ | ᠠᠪᠬᠤ ᠲᠦᠷᠢᠮ᠂ ᠮᠡᠳᠡᠭᠦᠯᠦᠨ ᠳᠠᠩᠰᠠᠯᠠᠭᠤᠯᠬᠤ ᠳᠦᠷᠢᠮ ᠲᠣᠭᠲᠠᠭᠠᠯ ᠢ ᠬᠢᠨᠠᠮᠠᠭᠠᠢ ᠬᠡᠷᠡᠭᠵᠢᠭᠦᠯᠦᠨ᠎ᠡ᠃ ᠪᠠᠶᠢᠳᠠᠯ ᠢ | ᠣᠶᠢᠯᠠᠭᠠᠵᠤ ᠵᠠᠰᠠᠭ ᠤᠨ ᠶᠠᠪᠤᠳᠠᠯ ᠢ ᠮᠡᠳᠡᠬᠦ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠣᠷᠳᠣᠨ ᠤ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠤᠯᠤᠰ ᠲᠦᠷᠦ ᠶᠢᠨ ᠵᠥᠪᠯᠡᠯᠭᠡᠨ ᠳᠤ ᠬᠤᠯᠪᠣᠭᠳᠠᠯ ᠪᠦᠬᠦᠢ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠳᠡᠨ᠎ᠡ᠃ ᠬᠠᠤᠯᠢ ᠴᠠᠭᠠᠵᠠ ᠶᠢᠨ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠵᠤ᠂ | ᠵᠠᠰᠠᠭ ᠵᠠᠬᠢᠷᠭᠠᠨ ᠤ ᠪᠠᠶᠢᠭᠤᠯᠭ᠎ᠠ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠶᠢ ᠬᠢᠨᠠᠮᠠᠭᠠᠢ ᠨᠠᠶᠢᠳᠠᠪᠤᠷᠢᠵᠢᠭᠤᠯᠵᠤ | ᠂ ᠠᠷᠠᠳ ᠤᠨ ᠰᠢᠭᠦᠬᠦ ᠬᠤᠷᠢᠶ᠎ᠠ ᠶᠢᠨ ᠵᠠᠰᠠᠭ ᠵᠠᠬᠢᠷᠭᠠᠨ ᠤ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠶᠢ ᠳᠡᠮᠵᠢᠵᠦ | ᠂ ᠠᠷᠠᠳ ᠤᠨ ᠰᠢᠭᠦᠬᠦ ᠬᠤᠷᠢᠶ᠎ᠠ ᠶᠢᠨ ᠬᠦᠴᠦᠨ ᠲᠠᠢ ᠪᠣᠯᠤᠭᠰᠠᠨ ᠲᠠᠰᠤᠯᠤᠯᠲᠠ ᠶᠢ ᠭᠦᠢᠴᠡᠳᠬᠡᠵᠦ᠂ ᠵᠠᠰᠠᠭ | ᠵᠠᠬᠢᠷᠭᠠᠨ ᠤ ᠵᠠᠷᠭᠤ ᠬᠦᠯᠢᠶᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠵᠠᠷᠭᠤ | ᠬᠦᠯᠢᠶᠡᠬᠦ ᠪᠣᠯᠪᠠᠰᠤᠷᠠᠭᠤᠯᠤᠯ ᠤᠨ ᠲᠥᠷᠢᠮ ᠢ ᠪᠠᠶᠢᠭᠤᠯᠤᠨ᠂ ᠲᠥᠪᠯᠡᠷᠡᠭᠦᠯᠦᠨ ᠪᠣᠯᠪᠠᠰᠤᠷᠠᠭᠤᠯᠬᠤ᠂ ᠲᠢᠩᠬᠢᠮ ᠤᠨ | ᠰᠢᠭᠦᠯᠲᠡ ᠶᠢ ᠰᠤᠯᠠ ᠰᠣᠨᠣᠰᠬᠤ ᠪᠠ ᠬᠡᠷᠡᠭ ᠤᠨ ᠵᠢᠱᠢᠶ᠎ᠡ ᠶᠢᠨ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ ᠶᠢ ᠵᠢᠯ | ᠪᠦᠷᠢ ᠨᠢᠭᠡ ᠠᠴᠠ ᠬᠤᠶᠠᠷ ᠤᠳᠠᠭ᠎ᠠ ᠦᠷᠨᠢᠭᠦᠯᠦᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠳᠡᠠ ᠵᠡᠷᠭᠡ ᠬᠤᠯᠪᠣᠭᠳᠠᠯ ᠪᠦᠬᠦᠢ ᠬᠥᠮᠦᠰ ᠤᠨ ᠵᠠᠰᠠᠭ ᠵᠠᠬᠢᠷᠭᠠᠨ ᠤ | ᠵᠠᠷᠭᠤ ᠬᠦᠯᠢᠶᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ | ︵ᠬᠤᠷᠢᠨ ᠨᠠᠢᠮᠠ︶ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠪᠠ ᠬᠢᠨᠠᠨ ᠪᠤᠳᠤᠯᠳᠡ ᠶᠢᠨ ᠬᠢᠨᠠᠯᠲᠠ | ᠲᠠᠯᠪᠢᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠲᠤᠲᠤᠷᠠᠬᠢ ᠳᠡᠰ ᠱᠠᠲᠤ ᠶᠢᠨ ᠬᠢᠨᠠᠯᠲᠠ ᠲᠠᠯᠪᠢᠬᠤ ᠪᠠ | ᠲᠤᠰᠬᠠᠶ ᠬᠢᠨᠠᠯᠲᠠ ᠲᠠᠯᠪᠢᠬᠤ ᠶᠢ ᠲᠡᠭᠦᠯᠳᠡᠷᠵᠢᠭᠦᠯᠵᠦ᠂ ᠳᠡᠭᠡᠳᠦ ᠱᠠᠲᠤᠨ ᠤ ᠪᠠᠶᠢᠭᠤᠯᠭ᠎ᠠ ᠠᠴᠠ ᠲᠤᠤᠷᠠᠳᠦ | ᠱᠠᠲᠤᠨ ᠤ ᠪᠠᠶᠢᠭᠤᠯᠭ᠎ᠠ ᠳᠤ ᠬᠢᠨᠠᠯᠲᠠ ᠲᠠᠯᠪᠢᠬᠤ ᠶᠢ ᠰᠠᠶᠢᠵᠢᠷᠠᠭᠤᠯᠵᠤ᠂ ᠬᠡᠪᠰᠢᠭᠰᠡᠨ ᠬᠢᠨᠠᠯᠲᠠ ᠲᠠᠯᠪᠢᠬᠤ ᠲᠦᠷᠢᠮ ᠢ | ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠶᠠᠪᠤᠳᠠᠯ | ᠤᠴᠢᠷ ᠢᠶᠠᠷ ᠨᠢ ᠡᠷᠬᠡ ᠪᠠᠨ ᠬᠡᠷᠡᠭᠵᠢᠭᠦᠯᠬᠦ᠂ ᠠᠵᠢᠯ ᠤᠨ ᠪᠠᠶᠢᠷᠢ ᠪᠠᠷ ᠨᠢ ᠡᠷᠬᠡ ᠲᠣᠬᠢᠷᠠᠭᠤᠯᠬᠤ᠂ ᠱᠠᠲᠤ ᠬᠤᠪᠢᠶᠠᠨ | ᠡᠷᠬᠡ ᠣᠯᠭᠤᠬᠤ ᠵᠢᠴᠢ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠪᠠᠶᠢᠷᠢ ᠶᠢ ᠡᠭᠡᠯᠵᠢᠯᠡᠭᠦᠯᠬᠦ ᠲᠤᠷᠰᠢᠯᠲᠠ ᠶᠢᠨ | ᠠᠵᠢᠯ ᠢ ᠦᠷᠨᠢᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠰᠠᠯᠠᠭ᠎ᠠ ᠮᠥᠴᠢᠷ᠂ | ᠭᠤᠣᠯᠳᠠᠯᠭ᠎ᠠ ᠲᠠᠢ ᠪᠡᠯᠡ ᠮᠥᠩᠭᠦ᠂ ᠭᠤᠣᠯᠳᠠᠯᠭ᠎ᠠ ᠲᠠᠢ ᠲᠥᠷᠥᠯ ᠵᠦᠢᠯ ᠪᠣᠯᠣᠨ ᠤᠳᠤᠷᠢᠳᠬᠤ ᠺᠠᠳ᠋ᠷ ᠤᠨ ᠠᠵᠤ | ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠬᠢᠨᠠᠨ ᠪᠤᠳᠤᠯᠳᠡ ᠶᠢᠨ | ᠲᠤᠰᠬᠠᠶ ᠮᠡᠷᠭᠡᠵᠢᠭᠦᠯᠬᠦ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠬᠤᠷᠢ ᠶᠢᠰᠦ︶ ᠨᠡᠶᠢᠭᠡᠮ ᠤᠨ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠢᠯᠡᠴᠢᠯᠡᠨ ᠮᠡᠳᠡᠭᠦᠯᠬᠦ ᠬᠠᠶᠢᠷᠴᠠᠭ᠂ ᠢᠮᠧᠯ ᠤᠨ ᠬᠠᠶᠢᠷᠴᠠᠭ᠂ ᠬᠠᠯᠠᠮᠰᠢᠯ | ᠤᠲᠠᠰᠤ ᠵᠡᠷᠭᠡ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠣᠯᠠᠨ ᠲᠦᠮᠡᠨ ᠤ | ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ᠂ ᠠᠰᠠᠭᠤᠳᠠᠯ ᠢ ᠲᠤᠰᠬᠠᠬᠤ ᠳᠤ ᠳᠦᠭᠦᠮ ᠦᠵᠡᠭᠦᠯᠦᠨ᠂ ᠬᠠᠤᠯᠢ ᠠᠴᠠ | ᠵᠥᠷᠢᠴᠡᠭᠰᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠠᠭ ᠲᠤᠬᠠᠶ ᠳᠤᠨᠢ ᠪᠠᠶᠢᠴᠠᠭᠠᠨ | ᠰᠢᠢᠳᠪᠦᠷᠢᠯᠡᠨ᠎ᠡ᠃ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠲᠦᠮᠡᠨ ᠨᠡᠷᠡᠰ ᠬᠢᠨᠠᠯᠲᠠ | ᠲᠠᠯᠪᠢᠬᠴᠢ ᠶᠢ ᠰᠤᠩᠭᠤᠨ ᠤᠷᠢᠬᠤ︾ ᠠᠵᠢᠯᠯᠠᠭ᠎ᠠ ᠦᠷᠨᠢᠭᠦᠯᠦᠨ᠎ᠡ᠃ | ︵ᠭᠤᠴᠢ︶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠲᠤᠰ | ᠨᠢᠭᠡᠴᠡ ᠶᠢᠨ ᠢᠶᠠᠨ ᠠᠯᠪᠠᠨ ᠪᠢᠴᠢᠭ ᠭᠦᠢᠴᠡᠳᠬᠡᠵᠦ ᠬᠤᠷᠠᠯ ᠡᠷᠬᠢᠯᠡᠬᠦ ᠳᠡᠰ ᠳᠠᠷᠠᠭᠠᠯᠠᠯ ᠤᠨ ᠳᠤᠮᠳᠠ ︽ᠲᠠᠪᠤ ᠶᠢ | ᠢᠯᠡ ᠪᠣᠯᠭᠠᠬᠤ︾ ᠠᠵᠢᠯ ᠤᠨ ᠲᠣᠭᠲᠠᠴᠠ᠂ ᠢᠯᠡ ᠪᠣᠯᠭᠠᠬᠤ ᠠᠭᠤᠯᠭ᠎ᠠ ᠶᠢᠨ ᠬᠥᠳᠡᠯᠦᠩᠭᠦᠶ ᠪᠠᠶᠢᠳᠠᠯ ᠢ | ᠲᠣᠬᠢᠷᠠᠭᠤᠯᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠲᠣᠭᠲᠠᠴᠠ᠂ ᠲᠦᠷᠦ ᠶᠢᠨ | ᠪᠤᠳᠤᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠵᠡᠷᠭᠡ ᠪᠠᠷ | ᠬᠢᠨᠠᠵᠤ ᠭᠠᠷ ᠤᠨ ᠦᠰᠦᠭ ᠵᠢᠷᠤᠬᠤ ᠪᠠᠶᠢᠷᠢᠯᠠᠭᠤᠯᠤᠯᠲᠠ ᠶᠢ ᠵᠣᠬᠢᠶᠠᠨ ᠪᠠᠶᠢᠭᠤᠯᠬᠤ ᠲᠣᠭᠲᠠᠴᠠ᠂ ᠵᠠᠰᠠᠭ ᠤᠨ | ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠤᠨ ᠰᠤᠳᠤᠯᠤᠨ ᠮᠠᠭᠠᠳᠯᠠᠵᠤ ᠬᠠᠷᠢᠭᠤ ᠲᠤᠰᠬᠠᠬᠤ | ᠲᠣᠭᠲᠠᠴᠠ᠂ ᠵᠠᠰᠠᠭ ᠤᠨ ᠣᠷᠳᠣᠨ ᠤ ᠰᠦᠯᠵᠢᠶ᠎ᠡ ᠶᠢᠨ ᠬᠠᠮᠢᠶᠠᠷᠤᠯᠲᠠ ᠵᠢᠴᠢ ᠰᠦᠯᠵᠢᠶ᠎ᠡ ᠶᠢᠨ ᠬᠤᠭᠤᠷᠣᠨᠳᠣᠬᠢ | ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠣᠭᠲᠠᠴᠠ᠂ ᠤᠯᠠᠨ ᠨᠡᠶᠢᠲᠡ ᠶᠢᠨ ᠣᠷᠣᠯᠴᠠᠯᠭ᠎ᠠ ᠶᠢ ᠥᠷᠭᠡᠳᠬᠡᠬᠦ | ᠲᠣᠭᠲᠠᠴᠠ ᠵᠡᠷᠭᠡ ᠬᠡᠪᠰᠢᠭᠰᠡᠨ ᠠᠵᠢᠯ ᠤᠨ ᠲᠣᠭᠲᠠᠴᠠ ᠶᠢᠨ ᠨᠠᠶᠢᠳᠠᠪᠤᠷᠢᠵᠢᠯ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢᠭᠡ | ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠵᠢᠯ ᠤᠨ | ᠰᠡᠭᠦᠯᠴᠢ ᠠᠴᠠ ᠡᠮᠦᠨ᠎ᠡ ᠪᠠᠶᠢᠭᠤᠯᠤᠨ᠎ᠠ᠃ | ᠵᠢᠷᠭᠤᠭ᠎ᠠ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠬᠠᠣᠯᠢ ᠶᠣᠰᠣᠭᠠᠷ ᠪᠦᠲᠦᠮᠵᠢᠲᠡᠶ ᠨᠠᠮᠳᠠᠭᠤᠯᠤᠨ᠎ᠠ | ︵ᠭᠤᠴᠢᠨ ᠨᠢᠭᠡ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠠᠵᠢᠯ ᠢ ᠴᠢᠩᠭᠠᠳᠬᠠᠨ᠎ᠠ᠃ ᠵᠠᠰᠠᠭ | ᠵᠠᠬᠢᠷᠭᠠᠨ ᠢᠶᠠᠷ ᠳᠠᠬᠢᠨ ᠵᠥᠪᠯᠡᠬᠦ ᠬᠥᠮᠦᠰ ᠤᠨ ᠬᠢᠷᠢ ᠬᠡᠮ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ | ᠬᠡᠷᠡᠭᠵᠢᠭᠦᠯᠦᠨ᠂ ᠳᠠᠬᠢᠨ ᠵᠥᠪᠯᠡᠬᠦ ᠬᠥᠮᠦᠰ ᠤᠨ ᠡᠳᠦᠷ ᠲᠤᠳᠤᠮ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ | ᠵᠠᠬᠢᠷᠭᠠᠨ ᠤ ᠲᠠᠬᠢᠨ ᠵᠥᠪᠯᠡᠬᠦ ᠶᠢ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠭᠦᠬᠦ ᠲᠣᠭᠲᠠᠴᠠ ᠶᠢ ᠪᠦᠷᠢᠨᠰᠢᠭᠦᠯᠦᠨ᠎ᠡ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ | ᠴᠢᠳᠠᠪᠤᠷᠢ ᠶᠢᠨ ᠪᠠᠶᠢᠭᠤᠯᠤᠯᠲᠠ ᠶᠢ ᠬᠠᠣᠯᠢ ᠶᠣᠰᠣᠭᠠᠷ ᠴᠢᠩᠭᠠᠳᠬᠠᠵᠤ᠂ ᠬᠠᠮᠢᠶ᠎ᠠ ᠪᠦᠬᠦᠢ ᠪᠠᠶᠢᠭᠤᠯᠤᠮᠵᠢ ᠶᠢᠨ | ᠪᠠᠶᠢᠷᠢᠯᠠᠭᠤᠯᠤᠯᠲᠠ᠂ ᠠᠵᠢᠯᠲᠠᠨ ᠤ ᠲᠣᠬᠢᠷᠠᠭᠤᠯᠤᠯᠲᠠ ᠶᠢ ᠡᠭᠦᠷᠭᠡᠯᠡᠵᠦ ᠪᠠᠶᠢᠭ᠎ᠠ ᠠᠵᠢᠯ ᠤᠨ ᠡᠭᠦᠷᠭᠡ ᠯᠦᠭᠡ | ᠬᠠᠷᠢᠯᠴᠠᠨ ᠵᠣᠬᠢᠴᠠᠭᠤᠯᠬᠤ ᠶᠢ ᠠᠬᠢᠭᠤᠯᠤᠨ᠎ᠠ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠥᠮᠦᠰ ᠤᠨ ᠬᠡᠪ ᠴᠢᠨᠠᠷ ᠢ | ᠦᠨᠡᠨ ᠬᠦ ᠳᠡᠭᠡᠭᠰᠢᠯᠡᠭᠦᠯᠵᠦ᠂ ᠬᠡᠷᠡᠭ ᠰᠢᠢᠳᠪᠦᠷᠢᠯᠡᠬᠦ ᠲᠠᠯᠠᠪᠤᠷ ᠭᠠᠵᠠᠷ ᠪᠣᠯᠣᠨ ᠬᠤᠯᠪᠣᠭᠳᠠᠯ ᠪᠦᠬᠦᠢ ᠲᠣᠨᠣᠭᠯᠠᠯ ᠤᠨ | ᠪᠠᠲᠤᠯᠠᠭ᠎ᠠ ᠶᠢ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠵᠠᠷᠤᠳᠠᠯ ᠢ ᠲᠤᠰ ᠱᠠᠲᠤᠨ ᠤ | ᠵᠠᠰᠠᠭ ᠤᠨ ᠣᠷᠳᠣᠨ ᠤ ᠲᠥᠰᠦᠪ ᠲᠤ ᠣᠷᠣᠭᠤᠯᠤᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠨᠢ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠤ ᠲᠤᠰᠢᠶᠠᠯ ᠬᠠᠪᠰᠤᠷᠭᠠᠭᠰᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠤᠯᠪᠣᠭ᠎ᠠ ᠠᠪᠤᠭᠴᠢ | ᠲᠣᠬᠢᠷᠠᠭᠤᠯᠤᠨ᠎ᠠ᠃ | ︵ᠭᠤᠴᠢᠨ ᠬᠤᠶᠠᠷ︶ ᠵᠠᠰᠠᠭ ᠵᠠᠬᠢᠷᠭᠠᠨ ᠤ ᠡᠶᠡᠳᠡᠭᠦᠯᠬᠦ ᠲᠦᠷᠢᠮ ᠢ ᠲᠡᠭᠦᠯᠳᠡᠷᠵᠢᠭᠦᠯᠵᠦ᠂ ᠵᠠᠰᠠᠭ | ᠵᠠᠬᠢᠷᠭᠠᠨ ᠤ ᠲᠠᠰᠤᠯᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ | ᠭᠤᠣᠯᠳᠠᠯᠭ᠎ᠠ ᠲᠠᠢ ᠠᠵᠢᠯ ᠲᠦᠷᠦᠯ ᠳᠤ ᠵᠠᠰᠠᠭ ᠵᠠᠬᠢᠷᠭᠠᠨ ᠤ ᠡᠶᠡᠳᠡᠭᠦᠯᠬᠦ ᠡᠩᠨᠡᠭᠡ ᠪᠣᠯᠤᠨ ᠡᠶᠡᠳᠡᠭᠦᠯᠬᠦ ᠲᠤᠰᠬᠠᠶ | ᠮᠡᠷᠭᠡᠵᠢᠯᠲᠡᠳ ᠤᠨ ᠬᠦᠮᠦᠷᠭᠡ ᠶᠢ ᠵᠣᠬᠢᠶᠠᠨ ᠪᠠᠶᠢᠭᠤᠯᠤᠨ᠎ᠠ᠃ ᠵᠠᠰᠠᠭ ᠵᠠᠬᠢᠷᠭᠠᠨ ᠤ ᠡᠶᠡᠳᠡᠭᠦᠯᠬᠦ ᠡᠭᠦᠷᠭᠡ ᠪᠠᠷ | ᠨᠡᠯᠢᠶᠡᠳ ᠬᠦᠨᠳᠦ ᠪᠠᠶᠢᠭ᠎ᠠ ᠰᠠᠯᠠᠭ᠎ᠠ ᠮᠥᠴᠢᠷ ᠨᠢ ᠬᠡᠷᠡᠭᠴᠡᠭᠡ ᠪᠠᠨ ᠦᠨᠳᠦᠰᠦᠯᠡᠨ ᠵᠠᠰᠠᠭ ᠵᠠᠬᠢᠷᠭᠠᠨ ᠤ ᠡᠶᠡᠳᠡᠭᠦᠯᠬᠦ | ᠺᠣᠮᠢᠰ ᠪᠠᠶᠢᠭᠤᠯᠵᠤ᠂ ᠵᠠᠰᠠᠭ ᠵᠠᠬᠢᠷᠭᠠᠨ ᠤ ᠡᠶᠡᠳᠡᠭᠦᠯᠬᠦ ᠭᠡᠷ᠂ ᠬᠦᠯᠢᠶᠡᠨ ᠠᠪᠬᠤ ᠳᠠᠰᠤᠭ ᠪᠠᠶᠢᠭᠤᠯᠵᠤ ᠪᠣᠯᠣᠨ᠎ᠠ᠃ | ᠵᠠᠰᠠᠭ ᠵᠠᠬᠢᠷᠭᠠᠨ ᠤ ᠲᠠᠰᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠣᠯᠢ ᠶᠣᠰᠣᠭᠠᠷ ᠡᠭᠦᠷᠭᠡᠯᠡᠵᠦ ᠪᠠᠶᠢᠭ᠎ᠠ ᠡᠯ᠎ᠡ | ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ | ᠲᠠᠰᠤᠯᠤᠯᠲᠠ ᠶᠢᠨ ᠳᠡᠰ ᠳᠠᠷᠠᠭᠠᠯᠠᠯ ᠤᠨ ᠲᠣᠭᠲᠠᠭᠠᠯ ᠢ 2017 ᠣᠨ ᠤ ᠵᠢᠯ ᠤᠨ ᠰᠡᠭᠦᠯᠴᠢ ᠠᠴᠠ ᠡᠮᠦᠨ᠎ᠡ | ᠪᠦᠷᠢᠨᠰᠢᠭᠦᠯᠦᠨ ᠲᠡᠭᠦᠯᠳᠡᠵᠢᠭᠦᠯᠵᠦ᠂ ᠵᠠᠰᠠᠭ ᠵᠠᠬᠢᠷᠭᠠᠨ ᠤ ᠲᠠᠰᠤᠯᠤᠯᠲᠠ ᠶᠢ ᠭᠤᠶᠤᠴᠢᠯᠠᠬᠤ᠂ ᠬᠦᠯᠢᠶᠡᠨ ᠠᠪᠴᠤ | ᠰᠢᠢᠳᠪᠦᠷᠢᠯᠡᠬᠦ᠂ ᠬᠢᠨᠠᠨ ᠪᠠᠶᠢᠴᠠᠭᠠᠬᠤ᠂ ᠲᠣᠭᠲᠠᠭᠠᠬᠤ᠂ ᠭᠦᠢᠴᠡᠳᠬᠡᠬᠦ ᠵᠡᠷᠭᠡ ᠳᠡᠰ ᠳᠠᠷᠠᠭᠠᠯᠠᠯ ᠢ | ᠵᠢᠷᠤᠮᠵᠢᠭᠤᠯᠤᠨ᠎ᠠ᠃ | ︵ᠭᠤᠴᠢᠨ ᠭᠤᠷᠪᠠ︶ ᠬᠥᠨᠳᠡᠯᠡᠨ ᠠᠴᠠ ᠲᠠᠰᠤᠯᠬᠤ ᠲᠦᠷᠢᠮ ᠤᠨ ᠥᠭᠡᠷᠡᠴᠢᠯᠡᠯᠲᠡ ᠶᠢ ᠲᠦᠯᠬᠢᠨ | ᠠᠬᠢᠭᠤᠯᠤᠨ᠎ᠠ᠃ ᠬᠥᠨᠳᠡᠯᠡᠨ ᠠᠴᠠ ᠲᠠᠰᠤᠯᠬᠤ ᠡᠯ᠎ᠡ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠥᠨᠳᠡᠯᠡᠨ ᠠᠴᠠ ᠲᠠᠰᠤᠯᠬᠤ᠂ ᠮᠥᠩᠭᠦᠨ ᠭᠦᠢᠯᠭᠡᠭᠡᠨ ᠤ ᠬᠥᠨᠳᠡᠯᠡᠨ ᠠᠴᠠ | ᠲᠠᠰᠤᠯᠬᠤ ᠪᠠ ᠭᠡᠷ ᠭᠠᠵᠠᠷ ᠬᠦᠷᠦᠩᠭᠡ ᠶᠢᠨ ᠬᠥᠨᠳᠡᠯᠡᠨ ᠠᠴᠠ ᠲᠠᠰᠤᠯᠬᠤ ᠵᠡᠷᠭᠡ ᠲᠤᠰᠬᠠᠶ ᠮᠡᠷᠭᠡᠵᠢᠯ ᠤᠨ | ᠬᠥᠨᠳᠡᠯᠡᠨ ᠠᠴᠠ ᠲᠠᠰᠤᠯᠬᠤ ᠰᠠᠯᠪᠤᠷᠢ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ᠎ᠠ᠃ ᠬᠥᠨᠳᠡᠯᠡᠨ ᠠᠴᠠ ᠲᠠᠰᠤᠯᠬᠤ | ᠡᠯ᠎ᠡ ᠺᠣᠮᠢᠰ ᠨᠢ ᠬᠥᠨᠳᠡᠯᠡᠨ ᠠᠴᠠ ᠲᠠᠰᠤᠯᠤᠭᠴᠢ ᠶᠢ ᠬᠠᠮᠢᠶᠠᠷᠬᠤ᠂ ᠪᠤᠷᠤᠭᠤ ᠬᠡᠷᠡᠭ ᠤᠨ ᠬᠠᠷᠢᠭᠤᠴᠠᠯᠭ᠎ᠠ ᠶᠢ | ᠨᠡᠬᠡᠮᠵᠢᠯᠡᠬᠦ᠂ ᠬᠥᠨᠳᠡᠯᠡᠨ ᠠᠴᠠ ᠲᠠᠰᠤᠯᠬᠤ ᠶᠢᠨ ᠰᠦᠢᠳᠬᠡᠯ ᠬᠤᠷᠢᠶᠠᠬᠤ ᠵᠡᠷᠭᠡ ᠠᠵᠢᠯ ᠤᠨ ᠳᠦᠷᠢᠮ ᠳᠤ 2017 | ᠣᠨ ᠤ ᠵᠢᠯ ᠤᠨ ᠰᠡᠭᠦᠯᠴᠢ ᠠᠴᠠ ᠡᠮᠦᠨ᠎ᠡ ᠵᠠᠰᠠᠪᠤᠷᠢ ᠣᠷᠣᠭᠤᠯᠵᠤ᠂ ᠬᠥᠨᠳᠡᠯᠡᠨ ᠠᠴᠠ ᠲᠠᠰᠤᠯᠬᠤ ᠬᠡᠷᠡᠭ | ᠰᠢᠢᠳᠪᠦᠷᠢᠯᠡᠬᠦ ᠴᠤᠪᠤᠷᠠᠯ ᠪᠠ ᠬᠥᠨᠳᠡᠯᠡᠨ ᠠᠴᠠ ᠲᠠᠰᠤᠯᠬᠤ ᠪᠢᠴᠢᠭ ᠬᠠᠷ᠎ᠠ ᠶᠢᠨ ᠨᠢᠭᠡᠳᠦᠯᠲᠡᠶ ᠬᠡᠯᠪᠡᠷᠢ ᠶᠢᠨ ᠬᠡᠪᠯᠡᠯ ᠢ | ᠵᠢᠷᠤᠮᠵᠢᠭᠤᠯᠤᠨ᠎ᠠ᠃ ᠬᠥᠨᠳᠡᠯᠡᠨ ᠠᠴᠠ ᠲᠠᠰᠤᠯᠬᠤ ᠺᠣᠮᠢᠰ ᠤᠨ ᠬᠤᠭᠤᠴᠠᠭ᠎ᠠ ᠰᠣᠯᠢᠬᠤ ᠠᠵᠢᠯ ᠢ ᠪᠡᠶᠡᠯᠡᠭᠦᠯᠦᠨ᠎ᠡ᠃ | 2017 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠥᠨᠳᠡᠯᠡᠨ ᠠᠴᠠ ᠲᠠᠰᠤᠯᠬᠤ ᠡᠯ᠎ᠡ ᠺᠣᠮᠢᠰ ᠠᠷᠠᠳ ᠤᠨ | ᠰᠢᠭᠦᠬᠦ ᠬᠤᠷᠢᠶ᠎ᠠ ᠯᠤᠭ᠎ᠠ ᠬᠠᠮᠲᠤᠷᠠᠭᠰᠠᠨ ᠬᠤᠷᠠᠯ ᠤᠨ ᠲᠦᠷᠢᠮ ᠪᠠᠶᠢᠭᠤᠯᠵᠤ᠂ ᠬᠥᠨᠳᠡᠯᠡᠨ ᠠᠴᠠ ᠲᠠᠰᠤᠯᠬᠤ | ᠬᠠᠮᠠᠭᠠᠯᠠᠨ ᠬᠠᠳᠠᠭᠠᠯᠠᠬᠤ ᠪᠠ ᠭᠦᠢᠴᠡᠳᠬᠡᠬᠦ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠭᠡᠷᠡᠴᠢ ᠪᠠᠷᠢᠮᠲᠠ ᠶᠢ | ᠦᠨᠡᠮᠰᠢᠨ ᠬᠡᠷᠡᠭᠯᠡᠬᠦ᠂ ᠬᠠᠤᠯᠢ ᠴᠠᠭᠠᠵᠠ ᠶᠢ ᠲᠣᠬᠢᠷᠠᠭᠤᠯᠤᠨ ᠬᠡᠷᠡᠭᠯᠡᠬᠦ ᠵᠡᠷᠭᠡ ᠲᠠᠯ᠎ᠠ ᠪᠠᠷ ᠬᠢ ᠨᠡᠪᠲᠡᠷᠡᠯᠴᠡᠨ | ᠵᠣᠬᠢᠴᠠᠭᠤᠯᠬᠤ ᠶᠢ ᠴᠢᠩᠭᠠᠳᠬᠠᠨ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠬᠡᠷᠡᠭ ᠢ ᠲᠡᠰᠤᠯᠤᠨ | ᠲᠣᠭᠲᠠᠭᠠᠬᠤ ᠬᠡᠮᠵᠢᠶ᠎ᠡ ᠶᠢ ᠨᠢᠭᠡᠳᠬᠡᠨ᠎ᠡ᠃ | ︵ᠭᠤᠴᠢᠨ ᠲᠥᠷᠪᠡ︶ ᠠᠷᠠᠳ ᠤᠨ ᠡᠶᠡᠳᠡᠭᠦᠯᠬᠦ ᠠᠵᠢᠯ ᠢ ᠴᠢᠩᠭᠠᠳᠬᠠᠨ᠎ᠠ᠃ ᠣᠯᠠᠨ ᠡᠰᠢᠲᠦ ᠵᠥᠷᠢᠴᠡᠯ | ᠵᠢᠭᠤᠷᠠᠯᠳᠤᠭᠠᠨ ᠢ ᠡᠶᠡᠳᠡᠭᠦᠯᠬᠦ ᠲᠥᠪ ᠤᠨ ᠪᠥᠳᠥᠭᠡᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠤᠨ᠎ᠠ᠃ | ᠠᠳᠠᠯ ᠠᠬᠤᠶ᠂ ᠡᠮᠴᠢᠯᠡᠭᠡ᠂ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠯᠮᠦᠷᠢ ᠶᠢᠨ ᠮᠠᠷᠭᠤᠯᠳᠤᠭᠠᠨ᠂ ᠵᠠᠮ | ᠬᠠᠷᠢᠯᠴᠠᠭᠠᠨ ᠤ ᠬᠤᠬᠢᠷᠠᠯ ᠢ ᠲᠦᠯᠦᠬᠦ ᠵᠡᠷᠭᠡ ᠬᠦᠷᠢᠶᠡᠨ ᠳᠠᠬᠢ ᠠᠵᠢᠯ ᠲᠥᠷᠥᠯ ᠤᠨ ᠴᠢᠨᠠᠷᠲᠠᠶ᠂ ᠲᠤᠰᠬᠠᠶ | ᠮᠡᠷᠭᠡᠵᠢᠯ ᠤᠨ ᠴᠢᠨᠠᠷᠲᠠᠶ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠪᠦᠷᠢᠨ ᠪᠦᠷᠬᠦᠭᠦᠯᠬᠦ ᠦᠷ᠎ᠡ | ᠪᠦᠲᠦᠭᠡᠯ ᠢ ᠪᠠᠬᠢᠵᠢᠭᠦᠯᠵᠦ᠂ ᠵᠢᠯ ᠤᠨ ᠳᠣᠲᠣᠷ᠎ᠠ ᠪᠦᠷᠬᠦᠭᠦᠯᠬᠦ ᠬᠡᠪᠴᠢᠶ᠎ᠡ ᠶᠢ ᠨᠡᠯᠢᠶᠡᠳ ᠶᠡᠭᠡ ᠬᠤᠲᠠ ᠪᠠᠯᠭᠠᠰᠤ | ᠬᠦᠷᠲᠡᠯ᠎ᠡ ᠥᠷᠭᠡᠳᠬᠡᠨ᠎ᠡ᠃ ᠬᠠᠤᠯᠢ ᠪᠠᠷ ᠵᠠᠰᠠᠬᠤ ᠤᠬᠠᠭᠤᠯᠭ᠎ᠠ᠂ ᠬᠠᠤᠯᠢ ᠴᠠᠭᠠᠵᠠ ᠶᠢᠨ ᠯᠠᠪᠯᠠᠯᠭ᠎ᠠ᠂ ᠠᠷᠠᠳ ᠤᠨ | ᠡᠶᠡᠳᠡᠭᠦᠯᠬᠦ᠂ ᠬᠠᠤᠯᠢ ᠴᠠᠭᠠᠵᠠ ᠪᠠᠷ ᠲᠤᠰᠠᠯᠠᠬᠤ ᠵᠡᠷᠭᠡ ᠶᠢ ᠨᠢᠭᠡ ᠴᠤᠭᠴᠠᠵᠢᠭᠤᠯᠤᠭᠰᠠᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠲᠠᠪᠴᠠᠩ ᠢ ᠲᠥᠪᠯᠡᠷᠡᠭᠦᠯᠦᠨ ᠪᠠᠶᠢᠭᠤᠯᠤᠨ᠎ᠠ᠃ | ︵ᠭᠤᠴᠢᠨ ᠲᠠᠪᠤ︶ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠳᠤ ᠥᠭᠡᠷᠡᠴᠢᠯᠡᠯᠲᠡ ᠬᠢᠨ᠎ᠡ᠃ ︽ | ᠢᠯᠡ ᠲᠤᠲᠤ ᠵᠠᠬᠢᠳᠠᠯ ᠰᠤᠷᠪᠤᠯᠵᠢᠯᠠᠯ︾᠂ ︽ᠬᠠᠷᠢᠭᠤᠴᠠᠯᠭᠠᠲᠤ ᠵᠠᠬᠢᠳᠠᠯ ᠰᠤᠷᠪᠤᠯᠵᠢᠯᠠᠯ︾ ︽ᠬᠠᠤᠯᠢ ᠪᠠᠷ ᠵᠠᠰᠠᠬᠤ | ᠵᠠᠬᠢᠳᠠᠯ ᠰᠤᠷᠪᠤᠯᠵᠢᠯᠠᠯ︾ ᠭᠡᠬᠦ ᠭᠤᠷᠪᠠᠨ ᠵᠦᠢᠯ ᠤᠨ ᠥᠭᠡᠷᠡᠴᠢᠯᠡᠯᠲᠡ ᠶᠢ ᠨᠡᠶᠢᠳᠡᠮ ᠳᠤᠨᠢ ᠲᠦᠯᠬᠢᠨ ᠠᠬᠢᠭᠤᠯᠤᠨ᠎ᠠ᠃ | ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠴᠢᠳᠠᠮᠵᠢ ᠶᠢ | ᠲᠡᠭᠦᠯᠳᠡᠷᠵᠢᠭᠦᠯᠵᠦ᠂ ᠣᠯᠠᠨ ᠲᠦᠮᠡᠨ ᠤ ᠭᠤᠮᠣᠳᠠᠯ ᠲᠣᠭᠠᠴᠢᠬᠤ ᠳᠤᠨᠢ ᠳᠦᠭᠦᠮ ᠦᠵᠡᠭᠦᠯᠵᠦ᠂ ᠵᠠᠬᠢᠳᠠᠯ | ᠰᠤᠷᠪᠤᠯᠵᠢᠯᠠᠯ ᠤᠨ ᠠᠰᠠᠭᠤᠳᠠᠯ ᠢ ᠴᠠᠭ ᠲᠤᠬᠠᠶ ᠳᠤᠨᠢ ᠲᠣᠬᠠᠢ ᠶᠢᠨ ᠭᠠᠵᠠᠷ ᠲᠤᠨᠢ ᠰᠢᠢᠳᠪᠦᠷᠢᠯᠡᠨ᠎ᠡ᠃ ᠵᠠᠷᠭᠤ ᠪᠠ | ᠰᠤᠷᠪᠤᠯᠵᠢᠯᠠᠯ ᠢ ᠰᠠᠯᠭᠠᠬᠤ ᠶᠢ ᠴᠢᠩᠭ᠎ᠠ ᠬᠡᠷᠡᠭᠵᠢᠭᠦᠯᠵᠦ᠂ ᠬᠠᠤᠯᠢ ᠴᠠᠭᠠᠵᠠ ᠵᠠᠷᠭᠤ ᠵᠠᠭᠠᠯᠳᠤᠯᠭ᠎ᠠ ᠳᠤ | ᠬᠤᠯᠪᠣᠭᠳᠠᠭᠰᠠᠨ ᠵᠠᠬᠢᠳᠠᠯ ᠰᠤᠷᠪᠤᠯᠵᠢᠯᠠᠯ ᠢ ᠬᠠᠤᠯᠢ ᠶᠣᠰᠣᠭᠠᠷ ᠲᠠᠰᠤᠯᠤᠨ ᠳᠠᠭᠤᠰᠬᠠᠬᠤ ᠳᠦᠷᠢᠮ ᠢ | ᠲᠡᠭᠦᠯᠳᠡᠷᠵᠢᠭᠦᠯᠦᠨ᠎ᠡ᠃ | ᠲᠤᠯᠤᠭ᠎ᠠ᠂ ᠵᠠᠰᠠᠭ ᠤᠨ ᠣᠷᠳᠣᠨ ᠤ ᠠᠵᠢᠯᠲᠠᠳ ᠤᠨ ᠬᠠᠤᠯᠢ ᠪᠠᠷ ᠵᠠᠰᠠᠬᠤ ᠰᠡᠳᠬᠢᠬᠦᠶ ᠪᠣᠯᠣᠨ ᠬᠠᠤᠯᠢ | ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ | ︵ᠭᠤᠴᠢᠨ ᠵᠢᠷᠭᠤᠭ᠎ᠠ︶ ᠵᠠᠰᠠᠭ ᠤᠨ ᠣᠷᠳᠣᠨ ᠤ ᠠᠵᠢᠯᠲᠠᠳ ᠤᠨ ᠬᠠᠣᠯᠢ ᠪᠠᠷ ᠵᠠᠰᠠᠬᠤ ᠬᠦᠮᠦᠵᠢᠯ | ᠪᠣᠯᠪᠠᠰᠤᠷᠠᠭᠤᠯᠤᠯ ᠢ ᠴᠢᠩᠭᠠᠳᠬᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠨᠢ | ᠤᠳᠤᠷᠢᠳᠬᠤ ᠺᠠᠳ᠋ᠷᠴᠤᠳ ᠤᠨ ᠬᠠᠤᠯᠢ ᠪᠠᠷ ᠵᠠᠰᠠᠬᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠠᠩᠭᠢ ᠶᠢ | ᠨᠠᠭᠠᠳᠤ ᠵᠠᠬ᠎ᠠ ᠳᠠᠭᠠᠨ ᠨᠢᠭᠡ ᠬᠤᠭᠤᠴᠠᠭ᠎ᠠ ᠡᠷᠭᠢᠯᠡᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠤᠳᠤᠷᠢᠳᠬᠤ | ᠪᠠᠭ ᠬᠠᠤᠯᠢ ᠪᠠᠷ ᠵᠠᠰᠠᠬᠤ ᠲᠤᠰᠬᠠᠶ ᠰᠡᠳᠦᠪᠲᠦ ᠲᠠᠶᠢᠯᠤᠮᠵᠢ ᠶᠢ ᠬᠤᠶᠠᠷ ᠬᠤᠭᠤᠴᠠᠭ᠎ᠠ ᠠᠴᠠ ᠳᠡᠭᠡᠭᠰᠢ ᠡᠷᠬᠢᠯᠡᠨ᠎ᠡ᠃ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠳᠠ᠂ ᠲᠣᠭᠤᠷᠢᠭ︶ ᠭᠤᠷᠪᠠᠨ | ᠱᠠᠲᠤ ᠶᠢᠨ ᠬᠢᠨ ︽ᠵᠠᠭᠤᠨ ᠨᠡᠷᠡᠰ ᠤᠳᠤᠷᠢᠳᠬᠤ ᠺᠠᠳ᠋ᠷ ᠬᠢᠴᠢᠶᠡᠯ ᠤᠨ ᠲᠠᠩᠬᠢᠮ ᠳᠤ ᠣᠷᠣᠬᠤ︾ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠦᠷᠨᠢᠭᠦᠯᠬᠦ ᠶᠢ ᠱᠠᠳᠤ ᠬᠤᠪᠢᠶᠠᠨ ᠬᠠᠷᠢᠭᠤᠴᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠠᠵᠢᠯᠲᠠᠨ ᠤ ᠬᠠᠤᠯᠢ ᠰᠤᠷᠴᠤ ᠬᠠᠤᠯᠢ ᠬᠡᠷᠡᠭᠯᠡᠬᠦ ᠳᠦᠷᠢᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ ᠳᠦᠷᠢᠮ ᠢ ᠪᠦᠷᠢᠨᠰᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠶᠢᠨ ᠬᠥᠮᠦᠵᠢᠯ | ᠪᠣᠯᠪᠠᠰᠤᠷᠠᠭᠤᠯᠤᠯ ᠤᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠲᠥᠪᠯᠡᠷᠡᠭᠦᠯᠦᠨ | ᠬᠢᠴᠢᠶᠡᠯ ᠵᠢᠭᠠᠬᠤ ᠪᠠ ᠢᠨᠲ᠋ᠧᠷ ᠰᠦᠯᠵᠢᠶᠡᠨ ᠳᠡᠭᠡᠷ᠎ᠡ ᠰᠤᠷᠤᠯᠴᠠᠬᠤ ᠵᠡᠷᠭᠡ ᠵᠠᠭᠪᠤᠷ ᠢᠶᠠᠷ ᠳᠠᠮᠵᠢᠨ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠲᠤ ᠬᠥᠮᠦᠵᠢᠯ ᠪᠣᠯᠪᠠᠰᠤᠷᠠᠭᠤᠯᠤᠯ ᠬᠦᠷᠲᠡᠭᠡᠬᠦ ᠶᠢ ᠴᠢᠩᠭᠠᠳᠬᠠᠨ᠎ᠠ︔ | ᠠᠵᠢᠯ ᠤᠨ ᠪᠠᠶᠢᠷᠢ ᠳᠤ ᠪᠠᠶᠢᠭ᠎ᠠ ᠬᠥᠮᠥᠵᠢᠯ ᠤᠨ ᠬᠢᠷᠢ ᠬᠡᠮ ᠲᠠᠢ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠲᠤ ᠰᠤᠷᠤᠯᠴᠠᠬᠤ ᠲᠠᠪᠴᠠᠩ ᠬᠠᠩᠭᠠᠵᠤ᠂ ᠨᠠᠰᠤᠨ ᠳᠤ | ᠬᠦᠷᠦᠭᠰᠡᠳ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠠᠭᠪᠤᠷ ᠢᠶᠠᠷ ᠳᠠᠮᠵᠢᠨ ᠰᠤᠷᠤᠯᠭ᠎ᠠ ᠶᠢᠨ ᠨᠠᠮᠲᠠᠷ ᠤᠨ | ᠬᠥᠮᠦᠵᠢᠯ ᠪᠣᠯᠪᠠᠰᠤᠷᠠᠭᠤᠯᠤᠯ ᠦᠷᠨᠢᠭᠦᠯᠦᠨ᠎ᠡ᠃ | ︵ᠭᠤᠴᠢᠨ ᠲᠤᠯᠤᠭ᠎ᠠ︶ ᠵᠠᠰᠠᠭ ᠤᠨ ᠣᠷᠳᠣᠨ ᠤ ᠠᠵᠢᠯᠲᠠᠳ ᠤᠨ ᠬᠠᠤᠯᠢ ᠪᠠᠷ ᠵᠠᠰᠠᠬᠤ ᠴᠢᠳᠠᠪᠤᠷᠢ ᠶᠢ | ᠰᠢᠯᠭᠠᠨ ᠪᠠᠶᠢᠴᠠᠭᠠᠬᠤ ᠰᠣᠷᠢᠯᠲᠠ ᠶᠢᠨ ᠲᠥᠷᠢᠮ ᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠲᠠᠳ ᠤᠨ ᠣᠨ ᠤ ᠰᠢᠯᠭᠠᠨ ᠬᠢᠨᠠᠬᠤ ᠰᠣᠷᠢᠯᠲᠠ ᠶᠢᠨ ᠲᠥᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠰᠢᠯᠭᠠᠨ ᠬᠢᠨᠠᠬᠤ ᠰᠣᠷᠢᠯᠲᠠ ᠶᠢᠨ ᠦᠷ᠎ᠡ ᠳ᠋ᠦᠩ ᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠣᠨ ᠤ | ᠪᠠᠶᠢᠴᠠᠭᠠᠯᠲᠠ ᠶᠢᠨ ᠴᠢᠬᠤᠯᠠ ᠦᠨᠳᠦᠰᠦᠯᠡᠯ ᠪᠣᠯᠭᠠᠨ᠎ᠠ᠃ ︽ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠶᠢᠨ ᠬᠠᠤᠯᠢ | ᠴᠠᠭᠠᠵᠠ ᠶᠢᠨ ᠮᠡᠳᠡᠯᠭᠡ ᠶᠢᠨ ᠤᠷᠤᠯᠳᠤᠭᠠᠨ︾ ᠤ ᠠᠵᠢᠯᠯᠠᠭ᠎ᠠ ᠦᠷᠨᠢᠭᠦᠯᠦᠨ᠎ᠡ᠃ ᠠᠯᠪᠠᠲᠠᠨ ᠡᠯᠰᠡᠨ ᠬᠡᠷᠡᠭᠯᠡᠬᠦ | ᠰᠢᠯᠭᠠᠯᠲᠠ ᠶᠢ ᠬᠢᠨᠠᠨ ᠪᠠᠶᠢᠴᠠᠭᠠᠬᠤ ᠠᠭᠤᠯᠭ᠎ᠠ ᠶᠢ ᠰᠢᠯᠢᠳᠡᠭᠵᠢᠭᠦᠯᠦᠨ᠂ ᠠᠯᠪᠠᠲᠠᠨ ᠡᠯᠰᠡᠨ ᠬᠡᠷᠡᠭᠯᠡᠬᠦ ᠰᠢᠯᠭᠠᠯᠲᠠ | ᠳᠤᠮᠳᠠᠬᠢ ᠬᠠᠤᠯᠢ ᠴᠠᠭᠠᠵᠠ ᠶᠢᠨ ᠮᠡᠳᠡᠯᠭᠡ ᠶᠢᠨ ᠬᠤᠪᠢ ᠶᠢᠨ ᠬᠦᠨᠳᠦᠴᠡ ᠶᠢ ᠨᠡᠮᠡᠭᠳᠡᠭᠦᠯᠦᠨ᠎ᠡ᠃ | ︵ᠭᠤᠴᠢᠨ ᠨᠠᠢᠮᠠ︶ ᠬᠠᠤᠯᠢ ᠪᠠᠷ ᠵᠠᠰᠠᠬᠤ ᠦᠢᠯᠡᠳᠦᠯᠭᠡ ᠪᠠᠷ ᠳᠠᠮᠵᠢᠨ ᠵᠠᠰᠠᠭ ᠤᠨ ᠣᠷᠳᠣᠨ ᠤ | ᠠᠵᠢᠯᠲᠠᠳ ᠤᠨ ᠬᠠᠤᠯᠢ ᠪᠠᠷ ᠵᠠᠰᠠᠬᠤ ᠰᠡᠳᠬᠢᠬᠦᠶ ᠪᠣᠯᠣᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ | ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ︾ ᠬᠠᠤᠯᠢ | ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠳᠦᠷᠢᠮ ᠢ ᠵᠢᠯ ᠤᠨ ᠰᠡᠭᠦᠯᠴᠢ ᠠᠴᠠ ᠡᠮᠦᠨ᠎ᠡ | ᠲᠣᠭᠲᠠᠭᠠᠨ᠎ᠠ᠃ | ᠨᠠᠢᠮᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠣᠯᠣᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ | ︵ᠭᠤᠴᠢ ᠶᠢᠰᠦ︶ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠠᠴᠠ ᠬᠠᠣᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ | ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠡᠯ᠎ᠡ ᠱᠠᠲᠤᠨ ᠤ | ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠲᠤᠰ ᠭᠠᠵᠠᠷ ᠣᠷᠣᠨ ᠤ ᠪᠠᠨ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ | ᠲᠥᠯᠥᠪᠵᠢᠭᠦᠯᠭᠡ ᠵᠢᠴᠢ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ | ᠰᠤᠳᠤᠯᠤᠨ ᠰᠢᠢᠳᠪᠦᠷᠢᠯᠡᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠪᠠᠲᠤᠯᠠᠭ᠎ᠠ | ᠬᠠᠩᠭᠠᠵᠤ᠂ ᠨᠥᠬᠦᠴᠡᠯ ᠪᠦᠷᠢᠯᠳᠦᠭᠦᠯᠵᠦ ᠥᠭᠭᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ | ᠰᠠᠯᠠᠭ᠎ᠠ ᠮᠦᠴᠢᠷ ᠤᠳ ᠤᠨ ᠬᠠᠤᠯᠢ ᠳᠦᠷᠢᠮ ᠤᠨ ᠬᠦᠴᠦᠨ ᠴᠢᠳᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠳᠡᠭᠡᠳᠦ ᠳᠡᠰ ᠳᠠᠪᠬᠤᠷᠭ᠎ᠠ ᠶᠢᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠩᠭᠡᠭᠡᠨ ᠠᠪᠴᠤ | ᠬᠠᠣᠯᠢ ᠴᠠᠭᠠᠵᠠ ᠶᠢᠨ ᠡᠩᠨᠡᠭᠡ ᠶᠢ ᠲᠤᠷᠪᠢᠵᠢᠭᠤᠯᠵᠤ᠂ ᠠᠵᠢᠯᠲᠠᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠡᠪ | ᠴᠢᠨᠠᠷ ᠪᠣᠯᠣᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠵᠢᠯ ᠪᠦᠷᠢ ᠶᠢᠨ ᠨᠢᠭᠡᠳᠦᠭᠡᠷ ᠤᠯᠠᠷᠢᠯ ᠳᠤ ᠠᠳᠠᠯᠢ | ᠱᠠᠲᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠪᠣᠯᠣᠨ ᠳᠡᠭᠡᠳᠦ ᠨᠢᠭᠡ ᠱᠠᠲᠤᠨ ᠤ ᠵᠠᠰᠠᠭ ᠤᠨ ᠣᠷᠳᠣᠨ ᠳᠤ ᠳᠡᠭᠡᠷ᠎ᠡ ᠨᠢᠭᠡ ᠵᠢᠯ ᠤᠨ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠮᠡᠳᠡᠭᠦᠯᠵᠦ᠂ ᠵᠠᠰᠠᠭ ᠤᠨ ᠣᠷᠳᠣᠨ ᠤ ᠰᠠᠯᠠᠭ᠎ᠠ | ᠮᠥᠴᠢᠷ ᠠᠴᠠ ᠵᠢᠯ ᠪᠦᠷᠢ ᠶᠢᠨ ᠨᠢᠭᠡᠳᠦᠭᠡᠷ ᠤᠯᠠᠷᠢᠯ ᠳᠤ ᠲᠤᠰ ᠱᠠᠲᠤᠨ ᠤ ᠵᠠᠰᠠᠭ ᠤᠨ ᠣᠷᠳᠣᠨ ᠪᠣᠯᠤᠨ ᠳᠡᠭᠡᠳᠦ | ᠨᠢᠭᠡ ᠱᠠᠲᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠡᠭᠡᠷ᠎ᠡ ᠨᠢᠭᠡ ᠵᠢᠯ ᠤᠨ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠮᠡᠳᠡᠭᠦᠯᠦᠨ᠎ᠡ᠃ 2017 ᠣᠨ ᠤ | ᠣᠨ ᠤ ᠮᠡᠳᠡᠭᠦᠯᠦᠯᠲᠡ ᠶᠢ 2018 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠮᠡᠳᠡᠭᠦᠯᠦᠨ᠎ᠡ᠃ | ᠡᠯ᠎ᠡ ᠠᠶᠢᠮᠠᠭ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠡᠷᠡᠭᠵᠢᠭᠦᠯᠬᠦ ᠬᠦᠲᠦᠯᠪᠦᠷᠢ ︵ | 2015 — 2020 ᠣᠨ︶︾ ᠪᠠ ︽︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠬᠡᠷᠡᠭᠵᠢᠭᠦᠯᠬᠦ ᠬᠦᠲᠦᠯᠪᠦᠷᠢ ︵2015 — 2020 ᠣᠨ︶﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ 2017 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠲᠤᠰ ᠭᠠᠵᠠᠷ ᠣᠷᠣᠨ᠂ ᠲᠤᠰ ᠰᠢᠰᠲ᠋ᠧᠮ ᠤᠨ ᠢᠶᠠᠨ ᠬᠠᠮᠢᠶ᠎ᠠ ᠪᠦᠬᠦᠢ ᠨᠠᠶᠢᠳᠠᠪᠤᠷᠢᠵᠢᠭᠤᠯᠬᠤ ᠲᠥᠰᠦᠯ ᠢ | ᠲᠣᠭᠲᠠᠭᠠᠨ ᠨᠡᠶᠢᠲᠡᠯᠡᠵᠦ᠂ ᠴᠠᠭ ᠤᠨ ᠠᠬᠢᠴᠠ ᠶᠢᠨ ᠲᠣᠬᠢᠷᠠᠭᠤᠯᠤᠯᠲᠠ ᠪᠣᠯᠣᠨ ᠰᠢᠯᠭᠠᠨ ᠪᠠᠶᠢᠴᠠᠭᠠᠵᠤ ᠪᠣᠯᠬᠤᠶᠢᠴᠠ | ᠦᠷ᠎ᠡ ᠪᠦᠲᠦᠭᠡᠯ ᠤᠨ ᠬᠡᠯᠪᠡᠷᠢ ᠶᠢ ᠲᠣᠲᠤᠷᠬᠠᠢ ᠳᠤᠷᠠᠳᠴᠤ᠂ ᠵᠢᠯ ᠪᠦᠷᠢ ᠶᠢᠨ ᠠᠵᠢᠯ ᠤᠨ ᠭᠤᠣᠯᠳᠠᠯᠭ᠎ᠠ ᠪᠠᠨ | ᠲᠣᠭᠲᠠᠭᠠᠬᠤ ᠶᠢᠨ ᠬᠠᠮᠲᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠬᠠᠤᠯᠢ ᠶᠣᠰᠣᠭᠠᠷ | ᠵᠠᠰᠠᠭ ᠶᠠᠪᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠬᠠᠮᠲᠤ ᠳᠤᠨᠢ ᠬᠠᠭᠤᠯᠤᠨ | ᠢᠯᠡᠭᠡᠨ᠎ᠡ᠃ | ︵ᠳᠥᠴᠢ︶ ᠰᠢᠯᠭᠠᠨ ᠬᠢᠨᠠᠵᠤ ᠦᠨᠡᠯᠡᠬᠦ ᠪᠠ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ | ᠭᠤᠷᠪᠠᠳᠡᠬᠢ ᠡᠲᠡᠭᠡᠳ ᠢ ᠣᠷᠣᠭᠤᠯᠤᠨ ᠠᠪᠴᠢᠷᠠᠵᠤ ᠡᠯ᠎ᠡ ᠱᠠᠲᠤᠨ ᠤ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠪᠠᠶᠢᠳᠠᠯ ᠳᠤ ᠦᠨᠡᠯᠡᠨ ᠵᠢᠱᠢᠯᠲᠡ ᠬᠢᠯᠭᠡᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠬᠢᠴᠠ ᠪᠠᠶᠢᠳᠠᠯ ᠤᠨ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠲᠣᠭᠲᠠᠮᠠᠯ | ᠬᠤᠭᠤᠴᠠᠭ᠎ᠠ ᠲᠠᠢ ᠪᠠᠶᠢᠴᠠᠭᠠᠯᠲᠠ ᠪᠠ ᠲᠤᠰᠬᠠᠶ ᠰᠢᠮᠳᠠᠭᠤᠯᠤᠨ ᠪᠠᠶᠢᠴᠠᠭᠠᠯᠲᠠ ᠬᠢᠨ᠎ᠡ᠃ | ︵ᠳᠥᠴᠢᠨ ᠨᠢᠭᠡ︶ ᠤᠨᠤᠯ ᠰᠤᠳᠤᠯᠬᠤ ᠂ ᠨᠡᠶᠢᠲᠡᠯᠢᠭ ᠵᠢᠱᠢᠶ᠎ᠡ ᠦᠵᠡᠭᠦᠯᠬᠦ ᠪᠠ ᠤᠬᠠᠭᠤᠯᠤᠨ ᠬᠥᠲᠥᠯᠥᠨ | ᠵᠢᠯᠣᠭᠤᠳᠬᠤ ᠶᠢ ᠴᠢᠩᠭᠠᠳᠬᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠴᠠᠭᠠᠨ ᠰᠤᠳᠤᠯᠬᠤ ᠠᠵᠢᠯ ᠢ ᠦᠷᠨᠢᠭᠦᠯᠵᠦ᠂ | ᠣᠷᠣᠨ ᠤ ᠲᠤᠲᠤᠷ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠯᠤᠭ᠎ᠠ ᠶᠢᠨ ᠰᠣᠯᠢᠯᠴᠠᠭ᠎ᠠ ᠬᠢᠭᠡᠳ ᠬᠠᠮᠵᠢᠯᠴᠠᠭ᠎ᠠ ᠶᠢ ᠴᠢᠩᠭᠠᠳᠬᠠᠨ᠎ᠠ᠃ ᠠᠬᠤᠢ ᠲᠠᠯᠠᠪᠠᠢ ᠶᠢᠨ ᠬᠤᠷᠠᠯ᠂ | ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠨ ᠴᠠᠭ ᠲᠣᠬᠠᠢ ᠳᠤᠨᠢ ᠳ᠋ᠦᠩᠨᠡᠵᠦ᠂ | ᠰᠣᠯᠢᠯᠴᠠᠬᠤ ᠪᠠ ᠲᠤᠷᠰᠢᠯᠭ᠎ᠠ ᠪᠠᠨ ᠳᠡᠯᠭᠡᠷᠡᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠳᠠᠭᠤᠷᠢᠶᠠᠯ ᠦᠵᠡᠭᠦᠯᠵᠦ | ᠳᠠᠶᠢᠴᠢᠯᠠᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ︽ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠳᠠ᠂ ᠲᠣᠭᠤᠷᠢᠭ | ︶︾ ᠢ ᠦᠨᠡᠯᠡᠨ ᠰᠢᠯᠭᠠᠷᠠᠭᠤᠯᠬᠤ ᠠᠵᠢᠯᠯᠠᠭ᠎ᠠ ᠦᠷᠨᠢᠭᠦᠯᠵᠦ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ | ᠲᠧᠯᠸᠢᠰ᠂ ᠲᠣᠣᠷ ᠰᠦᠯᠵᠢᠶ᠎ᠡ ᠵᠡᠷᠭᠡ ᠣᠯᠠᠨ ᠵᠦᠢᠯ ᠤᠨ ᠵᠠᠭᠤᠴᠢᠯᠠᠬᠤ ᠬᠡᠯᠪᠡᠷᠢ ᠪᠠᠷ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠷᠠᠯᠲᠠ᠂ ᠠᠵᠢᠯ ᠤᠨ ᠪᠠᠶᠢᠷᠢᠯᠠᠭᠤᠯᠤᠯᠲᠠ᠂ ᠲᠡᠷᠢᠭᠦᠨ ᠤ ᠲᠤᠷᠰᠢᠯᠭ᠎ᠠ | ᠂ ᠨᠡᠶᠢᠲᠡᠯᠢᠭ ᠠᠷᠭ᠎ᠠ ᠠᠪᠴᠢᠯ ᠢ ᠥᠷᠭᠡᠨ ᠢᠶᠠᠷ ᠤᠬᠠᠭᠤᠯᠤᠨ᠎ᠠ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |