ᠥᠪᠥᠷ ᠮᠣᠩᠭᠤᠯ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠰᠢᠯᠤᠭᠤᠨ ᠵᠠᠮ ᠢ ᠨᠡᠪᠲᠡᠷᠡᠬᠦᠯᠬᠦ ᠪᠠᠷ ᠪᠤᠢ
ᠨᠡᠶᠢᠲᠡᠯᠡᠭᠰᠡᠨ ᠴᠠᠭ᠄
2017/12/1
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ       ᠤᠶᠢᠯᠠᠭᠠᠭᠰᠠᠨ ᠢᠶᠠᠷ᠂ ︽13·5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠥᠪᠥᠷ ᠮᠣᠩᠭᠤᠯ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠰᠢᠯᠤᠭᠤᠨ ᠵᠠᠮ ᠢ ᠨᠡᠪᠲᠡᠷᠡᠬᠦᠯᠵᠤ᠂ ᠪᠥᠬᠦ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠤᠯᠤᠨ ᠦᠢᠯᠡᠳᠬᠦᠨ ᠤ ᠪᠦᠲᠦᠮᠵᠢᠲᠡᠶ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠬᠦᠯᠬᠦ ᠪᠠᠷ ᠪᠠᠶᠢᠨ᠎ᠠ᠃      ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠹᠸᠡᠭ ᠬᠦᠬᠡ ᠢᠯᠡᠳᠭᠡᠭᠰᠡᠨ ᠨᠢ᠂ ᠬᠤᠶᠢᠰᠢᠳᠠ ᠥᠪᠡᠷᠲᠡᠭᠡᠨ ᠵᠠᠰᠠᠬᠤ ᠣᠷᠣᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠭᠤᠤᠯᠳᠠᠯᠭ᠎ᠠ ᠲᠠᠢ ᠳᠡᠮᠵᠢᠵᠤ ᠪᠠᠶᠢᠭᠠᠳ ᠨᠠᠰᠤᠲᠠᠶᠢᠴᠤᠳ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ᠂ ᠡᠷᠡᠭᠦᠯᠵᠢᠭᠦᠯᠬᠦ ᠭᠠᠵᠠᠷ᠂ ᠡᠮᠨᠡᠯᠭᠡ ᠶᠢᠨ ᠲᠠᠰᠤᠭ ᠵᠡᠷᠭᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠠᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠥᠬᠦᠴᠡᠯ ᠳᠤ ᠨᠡᠶᠢᠴᠡᠭᠰᠡᠨ ᠢ ᠨᠢ ᠲᠣᠭᠲᠠᠭᠠᠯ ᠶᠣᠰᠣᠭᠠᠷ ᠬᠤᠳᠠ ᠬᠥᠳᠡᠭᠡ ᠶᠢᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠣᠭᠲᠠᠭᠰᠠᠨ ᠴᠢᠭ᠋ ᠤᠨ ᠬᠡᠪᠴᠢᠶ᠎ᠡ ᠳᠤ ᠤᠷᠤᠭᠤᠯᠤᠨ᠎ᠠ︔ ᠨᠥᠬᠦᠴᠡᠯ ᠳᠤ ᠨᠡᠶᠢᠴᠡᠭᠰᠡᠨ ᠠᠵᠢᠯ ᠡᠷᠬᠢᠯᠡᠬᠦ ᠡᠮᠴᠢ ᠶᠢ  ᠵᠣᠷᠢᠭᠵᠢᠭᠤᠯᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠠᠰᠠᠷᠠᠬᠤ ᠪᠠᠶᠢᠭᠤᠯᠤᠮᠵᠢ ᠳᠤ ᠲᠤᠬᠢᠷᠠᠭᠤᠯᠤᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠤᠯᠠᠨ ᠭᠠᠵᠠᠷ ᠲᠤ ᠤᠴᠢᠭᠤᠯᠤᠨ ᠠᠵᠢᠯ ᠡᠷᠬᠢᠯᠡᠭᠦᠯᠦᠨ᠎ᠡ︔ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠣᠨᠴᠠᠭᠠᠶ ᠴᠢᠳᠠᠪᠤᠷᠢ ᠲᠠᠢ ᠡᠮᠴᠢ ᠲᠤᠰᠬᠠᠶ ᠮᠡᠷᠭᠡᠵᠢᠯᠲᠡᠨ ᠢ ᠳᠡᠮᠵᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠡᠪᠡᠳᠴᠢᠨ ᠡᠮᠭᠡᠭ ᠢ ᠰᠡᠷᠭᠡᠶᠢᠯᠡᠬᠦ᠂ ᠰᠢᠮ᠎ᠡ ᠲᠡᠵᠢᠭᠡᠯ ᠲᠤᠬᠢᠷᠠᠭᠤᠯᠬᠤ᠂ ᠮᠣᠩᠭᠤᠯ ᠬᠢᠲᠠᠳ ᠡᠮᠨᠡᠯᠭᠡ ᠪᠠᠷ ᠪᠡᠶ᠎ᠡ ᠰᠤᠪᠢᠯᠠᠬᠤ ᠡᠷᠡᠭᠦᠯᠵᠢᠬᠦ ᠵᠡᠷᠭᠡ ᠣᠨᠣᠰᠢᠯᠠᠨ ᠡᠮᠨᠡᠬᠦ ᠪᠤᠰᠤ ᠴᠢᠨᠠᠷᠲᠠᠶ ᠡᠷᠡᠭᠦᠯ ᠮᠡᠨᠳᠦ ᠶᠢᠨ ᠦᠢᠯᠡᠴᠢᠯᠡᠭᠡ ᠦᠷᠨᠢᠬᠦᠯᠦᠨ᠎ᠡ ᠬᠡᠪᠡ᠃      ᠥᠪᠥᠷ ᠮᠣᠩᠭᠤᠯ ᠪᠠᠰᠠ ᠤᠷᠢᠳᠴᠢᠯᠠᠨ ᠪᠣᠯᠵᠣᠵᠤ ᠡᠮᠨᠡᠬᠦᠯᠬᠦ ᠰᠢᠯᠤᠭᠤᠨ ᠵᠠᠮ ᠢ ᠨᠡᠪᠲᠡᠷᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠠᠰᠠᠷᠠᠬᠤ ᠪᠠᠶᠢᠭᠤᠯᠤᠮᠵᠢ ᠶᠢ ᠡᠮ ᠡᠮᠨᠡᠯᠭᠡ ᠶᠢᠨ ᠪᠠᠶᠢᠭᠤᠯᠤᠮᠵᠢ ᠯᠤᠭ᠎ᠠ ᠵᠣᠯᠭᠠᠭᠤᠯᠬᠤ ᠶᠢ ᠲᠥᠯᠬᠢᠨ ᠠᠬᠢᠭᠤᠯᠵᠤ᠂ ᠨᠠᠰᠤᠲᠠᠶᠢᠴᠤᠳ ᠲᠤ ᠳᠥᠭᠦᠮ ᠳᠥᠲᠡ ᠡᠮ ᠡᠮᠨᠡᠯᠭᠡ ᠶᠢᠨ ᠦᠢᠯᠡᠴᠢᠯᠡᠭᠡ ᠬᠦᠷᠲᠡᠭᠡᠨ᠎ᠡ᠃ ᠡᠮᠨᠡᠯᠭᠡ ᠶᠢᠨ ᠳᠠᠭᠠᠳᠬᠠᠯ ᠢ ᠭᠠᠷᠳᠠᠨ ᠭᠦᠢᠴᠡᠳᠬᠡᠬᠦ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠤ᠂ ᠨᠠᠰᠤᠲᠠᠶᠢᠴᠤᠳ ᠤᠨ ᠣᠨᠳᠣᠤ ᠭᠠᠵᠠᠷ ᠡᠪᠡᠳᠴᠢᠨ ᠦᠵᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠣᠳᠣᠬᠤ ᠶᠢ ᠦᠨᠡᠨ ᠬᠦ ᠰᠢᠢᠳᠪᠦᠷᠢᠯᠡᠨ᠎ᠡ᠃ ᠡᠭᠦᠨ ᠠᠴᠠ ᠭᠠᠳᠠᠨ᠎ᠠ᠂ ᠤᠷᠳᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠢ ᠰᠦᠪᠡᠭᠴᠢᠯᠡᠨ ᠪᠠᠶᠢᠭᠤᠯᠵᠤ᠂ ᠤᠯᠠᠨ ᠡᠰᠢᠵᠢᠭᠰᠡᠨ ᠳᠠᠭᠠᠳᠬᠠᠯ ᠤᠨ ᠪᠡᠯᠡ ᠮᠥᠩᠭᠦ ᠴᠤᠭᠯᠠᠭᠤᠯᠬᠤ ᠵᠠᠭᠪᠤᠷᠰᠢᠯ ᠢ ᠪᠤᠢ ᠪᠤᠯᠭᠠᠵᠤ᠂ ᠴᠢᠳᠠᠪᠤᠷᠢ ᠪᠠᠨ ᠠᠯᠳᠠᠭᠰᠠᠨ ᠬᠥᠮᠦᠰ ᠤᠨ ᠦᠨᠳᠦᠰᠦᠨ ᠠᠮᠢᠳᠤᠷᠠᠯ ᠤᠨ ᠬᠠᠷᠠᠭᠠᠯᠵᠠᠯ ᠪᠤᠯᠤᠨ ᠬᠠᠮᠢᠶ᠎ᠠ ᠪᠦᠬᠦᠢ ᠡᠮᠴᠢᠯᠡᠭᠡᠨ ᠤ ᠰᠤᠪᠢᠯᠠᠯᠲᠠ ᠵᠡᠷᠭᠡ ᠳᠤ ᠬᠡᠷᠡᠭᠰᠡᠬᠦ ᠵᠠᠷᠤᠳᠠᠯ ᠤᠨ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠤᠨ᠎ᠠ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠳᠣᠬᠠᠨ ᠳᠤ ᠥᠪᠥᠷ ᠮᠣᠩᠭᠤᠯ ᠨᠢᠭᠡᠨᠲᠡ 3 ᠬᠤᠰᠢᠭᠤ ᠰᠢᠶᠠᠨ ᠢ ︽ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠨ ᠠᠰᠠᠷᠠᠬᠤ ᠠᠯᠤᠰ ᠡᠷᠡᠭᠦᠯ ᠮᠡᠨᠳᠦ ᠶᠢᠨ ᠦᠢᠯᠡᠴᠢᠯᠡᠭᠡ︾᠎ ᠶᠢᠨ ᠲᠤᠷᠰᠢᠯᠲᠠ ᠶᠢᠨ ᠴᠢᠭ᠋ ᠢᠶᠠᠷ ᠲᠤᠭᠲᠠᠭᠠᠵᠠᠢ᠂ ᠳᠠᠷᠠᠭᠠᠴᠢ ᠶᠢᠨ ᠠᠯᠬᠤᠮ ᠳᠤ ᠪᠥᠬᠦ ᠣᠷᠣᠨ ᠤ ᠡᠯ᠎ᠡ ᠬᠤᠰᠢᠭᠤ ᠰᠢᠶᠠᠨ ᠴᠥᠮ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠢᠬ ᠢ 1᠎ ᠠᠴᠠ ᠳᠡᠭᠡᠭᠰᠢ ᠪᠠᠶᠢᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号