ᠥᠪᠥᠷ ᠮᠣᠩᠭᠤᠯ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠵᠢᠭᠡᠯᠡᠯᠭᠡ ᠨᠡᠶᠢᠲᠡ 357.9 ᠳ᠋ᠦᠩᠰᠢᠭᠤᠷ ᠲᠥᠭᠦᠷᠢᠭ ᠲᠠᠯᠪᠢᠪᠠ
ᠨᠡᠶᠢᠲᠡᠯᠡᠭᠰᠡᠨ ᠴᠠᠭ᠄
2017/12/13
     2013 ᠣᠨ ᠤ 11 ᠳ᠋ᠦ᠋ᠭᠡᠷ ᠰᠠᠷ᠎ᠠ ᠠᠴᠠ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠢ ᠡᠬᠢᠯᠡᠭᠦᠯᠦᠭᠰᠡᠨ ᠠᠴᠠ ᠨᠠᠰᠢ᠂ ᠡᠨᠡ ᠵᠢᠯ ᠤᠨ 11 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠮᠠᠨ ᠤ ᠣᠷᠣᠨ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ᠵᠢᠭᠡᠯᠡᠯᠭᠡ ᠶᠢ ᠨᠡᠶᠢᠲᠡ 357.9 ᠳ᠋ᠦᠩᠰᠢᠭᠤᠷ ᠲᠥᠭᠦᠷᠢᠭ ᠲᠠᠯᠪᠢᠵᠤ᠂ ᠡᠨᠡ ᠵᠢᠯ 92.13 ᠳ᠋ᠦᠩᠰᠢᠭᠤᠷ ᠲᠦᠬᠦᠷᠢᠭ ᠤᠨ ᠵᠢᠭᠡᠯᠡᠯᠭᠡ ᠰᠢᠨ᠎ᠡ ᠪᠠᠷ ᠨᠡᠮᠡᠭᠳᠡᠪᠡ᠃ ᠡᠭᠦᠨ ᠳᠤ ︽ᠲᠠᠷᠢᠶᠠᠴᠢᠨ ᠢ ᠪᠠᠶᠠᠵᠢᠭᠤᠯᠬᠤ ᠵᠢᠭᠡᠯᠡᠯᠭᠡ︾ 331.7 ᠳ᠋ᠦᠩᠰᠢᠭᠤᠷ ᠲᠥᠭᠦᠷᠢᠭ ᠲᠠᠯᠪᠢᠵᠤ᠂ ᠮᠠᠯᠵᠢᠬᠤ ᠲᠠᠷᠢᠶᠠᠯᠠᠬᠤ 72.68 ᠲᠦᠮᠡᠨ ᠡᠷᠦᠬᠡ ︵ᠤᠳᠠᠭ᠎ᠠ︶᠎ ᠶᠢ ᠰᠢᠭᠤᠳ ᠲᠡᠳᠬᠦᠨ ᠳᠡᠮᠵᠢᠵᠦ᠂ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠡᠷᠦᠬᠡ ᠶᠢ ᠪᠦᠷᠬᠦᠭᠰᠡᠨ ᠨᠤᠷᠮ᠎ᠠ 21.5%  ᠎ ᠳᠤ ᠬᠦᠷᠴᠡᠢ︔ ︽ᠲᠠᠷᠢᠶᠠᠯᠠᠩ ᠢ ᠬᠦᠴᠦᠷᠬᠡᠭᠵᠢᠭᠦᠯᠬᠦ ᠵᠢᠭᠡᠯᠡᠯᠭᠡ︾ 26.2 ᠳ᠋ᠦᠩᠰᠢᠭᠤᠷ ᠲᠥᠭᠦᠷᠢᠭ ᠲᠠᠯᠪᠢᠵᠤ᠂ 226 ᠡᠷᠦᠬᠡ ︵ᠤᠳᠠᠭ᠎ᠠ︶ ᠶᠠᠳᠠᠭᠤ ᠶᠢ ᠲᠡᠳᠬᠦᠬᠦ ᠲᠤᠯᠤᠭᠠᠶᠢᠯᠠᠭᠴᠢ ᠠᠵᠤ ᠠᠬᠤᠶᠢᠯᠠᠯ ᠢ ᠳᠡᠮᠵᠢᠨ ᠦᠢᠯᠡᠳᠪᠦᠷᠢᠯᠡᠯ ᠢ ᠨᠢ ᠬᠦᠭᠵᠢᠭᠦᠯᠪᠡ᠃ ᠣᠶᠢᠯᠠᠭᠠᠭᠰᠠᠨ ᠢᠶᠠᠷ᠂ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠵᠢᠯ ᠪᠦᠷᠢ ᠲᠦᠭᠰᠢᠭᠦᠷᠢ ᠶᠢᠨ ᠨᠥᠬᠦᠪᠥᠷᠢ ᠪᠡᠯᠡ ᠮᠦᠩᠭᠦ 4.75 ᠳ᠋ᠦᠩᠰᠢᠭᠤᠷ ᠲᠦᠬᠦᠷᠢᠭ ᠲᠣᠬᠢᠷᠠᠭᠤᠯᠵᠤ᠂ ︽ᠵᠠᠰᠠᠭ ᠤᠨ ᠣᠷᠳᠣᠨ ᠢᠶᠠᠷ ᠭᠤᠣᠯᠯᠠᠬᠤ᠂ ᠪᠠᠩᠬᠢ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ ᠲᠣᠭᠲᠠᠴᠠ ᠶᠤᠰᠤᠭᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠯᠤᠭ᠎ᠠ ᠬᠠᠮᠲᠤᠷᠠᠨ ᠠᠵᠢᠯᠯᠠᠵᠤ᠂ 1᠄ 10᠎ ᠶᠢᠨ ᠬᠠᠷᠢᠴᠠᠯ ᠢᠶᠠᠷ᠂ ᠵᠢᠯ ᠪᠦᠷᠢ 50 ᠳ᠋ᠦᠩᠰᠢᠭᠤᠷ ᠲᠦᠬᠦᠷᠢᠭ ᠠᠴᠠ ᠳᠡᠭᠡᠭᠰᠢ ᠵᠢᠭᠡᠯᠡᠯᠭᠡ ᠲᠠᠯᠪᠢᠵᠤ᠂ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠶᠠᠳᠠᠭᠤ ᠬᠦᠴᠢᠷᠳᠡᠯᠲᠡᠶ ᠡᠷᠥᠭᠡ᠂ ᠶᠠᠳᠠᠭᠤ ᠶᠢ ᠲᠡᠳᠬᠦᠬᠦ ᠲᠤᠯᠤᠭᠠᠶᠢᠯᠠᠭᠴᠢ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠶᠢᠨ ᠶᠠᠳᠠᠭᠤ ᠶᠢ ᠲᠡᠳᠬᠦᠬᠦ ᠭᠤᠣᠯᠯᠠᠬᠤ ᠠᠵᠤ ᠦᠢᠯᠡᠰ ᠢ ᠬᠦᠭᠵᠢᠭᠦᠯᠬᠦ ᠶᠢ ᠨᠢ ᠭᠤᠤᠯᠳᠠᠯᠭ᠎ᠠ ᠲᠠᠢ ᠳᠡᠮᠵᠢᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号