ᠥᠪᠥᠷ ᠮᠣᠩᠭᠤᠯ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠣᠨᠳᠣᠣ ᠭᠠᠵᠠᠷ ᠨᠡᠭᠦᠯᠭᠡᠨ ᠶᠠᠳᠠᠭᠤ ᠶᠢ ᠳᠡᠳᠬᠦᠬᠦ ᠥᠪᠡᠷ ᠤᠨ ᠥᠷᠲᠡᠭ ᠢ ᠪᠠᠭᠤᠷᠠᠭᠤᠯᠬᠤ ᠶᠢ ᠳᠡᠮᠵᠢᠵᠦ ᠪᠤᠢ
ᠨᠡᠶᠢᠲᠡᠯᠡᠭᠰᠡᠨ ᠴᠠᠭ᠄
2017/12/11
     ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠦ᠋ᠲᠦᠭᠡᠨ ᠪᠠᠶᠢᠭᠤᠯᠤᠯᠲᠠ ᠶᠢᠨ ᠥᠪᠡᠷ ᠤᠨ ᠥᠷᠳᠡᠭ ᠢ ᠪᠠᠭᠤᠷᠠᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠨᠢ ᠨᠡᠭᠦᠳᠡᠯ ᠠᠴᠠ ᠪᠣᠯᠵᠤ ᠬᠡᠲᠦ ᠥᠷᠢ ᠰᠢᠷᠢ ᠳᠤ ᠤᠨᠠᠬᠤ ᠶᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠭᠠᠶᠢᠯᠢ ᠲᠠᠲᠠᠪᠤᠷᠢ᠂ ᠤᠢ ᠰᠢᠭᠤᠶ ᠶᠢᠨ ᠤᠷᠭᠤᠮᠠᠯ ᠤᠨ  ᠪᠦᠷᠬᠦᠴᠡ ᠶᠢ ᠰᠡᠷᠭᠦᠭᠡᠬᠦ ᠰᠦᠢᠳᠬᠡᠯ᠂ ᠡᠵᠡᠩᠨᠡᠯᠲᠡ ᠦᠢᠯᠡᠴᠢᠯᠡᠭᠡ ᠶᠢᠨ ᠴᠢᠨᠠᠷᠲᠠᠶ ᠬᠤᠷᠢᠶᠠᠬᠤ ᠰᠦᠢᠳᠬᠡᠯ ᠵᠡᠷᠭᠡ ᠤᠯᠠᠨ ᠲᠠᠯ᠎ᠠ ᠪᠠᠷ ᠬᠠᠷᠠᠭᠠᠯᠵᠠᠯ ᠦᠵᠡᠭᠦᠯᠵᠦ᠂ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠵᠢᠯ ᠢ ᠲᠦᠷᠭᠡᠪᠴᠢᠯᠡᠨ ᠲᠦᠯᠬᠢᠨ ᠠᠬᠢᠭᠤᠯᠬᠤ ᠶᠢ ᠳᠡᠮᠵᠢᠬᠦ ᠪᠠᠷ ᠲᠣᠭᠲᠠᠭᠠᠪᠠ᠃      ᠣᠶᠢᠷ᠎ᠠ ᠳᠤ ᠪᠠᠭᠤᠯᠭᠠᠭᠰᠠᠨ ︽ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠷᠥᠯ ᠵᠦᠢᠯ ᠢ ᠳᠡᠮᠵᠢᠬᠦ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠢ ᠦᠨᠳᠦᠰᠦᠯᠡᠪᠡᠯ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢᠨ ᠲᠠᠯ᠎ᠠ ᠪᠠᠷ᠂ ᠥᠪᠥᠷ ᠮᠣᠩᠭᠤᠯ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠢᠵᠦ ᠪᠠᠶᠢᠭ᠎ᠠ ᠨᠢᠭᠡᠴᠡ ᠶᠢᠨ ᠲᠥᠷᠥᠯ ᠵᠦᠢᠯ ᠠᠴᠠ ᠣᠯᠣᠭᠰᠠᠨ ᠦᠢᠯᠡᠳᠪᠦᠷᠢᠯᠡᠯ ᠡᠵᠡᠩᠨᠡᠯᠲᠡ ᠶᠢᠨ ᠠᠩᠬᠠᠳᠠᠭᠴᠢ ᠣᠷᠣᠯᠭ᠎ᠠ ᠶᠢᠨ ᠬᠠᠷᠢᠶᠠᠯᠠᠭᠳᠠᠬᠤ ᠭᠠᠶᠢᠯᠢ ᠲᠤᠰᠢᠶᠠᠬᠤ ᠣᠨ ᠠᠴᠠ ᠡᠬᠢᠯᠡᠨ᠂ 3 ᠵᠢᠯ ᠤᠨ ᠳᠣᠲᠣᠷ᠎ᠠ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠳᠠᠯ ᠤᠨ ᠬᠡᠰᠡᠭ ᠢ ᠲᠠᠲᠠᠪᠤᠷᠢᠯᠠᠬᠤ ᠦᠭᠡᠢ︔ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠠᠪᠴᠠᠩ ᠤᠨ ᠺᠣᠮᠫᠠᠨᠢ ᠨᠢ ᠪᠠᠩᠬᠢ ᠯᠤᠭ᠎ᠠ ᠲᠣᠭᠲᠠᠭᠰᠠᠨ ︽ᠵᠢᠭᠡᠯᠡᠯᠭᠡ ᠶᠢᠨ ᠭᠡᠷ᠎ᠡ︾᠂ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠯᠤᠭ᠎ᠠ ᠲᠣᠭᠲᠠᠭᠰᠠᠨ ︽ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠦᠷᠦᠯ ᠵᠦᠢᠯ ᠤᠨ ᠪᠡᠯᠡ ᠮᠥᠩᠭᠦ ᠬᠡᠷᠡᠭᠯᠡᠬᠦ  ᠵᠥᠪᠳᠡᠯᠴᠡᠭᠡᠷ︾ ᠵᠡᠷᠭᠡ ᠠᠴᠠ ᠤᠯᠤᠰ ᠤᠨ ᠲᠡᠮᠳᠡᠭᠲᠦ ᠶᠢᠨ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ ᠤᠨ ᠲᠣᠭᠲᠠᠭᠠᠯ ᠳᠤ ᠲᠣᠭᠲᠠᠭᠠᠭᠰᠠᠨ ᠬᠦᠦ ᠮᠥᠩᠭᠦ ᠦᠭᠡᠢ᠂  ᠬᠦᠨᠳᠡᠯᠡᠨ ᠠᠴᠠ ᠬᠦᠦ ᠮᠥᠩᠭᠦ ᠥᠭᠬᠦ ᠵᠢᠭᠡᠯᠡᠯᠭᠡ ᠶᠢᠨ ᠭᠡᠷ᠎ᠡ ᠳᠤ ᠨᠡᠶᠢᠴᠡᠳᠡᠭ ᠶᠤᠮ ᠪᠣᠯ᠂ ᠲᠡᠮᠳᠡᠭᠲᠦ ᠶᠢᠨ ᠭᠠᠶᠢᠯᠢ ᠲᠠᠲᠠᠪᠤᠷᠢᠯᠠᠬᠤ ᠥᠬᠡᠶ ᠲᠣᠭᠲᠠᠭᠠᠵᠠᠢ᠃      ︽ᠮᠡᠳᠡᠭᠳᠡᠯ︾᠎ ᠳᠤ ᠱᠠᠭᠠᠷᠳᠠᠭᠰᠠᠨ ᠨᠢ᠂ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠢᠨᠵᠧᠨᠧᠷᠢᠩ ᠎ ᠨᠢ ᠨᠡᠭᠦᠳᠡᠯᠯᠡᠬᠦ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠪᠣᠯᠣᠨ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠣᠭᠤᠷᠢᠨ ᠳᠤ᠂ ᠣᠷᠣᠨ ᠰᠠᠭᠤᠴᠠ ᠪᠠ ᠴᠢᠬᠤᠯᠠ ᠪᠦᠭᠦᠢ ᠲᠠᠭᠠᠯᠳᠠ ᠪᠡᠯᠡᠳᠬᠡᠮᠵᠢ᠂ ᠤᠰᠤ᠂ ᠴᠠᠬᠢᠯᠭᠠᠨ᠂ ᠵᠠᠮ᠂  ᠰᠢᠲᠠᠮᠠᠬᠠᠢ ᠬᠡᠢ᠂ ᠰᠦᠯᠵᠢᠶ᠎ᠡ ᠵᠡᠷᠭᠡ ᠦᠨᠳᠦᠰᠦᠨ ᠦᠢᠯᠡᠳᠪᠦᠷᠢᠯᠡᠯ ᠠᠮᠢᠳᠤᠷᠠᠯ ᠤᠨ ᠪᠡᠯᠡᠳᠬᠡᠮᠵᠢ ᠶᠢ ᠨᠢ ᠪᠦᠲᠦᠭᠡᠨ ᠪᠠᠶᠢᠭᠤᠯᠵᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠣᠶᠣᠯ ᠪᠣᠯᠪᠠᠰᠤᠷᠠᠯ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠳᠦᠭᠡᠠ ᠪᠠᠶᠢᠭᠤᠯᠵᠤ᠂ ᠨᠡᠭᠦᠳᠡᠯᠯᠡᠬᠦ ᠤᠯᠠᠨ ᠲᠦᠮᠡᠨ ᠤ ᠠᠵᠢᠯ ᠣᠯᠵᠤ ᠣᠷᠣᠯᠭ᠎ᠠ ᠶᠢ ᠨᠢ ᠨᠡᠮᠡᠭᠳᠡᠭᠦᠯᠬᠦ ᠪᠠᠷ ᠢᠵᠢ ᠪᠦᠷᠢᠳᠦᠭᠦᠯᠦᠨ ᠪᠦᠲᠥᠭᠡᠨ ᠪᠠᠶᠢᠭᠤᠯᠤᠭᠰᠠᠨ ᠠᠵᠤ ᠦᠢᠯᠡᠰ ᠤᠨ ᠲᠥᠷᠥᠯ ᠵᠦᠢᠯ ᠵᠡᠷᠭᠡ ᠶᠢ ᠲᠣᠭᠲᠠᠭᠠᠯ ᠶᠣᠰᠣᠭᠠᠷ ᠤᠢ ᠰᠢᠭᠤᠶ ᠶᠢᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠰᠦᠢᠳᠬᠡᠯ ᠠᠴᠠ ᠬᠡᠯᠲᠦᠷᠢᠭᠦᠯᠬᠦ ᠬᠡᠷᠡᠭᠲᠡᠢ ᠭᠡᠵᠡᠢ᠃      ᠥᠪᠥᠷ ᠮᠣᠩᠭᠤᠯ ᠡᠭᠦᠨ ᠤ ᠬᠠᠮᠲᠤ ᠡᠵᠡᠩᠨᠡᠯᠲᠡ ᠦᠢᠯᠡᠴᠢᠯᠡᠭᠡ ᠶᠢᠨ ᠴᠢᠨᠠᠷᠲᠠᠶ ᠰᠦᠢᠳᠬᠡᠯ ᠬᠤᠷᠢᠶᠠᠬᠤ ᠶᠢ ᠪᠠᠭᠠᠰᠬᠠᠬᠤ ᠪᠤᠶᠤ ᠬᠠᠰᠤᠵᠤ ᠬᠡᠯᠲᠦᠷᠢᠭᠦᠯᠬᠦ ᠶᠢ ᠬᠡᠷᠡᠭᠵᠢᠭᠦᠯᠦᠨ᠎ᠡ᠃ ᠣᠨᠳᠣᠣ ᠭᠠᠵᠠᠷ  ᠨᠡᠭᠦᠯᠭᠡᠨ ᠶᠠᠳᠠᠭᠤ ᠶᠢ ᠲᠡᠳᠬᠦᠬᠦ ᠲᠥᠷᠥᠯ ᠵᠦᠢᠯ ᠠᠴᠠ ᠤᠯᠤᠰ ᠤᠨ ᠭᠠᠵᠠᠷ ᠰᠢᠷᠣᠶ ᠡᠬᠢ ᠪᠠᠶᠠᠯᠢᠭ᠂  ᠴᠠᠭ ᠠᠭᠤᠷ᠂ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠭᠠᠵᠠᠷ ᠬᠥᠳᠡᠯᠦᠯᠲᠡ  ᠂ ᠭᠠᠯ ᠤᠨᠲᠠᠷᠠᠭᠠᠬᠤ ᠵᠡᠷᠭᠡ ᠲᠠᠯ᠎ᠠ ᠳᠤ ᠬᠤᠯᠪᠣᠭᠳᠠᠬᠤ ᠵᠠᠰᠠᠭ ᠤᠨ ᠣᠷᠳᠣᠨ ᠤ ᠦᠨ᠎ᠡ ᠲᠣᠭᠲᠠᠭᠠᠭᠰᠠᠨ ᠡᠵᠡᠩᠨᠡᠯᠲᠡ ᠦᠢᠯᠡᠴᠢᠯᠡᠭᠡ ᠶᠢᠨ ᠴᠢᠨᠠᠷᠲᠠᠶ ᠰᠦᠢᠳᠬᠡᠯ ᠬᠤᠷᠢᠶᠠᠬᠤ ᠳᠤ᠂ ᠡᠯ᠎ᠡ ᠰᠦᠢᠳᠬᠡᠯ ᠬᠤᠷᠢᠶᠠᠬᠤ ᠨᠢᠭᠡᠴᠡ ᠨᠢ ᠳᠣᠣᠷ᠎ᠠ ᠬᠢᠵᠠᠭᠠᠷᠯᠠᠯ ᠢᠶᠠᠷ ᠬᠠᠭᠠᠰ ᠢᠶᠠᠷ ᠬᠠᠰᠤᠵᠤ ᠬᠤᠷᠢᠶᠠᠨ᠎ᠠ᠃ ᠵᠠᠬ᠎ᠠ ᠳᠡᠯᠭᠡᠭᠦᠷ ᠢᠶᠠᠷ ᠦᠨ᠎ᠡ ᠲᠣᠭᠲᠠᠭᠠᠬᠤ ᠡᠵᠡᠩᠨᠡᠯᠲᠡ ᠦᠢᠯᠡᠴᠢᠯᠡᠭᠡ ᠶᠢᠨ ᠴᠢᠨᠠᠷᠲᠠᠶ ᠰᠦᠢᠳᠬᠡᠯ ᠬᠤᠷᠢᠶᠠᠬᠤ ᠳᠤ᠂ ᠶᠠᠳᠠᠭᠤ ᠶᠢ ᠳᠡᠳᠬᠦᠨ ᠳᠡᠮᠵᠢᠯᠭᠡ ᠦᠵᠡᠭᠦᠯᠬᠦ ᠪᠠ ᠪᠡᠯᠡ ᠪᠠᠨ ᠪᠠᠲᠤᠯᠠᠨ ᠠᠰᠢᠭ ᠪᠠᠭ᠎ᠠ ᠤᠯᠬᠤ ᠵᠠᠷᠴᠢᠮ  ᠢᠶᠠᠷ᠂ ᠡᠯ᠎ᠡ ᠠᠵᠢᠯ ᠲᠦᠷᠦᠯ ᠤᠨ ᠨᠡᠶᠢᠭᠡᠮᠯᠢᠭ ᠨᠢ ᠬᠠᠮᠢᠶ᠎ᠠ ᠪᠥᠬᠦᠶ ᠦᠶᠯᠡᠴᠢᠯᠡᠭᠡᠨ ᠤ ᠪᠠᠶᠢᠭᠤᠯᠤᠮᠵᠢ ᠶᠢ ᠵᠣᠬᠢᠴᠠᠭᠤᠯᠤᠨ ᠦᠢᠯᠡᠴᠢᠯᠡᠭᠡ ᠶᠢᠨ ᠶᠠᠰᠤ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ᠂ ᠡᠷᠬᠢᠯᠡᠭᠰᠡᠨ ᠠᠵᠢᠯ ᠤᠨ ᠰᠦᠢᠳᠬᠡᠯ ᠬᠤᠷᠢᠶᠠᠬᠤ ᠪᠠᠷᠢᠮᠵᠢᠶᠠᠨ ᠤ ᠳᠣᠣᠷ᠎ᠠ ᠬᠢᠵᠠᠭᠠᠷᠯᠠᠯ ᠢᠶᠠᠷ ᠬᠠᠷᠠᠭᠠᠯᠵᠠᠯ ᠦᠵᠡᠭᠦᠯᠦᠨ ᠰᠦᠢᠳᠬᠡᠯ ᠬᠤᠷᠢᠶᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号