ᠪᠦᠬᠦ ᠤᠷᠤᠨ ᠤ ᠶᠡᠭᠡ ᠳᠡᠬᠡᠳᠤ ᠰᠤᠷᠭᠠᠭᠤᠯᠢ ᠶᠢᠨ ᠰᠢᠯᠢᠳᠡᠭ ᠬᠠᠪᠰᠤᠷᠤᠨ ᠵᠢᠯᠤᠭᠤᠳᠤᠭᠴᠢ ᠰᠤᠷᠭᠠᠭᠤᠯᠢ ᠶᠢᠨ ᠬᠦᠷᠢᠶᠡᠨ ᠳᠤ ᠳᠤᠭᠤᠷᠢᠨ ᠲᠠᠶᠢᠯᠪᠤᠷᠢᠯᠠᠬᠤ ᠠᠵᠢᠯᠯᠠᠭ᠎ᠠ ᠦᠨᠳᠦᠷᠯᠡᠪᠡ
ᠨᠡᠶᠢᠲᠡᠯᠡᠭᠰᠡᠨ ᠴᠠᠭ᠄
2017/12/13
      12 ᠳ᠋ᠣᠭᠠᠷ ᠰᠠᠷ᠎ᠠ ᠶᠢᠨ 12᠎ ᠤᠨ ᠡᠳᠦᠷ᠂ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠪᠤᠯᠤᠨ ᠦᠪᠡᠷᠳᠡᠬᠡᠨ ᠵᠠᠰᠬᠠᠤ ᠤᠷᠤᠨ ᠤ ᠶᠡᠭᠡ ᠳᠡᠬᠡᠳᠤ ᠰᠤᠷᠭᠠᠭᠤᠯᠢ ᠶᠢᠨ ᠠᠵᠢᠯ ᠤᠨ ᠬᠤᠷᠢᠶ᠎ᠠ ᠠᠴᠠ ᠬᠠᠮᠳᠤᠷᠠᠨ ᠭᠤᠤᠯᠯᠠᠨ ᠡᠷᠬᠢᠯᠡᠭᠰᠡᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠤᠱᠯᠠᠭᠤᠯᠬᠤ — ᠪᠦᠬᠦ ᠤᠷᠤᠨ ᠤ ᠶᠡᠭᠡ ᠳᠡᠬᠡᠳᠤ ᠰᠤᠷᠭᠠᠭᠤᠯᠢ ᠶᠢᠨ ᠰᠢᠯᠢᠳᠡᠭ ᠬᠠᠪᠰᠤᠷᠤᠨ ᠵᠢᠯᠤᠭᠤᠳᠤᠭᠴᠢ ᠰᠤᠷᠭᠠᠭᠤᠯᠢ ᠶᠢᠨ ᠬᠦᠷᠢᠶᠡᠨ ᠳᠤ ᠳᠤᠭᠤᠷᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠳᠡᠬᠦᠰᠪᠡ᠃      ᠤᠶᠢᠯᠠᠭᠠᠭᠰᠠᠨ ᠢᠶᠠᠷ ᠂ ᠳᠤᠰ ᠤᠳᠠᠭ᠎ᠠ ᠶᠢᠨ ᠪᠦᠬᠦ ᠤᠷᠤᠨ ᠤ ᠶᠡᠭᠡ ᠳᠡᠬᠡᠳᠤ ᠰᠤᠷᠭᠠᠭᠤᠯᠢ ᠶᠢᠨ ᠰᠢᠯᠢᠳᠡᠭ ᠬᠠᠪᠰᠤᠷᠤᠨ ᠵᠢᠯᠤᠭᠤᠳᠤᠭᠴᠢ ᠰᠤᠷᠭᠠᠭᠤᠯᠢ ᠶᠢᠨ ᠬᠦᠷᠢᠶᠡᠨ ᠳᠤ ᠳᠤᠭᠤᠷᠢᠨ ᠲᠠᠶᠢᠯᠪᠤᠷᠢᠯᠠᠬᠤ ᠠᠵᠢᠯᠯᠠᠭ᠎ᠠ 9 ᠡᠳᠦᠷ ᠶᠠᠪᠤᠭᠳᠠᠵᠤ᠂ ᠪᠦᠬᠦ ᠤᠷᠤᠨ ᠤ ᠶᠡᠭᠡ ᠳᠡᠬᠡᠳᠤ ᠰᠤᠷᠭᠠᠭᠤᠯᠢ ᠶᠢᠨ 45 ᠰᠢᠯᠢᠳᠡᠭ ᠬᠠᠪᠰᠤᠷᠤᠨ ᠵᠢᠯᠤᠭᠤᠳᠤᠭᠴᠢ 9 ᠳᠤᠭᠤᠶᠢᠯᠠᠩ ᠬᠤᠪᠢᠶᠠᠵᠤ᠂ ᠪᠦᠬᠦ ᠤᠷᠤᠨ ᠤ ᠡᠯ᠎ᠠ ᠠᠶᠢᠮᠠᠭ ᠬᠤᠳᠠ ᠶᠢᠨ ᠶᠡᠭᠡ ᠳᠡᠬᠡᠳᠤ ᠰᠤᠷᠭᠠᠭᠤᠯᠢ ᠳᠤ 49 ᠳᠠᠯᠠᠪᠠᠢ ᠳᠤᠭᠤᠷᠢᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠦ᠂ 2.4 ᠲᠦᠮᠡᠨ ᠤᠶᠤᠳᠠᠨ ᠡᠨᠡᠬᠦ ᠠᠵᠢᠯᠯᠠᠭ᠎ᠠ ᠳᠤ ᠤᠷᠤᠯᠴᠠᠵᠠᠢ᠃ ᠳᠤᠭᠤᠷᠢᠨ ᠲᠠᠶᠢᠯᠪᠤᠷᠢᠯᠠᠬᠤ ᠠᠵᠢᠯᠯᠠᠭ᠎ᠠ ᠨᠢ ᠦᠪᠡᠷᠳᠡᠬᠡᠨ ᠵᠠᠰᠬᠠᠤ ᠤᠷᠤᠨ ᠤ ᠶᠡᠭᠡ ᠳᠡᠬᠡᠳᠤ ᠰᠤᠷᠭᠠᠭᠤᠯᠢ ᠶᠢᠨ ᠪᠠᠭᠰᠢ ᠰᠤᠷᠤᠭᠴᠢᠳ ᠤᠨ ᠳᠤᠮᠳᠠ ᠬᠠᠯᠭᠠᠤᠨ ᠳᠤᠰᠬᠠᠯ ᠭᠠᠷᠴᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠰᠢᠨ᠎ᠡ ᠦᠷᠨᠢᠯᠳᠡ ᠭᠠᠷᠭᠠᠭᠰᠠᠨ ᠪᠠᠶᠢᠨ᠎ᠠ᠃      12 ᠳ᠋ᠤᠭᠠᠷ ᠰᠠᠷ᠎ᠠ ᠶᠢᠨ 4᠎ ᠤ ᠡᠳᠦᠷ᠂ ᠨᠢᠬᠡᠳᠦᠬᠡᠷ ᠳᠤᠭᠤᠶᠢᠯᠠᠩ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠦᠪᠦᠷ ᠮᠤᠩᠭᠤᠯ ᠤᠨ ᠶᠡᠭᠡ ᠰᠤᠷᠭᠠᠭᠤᠯᠢ ᠳᠤ ᠬᠦᠷᠴᠦ᠂ 5 ᠬᠠᠪᠰᠤᠷᠤᠨ ᠵᠢᠯᠤᠭᠤᠳᠤᠭᠴᠢ ᠠᠳᠠᠯᠢ ᠪᠤᠰᠤ ᠶᠢᠨ ᠬᠠᠷᠠᠭᠠᠰᠤ ᠠᠴᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠳᠤ ᠲᠠᠶᠢᠯᠤᠮᠵᠢ ᠬᠢᠵᠦ᠂ ᠪᠠᠭᠰᠢ ᠰᠤᠷᠤᠭᠴᠢᠳ ᠤᠨ ᠠᠩᠬᠠᠷᠤᠯ ᠢ ᠳᠠᠳᠠᠵᠠᠢ᠃ 12 ᠳ᠋ᠤᠭᠠᠷ ᠰᠠᠷ᠎ᠠ ᠶᠢᠨ 8᠎ ᠤ ᠡᠳᠦᠷ᠂ ᠬᠤᠶᠠᠳᠤᠭᠠᠷ ᠳᠤᠭᠤᠶᠢᠯᠠᠩ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠬᠡᠵᠢᠯ ᠤᠨ ᠳᠡᠬᠡᠳᠤ ᠰᠤᠷᠭᠠᠭᠤᠯᠢ ᠳᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠤᠯᠤᠰ ᠤᠨ ᠤᠯᠤᠭᠰᠠᠨ ᠬᠡᠷᠡᠯ ᠰᠠᠴᠤᠷᠠᠩᠭᠤᠢ ᠠᠮᠵᠢᠯᠳᠠ ᠪᠤᠯᠤᠨ ᠦᠪᠦᠷ ᠮᠤᠩᠭᠤᠯ ᠤᠨ ᠳᠠᠪᠠᠯᠳᠠᠳᠤ ᠬᠦᠭᠵᠢᠯᠳᠡ ᠶᠢ ᠤᠬᠠᠭᠤᠯᠤᠨ ᠲᠠᠶᠢᠯᠪᠤᠷᠢᠯᠠᠵᠤ᠂ ᠤᠶᠤᠳᠠᠳ ᠤᠨ ︽ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠬᠦᠳᠤ ᠪᠠᠨ ᠬᠠᠮᠳᠤᠪᠡᠷ ᠳᠡᠷᠬᠡᠯᠰᠢᠬᠦᠯᠬᠦ︾ ᠦᠢᠯᠡᠳᠦᠯᠬᠡ ᠳᠤ ᠤᠷᠤᠯᠴᠠᠬᠤ ᠶᠢ ᠵᠤᠷᠢᠭᠵᠢᠭᠤᠯᠵᠠᠢ᠃ 12᠎ ᠤᠨ ᠡᠳᠦᠷ᠂ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠡᠳᠡᠬᠦᠯᠦᠯᠳᠡ ᠶᠢᠨ ᠬᠤᠷᠠᠯ ᠤᠨ ᠳᠤᠬᠠᠢ ᠶᠢᠨ ᠳᠠᠯᠠᠪᠠᠢ ᠳᠤ ᠦᠪᠦᠷ ᠮᠤᠩᠭᠤᠯ ᠤᠨ ᠳᠠᠷᠢᠶᠠᠯᠠᠩ ᠤᠨ ᠶᠡᠭᠡ ᠰᠤᠷᠭᠠᠭᠤᠯᠢ ᠶᠢᠨ ᠪᠠᠭᠰᠢ ᠸᠠᠩ ᠰᠢᠤᠸᠠᠢ ᠫᠧᠩ᠂ ᠬᠦᠬᠡᠬᠤᠳᠠ ᠦᠨᠳᠦᠰᠦᠳᠡᠨ ᠤ ᠳᠡᠬᠡᠳᠤ ᠰᠤᠷᠭᠠᠭᠤᠯᠢ ᠶᠢᠨ ᠪᠠᠭᠰᠢ ᠵᠠᠩ ᠬᠠᠢ ᠹᠧᠩ᠂ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠪᠠᠭᠰᠢ ᠮᠢ ᠳ᠋ᠠᠨ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠪᠠᠭᠰᠢ ᠼᠤᠤ ᠯᠢ ᡁᠢ᠂ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠪᠠᠭᠰᠢ ᠪᠠᠭᠠᠳᠤᠷ ᠵᠡᠷᠬᠡ 5 ᠬᠠᠪᠰᠤᠷᠤᠨ ᠵᠢᠯᠤᠭᠤᠳᠤᠭᠴᠢ ᠨᠠᠷ ᠤᠶᠤᠳᠠᠳ ᠤᠨ ᠳᠤᠮᠳᠠ ᠳᠤᠬᠢᠶᠠᠯᠳᠤᠭᠰᠠᠨ ᠡᠬᠡᠯ ᠶᠡᠷᠦᠮᠳᠡᠭ ᠦᠯᠢᠬᠡᠷ ᠤᠴᠠᠷᠠᠯ ᠢᠶᠠᠷ ᠬᠦᠨ ᠶᠤᠰᠤ ᠤᠴᠢᠷ ᠢ ᠳᠡᠳᠡᠨᠡᠷ ᠲᠤ ᠶᠠᠷᠢᠵᠦ᠂ ᠪᠠᠭᠰᠢ ᠰᠤᠷᠤᠭᠴᠢᠳ ᠬᠠᠮᠳᠤᠪᠡᠷ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠢᠯᠡᠳᠬᠡᠯ ᠤᠨ ᠵᠤᠷᠢᠭ ᠰᠠᠨᠠᠭ᠎ᠠ ᠶᠢ ᠬᠠᠮᠳᠤ ᠳᠠᠭᠠᠨ ᠰᠤᠷᠤᠯᠴᠠᠵᠤ ᠬᠠᠮᠳᠤᠪᠡᠷ ᠤᠶᠢᠯᠠᠭᠠᠵᠠᠢ᠃ ᠳᠤᠰ ᠰᠤᠷᠭᠠᠭᠤᠯᠢ ᠨᠢ ᠰᠦᠯᠵᠢᠶᠡᠨ ᠳᠡᠬᠡᠷ᠎ᠡ ᠰᠤᠷᠤᠯᠴᠠᠬᠤ ᠪᠠ ᠰᠦᠯᠵᠢᠶᠡᠨ ᠠᠴᠠ ᠪᠤᠰᠤᠳ ᠬᠡᠯᠪᠡᠷᠢ ᠪᠠᠷ ᠰᠤᠷᠤᠯᠴᠠᠬᠤ ᠶᠢ ᠤᠶᠠᠯᠳᠤᠭᠤᠯᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠤᠶᠤᠳᠠᠳ ᠤᠨ ᠤᠶᠤᠨ ᠰᠠᠨᠠᠭ᠎ᠠ ᠶᠢ ᠵᠡᠪᠰᠡᠭᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号