ᠥᠪᠥᠷ ᠮᠣᠩᠭᠤᠯ ᠤᠨ 214 ᠲᠦᠮᠡᠨ ᠡᠷᠦᠬᠡ ᠮᠠᠯᠴᠢᠨ ᠲᠠᠷᠢᠶᠠᠴᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠬᠡᠯᠬᠢᠶ᠎ᠡ ᠳᠤ ᠣᠷᠣᠪᠠ
ᠨᠡᠶᠢᠲᠡᠯᠡᠭᠰᠡᠨ ᠴᠠᠭ᠄
2017/12/11
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠪᠥᠬᠦ ᠣᠷᠣᠨ ᠳᠤ 214 ᠲᠦᠮᠡᠨ ᠡᠷᠦᠬᠡ ᠮᠠᠯᠴᠢᠨ ᠲᠠᠷᠢᠶᠠᠴᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠬᠡᠯᠬᠢᠶ᠎ᠡ ᠳᠤ ᠣᠷᠣᠵᠤ᠂ ᠲᠠᠭᠠᠭᠤᠯᠤᠭᠴᠢ ᠠᠵᠤ ᠠᠬᠤᠶᠢᠯᠠᠯ ᠨᠢ ᠮᠠᠯᠴᠢᠨ ᠲᠠᠷᠢᠶᠠᠴᠢᠳ ᠯᠤᠭ᠎ᠠ ᠠᠰᠢᠭ ᠲᠤᠰᠠ ᠶᠢ ᠬᠤᠯᠪᠣᠬᠤ ᠲᠣᠭᠲᠠᠴᠠ ᠪᠠᠶᠢᠭᠤᠯᠤᠭᠰᠠᠨ ᠬᠠᠷᠢᠴᠠᠯ ᠨᠢ 80%᠎ ᠠᠴᠠ ᠳᠡᠭᠡᠭᠰᠢ ᠳᠤ ᠲᠣᠭᠲᠠᠪᠤᠷᠢᠵᠢᠵᠤ᠂ ᠮᠠᠯᠴᠢᠨ ᠲᠠᠷᠢᠶᠠᠴᠢᠨ ᠤ ᠠᠵᠤ ᠦᠢᠯᠡᠰᠵᠢᠭᠰᠡᠨ ᠡᠵᠡᠩᠨᠡᠯᠲᠡ ᠠᠴᠠ ᠣᠯᠤᠭᠰᠠᠨ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ 5700 ᠲᠥᠭᠦᠷᠢᠭ ᠣᠷᠴᠢᠮ ᠪᠣᠯᠵᠠᠢ᠃      ᠡᠨᠡ ᠵᠢᠯ᠂ ᠮᠠᠨ ᠤ ᠣᠷᠣᠨ ︽ᠲᠠᠷᠢᠶᠠᠯᠠᠩ ︵ᠮᠠᠯ ᠠᠵᠤ ᠠᠬᠤᠶ︶ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾᠎ ᠢ ᠨᠡᠶᠢᠲᠡᠯᠡᠵᠦ᠂ ᠠᠯᠢ ᠣᠯᠠᠨ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠮᠠᠯᠴᠢᠨ ᠲᠠᠷᠢᠶᠠᠴᠢᠨ ᠬᠢᠭᠡᠳ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠦᠯᠬᠢᠨ ᠠᠬᠢᠭᠤᠯᠵᠡᠢ᠃ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢᠨ ᠠᠵᠢᠯ ᠢ ᠠᠬᠢᠭᠤᠯᠬᠤ ᠤᠳᠤᠷᠢᠳᠬᠤ ᠳᠤᠭᠤᠶᠢᠯᠠᠩ ᠢ ᠲᠣᠬᠢᠷᠠᠭᠤᠯᠤᠨ ᠲᠡᠭᠦᠯᠳᠡᠷᠵᠢᠭᠦᠯᠵᠤ᠂ ᠰᠠᠯᠠᠭ᠎ᠠ ᠮᠥᠴᠢᠷ ᠤᠳ ᠵᠣᠬᠢᠴᠠᠯᠳᠤᠭᠤᠯᠤᠨ ᠠᠬᠢᠭᠤᠯᠬᠤ᠂ ᠮᠥᠷᠳᠡᠨ ᠲᠣᠬᠢᠷᠠᠭᠤᠯᠬᠤ᠂ ᠵᠠᠳᠠᠯᠵᠤ ᠦᠨᠡᠯᠡᠨ ᠵᠢᠱᠢᠬᠦ ᠵᠡᠷᠭᠡ ᠠᠵᠢᠯ ᠤᠨ ᠲᠣᠭᠲᠠᠴᠠ ᠎ ᠶᠢ ᠲᠡᠭᠦᠯᠳᠡᠷᠵᠢᠭᠦᠯᠦᠨ ᠴᠢᠩᠭᠠᠳᠬᠠᠭᠰᠠᠨ ᠪᠥᠭᠡᠳ ᠮᠠᠯᠴᠢᠨ ᠲᠠᠷᠢᠶᠠᠴᠢᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢᠨ ᠠᠵᠢᠯ ᠢ ᠠᠬᠢᠭᠤᠯᠬᠤ ᠲᠤᠰᠬᠠᠶ ᠪᠡᠯᠡ ᠮᠥᠩᠭᠦ ᠪᠠᠶᠢᠭᠤᠯᠵᠤ᠂ ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ᠂ ᠲᠡᠮ ᠬᠦᠦ ᠶᠢᠨ ᠲᠤᠰᠠᠯᠠᠮᠵᠢ ᠣᠯᠭᠤᠬᠤ᠂ ᠳᠦᠷᠦᠯ ᠲᠡᠮᠳᠡᠭᠲᠦ ᠶᠢ ᠤᠬᠠᠭᠤᠯᠤᠨ ᠳᠡᠯᠭᠡᠷᠡᠭᠦᠯᠬᠦ ᠪᠠ ᠲᠤᠷᠰᠢᠯᠲᠠ ᠬᠢᠵᠦ ᠵᠢᠱᠢᠶ᠎ᠡ ᠦᠵᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠠᠰᠢᠭ ᠲᠤᠰᠠ ᠎ ᠶᠢ ᠴᠢᠩᠭ᠎ᠠ ᠬᠤᠯᠪᠣᠭᠰᠠᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠭᠰᠡᠨ᠂ ᠦᠨᠡᠨᠴᠢ ᠢᠲᠡᠭᠡᠮᠵᠢ ᠶᠢᠨ ᠭᠡᠷ᠎ᠡ ᠪᠠᠨ ᠰᠠᠶᠢᠨ ᠭᠦᠢᠴᠡᠳᠬᠡᠭᠰᠡᠨ ᠭᠤᠣᠯᠳᠠᠯᠭᠠᠲᠤ ᠳᠠᠭᠠᠭᠤᠯᠤᠭᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠲᠡᠳᠬᠦᠨ ᠳᠡᠮᠵᠢᠵᠡᠢ᠃      ᠮᠠᠨ ᠤ ᠣᠷᠣᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠦ ᠵᠠᠬᠢᠶᠠᠯᠭᠠᠲᠤ ᠭᠡᠷ᠎ᠡ ᠶᠢᠨ ᠬᠡᠯᠪᠡᠷᠢ᠂ ᠬᠤᠪᠢ ᠣᠷᠣᠭᠤᠯᠤᠨ ᠬᠤᠷᠰᠢᠬᠤ ᠬᠡᠯᠪᠡᠷᠢ᠂ ᠦᠢᠯᠡᠴᠢᠯᠡᠭᠡᠨ ᠤ ᠬᠠᠮᠵᠢᠯᠴᠠᠬᠤ ᠬᠡᠯᠪᠡᠷᠢ᠂ ᠡᠷᠭᠢᠯᠳᠦᠭᠦᠯᠦᠨ ᠤᠷᠢᠵᠤ ᠬᠡᠷᠡᠭᠯᠡᠬᠦ ᠬᠡᠯᠪᠡᠷᠢ ᠵᠡᠷᠭᠡ ᠨᠢᠭᠲᠠ ᠬᠡᠯᠪᠡᠷᠢ ᠪᠦᠬᠦᠢ ᠠᠰᠢᠭ ᠲᠤᠰᠠ ᠶᠢ ᠬᠤᠯᠪᠣᠬᠤ ᠵᠠᠭᠪᠤᠷ ᠢ ᠰᠦᠪᠡᠭᠴᠢᠯᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠬᠠᠮᠲᠤᠷᠠᠭᠰᠠᠨ ᠴᠣᠭᠴᠠ ᠶᠢ ᠶᠡᠬᠡᠪᠡᠷ ᠪᠤᠶᠢᠵᠢᠭᠤᠯᠵᠤ᠂ ᠨᠢᠭᠲᠠ ᠬᠠᠷᠢᠴᠠᠭ᠎ᠠ ᠪᠦᠬᠦᠢ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠴᠣᠭᠴᠠᠯᠠᠵᠤ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ᠂ ᠦᠨᠡᠨᠴᠢ ᠢᠲᠡᠭᠡᠮᠵᠢᠲᠡᠢ᠂ ᠬᠤᠯᠪᠣᠬᠤ ᠬᠡᠯᠪᠡᠷᠢ ᠶᠢᠨ ᠰᠢᠨ᠎ᠡ ᠡᠭᠦᠳᠦᠯᠲᠡ ᠎ ᠲᠠᠢ ᠨᠡᠢᠲᠡᠯᠢᠭ ᠠᠵᠤ ᠠᠬᠤᠢᠯᠠᠯ ᠢ ᠰᠠᠶᠢᠰᠢᠶᠠᠨ ᠬᠥᠬᠢᠭᠦᠯᠵᠦ᠂ ᠲᠠᠭᠠᠭᠤᠯᠤᠭᠴᠢ ᠠᠵᠤ ᠠᠬᠤᠶᠢᠯᠠᠯ ᠤᠨ ᠮᠠᠯᠴᠢᠨ ᠲᠠᠷᠢᠶᠠᠴᠢᠨ ᠲᠠᠢ ᠬᠤᠯᠪᠣᠭᠠᠯᠠᠵᠤ ᠮᠠᠯᠴᠢᠨ ᠲᠠᠷᠢᠶᠠᠴᠢᠨ ᠢ ᠳᠠᠶᠢᠴᠢᠯᠠᠬᠤ ᠨᠡᠶᠢᠭᠡᠮ ᠤᠨ ᠬᠠᠷᠢᠭᠤᠴᠠᠯᠭ᠎ᠠ ᠶᠢᠨ ᠤᠬᠠᠮᠰᠠᠷ ᠢ ᠨᠢ ᠤᠷᠮᠠᠰᠢᠭᠤᠯᠤᠨ ᠬᠥᠭᠵᠢᠭᠡᠵᠡᠢ᠃ ᠡᠭᠦᠨ ᠤ ᠬᠠᠮᠲᠤ ︽ᠲᠡᠵᠢᠭᠡᠵᠦ ᠦᠷᠡᠵᠢᠭᠦᠯᠬᠦ ᠵᠢᠷᠭᠤᠭ᠎ᠠ ᠶᠢ ᠨᠢᠭᠡᠳᠬᠡᠬᠦ︾᠎ ︽ᠬᠤᠨᠢ ᠲᠡᠵᠢᠭᠡᠵᠦ ᠦᠷᠡᠵᠢᠭᠦᠯᠬᠦ ᠬᠤᠯᠪᠣᠭᠠᠲᠤ ᠴᠣᠭᠴᠠ︾᠎ ︽ᠠᠮᠤ ᠪᠤᠳᠠᠭᠠᠨ ᠤ ᠪᠠᠩᠬᠢ︾᠎ ︽ᠲᠡᠵᠢᠭᠡᠯ ᠡᠪᠡᠰᠦᠨ ᠤ ᠪᠠᠩᠬᠢ︾᠎ ︽ᠰᠠᠭᠠᠯᠢ ᠶᠢᠨ ᠦᠨᠢᠶᠡᠨ ᠤ ᠰᠤᠷᠭᠠᠭᠤᠯᠢ︾᠂ ᠪᠡᠯᠡ ᠲᠤᠬᠢᠷᠠᠭᠤᠯᠭ᠎ᠠ ᠶᠢᠨ ᠳᠠᠭᠠᠭᠠᠯᠲᠠ᠂ ᠠᠵᠤ ᠦᠢᠯᠡᠰ ᠤᠨ ᠬᠡᠯᠬᠢᠶᠡᠲᠦ ᠮᠥᠩᠭᠦᠨ ᠭᠦᠢᠯᠭᠡᠭᠡᠨ ᠵᠡᠷᠭᠡ ᠲᠣᠰ ᠲᠤᠰ ᠤᠨ ᠣᠨᠴᠠᠯᠢᠭ ᠪᠦᠬᠦᠢ ᠡᠵᠡᠩᠨᠡᠯᠲᠡ ᠦᠢᠯᠡᠴᠢᠯᠡᠭᠡᠨ ᠤ ᠰᠢᠨ᠎ᠡ ᠵᠠᠭᠪᠤᠷ ᠢ ᠬᠡᠷᠡᠭᠵᠢᠭᠦᠯᠵᠦ᠂ ᠮᠠᠯᠴᠢᠨ ᠲᠠᠷᠢᠶᠠᠴᠢᠳ ᠬᠢᠭᠡᠳ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠶᠢ ᠡᠳᠦᠷ ᠢᠷᠡᠬᠦᠶ᠎ᠡ ᠨᠢᠭᠲᠠᠷᠠᠭᠤᠯᠵᠤ᠂ ᠦᠢᠯᠡᠴᠢᠯᠡᠭᠡᠨ ᠤ ᠭᠦᠨᠴᠡ ᠪᠠ ᠥᠷᠭᠡᠴᠡ ᠶᠢ ᠲᠠᠰᠤᠷᠠᠯᠲᠠ ᠦᠭᠡᠢ ᠥᠷᠭᠡᠳᠬᠡᠨ ᠭᠦᠨᠵᠡᠭᠡᠶᠢᠷᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号