ᠦᠪᠦᠷ ᠮᠣᠩᠭᠤᠯ ᠮᠠᠯ ᠵᠢᠭᠦᠷᠲᠡᠨ ᠨᠢᠲᠤᠯᠬᠤ ᠵᠢᠴᠢ ᠮᠢᠬᠠᠨ ᠤ ᠵᠦᠢᠯ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠥᠷᠨᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2017/12/1
     ᠲᠦᠷᠦᠭᠦᠬᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠪᠦᠬᠦ ᠣᠷᠣᠨ ᠤ ᠬᠡᠪᠴᠢᠶᠡᠨ ᠳᠤ ᠮᠠᠯ ᠵᠢᠭᠦᠷᠲᠡᠨ ᠨᠢᠲᠤᠯᠬᠤ ᠬᠢᠨᠠᠯᠲᠠ ᠬᠠᠮᠢᠶᠠᠷᠤᠯᠲᠠ ᠶᠢᠨ ︽ᠮᠢᠨ᠎ᠠ ᠠᠷᠢᠯᠭᠠᠬᠤ ᠠᠵᠢᠯᠯᠠᠭ᠎ᠠ︾ ᠪᠣᠯᠣᠨ ᠮᠢᠬᠠᠨ ᠤ ᠵᠦᠢᠯ ᠤᠨ ᠶᠠᠰᠤ ᠴᠢᠨᠠᠷ ᠤᠨ ᠠᠮᠤᠷ ᠲᠥᠪᠰᠢᠨ ᠢ ᠬᠥᠨᠥᠭᠡᠵᠦ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠣᠬᠢᠯᠲᠠ ᠥᠭᠬᠦ ︽ᠵᠠᠭᠤᠨ ᠡᠳᠦᠷ ᠤᠨ ᠠᠵᠢᠯᠯᠠᠭ᠎ᠠ︾᠎ ᠶᠢ ᠦᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 12 ᠳ᠋ᠤᠭᠠᠷ ᠰᠠᠷ᠎ᠠ ᠶᠢᠨ ᠡᠬᠢ ᠪᠠᠷ ᠲᠤᠰᠬᠠᠢ ᠰᠢᠮᠳᠠᠭᠤᠯᠤᠨ ᠪᠠᠶᠢᠴᠠᠭᠠᠯᠲᠠ ᠬᠠᠮᠲᠤᠷᠠᠨ ᠥᠷᠨᠢᠭᠦᠯᠬᠦ ᠪᠠᠷ ᠪᠠᠶᠢᠨ᠎ᠠ᠃      ᠮᠠᠯ ᠵᠢᠭᠦᠷᠲᠡᠨ ᠨᠢᠲᠤᠯᠬᠤ ᠬᠢᠨᠠᠯᠲᠠ ᠬᠠᠮᠢᠶᠠᠷᠤᠯᠲᠠ ᠶᠢᠨ ︽ᠮᠢᠨ᠎ᠠ ᠠᠷᠢᠯᠭᠠᠬᠤ ᠠᠵᠢᠯᠯᠠᠭ᠎ᠠ︾᠎ ᠶᠢᠨ ᠦᠷᠨᠢᠯᠲᠡ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠭᠤᠯᠭ᠎ᠠ ᠭᠡᠪᠡᠯ᠄ ᠠᠯᠠᠵᠤ ᠨᠢᠲᠤᠯᠬᠤ ᠦᠢᠯᠡᠳᠪᠦᠷᠢᠯᠡᠯ ᠤᠨ ᠠᠵᠢᠯᠯᠠᠭ᠎ᠠ ᠶᠢ ᠵᠢᠷᠤᠮᠵᠢᠭᠤᠯᠤᠨ ᠥᠷᠨᠢᠭᠦᠯᠵᠦ ᠪᠠᠶᠢᠭ᠎ᠠ ᠪᠠᠶᠢᠳᠠᠯ ᠂ ᠭᠤᠣᠯᠳᠠᠯᠭ᠎ᠠ ᠲᠠᠢ ᠬᠠᠷᠠᠯᠲᠠ ᠶᠢᠨ ᠬᠢᠨᠠᠯᠲᠠ ᠬᠠᠮᠢᠶᠠᠷᠤᠯᠲᠠ᠂ ᠬᠢᠨᠠᠨ ᠬᠠᠮᠢᠶᠠᠷᠬᠤ ᠠᠵᠢᠯ ᠤᠨ ᠲᠣᠭᠲᠠᠴᠠ ᠶᠢᠨ ᠪᠦᠷᠢᠨᠰᠢᠭᠦᠯᠦᠯᠲᠡ᠂ ᠢᠯᠠᠩᠭᠤᠶ᠎ᠠ ᠵᠢᠭᠰᠠᠭᠠᠨ ᠪᠠᠶᠢᠴᠠᠭᠠᠵᠤ ᠢᠯᠭᠠᠷᠠᠭᠤᠯᠬᠤ ᠪᠠ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠯᠳᠤᠯ ᠤᠨ ᠪᠠᠶᠢᠳᠠᠯ ᠵᠢᠴᠢ ᠠᠵᠢᠯ ᠲᠦᠷᠦᠯ ᠤᠨ ᠪᠦᠲᠦᠴᠡ ᠶᠢᠨ ᠰᠢᠯᠢᠳᠡᠭᠵᠢᠭᠦᠯᠦᠯᠲᠡ᠂ ᠲᠤᠰᠬᠠᠶ ᠴᠡᠭᠴᠡᠯᠡᠨ ᠵᠠᠰᠠᠬᠤ ᠤᠬᠠᠭᠤᠯᠭ᠎ᠠ ᠶᠢᠨ ᠪᠠᠶᠢᠳᠠᠯ ᠵᠡᠷᠭᠡ ᠪᠣᠯᠤᠨ᠎ᠠ᠃ ᠮᠢᠬᠠᠨ ᠤ ᠵᠦᠢᠯ ᠤᠨ ᠶᠠᠰᠤ ᠴᠢᠨᠠᠷ ᠤᠨ ᠠᠮᠤᠷ ᠲᠥᠪᠰᠢᠨ ᠢ ᠬᠦᠨᠦᠭᠡᠵᠦ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠣᠬᠢᠯᠲᠠ ᠥᠭᠬᠦ ︽ᠵᠠᠭᠤᠨ ᠡᠳᠦᠷ ᠤᠨ ᠠᠵᠢᠯᠯᠠᠭ᠎ᠠ︾᠎ ᠶᠢᠨ ᠦᠷᠨᠢᠯᠲᠡ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠭᠤᠯᠭ᠎ᠠ ᠭᠡᠪᠡᠯ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠤᠴᠢᠷ ᠶᠠᠪᠤᠳᠠᠯ ᠢ ᠪᠠᠶᠢᠴᠠᠭᠠᠨ ᠰᠢᠶᠳᠪᠦᠷᠢᠯᠡᠭᠰᠡᠨ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠵᠦ᠂ ᠡᠭᠦᠨ ᠳᠤ ᠭᠤᠣᠯᠳᠠᠯᠭᠠᠲᠤ ᠣᠷᠣᠨ ᠪᠦᠰᠡ᠂ ᠭᠤᠣᠯᠳᠠᠯᠭᠠᠲᠤ ᠠᠵᠤ ᠠᠬᠤᠶᠢᠯᠠᠯ᠂ ᠴᠢᠬᠤᠯᠠ ᠴᠠᠭ ᠬᠤᠭᠤᠴᠠᠭ᠎ᠠ᠂ ᠲᠠᠷᠢᠶᠠᠯᠠᠩ ᠮᠠᠯ ᠠᠵᠤ ᠠᠬᠤᠢ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠮᠢᠬᠠᠨ ᠤ ᠵᠦᠢᠯ ᠤᠨ ᠶᠠᠰᠤ ᠴᠢᠨᠠᠷ ᠤᠨ ᠠᠮᠤᠷ ᠲᠥᠪᠰᠢᠨ ᠢ ᠬᠦᠨᠦᠭᠡᠵᠦ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠲᠤᠰ ᠲᠤᠰ ᠲᠠᠭᠠᠨ ᠪᠤᠶᠤ ᠬᠠᠮᠲᠤ ᠪᠠᠷ ᠪᠠᠶᠢᠴᠠᠭᠠᠨ ᠰᠢᠢᠳᠪᠦᠷᠢᠯᠡᠭᠰᠡᠨ ᠪᠠ ᠴᠣᠬᠢᠯᠲᠠ ᠥᠭᠭᠦᠭᠰᠡᠨ ᠪᠠᠶᠢᠳᠠᠯ ᠵᠡᠷᠭᠡ ᠪᠠᠭᠲᠠᠨ᠎ᠠ᠃ ᠰᠢᠶᠠᠨ ᠤ ᠬᠡᠪᠴᠢᠶᠡᠨ ᠳᠤ ᠬᠡᠷᠡᠭ ᠤᠭᠲᠤ ᠡᠭᠦᠰᠦᠭᠰᠡᠨ ᠪᠠᠶᠢᠳᠠᠯ ᠢ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠨ᠎ᠠ᠃      ᠲᠤᠰ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠮᠳᠠᠭᠤᠯᠤᠨ ᠪᠠᠶᠢᠴᠠᠭᠠᠬᠤ 4 ᠬᠠᠮᠲᠤᠷᠠᠭᠰᠠᠨ ᠳᠤᠭᠤᠶᠢᠯᠠᠩ ᠪᠠᠶᠢᠭᠤᠯᠵᠤ᠂ ᠪᠦᠬᠦ ᠣᠷᠣᠨ ᠤ 12 ᠠᠶᠢᠮᠠᠭ ᠬᠤᠲᠠ ᠳᠤ ᠳᠤᠭᠤᠶᠢᠯᠠᠩ ᠬᠤᠪᠢᠶᠠᠨ ᠭᠦᠨᠵᠡᠭᠡᠶᠢᠷᠡᠵᠦ ᠰᠢᠮᠳᠠᠭᠤᠯᠤᠨ ᠪᠠᠶᠢᠴᠠᠭᠠᠨ᠎ᠡ᠃ ᠰᠢᠮᠳᠠᠭᠤᠯᠤᠨ ᠪᠠᠶᠢᠴᠠᠭᠠᠯᠲᠠ ᠨᠢ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠶᠠᠪᠤᠭᠳᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号