ᠥᠪᠡᠷᠲᠡᠭᠡᠨ ᠵᠠᠰᠠᠬᠤ ᠣᠷᠣᠨ ᠤ ᠦᠳᠡᠭᠦᠰ ᠤᠨ ᠠᠵᠢᠯ ᠤᠨ ᠵᠦᠪᠯᠡᠯ ᠤᠨ ᠠᠯᠪᠠᠨ ᠭᠡᠷ ᠠᠴᠠ | ᠤᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠥᠨᠳᠥᠷ ᠨᠠᠰᠤᠨ ᠤ ᠨᠡᠮᠡᠭᠦᠷᠢ ᠶᠢᠨ ᠲᠦᠭᠡᠮᠡᠯ ᠬᠠᠷᠠᠭᠠᠯᠵᠠᠯ ᠤᠨ | ᠳᠦᠷᠢᠮ ᠢ ᠪᠦᠬᠦ ᠲᠠᠯ᠎ᠠ ᠪᠠᠷ ᠪᠡᠶᠡᠯᠡᠬᠦᠯᠦᠭᠰᠡᠨ ᠠᠴᠠ ᠨᠠᠰᠢ᠂ ᠤᠳᠤ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠡᠳ᠋ ᠤᠨ ᠵᠠᠰᠠᠭ ᠠᠴᠠ ᠥᠨᠳᠥᠷ ᠨᠠᠰᠤᠨ ᠤ | ᠨᠡᠮᠡᠭᠦᠷᠢ ᠶᠢᠨ ᠪᠡᠯᠡ ᠮᠥᠩᠭᠦ ᠶᠢ ᠨᠡᠶᠢᠲᠡ 5.8 ᠳ᠋ᠦᠩᠰᠢᠭᠤᠷ ᠲᠥᠭᠦᠷᠢᠭ ᠤᠷᠤᠭᠤᠯᠵᠤ᠂ 48.4 ᠲᠦᠮᠡᠨ | ᠦᠳᠡᠭᠦᠰ ᠲᠤ ᠠᠰᠢᠭ ᠬᠦᠷᠲᠡᠭᠡᠵᠠᠢ᠃ | ᠤᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠥᠨᠳᠥᠷ ᠨᠠᠰᠤᠨ ᠤ ᠨᠡᠮᠡᠭᠦᠷᠢ ᠣᠯᠭᠤᠬᠤ | ᠠᠵᠢᠯ ᠢ ᠠᠷᠠᠳ ᠤᠨ ᠠᠮᠢᠳᠤᠷᠠᠯ ᠤᠨ ᠭᠤᠣᠯᠳᠠᠯᠭ᠎ᠠ ᠪᠣᠯᠭᠠᠨ ᠠᠳᠬᠤᠭᠰᠠᠭᠠᠷ ᠢᠷᠡᠵᠠᠢ᠃ 2011 ᠣᠨ ᠠᠴᠠ | ᠥᠨᠳᠥᠷ ᠨᠠᠰᠤᠨ ᠤ ᠨᠡᠮᠡᠭᠦᠷᠢ ᠶᠢᠨ ᠳᠦᠷᠢᠮ ᠢ ᠬᠡᠷᠡᠭᠵᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠲᠡᠭᠦᠨ ᠢ ᠵᠠᠰᠠᠭ ᠤᠨ ᠣᠷᠳᠣᠨ ᠤ | ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠶᠢᠨ ᠠᠭᠤᠯᠭ᠎ᠠ ᠳᠤ ᠤᠯᠠᠨᠲᠠ ᠤᠷᠤᠭᠤᠯᠵᠤ᠂ ᠡᠯ᠎ᠡ ᠭᠠᠵᠠᠷ ᠲᠤ ᠨᠠᠷᠢᠨ | ᠬᠢᠨᠠᠮᠠᠭᠠᠶ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠵᠦ᠂ ᠴᠢᠩᠭ᠎ᠠ ᠬᠢᠨᠠᠨ ᠬᠠᠷᠭᠤᠭᠤᠯᠵᠤ᠂ ᠡᠮᠬᠢ ᠵᠢᠷᠤᠮ ᠲᠠᠢ | ᠤᠯᠭᠤᠬᠤ ᠬᠡᠷᠡᠭᠲᠠᠢ ᠬᠡᠵᠤ ᠱᠠᠭᠠᠷᠳᠠᠪᠠ᠃ 2017 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠥᠨᠳᠥᠷ ᠨᠠᠰᠤᠨ ᠤ ᠨᠡᠮᠡᠭᠦᠷᠢ ᠣᠯᠭᠤᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠠᠳ ᠲᠤ ᠠᠰᠠᠰᠢᠭ ᠬᠦᠷᠲᠡᠭᠡᠬᠦ ᠲᠥᠷᠥ ᠶᠢᠨ | ᠪᠤᠳᠤᠯᠭ᠎ᠠ ᠶᠢᠨ ᠬᠡᠪᠴᠢᠶᠡᠨ ᠳᠤ ᠤᠷᠤᠭᠤᠯᠪᠠ᠃ ᠤᠳᠤ ᠪᠤᠯᠬᠤ ᠳᠤ᠂ ᠮᠠᠨ ᠤ ᠣᠷᠣᠨ ᠤ 80 ᠨᠠᠰᠤᠨ ᠠᠴᠠ | ᠳᠡᠭᠡᠭᠰᠢᠬᠢ ᠦᠳᠡᠭᠦᠰ ᠰᠠᠷ᠎ᠠ ᠪᠦᠷᠢ 100 ᠲᠥᠭᠦᠷᠢᠭ᠂ 100 ᠨᠠᠰᠤᠨ ᠠᠴᠠ ᠳᠡᠭᠡᠭᠰᠢᠬᠢ ᠦᠳᠡᠭᠦᠰ ᠰᠠᠷ᠎ᠠ ᠪᠦᠷᠢ | 600 ᠲᠥᠭᠦᠷᠢᠭ ᠤᠨ ᠥᠨᠳᠥᠷ ᠨᠠᠰᠤᠨ ᠤ ᠨᠡᠮᠡᠭᠦᠷᠢ ᠤᠯᠵᠤ ᠪᠤᠢ᠃ | ᠣᠶᠢᠯᠠᠭᠠᠭᠰᠠᠨ ᠢᠶᠠᠷ᠂ ᠪᠦᠬᠦ ᠤᠯᠤᠰ ᠲᠤ ᠥᠨᠳᠥᠷ ᠨᠠᠰᠤᠨ ᠤ ᠨᠡᠮᠡᠭᠦᠷᠢ ᠣᠯᠭᠤᠬᠤ ᠬᠠᠮᠢᠶᠠᠷᠤᠯᠲᠠ ᠶᠢᠨ | ᠠᠵᠢᠯ ᠢ ᠡᠬᠢᠯᠡᠬᠦᠯᠦᠭᠰᠡᠨ ᠠᠩᠬᠠᠳᠠᠭᠴᠢ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ | ᠪᠤᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠡᠨᠡ ᠬᠦ ᠠᠵᠢᠯ ᠢ ᠯᠠᠪᠳᠠᠭᠤᠨ ᠪᠠᠲᠤᠲᠠᠶ | ᠦᠷᠨᠢᠬᠦᠯᠦᠭᠰᠡᠨ ᠤ ᠬᠠᠮᠲᠤ ᠥᠨᠳᠥᠷ ᠨᠠᠰᠤᠨ ᠤ ᠨᠡᠮᠡᠭᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ | ᠥᠷᠭᠡᠳᠬᠡᠬᠦ ᠠᠵᠢᠯ ᠢ ᠦᠷᠭᠦᠯᠵᠢᠯᠡᠨ ᠠᠬᠢᠭᠤᠯᠪᠠ᠃ 2011 ᠣᠨ ᠳᠤ᠂ ᠥᠨᠳᠥᠷ ᠨᠠᠰᠤᠨ ᠤ ᠨᠡᠮᠡᠭᠦᠷᠢ ᠶᠢᠨ | ᠳᠦᠷᠢᠮ ᠢ ᠪᠠᠶᠢᠭᠤᠯᠤᠭᠰᠠᠨ ᠡᠬᠢᠨ ᠤ ᠦᠶ᠎ᠡ ᠳᠤ᠂ ᠣᠷᠣᠯᠭ᠎ᠠ ᠪᠠᠭᠠᠲᠠᠶ ᠦᠳᠡᠭᠦᠰ ᠢ ᠬᠠᠮᠤᠷᠴᠤ ᠪᠠᠶᠢᠵᠠᠢ︔ | 2014 ᠣᠨ ᠳᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠬᠦᠷᠲᠡᠵᠤ ᠪᠠᠶᠢᠭ᠎ᠠ ᠦᠳᠡᠭᠦᠰ ᠢ ᠥᠨᠳᠥᠷ | ᠨᠠᠰᠤᠨ ᠤ ᠨᠡᠮᠡᠭᠦᠷᠢ ᠣᠯᠭᠤᠬᠤ ᠬᠡᠪᠴᠢᠶᠡᠨ ᠳᠤ ᠤᠷᠤᠭᠤᠯᠪᠠ︔ 2016 ᠣᠨ ᠳᠤ᠂ ᠵᠠᠭᠤᠨ ᠨᠠᠰᠤᠨ ᠠᠴᠠ | ᠳᠡᠭᠡᠭᠰᠢᠬᠢ ᠦᠳᠡᠭᠦᠰ ᠤᠨ ᠥᠨᠳᠥᠷ ᠨᠠᠰᠤᠨ ᠤ ᠨᠡᠮᠡᠭᠦᠷᠢ ᠶᠢᠨ ᠪᠠᠷᠢᠮᠵᠢᠶ᠎ᠠ ᠶᠢ ᠰᠠᠷ᠎ᠠ ᠪᠦᠷᠢ 300 ᠲᠥᠭᠦᠷᠢᠭ | ᠪᠠᠶᠢᠭᠰᠠᠨ ᠠᠴᠠ ᠨᠢ ᠰᠠᠷ᠎ᠠ ᠪᠦᠷᠢ 600 ᠲᠥᠭᠦᠷᠢᠭ ᠪᠤᠯᠭᠠᠨ ᠳᠡᠭᠡᠭᠰᠢᠯᠡᠭᠦᠯᠵᠤ᠂ ᠮᠠᠨ ᠤ ᠣᠷᠣᠨ ᠨᠢ ᠪᠦᠬᠦ | ᠤᠯᠤᠰ ᠤᠨ ᠮᠤᠵᠢ ᠶᠢᠨ ᠱᠠᠲᠤᠨ ᠤ ᠬᠡᠪᠴᠢᠶᠡᠨ ᠳᠤ ᠵᠠᠭᠤᠨ ᠨᠠᠰᠤᠨ ᠤ ᠦᠳᠡᠭᠦᠰ ᠲᠤ ᠬᠠᠮᠤᠭ ᠤᠨ ᠦᠨᠳᠦᠷ | ᠨᠡᠮᠡᠭᠦᠷᠢ ᠤᠯᠭᠤᠭᠰᠠᠨ ᠭᠠᠵᠠᠷ ᠣᠷᠣᠨ ᠪᠤᠯᠪᠠ᠃ 2016 ᠣᠨ ᠳᠤ᠂ ᠮᠠᠨ ᠤ ᠤᠷᠤᠨ ᠤ ᠬᠤᠶᠠᠷ ᠬᠤᠳᠠ ᠨᠢ | ᠥᠨᠳᠥᠷ ᠨᠠᠰᠤᠨ ᠤ ᠨᠡᠮᠡᠭᠦᠷᠢ ᠶᠢᠨ ᠲᠦᠭᠡᠮᠡᠯ ᠬᠠᠷᠠᠭᠠᠯᠵᠠᠯ ᠤᠨ ᠳᠦᠷᠢᠮ ᠢ ᠪᠡᠶᠡᠯᠡᠭᠦᠯᠵᠤ ᠦᠯᠦ ᠳᠡᠶᠢᠯᠦᠭᠰᠡᠨ ᠢ | ᠭᠠᠷᠭᠠᠪᠠᠯ᠂ ᠪᠤᠰᠤᠳ ᠠᠶᠢᠮᠠᠭ ᠬᠤᠲᠠ ᠥᠨᠳᠥᠷ ᠨᠠᠰᠤᠨ ᠤ ᠨᠡᠮᠡᠭᠦᠷᠢ ᠶᠢᠨ ᠲᠦᠭᠡᠮᠡᠯ ᠬᠠᠷᠠᠭᠠᠯᠵᠠᠯ ᠤᠨ ᠳᠦᠷᠢᠮ ᠢ | ᠴᠦᠮ ᠪᠡᠶᠡᠯᠡᠬᠦᠯᠦᠭᠰᠡᠨ ᠪᠠᠶᠢᠨ᠎ᠠ᠂ 2017 ᠣᠨ ᠳᠤ᠂ ᠮᠠᠨ ᠤ ᠣᠷᠣᠨ ᠤ ᠠᠶᠢᠮᠠᠭ ᠬᠤᠲᠠ ᠪᠦᠬᠦᠨ ᠥᠨᠳᠥᠷ | ᠨᠠᠰᠤᠨ ᠤ ᠨᠡᠮᠡᠭᠦᠷᠢ ᠶᠢᠨ ᠲᠦᠭᠡᠮᠡᠯ ᠬᠠᠷᠠᠭᠠᠯᠵᠠᠯ ᠢ ᠪᠡᠶᠡᠯᠡᠬᠦᠯᠪᠡ᠃ | 81 ᠨᠠᠰᠤᠲᠠᠶ ᠹᠦ᠋ ᠬᠦᠸᠧ ᠵᠦᠡᠭ ᠨᠠᠰᠤᠲᠠᠨ ᠬᠡᠯᠡᠬᠦ ᠳᠡᠭᠡᠨ᠄ ︽ᠥᠨᠳᠥᠷ ᠨᠠᠰᠤᠨ ᠤ ᠨᠡᠮᠡᠭᠦᠷᠢ ᠨᠢ | ᠨᠠᠳᠠ ᠳᠤ ᠨᠠᠮ ᠪᠣᠯᠤᠨ ᠵᠠᠰᠠᠭ ᠤᠨ ᠣᠷᠳᠣᠨ ᠠᠴᠠ ᠦᠳᠡᠭᠦᠰ ᠢ ᠬᠦᠨᠳᠦᠳᠬᠡᠨ ᠦᠵᠡᠵᠦ ᠠᠩᠬᠠᠷᠤᠨ ᠬᠠᠯᠠᠮᠵᠢᠯᠠᠵᠤ | ᠪᠠᠶᠢᠭ᠎ᠠ ᠶᠢ ᠤᠶᠢᠯᠠᠭᠠᠭᠤᠯᠪᠠ︾ ᠭᠡᠵᠠᠢ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠦᠳᠡᠭᠦᠰ ᠤᠨ ᠥᠨᠳᠥᠷ | ᠨᠠᠰᠤᠨ ᠤ ᠨᠡᠮᠡᠭᠦᠷᠢ ᠶᠢ ᠦᠳᠡᠭᠦᠰ ᠡᠵᠡᠨ ᠮᠡᠳᠡᠨ ᠬᠡᠷᠡᠭᠯᠡᠬᠦ ᠶᠢ ᠨᠢ ᠪᠠᠲᠤᠯᠠᠬᠤ ᠶᠢᠨ ᠲᠤᠯᠠᠳᠠ᠂ ᠮᠠᠨ ᠤ ᠣᠷᠣᠨ | ᠥᠨᠳᠥᠷ ᠨᠠᠰᠤᠨ ᠤ ᠨᠡᠮᠡᠭᠦᠷᠢ ᠶᠢ ᠦᠳᠡᠭᠦᠰ ᠲᠤ ᠪᠠᠶᠢᠭᠤᠯᠤᠭᠰᠠᠨ ᠬᠤᠪᠢ ᠬᠥᠮᠦᠨ ᠤ ᠳᠠᠩᠰᠠᠨ ᠳᠤᠨᠢ ᠰᠢᠭᠤᠳ | ᠤᠷᠤᠭᠤᠯᠵᠤ ᠪᠠᠶᠢᠨ᠎ᠠ᠃ |