ᠦᠪᠦᠷ ᠮᠣᠩᠭᠤᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠨ ᠪᠡᠯᠡ ᠲᠣᠬᠢᠷᠠᠭᠤᠯᠬᠤ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2017/12/13
      ᠦᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠎ ᠠᠴᠠ ᠭᠤᠣᠯᠯᠠᠨ ᠡᠷᠭᠢᠯᠡᠭᠰᠡᠨ ᠥᠪᠥᠷ ᠮᠣᠩᠭᠤᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠨ ᠪᠡᠯᠡ ᠲᠣᠬᠢᠷᠠᠭᠤᠯᠬᠤ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠬᠥᠬᠡᠬᠤᠲᠠ ᠳᠤ ᠶᠠᠪᠤᠭᠳᠠᠪᠠ᠃      ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠭᠤᠸᠠᠩᠳᠠ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ᠂ ᠰᠢᠩ ᠶᠧ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ ᠵᠡᠷᠭᠡ 4 ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠥᠪᠥᠷ ᠮᠣᠩᠭᠤᠯ ᠤᠨ ᠯᠠᠨ ᠴᠸᠥ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠲᠣᠰᠪᠣᠷᠢ ᠥᠪᠥᠷ ᠮᠣᠩᠭᠤᠯ ᠤᠨ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ ᠯᠦᠭᠡ ᠭᠡᠷ᠎ᠡ ᠲᠣᠭᠲᠠᠵᠤ᠂ ᠪᠦᠬᠦ ᠣᠷᠣᠨ ᠤ ᠵᠠᠬ᠎ᠠ ᠳᠡᠯᠭᠡᠭᠦᠷ ᠲᠠᠢ ᠪᠠ ᠬᠥᠭᠵᠢᠯᠲᠡ ᠶᠢᠨ ᠲᠠᠯᠳᠠ ᠬᠦᠴᠦᠨ ᠲᠠᠢ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠪᠠ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠦᠢᠯᠡᠴᠢᠯᠡᠭᠡ ᠬᠠᠩᠭᠠᠬᠤ ᠪᠠᠷ ᠪᠣᠯᠪᠠ᠃ ᠳᠤᠮᠳᠠᠳᠤ ᠤᠯᠤᠰ ᠤᠨ ᠫᠢᠩ ᠠᠨ ᠨᠡᠷᠡᠮᠵᠢᠲᠦ ᠳᠠᠭᠠᠳᠬᠠᠯ ︵ᠪᠦᠯᠦᠭᠯᠡᠯ︶᠎ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠨᠢ ᠥᠪᠥᠷ ᠮᠣᠩᠭᠤᠯ ᠤᠨ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ ᠯᠦᠭᠡ ᠲᠤᠰᠬᠠᠶ ᠠᠰᠢᠭ ᠤᠨ ᠳᠠᠭᠠᠳᠬᠠᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠳᠡᠭᠡᠷ᠎ᠡ ᠭᠠᠷ ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠨ ᠪᠡᠯᠡ ᠲᠣᠬᠢᠷᠠᠭᠤᠯᠬᠤ ᠠᠵᠢᠯᠯᠠᠭᠠᠨ ᠎ ᠳᠤ ᠲᠤᠰᠬᠠᠶ ᠠᠰᠢᠭ ᠳᠠᠨᠵᠢᠯᠠᠬᠤ ᠳᠠᠭᠠᠳᠬᠠᠯ ᠤᠨ ᠲᠥᠰᠦᠯ ᠪᠣᠯᠣᠨ ᠲᠥᠯᠥᠪᠦᠷᠢ ᠶᠢᠨ ᠦᠢᠯᠡᠴᠢᠯᠡᠭᠡ ᠬᠠᠩᠭᠠᠵᠤ᠂ ᠮᠠᠨ ᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠨ ᠪᠡᠯᠡ ᠲᠣᠬᠢᠷᠠᠭᠤᠯᠬᠤ ᠳᠠᠭᠠᠳᠬᠠᠯ ᠤᠨ ᠬᠤᠭᠤᠰᠣᠨ ᠪᠠᠶᠢᠭᠰᠠᠨ ᠢ ᠨᠦᠬᠦᠪᠦᠷᠢᠯᠡᠪᠡ᠃      ᠣᠶᠢᠯᠠᠭᠠᠭᠰᠠᠨ ᠢᠶᠠᠷ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠎ ᠨᠢ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠮᠥᠩᠭᠦᠨ ᠭᠦᠢᠯᠭᠡᠭᠡᠨ ᠤ ᠤᠶᠠᠯᠳᠤᠯ ᠢ ᠭᠦᠨᠵᠡᠭᠡᠶᠢᠷᠡᠭᠦᠯᠬᠦ ᠶᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠬᠦᠴᠦᠯᠡᠬᠦ ᠴᠡᠭ ᠪᠣᠯᠭᠠᠵᠤ᠂ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠮᠥᠩᠭᠦᠨ ᠭᠦᠢᠯᠭᠡᠭᠡᠨ ᠤ ᠤᠶᠠᠯᠳᠤᠯ ᠢ ᠲᠥᠯᠬᠢᠨ ᠠᠬᠢᠭᠤᠯᠬᠤ ᠠᠵᠢᠯ ᠤᠨ ᠲᠤᠬᠠᠶ ᠬᠡᠳᠦᠨ   ᠰᠠᠨᠠᠯ︾᠂ ︽ᠥᠪᠥᠷ ᠮᠣᠩᠭᠤᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠬᠤ ᠵᠢᠭᠡᠯᠡᠯᠭᠡ ᠶᠢᠨ ᠬᠠᠮᠢᠶᠠᠷᠤᠯᠲᠠ ᠶᠢᠨ ᠲᠥᠰᠦᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠪᠡ᠃ ᠣᠳᠣᠬᠠᠨ ᠪᠣᠯᠲᠠᠯ᠎ᠠ᠂ ᠪᠦᠬᠦ ᠣᠷᠣᠨ ᠳᠤ ᠨᠢᠭᠡᠨᠲᠡ 5 ᠪᠠᠩᠬᠢ᠂ 1 ᠳᠠᠭᠠᠳᠬᠠᠯ ᠤᠨ ᠪᠠᠶᠢᠭᠤᠯᠤᠮᠵᠢ ᠪᠣᠯᠣᠨ 1 ᠳᠠᠭᠠᠭᠠᠯᠲᠠ ᠶᠢᠨ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠨ ᠪᠡᠯᠡ ᠲᠣᠬᠢᠷᠠᠭᠤᠯᠬᠤ ᠰᠢᠰᠲ᠋ᠧᠮᠵᠢ ᠳᠤ ᠣᠷᠤᠵᠤ᠂ 300 ᠭᠠᠷᠤᠶ ᠠᠵᠤ ᠠᠬᠤᠶᠢᠯᠠᠯ ᠠᠩᠬᠠᠨ ᠤ ᠪᠦᠯᠦᠭ ᠤᠨ ᠲᠦᠭᠰᠢᠭᠦᠷᠢ ᠶᠢᠨ ᠨᠦᠬᠦᠪᠦᠷᠢ ᠶᠢᠨ ᠰᠠᠭᠤᠷᠢ ᠮᠥᠩᠭᠦ ᠶᠢ ᠳᠡᠮᠵᠢᠬᠦ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠰᠣᠩᠭᠤᠭᠳᠠᠵᠤ᠂ ᠪᠥᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠨ ᠪᠡᠯᠡ ᠲᠣᠬᠢᠷᠠᠭᠤᠯᠭ᠎ᠠ ᠶᠢᠨ ᠵᠣᠭᠤᠰ ᠤᠨ ᠲᠤᠭ᠎ᠠ ᠨᠢ 32.94 ᠳ᠋ᠥᠩᠰᠢᠭᠤᠷ ᠲᠥᠭᠦᠷᠢᠭ ᠲᠤ ᠬᠦᠷᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号