| 11 ᠳ᠋ᠤᠭᠡᠷ ᠰᠠᠷ᠎ᠠ ᠶᠢᠨ 8 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠨᠢ | ᠲᠤᠮᠳᠠᠳᠤ ᠤᠯᠤᠰ ᠤᠨ ᠲᠠᠷᠢᠶᠠᠯᠠᠩ ᠤᠨ ᠬᠦᠭᠵᠢᠭᠦᠯᠦᠯᠳᠡ ᠶᠢᠨ ᠪᠠᠩᠬᠢ ᠯᠤᠭ᠎ᠠ ᠬᠦᠬᠡᠬᠤᠳᠠ ᠳᠤ ᠲᠦᠷᠦ ᠶᠢᠨ | ᠪᠤᠳᠤᠯᠭ᠎ᠠ ᠶᠢᠨ ᠴᠢᠨᠠᠷᠳᠠᠢ ᠮᠦᠩᠭᠦᠨ ᠬᠦᠢᠯᠭᠡᠭᠡ ᠪᠠᠷ ᠶᠠᠳᠠᠭᠤ ᠶᠢ ᠲᠡᠳᠭᠦᠭᠦ ᠠᠵᠢᠯ ᠢ ᠨᠠᠮ ᠤᠨ ᠪᠠᠶᠢᠭᠤᠯᠤᠯᠲᠠ ᠪᠠᠷ | ᠬᠦᠳᠦᠯᠦᠨ ᠲᠠᠭᠠᠭᠤᠯᠬᠤ ᠲᠤᠷᠰᠢᠯᠳᠠ ᠶᠢᠨ ᠵᠢᠱᠢᠶ᠎ᠠ ᠦᠵᠡᠭᠦᠯᠭᠦ ᠣᠷᠣᠨ ᠤ ᠬᠠᠮᠲᠤᠷᠠᠯᠴᠠᠬᠤ ᠵᠦᠪᠳᠡᠯᠴᠡᠭᠡᠷ ᠲᠤ | ᠭᠠᠷ ᠤᠨ ᠦᠰᠦᠭ ᠵᠢᠷᠤᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ᠂ ᠲᠤᠮᠳᠠᠳᠤ ᠤᠯᠤᠰ ᠤᠨ ᠲᠠᠷᠢᠶᠠᠯᠠᠩ ᠤᠨ ᠬᠦᠭᠵᠢᠭᠦᠯᠦᠯᠳᠡ ᠶᠢᠨ ᠪᠠᠩᠬᠢ ᠶᠢᠨ | ᠬᠡᠷᠡᠭ ᠮᠡᠳᠡᠭᠴᠢᠳ ᠤᠨ ᠲᠠᠷᠤᠭ᠎ᠠ ᠰᠢᠶᠧ ᠰᠢᠤᠸᠠᠢ ᡁᠢ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ | ᠲᠤᠮᠳᠠᠳᠤ ᠤᠯᠤᠰ ᠤᠨ ᠲᠠᠷᠢᠶᠠᠯᠠᠩ ᠤᠨ ᠬᠦᠭᠵᠢᠭᠦᠯᠦᠯᠳᠡ ᠶᠢᠨ ᠪᠠᠩᠬᠢ ᠨᠢ ᠮᠠᠨ ᠤ ᠤᠷᠤᠨ ᠢ ᠲᠦᠷᠦ ᠶᠢᠨ | ᠪᠤᠳᠤᠯᠭ᠎ᠠ ᠶᠢᠨ ᠴᠢᠨᠠᠷᠳᠠᠢ ᠮᠦᠩᠭᠦᠨ ᠬᠦᠢᠯᠭᠡᠭᠡ ᠪᠠᠷ ᠶᠠᠳᠠᠭᠤ ᠶᠢ ᠲᠡᠳᠭᠦᠭᠦ ᠠᠵᠢᠯ ᠢ ᠨᠠᠮ ᠤᠨ ᠪᠠᠶᠢᠭᠤᠯᠤᠯᠲᠠ ᠪᠠᠷ | ᠬᠦᠳᠦᠯᠦᠨ ᠲᠠᠭᠠᠭᠤᠯᠬᠤ ᠲᠤᠷᠰᠢᠯᠳᠠ ᠶᠢᠨ ᠵᠢᠱᠢᠶ᠎ᠠ ᠦᠵᠡᠭᠦᠯᠭᠦ ᠣᠷᠣᠨ ᠤ ᠭᠤᠤᠯᠳᠠᠯᠭ᠎ᠠ ᠲᠠᠢ ᠮᠤᠵᠢ ᠤᠷᠤᠨ ᠢᠶᠠᠷ | ᠲᠤᠬᠳᠠᠭᠠᠪᠡ᠂ ᠡᠨᠡ ᠨᠢ ᠪᠦᠬᠦ ᠤᠯᠤᠰ ᠤᠨ ᠡᠭᠦᠳᠦᠨ ᠪᠠᠶᠢᠭᠤᠯᠤᠭᠰᠠᠨ 12 ᠵᠢᠱᠢᠶ᠎ᠠ ᠦᠵᠡᠭᠦᠯᠭᠦ ᠣᠷᠣᠨ ᠤ ᠨᠢᠭᠡ | ᠨᠢ ᠪᠤᠯᠤᠨ᠎ᠠ᠃ ᠵᠢᠱᠢᠶ᠎ᠠ ᠦᠵᠡᠭᠦᠯᠭᠦ ᠣᠷᠣᠨ ᠨᠢ ᠨᠠᠮ ᠤᠨ ᠪᠠᠶᠢᠭᠤᠯᠤᠯᠲᠠ ᠶᠢᠨ ᠬᠠᠮᠳᠤᠪᠡᠷ ᠪᠠᠶᠢᠭᠤᠯᠬᠤ ᠠᠵᠢᠯ ᠢ | ᠴᠢᠩᠭᠠᠳᠬᠠᠬᠤ ᠪᠠᠷ ᠲᠠᠮᠵᠢᠭᠤᠯᠤᠨ᠂ ᠪᠦᠬᠦ ᠤᠷᠤᠨ ᠤ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ 31 | ᠬᠤᠰᠢᠭᠤ ᠰᠢᠶᠠᠨ ᠳᠤ᠂ ᠢᠳᠡᠭᠡᠮᠵᠢᠳᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ᠂ ᠢᠳᠡᠭᠡᠮᠵᠢᠳᠦ ᠵᠢᠭᠡᠯᠡᠯᠭᠡ ᠶᠢᠨ | ᠬᠡᠪᠴᠢᠶ᠎ᠡ᠂ ᠦᠢᠯᠡᠴᠢᠯᠡᠭᠡᠨ ᠤ ᠰᠢᠨ᠎ᠠ ᠡᠭᠦᠳᠦᠯᠲᠡ᠂ ᠡᠬᠢ ᠪᠠᠶᠠᠯᠢᠭ ᠤᠨ ᠲᠤᠬᠢᠷᠠᠭᠤᠯᠤᠯᠲᠠ ᠵᠡᠷᠭᠡ ᠲᠠᠯ᠎ᠠ ᠪᠠᠷ | ᠬᠠᠷᠠᠭᠠᠯᠵᠠᠯ ᠦᠵᠡᠭᠦᠯᠵᠤ᠂ ᠳᠠᠩᠰᠠ ᠡᠪᠭᠡᠮᠡᠯ ᠪᠠᠶᠢᠭᠤᠯᠵᠤ ᠺᠠᠷᠲ ᠠᠪᠤᠭᠰᠠᠨ ᠶᠠᠳᠠᠭᠤ ᠬᠦᠴᠢᠷᠳᠡᠯᠳᠡᠢ ᠬᠦᠮᠦᠨ | ᠠᠮᠠ ᠶᠢᠨ ᠡᠷᠳᠡ ᠨᠢᠭᠡ ᠡᠳᠦᠷ ︽ᠬᠤᠶᠠᠷ ᠲᠤ ᠦᠯᠦ ᠵᠤᠪᠠᠭ᠋ᠤ᠂ ᠭᠤᠷᠪᠠ ᠶᠢ ᠪᠠᠳᠤᠯᠠᠬᠤ︾ ᠬᠠᠷᠠᠯᠳᠠ ᠳᠤ | ᠬᠦᠷᠬᠦ ᠶᠢ ᠠᠬᠢᠭᠤᠯᠵᠣ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ ᠤᠷᠤᠬᠰᠢᠳᠠᠢ ᠪᠠᠷ ᠶᠠᠳᠠᠭᠤ ᠠᠴᠠ ᠪᠠᠨ | ᠠᠩᠬᠢᠵᠢᠷᠠᠬᠤ ᠶᠢ ᠪᠠᠳᠤᠯᠠᠬᠤ ᠪᠠᠷ ᠵᠤᠷᠢᠯᠳᠠ ᠪᠣᠯᠭᠠᠵᠠᠢ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠭᠠᠷ ᠤᠨ ᠦᠰᠦᠭ ᠵᠢᠷᠤᠬᠤ | ᠶᠤᠰᠤᠯᠠᠯ ᠳᠤ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠷᠢᠨ ᠪᠢᠴᠢᠭ ᠤᠨ | ᠲᠠᠷᠤᠭ᠎ᠠ ᠪᠤᠤ ᠵᠧᠨ ᠢᠤᠢ ᠭᠠᠷ ᠤᠨ ᠦᠰᠦᠭ ᠵᠢᠷᠤᠬᠤ ᠶᠤᠰᠤᠯᠠᠯ ᠢ ᠡᠷᠬᠢᠯᠡᠵᠡᠢ᠃ |