ᠦᠪᠡᠷᠲᠡᠭᠡᠨ ᠵᠠᠰᠠᠬᠤ ᠣᠷᠣᠨ ᠤ 2017 ᠣᠨ ᠤ ᠵᠠᠰᠠᠭ ᠢ ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠵᠤ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠬᠤ ᠠᠵᠢᠯ ᠤᠨ ​ᠲᠦᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2017/12/13
              ᠦᠪᠦᠷ ᠵᠠᠰᠠᠭ ᠲᠠᠷᠬᠠᠭᠠᠭᠰᠠᠨ ᠴᠠᠬᠢᠯᠭᠠᠨ ﹇2017﹈ 26 ᠳ᠋ᠤᠭᠠᠷ ᠲᠣᠭᠠᠲᠤ                                6 ᠳ᠋ᠤᠭᠠᠷ ᠰᠠᠷ᠎ᠠ ᠶᠢᠨ 27 ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ 2017 ᠣᠨ ᠤ ᠵᠠᠰᠠᠭ ᠢ ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠵᠤ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠬᠤ ᠠᠵᠢᠯ ᠤᠨ ᠲᠦᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃          ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ 2017 ᠣᠨ ᠤ ᠵᠠᠰᠠᠭ ᠢ          ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠵᠤ ᠪᠠᠭᠤᠯᠭᠠᠬᠤ ᠬᠠᠮᠢᠶᠠᠷᠬᠤ ᠶᠢ          ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠬᠤ ᠠᠵᠢᠯ ᠤᠨ ᠲᠦᠰᠦᠯ      2017 ᠣᠨ ᠪᠣᠯ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠠᠩᠬᠢᠯᠠᠭ᠎ᠠ ᠶᠢᠨ ᠨᠢᠭᠡ ᠵᠢᠯ ᠪᠣᠯᠬᠤᠷ᠂ ᠪᠦᠬᠦ ᠣᠷᠣᠨ ᠤ ᠵᠠᠰᠠᠭ ᠢ ᠴᠤᠮᠬᠠᠳᠬᠠᠵᠤ ᠡᠷᠬᠡ ᠶᠢ ᠳᠣᠷᠤᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠡᠭᠦᠷᠭᠡ ᠨᠡᠩ ᠪᠠᠴᠢᠮ ᠲᠤᠯᠭᠠᠮ᠎ᠠ᠂ ᠨᠡᠩ ᠬᠠᠲᠠᠭᠤ ᠪᠡᠷᠬᠡᠰᠢᠶᠡᠯᠲᠡᠢ ᠪᠣᠯᠪᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠰᠠᠭ ᠢ ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠵᠤ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠪᠠ ᠦᠪᠡᠷᠲᠡᠭᠡᠨ ᠵᠠᠰᠠᠬᠤ ᠣᠷᠣᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠢᠬᠦ ᠶᠢ ᠪᠦᠬᠦ ᠬᠦᠴᠦᠨ ᠢᠶᠠᠷ ᠠᠬᠢᠭᠤᠯᠬᠤ ᠶᠢᠨ ᠲᠤᠰᠠᠳᠠ᠂ ᠳᠣᠣᠷᠠᠬᠢ ᠮᠡᠲᠦ ᠠᠵᠢᠯ ᠤᠨ ᠲᠦᠰᠦᠯ ᠢ ᠲᠣᠭᠲᠠᠭᠠᠪᠠ᠃      ᠨᠢᠭᠡ᠂ ᠠᠵᠢᠯ ᠤᠨ ᠬᠠᠷᠠᠯᠲᠠ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠡᠭᠡᠭᠡᠯᠲᠡ ᠬᠢᠵᠦ ᠳᠠᠶᠢᠴᠢᠯᠠᠬᠤ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠯᠦᠭᠡ ᠤᠶᠠᠯᠳᠤᠭᠤᠯᠤᠨ᠂ ᠵᠠᠰᠠᠭ ᠢ ᠴᠤᠮᠬᠠᠳᠬᠠᠵᠤ ᠡᠷᠬᠡ ᠶᠢ ᠳᠤᠷᠤᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠬᠠᠮᠵᠢᠯᠴᠠᠨ ᠠᠬᠢᠭᠤᠯᠵᠤ᠂ ᠰᠢᠨ᠎ᠡ ᠶᠢ ᠡᠭᠦᠳᠬᠦ ᠬᠥᠭᠵᠢᠯᠲᠡ ᠶᠢ ᠬᠠᠷᠰᠢᠯᠠᠭᠰᠠᠨ ︽ᠲᠥᠭᠵᠢᠷᠡᠯ︾᠂ ᠠᠵᠢᠯ ᠬᠢᠵᠦ ᠠᠳᠠᠯ ᠦᠢᠯᠡᠰ ᠴᠤᠭᠴᠠᠯᠠᠬᠤ ᠶᠢ ᠨᠦᠯᠦᠭᠡᠯᠡᠭᠰᠡᠨ ︽ᠡᠮᠵᠡᠭ︾᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ︽ᠣᠷᠬᠢᠭᠳᠠᠯ︾ ᠤᠨ ᠲᠣᠭᠤᠷᠢᠨ ᠳᠤ ᠭᠤᠣᠯᠳᠠᠭᠤᠯᠤᠨ ᠬᠠᠲᠠᠭᠤ ᠠᠷᠭ᠎ᠠ ᠬᠡᠮᠵᠢᠶ᠎ᠡ ᠠᠪᠴᠤ᠂ ᠬᠠᠮ ᠠᠷᠭ᠎ᠠ ᠶᠢ ᠭᠠᠷᠭᠠᠨ᠂ ᠲᠤᠰ ᠲᠤᠰ ᠲᠠᠭᠠᠨ ᠳᠡᠰ ᠱᠠᠲᠤ ᠬᠤᠪᠢᠶᠠᠨ ᠠᠬᠢᠭᠤᠯᠵᠤ ᠪᠠᠶᠢᠭᠰᠠᠨ ᠠᠴᠠ ᠬᠦᠨᠳᠡᠯᠡᠨ ᠭᠤᠯᠳᠤ ᠪᠠᠷ ᠬᠤᠯᠪᠤᠭᠠᠯᠠᠨ ᠬᠦᠳᠡᠯᠦᠯᠴᠡᠬᠦ᠂ ᠬᠠᠮᠵᠢᠯᠴᠠᠨ ᠵᠡᠷᠭᠡ ᠳᠤᠨᠢ ᠬᠡᠷᠡᠭᠵᠢᠭᠦᠯᠬᠦ ᠲᠡᠰᠢ ᠬᠤᠪᠢᠷᠠᠭᠤᠯᠵᠤ᠂ ᠬᠦᠷᠢᠶ᠎ᠡ ᠴᠠᠷᠠᠭ᠎ᠠ ᠠᠯᠤᠰᠯᠠᠭᠰᠠᠨ᠂ ᠰᠠᠯᠠᠭ᠎ᠠ ᠮᠦᠴᠢᠷ ᠠᠯᠤᠰᠯᠠᠭᠰᠠᠨ᠂ ᠳᠡᠰ ᠱᠠᠲᠤ ᠠᠯᠤᠰᠯᠠᠭᠰᠠᠨ ᠴᠢᠬᠤᠯᠠ ᠶᠡᠭᠡ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠦᠯᠢᠶᠡᠰᠦ ᠶᠢ ᠰᠤᠯᠠᠯᠠᠨ ᠳᠠᠷᠤᠭᠠᠰᠤ ᠶᠢ ᠬᠦᠩᠭᠡᠯᠡᠵᠦ᠂ ᠠᠳᠠᠯ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠳᠤ ᠬᠠᠷᠰᠢ ᠰᠠᠭᠠᠳ ᠢ ᠠᠷᠢᠯᠭᠠᠬᠤ ᠪᠠ ᠲᠡᠪᠴᠡᠩ ᠪᠠᠶᠢᠭᠤᠯᠤᠨ ᠥᠭᠴᠦ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠥᠭᠰᠢᠭᠦᠷᠢ ᠶᠢ ᠰᠡᠷᠭᠡᠶᠢᠯᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠦᠳᠡᠯᠭᠡᠬᠦ ᠬᠦᠴᠦᠨ ᠢ ᠪᠤᠶᠢᠵᠢᠭᠤᠯᠤᠨ᠎ᠠ᠃      ᠬᠤᠶᠠᠷ᠂ ᠭᠤᠣᠯ ᠡᠭᠦᠷᠭᠡ      ︵ᠨᠢᠭᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃      1. ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠡᠷᠬᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ᠂ ᠵᠠᠭᠤᠴᠢ ᠦᠢᠯᠡᠴᠢᠯᠡᠭᠡᠨ ᠤ ᠵᠠᠷᠤᠳᠠᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ᠂ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ᠂ ᠮᠠᠰᠢᠨ ᠤ ᠳᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠵᠠᠷᠤᠳᠠᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ︽ᠨᠠᠶᠢᠮᠠᠨ ᠨᠠᠷᠢᠨ ᠬᠠᠭᠤᠳᠠᠰᠤ︾ ᠶᠢ ᠦᠷᠭᠦᠯᠵᠢᠯᠡᠨ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠡᠯ᠎ᠡ ᠲᠦᠷᠦᠯ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠠᠯᠠᠭ᠎ᠠ ᠮᠦᠴᠢᠷ ᠤᠳ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠡᠷᠬᠡ ᠶᠢ ᠦᠨᠡᠨᠬᠦ ᠳᠦᠷᠢᠮ ᠤᠨ ᠲᠦᠯᠦᠪᠰᠢᠷᠡᠯ ᠳᠤ ᠪᠠᠶᠢᠷᠢᠯᠠᠭᠤᠯᠤᠨ᠂ ᠵᠢᠷᠤᠮᠵᠢᠭᠤᠯᠵᠤ ᠠᠵᠢᠯᠯᠠᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠬᠠᠤᠯᠢ ᠳᠦᠷᠢᠮ ᠤᠨ ᠠᠯᠪᠠᠨ ᠭᠡᠷ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      2. ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠡᠮᠬᠢᠯᠡᠨ ᠵᠢᠷᠤᠮᠵᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠤᠰᠤᠭᠠᠷ ᠪᠠᠷᠢᠮᠵᠢᠶ᠎ᠠ ᠲᠣᠭᠲᠠᠭᠠᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠡᠮᠬᠢᠯᠡᠨ ᠵᠢᠷᠤᠮᠵᠢᠭᠤᠯᠬᠤ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠬᠦᠳᠡᠯᠦᠩᠭᠦᠢ ᠲᠣᠬᠢᠷᠠᠭᠤᠯᠤᠯᠲᠠ ᠬᠢᠨ᠎ᠡ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠨᠢ ᠦᠪᠡᠷᠲᠡᠭᠡᠨ ᠵᠠᠰᠬᠠᠤ ᠣᠷᠣᠨ ᠤ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠵᠦᠢᠯᠡᠰ ᠢᠶᠠᠷ ᠯᠠᠪᠯᠠᠯᠲᠠ ᠪᠣᠯᠭᠠᠵᠤ᠂ ᠠᠳᠠᠯᠢ ᠳᠡᠰ ᠱᠠᠲᠤ ᠶᠢᠨ ᠡᠷᠬᠡ ᠪᠠ ᠬᠠᠷᠢᠭᠤᠴᠠᠯᠭ᠎ᠠ ᠶᠢᠨ ᠵᠦᠢᠯᠡᠰ ᠢ ᠴᠢᠳᠠᠬᠤ ᠶᠢᠨ ᠲᠤᠳᠤᠷ᠎ᠠ ᠨᠢᠭᠡᠳᠭᠡᠵᠦ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠳᠤᠷ᠎ᠠ ᠪᠠᠷ ᠢᠶᠠᠨ ᠬᠦᠴᠦᠨ ᠦᠭᠡᠢ ᠪᠣᠯᠭᠠᠬᠤ ᠪᠣᠶᠣ ᠳᠤᠷᠤᠭᠰᠢ ᠪᠠᠭᠤᠯᠭᠠᠵᠤ ᠪᠣᠯᠬᠤ ᠦᠭᠡᠢ᠃ ︵ᠦᠪᠡᠷᠲᠡᠭᠡᠨ ᠵᠠᠰᠬᠠᠤ ᠣᠷᠣᠨ ᠤ ᠣᠷᠣᠨ ᠲᠤᠭ᠎ᠠ ᠶᠢᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠬᠠᠮᠵᠢᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      3. ᠳᠠᠭᠠᠭᠠᠨ ᠵᠠᠯᠭᠠᠭᠤᠯᠵᠤ ᠬᠠᠮᠵᠢᠯᠴᠠᠨ ᠬᠤᠯᠪᠣᠭᠠᠯᠠᠨ ᠬᠦᠳᠡᠯᠦᠯᠴᠡᠬᠦ ᠶᠢ ᠴᠢᠬᠤᠯᠠᠴᠢᠯᠠᠨ᠎ᠠ᠃ ᠤᠯᠤᠰ ᠤᠨ ᠬᠦᠴᠦᠨ ᠦᠭᠡᠢ ᠪᠣᠯᠭᠠᠭᠰᠠᠨ ᠪᠠ ᠳᠠᠭᠠᠭᠠᠨ ᠵᠠᠯᠭᠠᠭᠤᠯᠬᠤ ᠪᠠᠷ ᠳᠣᠷᠤᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠢᠭᠡᠨᠲᠡ ᠬᠦᠴᠦᠨ ᠦᠭᠡᠢ ᠪᠣᠯᠭᠠᠭᠰᠠᠨ ᠪᠠ ᠳᠤᠷᠤᠭᠰᠢ ᠪᠠᠭᠤᠯᠭᠠᠭᠰᠠᠨ ᠵᠥᠪᠰᠢᠶᠡᠷᠡᠯ ᠤᠨ ᠵᠦᠢᠯᠡᠰ ᠢ ᠳᠠᠬᠢᠨᠲᠠ ᠡᠮᠬᠢᠯᠡᠵᠦ᠂ ᠬᠤᠯᠪᠣᠭ᠎ᠠ ᠲᠠᠢ ᠪᠦᠭᠡᠳ ᠣᠶᠢᠷᠠᠯᠴᠠᠭ᠎ᠠ ᠲᠦᠷᠦᠯ ᠢᠯᠭᠠᠯ ᠲᠠᠢ ᠵᠥᠪᠰᠢᠶᠡᠷᠡᠯ ᠤᠨ ᠵᠦᠢᠯᠡᠰ ᠢ ᠪᠦᠬᠦ ᠬᠡᠯᠬᠢᠶ᠎ᠡ ᠪᠠᠷ ᠳᠣᠷᠤᠭᠰᠢ ᠪᠠᠭᠤᠯᠭᠠᠬᠤ ᠶᠢ ᠠᠬᠢᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠤᠯᠤᠰ ᠪᠠ ᠦᠪᠡᠷᠲᠡᠭᠡᠨ ᠵᠠᠰᠠᠬᠤ ᠣᠷᠣᠨ ᠤ ᠬᠦᠴᠦᠨ ᠦᠭᠡᠢ ᠪᠣᠯᠭᠠᠭᠰᠠᠨ ᠪᠠ ᠳᠤᠷᠤᠭᠰᠢ ᠪᠠᠭᠤᠯᠭᠠᠭᠰᠠᠨ ᠵᠥᠪᠰᠢᠶᠡᠷᠡᠯ ᠤᠨ ᠵᠦᠢᠯᠡᠰ ᠢ ᠰᠠᠶᠢᠲᠤᠷ ᠳᠠᠭᠠᠭᠠᠨ ᠵᠠᠯᠭᠠᠭᠤᠯᠵᠤ᠂ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠴᠠᠭ ᠲᠣᠬᠠᠢ ᠳᠤᠨᠢ ᠲᠣᠬᠢᠷᠠᠭᠤᠯᠤᠨ᠂ ᠡᠷᠬᠡ ᠶᠢ ᠳᠤᠷᠤᠭᠰᠢ ᠪᠠᠭᠤᠯᠭᠠᠬᠤ ᠶᠢᠨ ᠬᠠᠮᠵᠢᠯᠴᠠᠬᠤ ᠴᠢᠨᠠᠷ᠂ ᠬᠤᠯᠪᠣᠭᠠᠯᠠᠨ ᠬᠦᠳᠡᠯᠦᠯᠴᠡᠬᠦ ᠴᠢᠨᠠᠷ ᠢ ᠳᠡᠭᠡᠭᠰᠢᠯᠡᠭᠦᠯᠦᠨ᠎ᠡ᠃ ᠤᠯᠤᠰ᠂ ᠦᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠭᠤᠷᠪᠠᠨ ᠱᠠᠲᠤᠨ ᠤ ᠬᠦᠴᠦᠨ ᠦᠭᠡᠢ ᠪᠣᠯᠭᠠᠭᠰᠠᠨ ᠪᠠ ᠳᠤᠷᠤᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠲᠤ ︽ᠪᠣᠴᠠᠵᠤ ᠪᠠᠶᠢᠴᠠᠭᠠᠨ ᠦᠵᠡᠬᠦ︾ ᠠᠵᠢᠯ ᠢ ᠦᠷᠨᠢᠭᠦᠯᠵᠦ᠂ ᠡᠷᠬᠡ ᠶᠢ ᠳᠤᠷᠤᠭᠰᠢ ᠪᠠᠭᠤᠯᠭᠠᠬᠤ ᠶᠢᠨ ᠵᠡᠷᠭᠡᠪᠡᠷ ᠪᠤᠰᠤ ᠵᠣᠬᠢᠴᠠᠩᠭᠤᠢ ᠪᠤᠰᠤ ᠦᠯᠦ ᠪᠤᠲᠠᠲᠠᠶᠢᠵᠢᠭᠤᠯᠤᠭᠰᠠᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ︵ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠢ ᠶᠢ ᠪᠣᠯ ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠬᠠᠤᠯᠢ ᠳᠦᠷᠢᠮ ᠤᠨ ᠠᠯᠪᠠᠨ ᠭᠡᠷ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠬᠠᠮᠵᠢᠯᠴᠠᠨ᠎ᠠ︔ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢ ᠶᠢ ᠪᠣᠯ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠲᠦᠷᠦᠭᠦᠯᠡᠵᠦ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      4. ᠬᠢᠨᠠᠨ ᠵᠥᠪᠰᠢᠶᠡᠷᠡᠬᠦ ᠴᠤᠪᠤᠷᠠᠯ ᠤᠨ ᠪᠠᠷᠢᠮᠵᠢᠶᠠᠵᠢᠭᠤᠯᠬᠤ ᠶᠢ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠴᠤᠪᠤᠷᠠᠯ ᠢ ᠦᠷᠭᠦᠯᠵᠢᠯᠡᠨ ᠴᠤᠮᠬᠠᠳᠬᠠᠬᠤ ᠪᠠ ᠰᠢᠯᠢᠳᠡᠭᠵᠢᠭᠦᠯᠦᠨ᠂ ︽ᠨᠢᠭᠡ ᠯᠡ ᠥᠷᠲᠡᠭᠡᠨ ᠳᠤ ᠬᠦᠯᠢᠶᠡᠨ ᠠᠪᠬᠤ︾ ᠪᠠ ︽ᠨᠢᠭᠡ ᠯᠡ ᠴᠤᠩᠬᠤᠪᠴᠢ ᠳᠡᠭᠡᠷ᠎ᠡ ᠦᠢᠯᠡᠴᠢᠯᠡᠬᠦ︾ ᠭᠦᠢᠴᠡᠳᠭᠡᠬᠦ ᠵᠠᠭᠪᠤᠷ ᠢ ᠲᠦᠷᠭᠡᠳᠭᠡᠨ ᠬᠡᠷᠡᠭᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠬᠠᠮᠵᠢᠯᠴᠠᠨ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      5. ᠰᠢᠨ᠎ᠡ ᠬᠡᠯᠪᠡᠷᠢ ᠶᠢᠨ ᠬᠢᠨᠠᠨ ᠵᠥᠪᠰᠢᠶᠡᠷᠡᠬᠦ ᠵᠠᠭᠪᠤᠷ ᠢ ᠢᠳᠡᠪᠬᠢᠲᠡᠢ ᠪᠠᠷ ᠰᠦᠪᠡᠭᠴᠢᠯᠡᠨ᠎ᠡ᠃ ᠬᠦᠬᠡᠬᠤᠲᠠ᠂ ᠦᠬᠠᠢ ᠬᠤᠲᠠ᠂ ᠬᠢᠩᠭᠠᠨ ᠠᠶᠢᠮᠠᠭ᠂ ᠮᠠᠨᠵᠤᠤᠷ ᠬᠤᠲᠠ᠂ ᠤᠯᠠᠭᠠᠨᠬᠠᠳᠠ ᠬᠤᠲᠠ ᠶᠢᠨ ᠤᠩᠨᠢᠭᠤᠳ ᠬᠤᠰᠢᠭᠤ ᠪᠠ ᠠᠯᠠᠱᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠬᠠᠷᠢᠴᠠᠩᠭᠤᠢ ᠲᠦᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠦᠭᠡᠷᠡᠴᠢᠯᠡᠯᠲᠡ ᠶᠢᠨ ᠲᠣᠷᠰᠢᠯᠲᠠ ᠶᠢ ᠦᠷᠨᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠣᠪᠴᠢᠶ᠎ᠠ ᠶᠢ ᠵᠣᠬᠢᠶᠠᠨ ᠪᠠᠶᠢᠭᠤᠯᠵᠤ᠂ ︽ᠨᠢᠭᠡ ᠯᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠪᠦᠬᠦ ᠲᠠᠯ᠎ᠠ ᠪᠠᠷ ᠠᠬᠢᠭᠤᠯᠵᠤ᠂ ᠬᠦᠬᠡᠬᠤᠲᠠ᠂ ᠪᠤᠭᠤᠳᠤ ᠬᠤᠲᠠ᠂ ᠤᠷᠳᠣᠰ ᠬᠤᠲᠠ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢᠨ ᠨᠢᠭᠡ ᠴᠤᠭᠴᠠᠵᠢᠭᠰᠠᠨ ᠠᠵᠢᠯ ᠦᠷᠨᠢᠭᠦᠯᠬᠦ ᠶᠢ ᠰᠦᠪᠡᠭᠴᠢᠯᠡᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠬᠠᠮᠵᠢᠯᠴᠠᠨ᠎ᠠ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      6. ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠴᠢᠯᠡᠬᠦ ᠨᠠᠷᠢᠨ ᠬᠠᠭᠤᠳᠠᠰᠤ ᠶᠢ ᠲᠦᠷᠭᠡᠳᠭᠡᠨ ᠪᠠᠶᠢᠭᠤᠯᠤᠨ᠎ᠠ᠃ ᠲᠤᠰ ᠱᠠᠲᠤᠨ ᠤ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ ᠶᠢ ᠨᠢᠭᠡᠨᠲᠡ ᠨᠡᠶᠢᠲᠡᠯᠡᠭᠰᠡᠨ ᠰᠠᠭᠤᠷᠢᠨ ᠳᠡᠭᠡᠷ᠎ᠡ᠂ ᠵᠠᠰᠠᠭ ᠵᠠᠬᠢᠷᠭᠠᠨ ᠤ ᠵᠥᠪᠰᠢᠶᠡᠷᠡᠯ ᠳᠠᠬᠢ ᠭᠤᠶᠤᠴᠢᠯᠠᠭᠴᠢ ᠠᠴᠠ ᠬᠠᠩᠭᠠᠬᠤ ᠳᠤ ᠬᠤᠯᠪᠤᠭᠳᠠᠭᠰᠠᠨ ᠭᠡᠷᠡᠴᠢᠯᠡᠯ ᠢ ᠪᠦᠬᠦ ᠲᠠᠯ᠎ᠠ ᠪᠠᠷ ᠡᠮᠬᠢᠯᠡᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ ᠶᠢ ᠪᠠᠶᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠢ ᠶᠢ ᠪᠣᠯ ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠬᠠᠮᠵᠢᠯᠴᠠᠨ᠎ᠠ︔ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢ ᠶᠢ ᠪᠣᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠲᠦᠷᠦᠭᠦᠯᠡᠵᠦ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      ︵ᠬᠤᠶᠠᠷ︶ ᠪᠡᠯᠡ ᠣᠷᠤᠭᠤᠯᠤᠯᠲᠠ ᠶᠢᠨ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃      1. ᠰᠦᠯᠵᠢᠶ᠎ᠡ ᠪᠠᠷ ᠬᠢᠨᠠᠨ ᠵᠥᠪᠰᠢᠶᠡᠷᠡᠬᠦ ᠶᠢ ᠶᠡᠬᠡᠪᠡᠷ ᠠᠬᠢᠭᠤᠯᠤᠨ᠎ᠠ᠃ ᠪᠡᠯᠡ ᠣᠷᠤᠭᠤᠯᠤᠯᠲᠠ ᠶᠢᠨ ᠲᠦᠷᠦᠯ ᠵᠦᠢᠯ ᠢ ᠰᠦᠯᠵᠢᠶ᠎ᠡ ᠪᠠᠷ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠡᠪᠴᠡᠩ ᠢ ᠦᠷᠭᠦᠯᠵᠢᠯᠡᠨ ᠲᠡᠭᠦᠯᠳᠡᠷᠵᠢᠭᠦᠯᠵᠦ᠂ ᠪᠡᠯᠡ ᠣᠷᠤᠭᠤᠯᠤᠯᠲᠠ ᠶᠢᠨ ᠬᠢᠨᠠᠨ ᠵᠥᠪᠰᠢᠶᠡᠷᠡᠬᠦ ᠵᠦᠢᠯᠡᠰ ᠪᠦᠬᠦᠨ ᠢ ᠰᠦᠯᠵᠢᠶ᠎ᠡ ᠪᠠᠷ ᠨᠢᠭᠡᠲᠦᠯᠲᠡᠢ ᠬᠢᠨᠠᠨ ᠵᠥᠪᠰᠢᠶᠡᠷᠡᠬᠦ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      2. ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠪᠦᠬᠦ ᠶᠠᠪᠤᠴᠠ ᠶᠢ ᠡᠯᠧᠺᠲᠷᠣᠨᠵᠢᠭᠦᠯᠬᠦ ᠶᠢ ᠠᠬᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠡᠪᠴᠡᠩ ᠤᠨ ᠴᠢᠳᠠᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠭᠠᠷᠴᠠᠭ ᠤᠨ ᠨᠠᠷᠢᠨ ᠬᠠᠭᠤᠳᠠᠰᠤ ᠶᠢ ᠪᠠᠶᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠢ ᠲᠡᠪᠴᠡᠩ ᠳᠤ ᠨᠢᠭᠡᠲᠦᠯᠲᠡᠢ ᠣᠷᠤᠭᠤᠯᠤᠨ ᠰᠤᠯᠢᠯᠴᠠᠭ᠎ᠠ ᠬᠢᠯᠭᠡᠬᠦ ᠶᠢ ᠠᠬᠢᠭᠤᠯᠵᠤ᠂ ᠰᠤᠯᠢᠯᠴᠠᠭᠠᠨ ᠤ ᠪᠦᠬᠦ ᠶᠠᠪᠤᠴᠠ ᠳᠤᠨᠢ ᠡᠯᠧᠺᠲᠷᠣᠨᠵᠢᠭᠦᠯᠬᠦ ᠶᠢ ᠲᠦᠷᠭᠡᠳᠭᠡᠨ ᠪᠡᠶᠡᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠵᠢᠯᠲᠡ ᠶᠢᠨ ᠵᠦᠪᠯᠡᠯ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      3. ᠡᠯ᠎ᠡ ᠲᠦᠷᠦᠯ ᠤᠨ ᠵᠥᠪᠰᠢᠶᠡᠷᠡᠯ ᠤᠨ ᠦᠨᠡᠮᠯᠡᠯ ᠪᠠ ᠦᠨᠡᠮᠰᠢᠨ ᠭᠡᠷᠡᠴᠢᠯᠡᠬᠦ ᠵᠦᠢᠯᠡᠰ ᠢ ᠢᠯᠭᠠᠷᠠᠭᠤᠯᠤᠨ ᠵᠢᠷᠤᠮᠵᠢᠭᠤᠯᠤᠨ᠎ᠠ᠃ ᠤᠯᠤᠰ ᠤᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠬᠠᠤᠯᠢ ᠴᠠᠭᠠᠵᠠ ᠬᠠᠤᠯᠢ ᠳᠦᠷᠢᠮ ᠤᠨ ᠦᠨᠳᠦᠰᠦᠯᠡᠯ ᠪᠠᠶᠢᠬᠤ ᠦᠭᠡᠢ ᠡᠯ᠎ᠡ ᠵᠦᠢᠯ ᠤᠨ ᠠᠵᠢᠯ ᠲᠦᠷᠦᠯ ᠤᠨ ᠵᠥᠪᠰᠢᠶᠡᠷᠡᠨ ᠣᠷᠣᠬᠤ ᠦᠨᠡᠮᠯᠡᠯ᠂ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ᠂ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ ᠪᠣᠯᠣᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠪᠦᠬᠦ ᠲᠠᠯ᠎ᠠ ᠪᠠᠷ ᠢᠯᠭᠠᠷᠠᠭᠤᠯᠵᠤ ᠬᠦᠴᠦᠨ ᠦᠭᠡᠢ ᠪᠣᠯᠭᠠᠨ ᠂ ᠡᠯ᠎ᠡ ᠲᠦᠷᠦᠯ ᠤᠨ ᠦᠨᠡᠮᠰᠢᠨ ᠭᠡᠷᠡᠴᠢᠯᠡᠬᠦ ᠵᠦᠢᠯᠡᠰ ᠢ ᠴᠠᠭ ᠲᠣᠬᠠᠢ ᠳᠤᠨᠢ ᠢᠯᠭᠠᠷᠠᠭᠤᠯᠤᠨ ᠡᠮᠬᠢᠯᠡᠵᠦ ᠵᠢᠷᠤᠮᠵᠢᠭᠤᠯᠤᠨ᠂ ᠦᠨᠡᠮᠰᠢᠨ ᠭᠡᠷᠡᠴᠢᠯᠡᠭᠰᠡᠨ ᠦᠷ᠎ᠡ ᠳ᠋ᠦᠩ ᠢ ᠬᠠᠷᠢᠯᠴᠠᠨ ᠮᠡᠳᠡᠷᠡᠵᠦ ᠨᠡᠶᠢᠳᠡᠮ ᠬᠡᠷᠡᠭᠯᠡᠭᠳᠡᠬᠦ ᠶᠢ ᠲᠦᠷᠭᠡᠳᠭᠡᠨ ᠪᠡᠶᠡᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠠᠤᠯᠢ ᠳᠦᠷᠢᠮ ᠤᠨ ᠠᠯᠪᠠᠨ ᠭᠡᠷ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠡ ᠶᠢᠨ ᠵᠦᠪᠯᠡᠯ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠬᠠᠮᠵᠢᠯᠴᠠᠨ᠎ᠠ︶      4. ᠮᠡᠳᠡᠭᠦᠯᠦᠨ ᠪᠠᠶᠢᠭᠤᠯᠬᠤ ᠶᠢᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠵᠠᠰᠠᠭ ᠤᠨ ᠣᠷᠳᠣᠨ ᠤ ᠬᠠᠷᠭᠤᠭᠤᠯᠤᠨ ᠵᠥᠪᠰᠢᠶᠡᠷᠡᠭᠰᠡᠨ ᠪᠡᠯᠡ ᠣᠷᠤᠭᠤᠯᠤᠯᠲᠠ ᠶᠢᠨ ᠲᠦᠷᠦᠯ ᠵᠦᠢᠯ ᠤᠨ ᠭᠠᠷᠴᠠᠭ ︵2017 ᠣᠨ ᠤ ᠳᠡᠪᠲᠡᠷ︶︾ ᠢ ᠭᠦᠨᠵᠡᠭᠡᠢ ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠮᠡᠳᠡᠭᠦᠯᠦᠨ ᠪᠠᠶᠢᠭᠤᠯᠬᠤ ᠶᠢᠨ ᠬᠢᠨᠠᠨ ᠵᠥᠪᠰᠢᠶᠡᠷᠡᠬᠦ ᠵᠦᠢᠯᠡᠰ ᠪᠣᠯᠣᠨ ᠬᠢᠨᠠᠨ ᠵᠥᠪᠰᠢᠶᠡᠷᠡᠬᠦ ᠴᠤᠪᠤᠷᠠᠯ ᠢ ᠴᠠᠭ ᠲᠣᠬᠠᠢ ᠳᠤᠨᠢ ᠢᠯᠭᠠᠷᠠᠭᠤᠯᠵᠤ ᠵᠢᠷᠤᠮᠵᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      5. ᠵᠠᠭᠤᠴᠢ ᠦᠢᠯᠡᠴᠢᠯᠡᠭᠡᠨ ᠤ ᠵᠦᠢᠯᠡᠰ ᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠢᠭᠡᠨᠲᠡ ᠲᠤᠳᠤᠷᠬᠠᠢ ᠬᠦᠴᠦᠨ ᠦᠭᠡᠢ ᠪᠣᠯᠭᠠᠭᠰᠠᠨ ᠵᠠᠭᠤᠴᠢ ᠦᠢᠯᠡᠴᠢᠯᠡᠭᠡᠨ ᠤ ᠵᠦᠢᠯᠡᠰ ᠢ ᠪᠦᠬᠦ ᠲᠠᠯ᠎ᠠ ᠪᠠᠷ ᠢᠯᠭᠠᠷᠠᠭᠤᠯᠵᠤ᠂ ᠦᠪᠡᠷᠲᠡᠭᠡᠨ ᠵᠠᠰᠠᠬᠤ ᠣᠷᠣᠨ ᠤ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠢᠷᠢ ᠭᠡᠮ ᠣᠯᠭᠤᠬᠤ ᠶᠢ ᠬᠠᠷᠢᠭᠤᠴᠠᠵᠤ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠦᠪᠡᠷ ᠤᠨ ᠢᠶᠠᠨ ᠬᠠᠮᠢᠶᠠᠷᠴᠤ ᠪᠠᠶᠢᠭ᠎ᠠ ᠬᠠᠮᠢᠶ᠎ᠠ ᠪᠦᠬᠦᠢ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ ᠢᠯᠭᠠᠷᠠᠭᠤᠯᠤᠨ ᠴᠡᠭᠴᠡᠯᠡᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠬᠠᠤᠯᠢ ᠳᠦᠷᠢᠮ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      6. ᠠᠯᠳᠠᠭᠳᠠᠯᠲᠠᠢ ᠲᠠᠯ᠎ᠠ ᠶᠢᠨ ᠨᠠᠷᠢᠨ ᠬᠠᠭᠤᠳᠠᠰᠤ ᠶᠢᠨ ᠳᠦᠷᠢᠮ ᠢ ᠢᠳᠡᠪᠬᠢᠲᠡᠢ ᠪᠠᠷ ᠰᠦᠪᠡᠭᠴᠢᠯᠡᠨ᠎ᠡ᠃ ᠬᠤᠷᠢᠨᠭᠡᠷ ᠢ ᠤᠯᠤᠰ ᠤᠨ ᠳᠡᠰ ᠤᠨ ᠰᠢᠨ᠎ᠡ ᠲᠣᠭᠤᠷᠢᠭ ᠢᠶᠠᠷ ᠮᠡᠳᠡᠭᠦᠯᠵᠦ ᠪᠦᠲᠦᠭᠡᠨ ᠪᠠᠶᠢᠭᠤᠯᠬᠤ ᠲᠠᠢ ᠤᠶᠠᠯᠳᠤᠭᠤᠯᠤᠨ᠂ ᠪᠡᠯᠡ ᠣᠷᠤᠭᠤᠯᠤᠯᠲᠠ ᠶᠢᠨ ᠲᠦᠷᠦᠯ ᠵᠦᠢᠯ ᠤᠨ ᠠᠯᠳᠠᠭᠳᠠᠯᠲᠠᠢ ᠲᠠᠯ᠎ᠠ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠶᠢ ᠢᠳᠡᠪᠬᠢᠲᠡᠢ ᠪᠠᠷ ᠰᠦᠪᠡᠭᠴᠢᠯᠡᠵᠦ᠂ ᠵᠠᠬ᠎ᠠ ᠳᠡᠯᠭᠡᠭᠦᠷ ᠤᠨ ᠭᠤᠣᠯ ᠴᠤᠭᠴᠠ ᠶᠢ ᠵᠥᠪᠰᠢᠶᠡᠷᠡᠨ ᠣᠷᠤᠭᠤᠯᠬᠤ ᠶᠢᠨ ᠠᠯᠳᠠᠭᠳᠠᠯᠲᠠᠢ ᠲᠠᠯ᠎ᠠ ᠶᠢᠨ ᠨᠠᠷᠢᠨ ᠬᠠᠭᠤᠳᠠᠰᠤ ᠶᠢᠨ ᠲᠣᠷᠰᠢᠯᠲᠠ ᠶᠢ ᠥᠷᠭᠡᠳᠭᠡᠨ᠎ᠡ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠬᠠᠮᠵᠢᠯᠴᠠᠨ᠎ᠠ︶      7. ᠪᠡᠯᠡ ᠣᠷᠤᠭᠤᠯᠤᠯᠲᠠ ᠶᠢᠨ ᠬᠢᠨᠠᠨ ᠵᠥᠪᠰᠢᠶᠡᠷᠡᠬᠦ ᠰᠢᠨ᠎ᠡ ᠵᠠᠭᠪᠤᠷ ᠢ ᠦᠷᠭᠦᠯᠵᠢᠯᠡᠨ ᠰᠦᠪᠡᠭᠴᠢᠯᠡᠨ᠎ᠡ᠃ ᠪᠡᠯᠡ ᠣᠷᠤᠭᠤᠯᠤᠯᠲᠠ ᠶᠢᠨ ᠲᠦᠷᠦᠯ ᠵᠦᠢᠯ ᠤᠨ ︽ᠠᠩᠬ᠎ᠠ ᠬᠦᠯᠢᠶᠡᠨ ᠠᠪᠤᠭᠴᠢ ᠠᠴᠠ ᠬᠠᠷᠢᠭᠤᠴᠠᠯᠭ᠎ᠠ ᠬᠡᠯᠡᠯᠴᠡᠬᠦ ᠳᠦᠷᠢᠮ︾ ᠤᠨ ᠲᠣᠷᠰᠢᠯᠲᠠ ᠶᠢ ᠦᠷᠨᠢᠭᠦᠯᠵᠦ᠂ ᠪᠡᠯᠡ ᠣᠷᠤᠭᠤᠯᠤᠯᠲᠠ ᠶᠢᠨ ᠲᠦᠷᠦᠯ ᠵᠦᠢᠯ ᠤᠨ ᠠᠮᠠᠯᠠᠬᠤ ᠳᠦᠷᠢᠮ ᠢ ᠰᠦᠪᠡᠭᠴᠢᠯᠡᠨ ᠬᠡᠷᠡᠭᠵᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ︽ᠣᠯᠠᠨ ᠦᠨᠡᠯᠡᠯᠲᠡ ᠶᠢ ᠨᠡᠶᠢᠯᠡᠭᠦᠯᠵᠦ ᠨᠢᠭᠡ ᠪᠣᠯᠭᠠᠬᠤ︾᠂ ︽ᠣᠯᠠᠨ ᠵᠢᠷᠤᠭ ᠲᠦᠯᠦᠪᠯᠡᠭᠡ ᠶᠢ ᠬᠤᠯᠪᠤᠭᠠᠯᠠᠨ ᠬᠢᠨᠠᠬᠤ︾᠂ ︽ᠣᠷᠣᠨ ᠪᠦᠰᠡ ᠪᠠᠷ ᠦᠨᠡᠯᠡᠨ ᠵᠢᠱᠢᠬᠦ︾᠂ ︽ᠬᠤᠯᠪᠤᠭᠠᠯᠠᠵᠤ ᠰᠢᠯᠭᠠᠨ ᠬᠤᠷᠢᠶᠠᠵᠤ ᠠᠪᠬᠤ︾ ᠵᠡᠷᠭᠡ ᠰᠢᠨ᠎ᠡ ᠬᠡᠯᠪᠡᠷᠢ ᠶᠢᠨ ᠬᠢᠨᠠᠨ ᠵᠥᠪᠰᠢᠶᠡᠷᠡᠬᠦ ᠵᠠᠭᠪᠤᠷ ᠤᠳ ᠢ ᠬᠡᠷᠡᠭᠵᠢᠭᠦᠯᠬᠦ ᠶᠢ ᠰᠦᠪᠡᠭᠴᠢᠯᠡᠨ᠎ᠡ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠬᠠᠤᠯᠢ ᠳᠦᠷᠢᠮ ᠤᠨ ᠠᠯᠪᠠᠨ ᠭᠡᠷ ᠵᠢᠴᠢ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠬᠠᠮᠵᠢᠯᠴᠠᠨ᠎ᠠ︶      ︵ᠭᠤᠷᠪᠠ︶ ᠦᠢᠯᠡᠳᠪᠦᠷᠢ ᠬᠤᠳᠠᠯᠳᠤᠭᠠᠨ ᠤ ᠵᠦᠢᠯᠡᠰ ᠢ ᠳᠠᠩᠰᠠᠯᠠᠨ ᠲᠡᠮᠲᠡᠭᠯᠡᠬᠦ ᠳᠦᠷᠢᠮ ᠤᠨ ᠦᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃      1. ︽ᠣᠯᠠᠨ ᠦᠨᠡᠮᠯᠡᠯ ᠢ ᠨᠡᠶᠢᠯᠡᠭᠦᠯᠵᠦ ᠨᠢᠭᠡ ᠪᠣᠯᠭᠠᠬᠤ︾ ᠦᠭᠡᠷᠡᠴᠢᠯᠡᠯᠲᠡ ᠶᠢ ᠲᠦᠷᠭᠡᠳᠭᠡᠨ᠎ᠡ᠃ ︽ᠲᠠᠪᠤᠨ ᠦᠨᠡᠮᠯᠡᠯ ᠢ ᠨᠡᠶᠢᠯᠡᠭᠦᠯᠵᠦ ᠨᠢᠭᠡ ᠪᠣᠯᠭᠠᠬᠤ︾᠂ ︽ᠬᠤᠶᠠᠷ ᠦᠨᠡᠮᠯᠡᠯ ᠢ ᠡᠮᠬᠢᠯᠡᠨ ᠨᠡᠶᠢᠯᠡᠭᠦᠯᠬᠦ︾ ᠦᠭᠡᠷᠡᠴᠢᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠪᠠ ᠥᠷᠭᠡᠳᠭᠡᠵᠦ᠂ ︽ᠣᠯᠠᠨ ᠦᠨᠡᠮᠯᠡᠯ ᠢ ᠨᠡᠶᠢᠯᠡᠭᠦᠯᠵᠦ ᠨᠢᠭᠡ ᠪᠣᠯᠭᠠᠬᠤ︾ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠮᠠᠨᠵᠤᠤᠷ᠂ ᠡᠷᠢᠶᠡᠨ ᠬᠤᠲᠠ ᠳᠠᠬᠢ ᠤᠯᠤᠰ ᠤᠨ ᠨᠡᠭᠡᠭᠡᠯᠲᠠ ᠬᠢᠵᠦ ᠴᠢᠯᠦᠭᠡᠲᠡᠢ ᠶᠠᠪᠤᠯᠴᠠᠬᠤ ᠲᠣᠷᠰᠢᠯᠲᠠ ᠶᠢᠨ ᠲᠣᠭᠤᠷᠢᠭ ᠤᠨ ᠲᠣᠷᠰᠢᠯᠲᠠ ᠶᠢᠨ ᠴᠢᠬ ᠲᠤ ︽ᠭᠡᠷᠡᠴᠢ ᠪᠠ ᠦᠨᠡᠮᠯᠡᠯ ᠢ ᠰᠠᠯᠭᠠᠬᠤ︾ ᠦᠭᠡᠷᠡᠴᠢᠯᠡᠯᠲᠡ ᠶᠢ ᠦᠷᠨᠢᠭᠦᠯᠵᠦ᠂ ᠵᠢᠷᠤᠮᠯᠡᠨ ᠳᠠᠭᠤᠷᠢᠶᠠᠵᠤ ᠳᠡᠯᠭᠡᠷᠡᠭᠦᠯᠵᠦ ᠪᠣᠯᠬᠤᠶᠢᠴᠠ ᠲᠣᠷᠰᠢᠯᠭ᠎ᠠ ᠶᠢ ᠬᠤᠷᠠᠮᠳᠤᠭᠤᠯᠤᠨ᠎ᠠ᠃ ︵ᠦᠪᠡᠷᠲᠡᠭᠡᠨ ᠵᠠᠰᠬᠠᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      2. ᠳᠠᠩᠰᠠᠯᠠᠵᠤ ᠲᠡᠮᠲᠡᠭᠯᠡᠬᠦ ᠠᠵᠢᠯ ᠤᠨ ᠳᠦᠭᠦᠮᠴᠢᠯᠡᠯᠲᠡ ᠶᠢ ᠠᠬᠢᠭᠤᠯᠤᠨ᠎ᠠ᠃ ᠪᠦᠬᠦ ᠶᠠᠪᠤᠴᠠ ᠳᠤᠨᠢ ᠡᠯᠧᠺᠲᠷᠣᠨᠵᠢᠭᠦᠯᠬᠦ ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠤᠨ ᠳᠠᠩᠰᠠᠯᠠᠨ ᠲᠡᠮᠲᠡᠭᠯᠡᠭᠦᠯᠬᠦ ᠶᠢ ᠳᠦᠭᠦᠮ ᠠᠪᠰᠠᠷᠬᠠᠨ ᠢᠶᠠᠷ ᠬᠦᠴᠦᠨ ᠦᠭᠡᠢ ᠪᠣᠯᠭᠠᠬᠤ᠂ ᠲᠣᠷᠰᠢᠯᠲᠠ ᠶᠢᠨ ᠴᠢᠬ ᠪᠣᠯᠬᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠩᠰᠠᠯᠠᠨ ᠲᠡᠮᠲᠡᠭᠯᠡᠭᠦᠯᠬᠦ ᠶᠢ ᠳᠦᠭᠦᠮ ᠠᠪᠰᠠᠷᠬᠠᠨ ᠢᠶᠠᠷ ᠬᠦᠴᠦᠨ ᠦᠭᠡᠢ ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠤᠭᠴᠠ ᠶᠢ ᠰᠦᠯᠵᠢᠶ᠎ᠡ ᠪᠠᠷ ᠳᠠᠩᠰᠠᠯᠠᠨ ᠲᠡᠮᠲᠡᠭᠯᠡᠬᠦ ᠶᠢ ᠪᠡᠶᠡᠯᠡᠭᠦᠯᠦᠨ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠣᠯᠭᠤᠵᠣ ᠬᠡᠷᠡᠭᠯᠡᠭᠦᠯᠬᠦ ᠠᠵᠢᠯ ᠢ ᠲᠦᠷᠭᠡᠳᠭᠡᠨ᠎ᠡ᠃ ︵ᠦᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      3. ᠤᠷᠢᠳᠠᠴᠢ ᠬᠢᠨᠠᠨ ᠵᠥᠪᠰᠢᠶᠡᠷᠡᠬᠦ ᠵᠦᠢᠯᠡᠰ ᠢ ᠦᠷᠭᠦᠯᠵᠢᠯᠡᠨ ᠪᠠᠭᠠᠰᠬᠠᠨ᠎ᠠ᠃ ᠤᠯᠤᠰ ᠤᠨ ᠱᠠᠭᠠᠷᠳᠠᠯᠭ᠎ᠠ ᠶᠤᠰᠤᠭᠠᠷ᠂ ᠠᠵᠤ ᠠᠬᠤᠶᠢᠯᠠᠯ ᠳᠤ ᠬᠤᠯᠪᠤᠭᠳᠠᠭᠰᠠᠨ ᠭᠡᠷᠡᠴᠢ ᠪᠠ ᠦᠨᠡᠮᠯᠡᠯ ᠤᠨ ᠵᠦᠢᠯᠡᠰ ᠢ ᠦᠷᠭᠦᠯᠵᠢᠯᠡᠨ ᠡᠮᠬᠢᠯᠡᠵᠦ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠨ ᠲᠡᠮᠲᠡᠭᠯᠡᠬᠦ ᠶᠢᠨ ᠳᠠᠷᠠᠭᠠᠴᠢ ᠬᠢᠨᠠᠨ ᠵᠥᠪᠰᠢᠶᠡᠷᠡᠬᠦ ᠵᠦᠢᠯᠡᠰ ᠢ ᠴᠠᠭ ᠲᠣᠬᠠᠢ ᠳᠤᠨᠢ ᠲᠣᠬᠢᠷᠠᠭᠤᠯᠤᠨ᠂ ᠬᠢᠨᠠᠨ ᠵᠥᠪᠰᠢᠶᠡᠷᠡᠬᠦ ᠵᠦᠢᠯᠡᠰ ᠤᠨ ᠭᠠᠷᠴᠠᠭ ᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠢ ᠪᠠᠶᠢᠭᠤᠯᠤᠭᠰᠠᠨ ᠤ ᠳᠠᠷᠠᠭᠠᠬᠢ ᠡᠵᠡᠩᠨᠡᠯᠲᠡ ᠶᠢᠨ ᠵᠥᠪᠰᠢᠶᠡᠷᠡᠯ ᠤᠨ ᠨᠠᠷᠢᠨ ᠬᠠᠭᠤᠳᠠᠰᠤ ᠶᠢ ᠲᠣᠭᠲᠠᠭᠠᠨ᠎ᠠ᠃ ︵ᠦᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      4. ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠬᠤᠶᠠᠷ ᠲᠠᠯ᠎ᠠ ᠳᠤ ᠮᠡᠳᠡᠭᠳᠡᠬᠦ︾ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠣᠴᠢᠬᠤ︾ ᠠᠵᠢᠯ ᠶᠠᠪᠤᠳᠠᠯ ᠭᠦᠢᠴᠡᠳᠭᠡᠬᠦ ᠲᠦᠷᠦᠯ ᠵᠦᠢᠯ ᠤᠨ ᠨᠠᠷᠢᠨ ᠬᠠᠭᠤᠳᠠᠰᠤ ᠶᠢ ᠰᠦᠪᠡᠭᠴᠢᠯᠡᠨ ᠪᠠᠶᠢᠭᠤᠯᠵᠤ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠨ ᠲᠡᠮᠲᠡᠭᠯᠡᠬᠦ ᠶᠢᠨ ︽ᠨᠢᠭᠡ ᠯᠡ ᠬᠦᠰᠦᠨᠦᠭᠲᠦ ᠲᠠᠭᠯᠠᠵᠤ᠂ ᠨᠢᠭᠡ ᠯᠡ ᠴᠤᠩᠬᠤᠪᠴᠢ ᠳᠤ ᠢᠵᠢ ᠮᠠᠲ᠋ᠧᠷᠢᠶᠠᠯ ᠲᠤᠰᠢᠶᠠᠬᠤ︾ ᠶᠢᠨ ᠬᠦᠯᠢᠶᠡᠨ ᠠᠪᠬᠤ ᠵᠠᠭᠪᠤᠷ ᠢ ᠲᠦᠷᠭᠡᠳᠭᠡᠨ ᠬᠡᠷᠡᠭᠵᠢᠭᠦᠯᠵᠦ᠂ ᠠᠵᠤ ᠠᠬᠤᠶᠢᠯᠠᠯ ᠪᠣᠯᠣᠨ ᠣᠯᠠᠨ ᠲᠦᠮᠡᠨ ᠳᠤ ᠨᠡᠩ ᠳᠦᠭᠦᠮ ᠳᠦᠳᠡ ᠪᠦᠭᠡᠳ ᠰᠢᠯᠢᠳᠡᠭ ᠦᠢᠯᠡᠴᠢᠯᠡᠭᠡ ᠶᠢ ᠬᠠᠩᠭᠠᠨ᠎ᠠ᠃ ︵ᠦᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      ︵ᠳᠥᠷᠪᠡ︶ ᠰᠦᠢᠳᠭᠡᠯ ᠬᠤᠷᠢᠶᠠᠬᠤ ᠶᠢ ᠢᠯᠭᠠᠷᠠᠭᠤᠯᠬᠤ ᠦᠭᠡᠷᠡᠴᠢᠯᠡᠯᠲᠡ ᠶᠢ ᠬᠦᠴᠦᠲᠡᠢ ᠠᠬᠢᠭᠤᠯᠤᠨ᠎ᠠ᠃      1. ᠭᠠᠶᠢᠯᠢ ᠬᠦᠩᠭᠡᠯᠡᠵᠦ ᠰᠦᠢᠳᠭᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠤᠯᠤᠰ ᠤᠨ ᠨᠢᠭᠡᠨᠲᠡ ᠨᠡᠶᠢᠲᠡᠯᠡᠭᠰᠡᠨ ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠯᠡᠬᠦ ᠳᠤ ᠬᠤᠯᠪᠤᠭᠳᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠪᠦᠲᠦᠴᠡ ᠶᠢᠨ ᠴᠢᠨᠠᠷᠲᠠᠢ ᠪᠠᠷ ᠭᠠᠶᠢᠯᠢ ᠶᠢ ᠬᠠᠰᠤᠬᠤ ᠪᠠ ᠰᠦᠢᠳᠭᠡᠯ ᠢ ᠪᠠᠭᠤᠷᠠᠭᠤᠯᠬᠤ᠂ ᠰᠦᠢᠳᠭᠡᠯ ᠢ ᠢᠯᠭᠠᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ ᠡᠨᠧᠷᠬᠢ᠂ ᠴᠠᠬᠢᠯᠭᠠᠨ᠂ ᠰᠦᠯᠵᠢᠶ᠎ᠡ ᠬᠡᠷᠡᠭᠯᠡᠬᠦ᠂ ᠪᠠᠷᠠᠭᠠᠨ ᠤ ᠭᠦᠢᠯᠭᠡᠭᠡ᠂ ᠪᠡᠯᠡ ᠲᠣᠬᠢᠷᠠᠭᠤᠯᠭ᠎ᠠ ᠵᠡᠷᠭᠡ ᠡᠯ᠎ᠡ ᠲᠠᠯ᠎ᠠ ᠪᠠᠷ ᠬᠢ ᠦᠪᠡᠷ ᠤᠨ ᠥᠷᠲᠡᠭ ᠢ ᠨᠢ ᠦᠨᠡᠨᠬᠦ ᠪᠠᠭᠤᠷᠠᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      2. ᠠᠵᠤ ᠠᠬᠤᠶᠢᠯᠠᠯ ᠤᠨ ᠰᠦᠢᠳᠭᠡᠯ ᠬᠤᠷᠢᠶᠠᠬᠤ ᠳᠤ ᠬᠤᠯᠪᠤᠭᠳᠠᠭᠰᠠᠨ ᠨᠠᠷᠢᠨ ᠬᠠᠭᠤᠳᠠᠰᠤ ᠶᠢᠨ ᠳᠦᠷᠢᠮ ᠢ ᠬᠡᠷᠡᠭᠵᠢᠭᠦᠯᠦᠨ᠎ᠡ᠃ ᠲᠥᠪ ᠬᠤᠷᠢᠶ᠎ᠠ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠡᠵᠡᠩᠨᠡᠯᠲᠡ ᠦᠢᠯᠡᠴᠢᠯᠡᠭᠡᠨ ᠤ ᠴᠢᠨᠠᠷᠲᠠᠢ ᠰᠦᠢᠳᠭᠡᠯ ᠬᠤᠷᠢᠶᠠᠬᠤ ᠳᠤ ᠬᠤᠯᠪᠤᠭᠳᠠᠭᠰᠠᠨ ᠨᠠᠷᠢᠨ ᠬᠠᠭᠤᠳᠠᠰᠤ ᠲᠠᠢ ᠬᠠᠷᠢᠴᠠᠭᠤᠯᠵᠤ ᠪᠠᠶᠢᠭᠠᠳ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠪᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠭᠡᠯ ᠢ ᠦᠷᠭᠦᠯᠵᠢᠯᠡᠨ ᠢᠯᠭᠠᠷᠠᠭᠤᠯᠵᠤ ᠵᠢᠷᠤᠮᠵᠢᠭᠤᠯᠤᠨ᠂ ᠠᠵᠤ ᠠᠬᠤᠶᠢᠯᠠᠯ ᠤᠨ ᠰᠦᠢᠳᠭᠡᠯ ᠬᠤᠷᠢᠶᠠᠬᠤ ᠳᠤ ᠬᠤᠯᠪᠤᠭᠳᠠᠭᠰᠠᠨ ᠭᠠᠷᠴᠠᠭ ᠤᠨ ᠨᠠᠷᠢᠨ ᠬᠠᠭᠤᠳᠠᠰᠤ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠰᠦᠢᠳᠭᠡᠯ ᠬᠤᠷᠢᠶᠠᠬᠤ ᠳᠤ ᠬᠤᠯᠪᠤᠭᠳᠠᠭᠰᠠᠨ ᠴᠢᠯᠦᠭᠡᠲᠡᠢ ᠰᠤᠩᠭᠤᠨ ᠬᠡᠷᠡᠭᠯᠡᠬᠦ ᠡᠷᠬᠡ ᠶᠢ ᠦᠨᠡᠨᠬᠦ ᠪᠠᠭᠠᠰᠬᠠᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠭᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      3. ᠦᠨ᠎ᠠ ᠬᠠᠩᠰᠢ ᠶᠢᠨ ᠬᠠᠮᠢᠶᠠᠷᠤᠯᠳᠠ ᠶᠢᠨ ᠲᠦᠷᠢᠮ ᠢ ᠦᠷᠭᠦᠯᠵᠢᠯᠡᠨ ᠲᠡᠭᠦᠯᠳᠡᠷᠵᠢᠬᠦᠯᠦᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠳᠠᠢ ᠰᠦᠢᠳᠬᠡᠯ ᠬᠤᠷᠢᠶᠠᠬᠤ ᠪᠠᠷᠢᠮᠵᠢᠶᠠᠨ ᠤ ᠬᠠᠮᠢᠶᠠᠷᠤᠯᠳᠠ ᠶᠢᠨ ᠠᠷᠭ᠎ᠠ ᠳᠤ ᠴᠠᠭ ᠲᠤᠬᠠᠢ ᠳᠤᠨᠢ ᠵᠠᠰᠠᠪᠤᠷᠢ ᠤᠷᠤᠭᠤᠯᠵᠦ᠂ ᠨᠡᠶᠢᠳᠡᠮ ᠤᠨ ᠴᠢᠨᠠᠷᠳᠠᠢ ᠤᠯᠠᠨ ᠨᠡᠶᠢᠳᠡ ᠶᠢᠨ ᠦᠢᠯᠡᠴᠢᠯᠡᠭᠡ ᠬᠠᠩᠭᠠᠬᠤ ᠪᠠ ᠡᠩ ᠤᠨ ᠴᠢᠨᠠᠷᠳᠠᠢ ᠬᠠᠮᠢᠶᠠᠷᠤᠯᠳᠠ ᠶᠢᠨ ᠡᠭᠦᠷᠬᠡ ᠴᠢᠳᠠᠪᠤᠷᠢ ᠶᠢ ᠢᠯᠡᠷᠡᠬᠦᠯᠬᠦ ᠵᠠᠰᠠᠭ ᠤᠨ ᠤᠷᠳᠤᠨ ᠤ ᠰᠦᠢᠳᠬᠡᠯ ᠬᠤᠷᠢᠶᠠᠬᠤ ᠶᠢ ᠴᠠᠭ ᠲᠤᠨᠢ ᠲᠤᠬᠢᠷᠠᠭᠤᠯᠵᠦ ᠭᠦᠴᠦᠨ ᠦᠬᠡᠢ ᠪᠤᠯᠭᠠᠨ᠎ᠠ᠃ ︵ᠦᠪᠡᠷᠳᠡᠬᠡᠨ ᠵᠠᠰᠠᠬᠤ ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠠᠴᠠ ᠲᠦᠷᠦᠭᠦᠯᠡᠵᠦ᠂ ᠦᠪᠡᠷᠳᠡᠬᠡᠨ ᠵᠠᠰᠬᠠᠤ ᠤᠷᠤᠨ ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      4. ᠵᠠᠭᠤᠴᠢ ᠦᠢᠯᠡᠴᠢᠯᠡᠭᠡ ᠶᠢᠨ ᠰᠦᠢᠳᠬᠡᠯ ᠬᠤᠷᠢᠶᠠᠬᠤ ᠶᠢ ᠴᠠᠭ ᠲᠤᠬᠠᠢ ᠳᠤᠨᠢ ᠢᠯᠭᠠᠷᠠᠭᠤᠯᠤᠨ ᠵᠢᠷᠤᠮᠵᠢᠭᠤᠯᠤᠨ᠎ᠠ᠃ ᠤᠯᠤᠰ ᠤᠨ ᠱᠠᠭᠠᠷᠳᠠᠯᠭ᠎ᠠ ᠶᠤᠰᠤᠭᠠᠷ᠂ ᠠᠵᠢᠯ ᠲᠦᠷᠦᠯ ᠤᠨ ᠨᠡᠶᠢᠬᠡᠮᠯᠢᠭ ᠬᠤᠳᠠᠯᠳᠤᠭᠠᠴᠢᠨ ᠤ ᠡᠪᠯᠡᠯ᠂ ᠡᠯ᠎ᠡ ᠲᠦᠷᠦᠯ ᠤᠨ ᠵᠠᠭᠤᠴᠢ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠲᠦᠷᠦᠯ ᠵᠦᠢᠯ ᠢ ᠢᠯᠭᠠᠷᠠᠭᠤᠯᠤᠨ ᠴᠡᠭᠴᠡᠯᠡᠬᠦ ᠶᠢ ᠦᠷᠭᠦᠯᠵᠢᠯᠡᠬᠦᠯᠵᠦ᠂ ᠬᠠᠤᠯᠢ ᠶᠤᠰᠤᠨ ᠳᠤ ᠨᠡᠶᠢᠴᠡᠬᠦ ᠦᠬᠡᠢ ᠶᠢ ᠨᠢ ᠡᠷᠡᠰ ᠭᠦᠴᠦᠨ ᠦᠬᠡᠢ ᠪᠤᠯᠭᠠᠨ᠂ ᠬᠡᠪ ᠢᠶᠠᠷ ᠪᠠᠶᠢᠯᠭᠠᠬᠤ ᠪᠤᠯ ᠰᠦᠢᠳᠬᠡᠯ ᠬᠤᠷᠢᠶᠠᠬᠤ ᠪᠠᠷᠢᠮᠵᠢᠶ᠎ᠠ ᠶᠢ ᠨᠢ ᠪᠠᠭᠤᠷᠠᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠠᠴᠠ ᠲᠦᠷᠦᠭᠦᠯᠡᠵᠦ᠂ ᠦᠪᠡᠷᠳᠡᠬᠡᠨ ᠵᠠᠰᠬᠠᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      5. ᠠᠵᠦ ᠠᠬᠤᠶᠢᠯᠠᠯ ᠤᠨ ᠰᠦᠢᠳᠬᠡᠯ ᠬᠤᠷᠢᠶᠠᠬᠤ ᠳᠤ ᠬᠤᠯᠪᠤᠨᠨᠳ᠋ᠬᠠᠰᠠᠨ ᠢ ᠬᠢᠨᠠᠯᠳᠠ ᠲᠠᠯᠪᠢᠵᠦ ᠪᠠᠶᠢᠴᠠᠭᠠᠬᠤ ᠪᠠᠨ ᠴᠢᠩᠭᠠᠷᠠᠭᠤᠯᠤᠨ᠎ᠠ᠃ ᠤᠯᠤᠰ ᠤᠨ ᠱᠠᠭᠠᠷᠳᠠᠯᠭ᠎ᠠ ᠶᠤᠰᠤᠭᠠᠷ᠂ ᠠᠵᠦ ᠠᠬᠤᠶᠢᠯᠠᠯ ᠤᠨ ᠡᠵᠡᠩᠨᠡᠯᠳᠡ ᠦᠢᠯᠡᠴᠢᠯᠡᠬᠡᠨ ᠤ ᠴᠢᠨᠠᠷᠳᠠᠢ ᠰᠦᠢᠳᠬᠡᠯ ᠬᠤᠷᠢᠶᠠᠬᠤ ᠳᠤ ᠬᠤᠯᠪᠤᠨᠨᠳ᠋ᠬᠠᠰᠠᠨ ᠢ ᠢᠯᠭᠠᠷᠠᠭᠤᠯᠤᠨ ᠵᠢᠷᠤᠮᠵᠢᠭᠤᠯᠬᠤ ᠠᠵᠢᠯ ᠢ ᠭᠦᠨᠵᠡᠬᠡᠢ ᠦᠷᠨᠢᠬᠦᠯᠵᠦ᠂ ᠠᠵᠦ ᠠᠬᠤᠶᠢᠯᠠᠯ ᠤᠨ ᠰᠦᠢᠳᠬᠡᠯ ᠬᠤᠷᠢᠶᠠᠬᠤ ᠳᠤ ᠬᠤᠯᠪᠤᠨᠨᠳ᠋ᠬᠠᠰᠠᠨ ᠢ ᠬᠢᠨᠠᠯᠳᠠ ᠲᠠᠯᠪᠢᠵᠦ ᠪᠠᠶᠢᠴᠠᠭᠠᠬᠤ ᠲᠦᠷᠢᠮ ᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠂ ᠢᠯᠡᠴᠢᠯᠡᠨ ᠮᠡᠳᠡᠬᠦᠯᠬᠦ᠂ ᠪᠠᠶᠢᠴᠠᠭᠠᠨ ᠰᠶᠢᠳᠪᠦᠷᠢᠯᠡᠬᠦ ᠪᠠ ᠬᠠᠷᠢᠭᠤᠴᠠᠯᠭ᠎ᠠ ᠬᠡᠯᠡᠯᠴᠡᠬᠦ ᠲᠤᠨᠨᠳᠠᠴᠠ ᠶᠢ ᠴᠢᠩᠭᠠᠷᠠᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠲᠦᠷᠦᠭᠦᠯᠡᠵᠦ᠂ ᠦᠪᠡᠷᠳᠡᠬᠡᠨ ᠵᠠᠰᠬᠠᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      ︵ᠲᠠᠪᠤ︶ ᠠᠵᠢᠯ ᠮᠡᠷᠬᠡᠵᠢᠯ ᠤᠨ ᠬᠢᠷᠢ ᠬᠡᠮ ᠤᠨ ᠦᠬᠡᠷᠡᠴᠢᠯᠡᠯᠳᠡ ᠶᠢ ᠲᠠᠰᠤᠷᠠᠯᠳᠠ ᠦᠬᠡᠢ ᠭᠦᠨᠵᠡᠬᠡᠶᠢᠷᠡᠭᠦᠯᠦᠨ᠎ᠠ᠃      1. ᠠᠵᠢᠯ ᠮᠡᠷᠬᠡᠵᠢᠯ ᠤᠨ ᠬᠢᠷᠢ ᠬᠡᠮ ᠤᠨ ᠵᠦᠢᠯᠡᠰ ᠢ ᠭᠦᠴᠦᠨ ᠦᠬᠡᠢ ᠪᠤᠯᠭᠠᠬᠤ ᠶᠢ ᠪᠦᠭᠦ ᠲᠠᠯ᠎ᠠ ᠪᠠᠷ ᠨᠡᠶᠢᠳᠡᠪᠤᠷᠢᠵᠢᠭᠤᠯᠤᠨ᠎ᠠ᠃ ᠤᠯᠤᠰ ᠠᠴᠠ ᠭᠦᠴᠦᠨ ᠦᠬᠡᠢ ᠪᠤᠯᠭᠠᠬᠤ ᠪᠠᠷ ᠲᠤᠳᠤᠷᠬᠠᠶᠢᠯᠬᠠᠰᠠᠨ ᠠᠵᠢᠯ ᠮᠡᠷᠬᠡᠵᠢᠯ ᠤᠨ ᠬᠢᠷᠢ ᠬᠡᠮ ᠤᠨ ᠵᠦᠪᠰᠢᠶᠡᠷᠡᠯ ᠪᠠ ᠮᠠᠭᠠᠳᠯᠠᠨ ᠲᠤᠨᠨᠳᠠᠭᠠᠬᠤ ᠵᠦᠢᠯᠡᠰ ᠢ ᠦᠷᠭᠦᠯᠵᠢᠯᠡᠨ ᠰᠠᠶᠢᠳᠤᠷ ᠨᠠᠶᠢᠳᠠᠪᠤᠷᠢᠵᠢᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      2. ᠠᠵᠢᠯ ᠮᠡᠷᠬᠡᠵᠢᠯ ᠤᠨ ᠬᠢᠷᠢ ᠬᠡᠮ ᠤᠨ ᠭᠠᠷᠴᠠᠭ ᠤᠨ ᠨᠠᠷᠢᠨ ᠬᠠᠭᠤᠳᠠᠰᠤ ᠶᠢ ᠲᠤᠨᠨᠳᠠᠭᠠᠨ᠎ᠠ᠃ ᠤᠯᠤᠰ ᠤᠨ ᠠᠵᠢᠯ ᠮᠡᠷᠬᠡᠵᠢᠯ ᠤᠨ ᠬᠢᠷᠢ ᠬᠡᠮ ᠤᠨ ᠭᠠᠷᠴᠠᠭ ᠶᠤᠰᠤᠭᠠᠷ᠂ ᠦᠪᠡᠷᠳᠡᠬᠡᠨ ᠵᠠᠰᠠᠬᠤ ᠤᠷᠤᠨ ᠤ ᠠᠵᠢᠯ ᠮᠡᠷᠬᠡᠵᠢᠯ ᠤᠨ ᠭᠠᠷᠴᠠᠭ ᠤᠨ ᠨᠠᠷᠢᠨ ᠬᠠᠭᠤᠳᠠᠰᠤ ᠶᠢ ᠲᠤᠨᠨᠳᠠᠭᠠᠨ ᠨᠡᠶᠢᠳᠡᠯᠡᠵᠦ᠂ ᠨᠠᠷᠢᠨ ᠬᠠᠭᠤᠳᠠᠰᠤ ᠠᠴᠠ ᠪᠤᠰᠤᠳ ᠠᠵᠢᠯ ᠮᠡᠷᠬᠡᠵᠢᠯ ᠤᠨ ᠬᠢᠷᠢ ᠬᠡᠮ ᠤᠨ ᠵᠦᠪᠰᠢᠶᠡᠷᠡᠯ ᠪᠠ ᠮᠠᠭᠠᠳᠯᠠᠨ ᠲᠤᠨᠨᠳᠠᠭᠠᠬᠤ ᠠᠵᠢᠯ ᠢ ᠨᠢᠬᠡ ᠴᠤ ᠦᠷᠨᠢᠬᠦᠯᠵᠦ ᠪᠤᠯᠬᠤ ᠦᠬᠡᠢ᠃ ︵ᠦᠪᠡᠷᠳᠡᠬᠡᠨ ᠵᠠᠰᠠᠬᠤ ᠤᠷᠤᠨ ᠤ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      3. ᠠᠵᠢᠯ ᠮᠡᠷᠬᠡᠵᠢᠯ ᠤᠨ ᠬᠢᠷᠢ ᠬᠡᠮ ᠳᠤ ᠬᠢᠨᠠᠯᠳᠠ ᠲᠠᠯᠪᠢᠵᠦ ᠪᠠᠶᠢᠴᠠᠭᠠᠬᠤ ᠶᠢ ᠴᠢᠩᠭᠠᠷᠠᠭᠤᠯᠤᠨ᠎ᠠ᠃ ᠬᠢᠨᠠᠯᠳᠠ ᠲᠠᠯᠪᠢᠵᠦ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠦ᠂ ᠨᠢᠬᠡᠨᠳᠡ ᠭᠦᠴᠦᠨ ᠦᠬᠡᠢ ᠪᠤᠯᠭᠠᠨᠨᠰᠠᠨ ᠠᠵᠢᠯ ᠮᠡᠷᠬᠡᠵᠢᠯ ᠤᠨ ᠬᠢᠷᠢ ᠬᠡᠮ ᠤᠨ ︽ᠲᠠᠬᠢᠨᠳᠠ ᠰᠡᠷᠭᠦᠬᠡᠭᠳᠡᠬᠦ︾ ᠪᠤᠶᠤ ᠠᠵᠢᠯ ᠮᠡᠷᠬᠡᠵᠢᠯ ᠤᠨ ᠬᠢᠷᠢ ᠬᠡᠮ ᠢ ᠦᠪᠡᠰᠦᠪᠡᠨ ᠰᠢᠨ᠎ᠠ ᠪᠠᠷ ᠨᠡᠮᠡᠵᠦ ᠲᠤᠬᠢᠷᠠᠭᠤᠯᠬᠤ ᠶᠢ ᠡᠷᠡᠰ ᠬᠤᠷᠢᠨᠨᠯᠠᠨ᠎ᠠ᠃ ᠠᠵᠢᠯ ᠮᠡᠷᠬᠡᠵᠢᠯ ᠤᠨ ᠬᠢᠷᠢ ᠬᠡᠮ ᠤᠨ ︽ᠦᠨᠡᠮᠯᠡᠯ ᠢᠶᠠᠨ ᠵᠢᠬᠡᠯᠡᠬᠦᠯᠬᠦ︾ ︽ᠲᠤᠰᠠᠯᠠᠨ ᠰᠢᠯᠭᠠᠬᠤ︾ ᠵᠡᠷᠬᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠶᠢᠳᠪᠦᠷᠢᠯᠡᠵᠦ᠂ ᠰᠢᠯᠭᠠᠯᠳᠠ ᠪᠠ ᠪᠤᠯᠪᠠᠰᠤᠷᠭᠠᠤᠯᠤᠯ ᠢ ᠰᠠᠯᠭᠠᠨ ᠲᠤᠰᠠᠭᠠᠷᠯᠠᠬᠤ ᠶᠢ ᠴᠢᠩᠳᠠᠯᠠᠨ ᠨᠡᠶᠢᠳᠡᠪᠤᠷᠢᠵᠢᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      ︵ᠵᠢᠷᠭᠤᠭ᠎ᠠ︶ ᠠᠵᠢᠯ ᠬᠡᠷᠡᠭ ᠤᠨ ᠲᠤᠮᠳᠠᠬᠢ ᠪᠠ ᠲᠠᠷᠠᠭᠠᠬᠢ ᠬᠢᠨᠠᠯᠳᠠ ᠬᠠᠮᠢᠶᠠᠷᠤᠯᠳᠠ ᠶᠢ ᠪᠦᠭᠦ ᠲᠠᠯ᠎ᠠ ᠪᠠᠷ ᠴᠢᠩᠭᠠᠷᠠᠭᠤᠯᠤᠨ᠎ᠠ᠃      1. ︽ᠬᠤᠶᠠᠷ ᠢ ᠮᠠᠰᠢᠨ ᠤ ᠲᠠᠰᠢᠷᠠᠮ ᠢᠶᠠᠷ ᠰᠤᠭᠤᠴᠢᠵᠦ᠂ ᠨᠢᠬᠡ ᠶᠢ ᠢᠯᠡ ᠪᠤᠯᠭᠠᠬᠤ︾ ᠬᠢᠨᠠᠯᠳᠠ ᠬᠠᠮᠢᠶᠠᠷᠤᠯᠳᠠ ᠶᠢ ᠪᠦᠭᠦᠨ ᠳᠤ ᠬᠠᠮᠤᠷᠠᠭᠤᠯᠬᠤ ᠶᠢ ᠪᠡᠶᠡᠯᠡᠬᠦᠯᠦᠨ᠎ᠠ᠃ ︽ᠬᠤᠶᠠᠷ ᠢ ᠮᠠᠰᠢᠨ ᠤ ᠲᠠᠰᠢᠷᠠᠮ ᠢᠶᠠᠷ ᠰᠤᠭᠤᠴᠢᠵᠦ᠂ ᠨᠢᠬᠡ ᠶᠢ ᠢᠯᠡ ᠪᠤᠯᠭᠠᠬᠤ︾ ᠬᠢᠨᠠᠯᠳᠠ ᠬᠠᠮᠢᠶᠠᠷᠤᠯᠳᠠ ᠶᠢ ᠪᠦᠭᠦ ᠲᠠᠯ᠎ᠠ ᠪᠠᠷ ᠬᠡᠷᠡᠭᠵᠢᠬᠦᠯᠵᠦ᠂ ︽ᠨᠢᠬᠡ ᠨᠠᠷᠢᠨ ᠬᠠᠭᠤᠳᠠᠰᠤ᠂ ᠬᠤᠶᠠᠷ ᠭᠦᠮᠦᠷᠬᠡ᠂ ᠨᠢᠬᠡ ᠨᠠᠷᠢᠨ ᠲᠦᠷᠢᠮ︾ ᠤᠨ ᠠᠵᠢᠯ ᠤᠨ ᠲᠤᠨᠨᠳᠠᠴᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠂ ᠵᠠᠬ᠎ᠠ ᠲᠡᠯᠬᠡᠭᠦᠷ ᠤᠨ ᠬᠢᠨᠠᠯᠳᠠ ᠬᠠᠮᠢᠶᠠᠷᠤᠯᠳᠠ ᠳᠠᠬᠢ ᠬᠠᠤᠯᠢ ᠬᠡᠷᠡᠭᠵᠢᠬᠦᠯᠬᠦ ᠵᠦᠢᠯᠡᠰ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠤᠰᠤᠳ ᠵᠦᠢᠯᠡᠰ ᠤᠨ ᠮᠠᠰᠢᠨ ᠤ ᠲᠠᠰᠢᠷᠠᠮ ᠢᠶᠠᠷ ᠰᠤᠭᠤᠴᠢᠬᠤ ᠶᠢ ᠪᠦᠭᠦᠨ ᠳᠤ ᠬᠠᠮᠤᠷᠠᠭᠤᠯᠬᠤ ᠶᠢ ᠲᠤᠰ ᠵᠢᠯ ᠳᠤ ᠪᠡᠶᠡᠯᠡᠬᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠤ ᠬᠢ ᠶᠢ ᠪᠤᠯ ᠦᠪᠡᠷᠳᠡᠬᠡᠨ ᠵᠠᠰᠠᠬᠤ ᠤᠷᠤᠨ ᠤ ᠬᠠᠤᠯᠢ ᠲᠦᠷᠢᠮ ᠤᠨ ᠠᠯᠪᠠᠨ ᠬᠡᠷ᠂ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶ᠎ᠠ᠂ ᠤᠷᠤᠨ ᠲᠤᠭᠠᠨ ᠤ ᠠᠯᠪᠠᠨ ᠬᠡᠷ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ︔ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠬᠢ ᠶᠢ ᠪᠤᠯ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠪᠠ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠬᠠᠷᠢᠭᠤᠴᠠᠨ᠎ᠠ︶      2. ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠡᠷᠴᠢᠮ ᠢ ᠴᠢᠩᠭᠠᠷᠠᠭᠤᠯᠤᠨ᠎ᠠ᠃ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠬᠤᠶᠠᠷ ᠱᠠᠳᠤᠨ ᠤ ᠵᠠᠬ᠎ᠠ ᠲᠡᠯᠬᠡᠭᠦᠷ ᠤᠨ ᠬᠢᠨᠠᠯᠳᠠ ᠬᠠᠮᠢᠶᠠᠷᠤᠯᠳᠠ ᠶᠢᠨ ᠭᠦᠷᠢᠶ᠎ᠡ ᠴᠠᠷᠠᠭ᠎ᠠ ᠳᠠᠬᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠦᠬᠡᠷᠡᠴᠢᠯᠡᠯᠳᠡ ᠶᠢ ᠠᠬᠢᠭᠤᠯᠤᠨ᠂ ᠬᠠᠤᠯᠢ ᠬᠡᠷᠡᠭᠵᠢᠬᠦᠯᠬᠦ ᠲᠠᠯ᠎ᠠ ᠪᠠᠷ ᠬᠢ ᠰᠠᠯᠠᠭ᠎ᠠ ᠮᠦᠴᠢᠷ ᠠᠯᠤᠰᠯᠠᠨ᠂ ᠤᠷᠤᠨ ᠪᠦᠰᠡ ᠠᠯᠤᠰᠯᠠᠵᠦ ᠬᠤᠯᠪᠤᠭᠠᠯᠠᠨ ᠭᠦᠳᠡᠯᠦᠯᠴᠡᠵᠦ ᠤᠷᠢᠶᠠᠯᠠᠨ ᠲᠠᠭᠠᠬᠤ ᠪᠠ ᠬᠠᠮᠵᠢᠯᠴᠠᠨ ᠠᠵᠢᠯᠯᠠᠬᠤ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠵᠦ᠂ ︽ᠤᠯᠠᠨ ᠲᠠᠯ᠎ᠠ ᠠᠴᠠ ᠵᠠᠬᠢᠷᠬᠤ ᠶᠢ ᠨᠢᠬᠡᠳᠦᠬᠦᠯᠬᠦ︾ ᠶᠢ ᠠᠯᠬᠤᠮ ᠠᠯᠬᠤᠮ ᠢᠶᠠᠷ ᠪᠡᠶᠡᠯᠡᠬᠦᠯᠦᠨ᠂ ᠬᠠᠤᠯᠢ ᠠᠴᠠ ᠵᠦᠷᠢᠴᠡᠭᠰᠡᠨ ᠬᠡᠷᠡᠭ ᠤᠨ ᠰᠦᠪᠡᠭᠴᠢ ᠶᠢ ᠮᠦᠷᠳᠡᠬᠦ ᠳᠤ ᠬᠠᠷᠢᠯᠴᠠᠨ ᠬᠤᠯᠪᠤᠭᠠᠯᠠᠬᠤ᠂ ᠬᠢᠨᠠᠯᠳᠠ ᠬᠠᠮᠢᠶᠠᠷᠤᠯᠳᠠ ᠶᠢᠨ ᠪᠠᠷᠢᠮᠵᠢᠶ᠎ᠠ ᠶᠢ ᠬᠠᠷᠢᠯᠴᠠᠨ ᠨᠡᠪᠳᠡᠷᠡᠯᠴᠡᠬᠦ᠂ ᠰᠶᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠯᠴᠠᠨ ᠮᠡᠳᠡᠷᠡᠬᠦ ᠶᠢ ᠪᠡᠶᠡᠯᠡᠬᠦᠯᠵᠦ᠂ ᠬᠢᠨᠠᠯᠳᠠ ᠬᠠᠮᠢᠶᠠᠷᠤᠯᠳᠠ ᠳᠤ ᠤᠷᠬᠢᠨᠨᠳᠠᠭᠤᠯᠬᠤ ᠶᠢ ᠠᠷᠢᠯᠭᠠᠨ᠂ ᠬᠠᠤᠯᠢ ᠬᠡᠷᠡᠭᠵᠢᠬᠦᠯᠬᠦ ᠶᠢᠨ ᠦᠪᠡᠷ ᠤᠨ ᠦᠷᠳᠡᠭ ᠢ ᠪᠠᠭᠤᠷᠠᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠬᠠᠤᠯᠢ ᠲᠦᠷᠢᠮ ᠤᠨ ᠠᠯᠪᠠᠨ ᠬᠡᠷ᠂ ᠤᠷᠤᠨ ᠲᠤᠭ᠎ᠠ ᠶᠢᠨ ᠠᠯᠪᠠᠨ ᠬᠡᠷ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      3. ᠬᠤᠯᠪᠤᠭᠠᠯᠠᠵᠦ ᠤᠷᠮᠠᠰᠢᠭᠤᠯᠬᠤ ᠪᠠ ᠬᠤᠯᠪᠤᠭᠠᠯᠠᠵᠦ ᠵᠠᠯᠬᠠᠭᠠᠨ ᠴᠡᠬᠡᠷᠯᠡᠬᠦᠯᠬᠦ ᠲᠤᠨᠨᠳᠠᠴᠠ ᠶᠢ ᠪᠠᠶᠢᠭᠤᠯᠤᠨ᠎ᠠ᠃ ᠵᠠᠬ᠎ᠠ ᠲᠡᠯᠬᠡᠭᠦᠷ ᠤᠨ ᠭᠤᠤᠯ ᠴᠤᠨᠨᠴᠠ ᠶᠢᠨ ᠦᠨᠡᠨᠴᠢ ᠢᠳᠡᠬᠡᠮᠵᠢ ᠶᠢᠨ ᠲᠠᠩᠰᠠ ᠡᠪᠬᠡᠮᠡᠯ᠂ ᠠᠵᠢᠯ ᠲᠦᠷᠦᠯ ᠤᠨ ︽ᠤᠯᠠᠭᠠᠨ ᠪᠠ ᠬᠠᠷ᠎ᠠ ᠲᠠᠩᠰᠠ︾ ᠶᠢᠨ ᠲᠦᠷᠢᠮ ᠪᠠ ᠵᠠᠬ᠎ᠠ ᠲᠡᠯᠬᠡᠭᠦᠷ ᠠᠴᠠ ᠪᠤᠴᠠᠭᠠᠨ ᠭᠠᠷᠭᠠᠬᠤ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠦ ᠠᠬᠤᠶᠢᠯᠠᠯ ᠤᠨ ᠡᠵᠡᠩᠨᠡᠯᠳᠡ ᠶᠢᠨ ᠬᠡᠪ ᠤᠨ ᠪᠤᠰᠤ ᠪᠠᠶᠢᠭ᠎ᠠ ᠨᠡᠷᠡᠰ ᠤᠨ ᠬᠠᠭᠤᠳᠠᠰᠤ ᠶᠢ ᠬᠠᠮᠢᠶᠠᠷᠬᠤ ᠵᠢᠴᠢ ᠭᠦᠨᠳᠦ ᠨᠤᠴᠢᠳᠠᠢ ᠢᠳᠡᠬᠡᠯ ᠠᠯᠳ᠋ᠬᠠᠰᠠᠨ ᠠᠵᠦ ᠠᠬᠤᠶᠢᠯᠠᠯ ᠢ ᠰᠠᠯᠠᠭ᠎ᠠ ᠮᠦᠴᠢᠷ ᠬᠤᠯᠪᠤᠭᠠᠯᠠᠵᠦ ᠵᠠᠯᠬᠠᠭᠠᠨ ᠴᠡᠬᠡᠷᠯᠡᠬᠦᠯᠬᠦ ᠲᠦᠷᠢᠮ ᠢ ᠲᠡᠭᠦᠯᠳᠡᠷᠵᠢᠬᠦᠯᠦᠨ᠂ ᠬᠤᠯᠪᠤᠭᠠᠯᠠᠵᠦ ᠤᠷᠮᠠᠰᠢᠭᠤᠯᠬᠤ ᠪᠠ ᠵᠠᠯᠬᠠᠭᠠᠨ ᠴᠡᠬᠡᠷᠯᠡᠬᠦᠯᠬᠦ ᠲᠤᠨᠨᠳᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠦ᠂ ᠬᠠᠤᠯᠢ ᠲᠤᠨᠨᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠴᠡᠬᠡᠷᠯᠡᠬᠦᠯᠬᠦ ᠡᠷᠴᠢᠮ ᠢᠶᠠᠨ ᠴᠢᠩᠭᠠᠷᠠᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠠᠷᠠᠳ ᠤᠨ ᠪᠠᠩᠬᠢ ᠶᠢᠨ ᠭᠦᠬᠡᠬᠤᠳᠠ ᠲᠦᠪ ᠰᠠᠯᠪᠤᠷᠢ ᠪᠠᠩᠬᠢ᠂ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶ᠎ᠠ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      4. ᠢᠳᠡᠬᠡᠮᠵᠢ ᠶᠢᠨ ᠬᠢᠨᠠᠯᠳᠠ ᠬᠠᠮᠢᠶᠠᠷᠤᠯᠳᠠ ᠶᠢᠨ ᠡᠷᠴᠢᠮ ᠢ ᠴᠢᠩᠭᠠᠷᠠᠭᠤᠯᠤᠨ ᠠᠬᠢᠭᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠢᠳᠡᠬᠡᠮᠵᠢ ᠶᠢᠨ ᠮᠡᠳᠡᠭᠡ ᠵᠠᠩᠬᠢ ᠶᠢᠨ ᠲᠡᠪᠴᠡᠩ ᠤᠨ ᠬᠤᠶᠠᠳᠤᠭᠠᠷ ᠬᠤᠭᠤᠴᠠᠭ᠎ᠠ ᠪᠠ ᠤᠯᠤᠰ ︵ᠦᠪᠦᠷ ᠮᠤᠩᠭᠤᠯ︶ ᠤᠨ ᠠᠵᠦ ᠠᠬᠤᠶᠢᠯᠠᠯ ᠤᠨ ᠢᠳᠡᠬᠡᠮᠵᠢ ᠶᠢᠨ ᠮᠡᠳᠡᠭᠡ ᠵᠠᠩᠬᠢ ᠶᠢ ᠵᠠᠷᠯᠠᠬᠤ ᠰᠢᠰᠲ᠋ᠧᠮ ᠬᠢᠬᠡᠳ ᠰᠠᠯᠠᠭ᠎ᠠ ᠮᠦᠴᠢᠷ ᠤᠨ ᠬᠠᠮᠵᠢᠯᠴᠠᠵᠦ ᠬᠢᠨᠠᠨ ᠬᠠᠮᠢᠶᠠᠷᠬᠤ ᠲᠡᠪᠴᠡᠩ ᠤᠨ ᠪᠠᠶᠢᠭᠤᠯᠤᠯᠳᠠ ᠶᠢ ᠦᠷᠭᠦᠯᠵᠢᠯᠡᠨ ᠲᠦᠷᠬᠡᠳᠬᠡᠨ᠂ ᠬᠤᠯᠪᠤᠭᠠᠯᠠᠨ ᠨᠡᠪᠳᠡᠷᠡᠯᠴᠡᠬᠦ ᠬᠡᠪᠴᠢᠶ᠎ᠡ ᠶᠢ ᠤᠯᠠᠮ ᠨᠢᠬᠡ ᠠᠯᠬᠤᠮ ᠦᠷᠬᠡᠳᠬᠡᠬᠦ ᠪᠠ ᠲᠡᠪᠴᠡᠩ ᠤᠨ ᠴᠢᠳᠠᠮᠵᠢ ᠶᠢ ᠲᠡᠭᠦᠯᠳᠡᠷᠵᠢᠬᠦᠯᠵᠦ᠂ ᠡᠯ᠎ᠡ ᠲᠦᠷᠦᠯ ᠤᠨ ᠢᠳᠡᠬᠡᠮᠵᠢ ᠶᠢᠨ ᠮᠡᠳᠡᠭᠡ ᠵᠠᠩᠬᠢ ᠶᠢ ᠨᠢᠬᠡᠳᠦᠯᠳᠡᠢ ᠴᠤᠨᠨᠯᠠᠭᠤᠯᠤᠨ ᠨᠡᠶᠢᠯᠡᠬᠦᠯᠬᠦ ᠪᠠ ᠰᠤᠯᠢᠯᠴᠠᠵᠦ ᠬᠠᠮᠳᠤᠪᠡᠷ ᠭᠦᠷᠳᠡᠬᠦ ᠠᠵᠢᠯ ᠢ ᠴᠢᠩᠭᠠᠳᠬᠠᠨ ᠂ ︽ᠵᠠᠰᠠᠭ ᠤᠨ ᠤᠷᠳᠤᠨ ᠤᠳᠤᠷᠢᠳᠬᠤ᠂ ᠰᠠᠯᠠᠭ᠎ᠠ ᠮᠦᠴᠢᠷ ᠤᠷᠤᠯᠴᠠᠬᠤ᠂ ᠵᠡᠷᠬᠡ ᠳᠤᠨᠢ ᠠᠳᠬᠤᠵᠦ ᠬᠠᠮᠳᠤᠪᠡᠷ ᠬᠠᠮᠢᠶᠠᠷᠬᠤ︾ ᠠᠵᠢᠯ ᠬᠡᠷᠡᠭ ᠤᠨ ᠲᠤᠮᠳᠠᠬᠢ ᠪᠠ ᠲᠠᠷᠠᠭᠠᠬᠢ ᠬᠢᠨᠠᠯᠳᠠ ᠬᠠᠮᠢᠶᠠᠷᠤᠯᠳᠠ ᠶᠢᠨ ᠠᠵᠢᠯ ᠤᠨ ᠪᠠᠶᠢᠷᠢᠰᠢᠯ ᠢ ᠪᠦᠭᠦ ᠭᠦᠴᠦᠨ ᠢᠶᠠᠷ ᠴᠤᠨᠨᠴᠠᠯᠠᠨ ᠪᠠᠶᠢᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶ᠎ᠠ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      5. ᠢᠨᠲ᠋ᠧᠷ ᠰᠦᠯᠵᠢᠶ᠎ᠡ + ᠬᠢᠨᠠᠯᠳᠠ ᠬᠠᠮᠢᠶᠠᠷᠤᠯᠳᠠ ᠶᠢ ᠶᠡᠬᠡᠪᠡᠷ ᠠᠬᠢᠭᠤᠯᠤᠨ᠎ᠠ᠃ ᠲᠤᠮᠤ ᠳ᠋ᠠᠶᠢᠲ᠋ᠠ᠂ ᠡᠭᠦᠯᠡᠨ ᠪᠤᠳᠤᠯᠳᠠ ᠵᠡᠷᠬᠡ ᠮᠡᠳᠡᠭᠡ ᠵᠠᠩᠬᠢᠵᠢᠯᠳᠠ ᠶᠢᠨ ᠠᠷᠭ᠎ᠠ ᠠᠪᠴᠠᠯ ᠢ ᠭᠦᠢᠴᠡᠳ ᠬᠡᠷᠡᠭᠯᠡᠵᠦ᠂ ᠰᠠᠯᠠᠭ᠎ᠠ ᠮᠦᠴᠢᠷ ᠠᠯᠤᠰᠯᠬᠠᠰᠠᠨ ᠬᠤᠯᠪᠤᠭᠠᠯᠠᠵᠦ ᠰᠤᠭᠤᠴᠢᠨ ᠪᠠᠶᠢᠴᠠᠭᠠᠬᠤ ᠠᠵᠢᠯ ᠤᠨ ᠲᠤᠨᠨᠳᠠᠴᠠ ᠶᠢ ᠦᠷᠭᠦᠯᠵᠢᠯᠡᠨ ᠲᠡᠭᠦᠯᠳᠡᠷᠵᠢᠬᠦᠯᠵᠦ᠂ ᠮᠠᠰᠢᠨ ᠤ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠶᠢᠨ ᠬᠠᠮᠤᠷᠬᠤ ᠨᠤᠷᠮ᠎ᠠ ᠶᠢ ᠲᠡᠬᠡᠭᠰᠢᠯᠡᠬᠦᠯᠦᠨ᠂ ᠲᠦᠭᠰᠢᠭᠦᠷᠢ ᠶᠡᠬᠡᠳᠡᠢ ᠠᠵᠦ ᠠᠬᠤᠶᠢᠯᠠᠯ ᠤᠨ ᠰᠤᠭᠤᠴᠢᠨ ᠪᠠᠶᠢᠴᠠᠭᠠᠨᠨᠳᠠᠬᠤ ᠲᠤᠬᠢᠶᠠᠯᠳᠤᠮᠵᠢ ᠪᠠ ᠲᠡᠪᠳᠡᠮᠵᠢ ᠤᠳᠠᠭ᠎ᠠ ᠶᠢ ᠨᠡᠮᠡᠭᠳᠡᠭᠦᠯᠦᠨ᠎ᠡ᠃ ︵ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶ᠎ᠠ᠂ ᠬᠠᠤᠯᠢ ᠲᠦᠷᠢᠮ ᠤᠨ ᠠᠯᠪᠠᠨ ᠬᠡᠷ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      6. ᠭᠤᠤᠯᠴᠢ ᠪᠠᠷ ᠬᠢᠨᠠᠨ ᠪᠠᠶᠢᠴᠭᠠᠠᠬᠤ ᠲᠤᠨᠨᠳᠠᠴᠠ ᠶᠢ ᠪᠠᠶᠢᠭᠤᠯᠤᠨ᠎ᠠ᠃ ᠭᠤᠤᠯᠴᠢ ᠪᠠᠷ ᠦᠷᠢᠰᠦᠯᠳᠦᠬᠦ ᠶᠢ ᠬᠢᠨᠠᠨ ᠪᠠᠶᠢᠴᠠᠭᠠᠬᠤ ᠲᠦᠷᠢᠮ ᠢ ᠪᠦᠭᠦ ᠲᠠᠯ᠎ᠠ ᠪᠠᠷ ᠬᠡᠷᠡᠭᠵᠢᠬᠦᠯᠵᠦ᠂ ᠡᠮᠬᠢ ᠵᠢᠷᠤᠮ ᠲᠠᠢ ᠦᠷᠢᠰᠦᠯᠳᠦᠬᠦ ᠵᠠᠬ᠎ᠠ ᠲᠡᠯᠬᠡᠭᠦᠷ ᠤᠨ ᠰᠢᠰᠲ᠋ᠧᠮᠵᠢ ᠶᠢ ᠠᠬᠢᠭᠤᠯᠤᠨ ᠲᠡᠭᠦᠯᠳᠡᠷᠵᠢᠬᠦᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠠᠴᠠ ᠲᠦᠷᠦᠭᠦᠯᠡᠵᠦ᠂ ᠦᠪᠡᠷᠳᠡᠬᠡᠨ ᠵᠠᠰᠬᠠᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠬᠠᠮᠵᠢᠯᠴᠠᠨ᠎ᠠ︶      7. ᠲᠤᠰᠬᠠᠢ ᠵᠦᠢᠯ ᠤᠨ ᠬᠢᠨᠠᠯᠳᠠ ᠬᠠᠮᠢᠶᠠᠷᠤᠯᠳᠠ ᠶᠢᠨ ᠨᠠᠷᠢᠨ ᠬᠠᠭᠤᠳᠠᠰᠤ ᠶᠢ ᠲᠤᠨᠨᠳᠠᠭᠠᠨ᠎ᠠ᠃ ᠤᠯᠤᠰ ᠤᠨ ︽ᠬᠡᠨ ᠬᠢᠨᠠᠨ ᠵᠦᠪᠰᠢᠶᠡᠷᠡᠪᠡᠯ ᠲᠡᠷᠡ ᠬᠢᠨᠠᠨ ᠬᠠᠮᠢᠶᠠᠷᠬᠤ᠂ ᠬᠡᠨ ᠭᠤᠤᠯᠴᠢᠯᠠᠨ ᠬᠠᠮᠢᠶᠠᠷᠪᠠᠯ ᠲᠡᠷᠡ ᠬᠢᠨᠠᠨ ᠬᠠᠮᠢᠶᠠᠷᠬᠤ︾ ᠱᠠᠭᠠᠷᠳᠠᠯᠭ᠎ᠠ ᠶᠢ ᠴᠢᠩᠳᠠᠯᠠᠨ ᠨᠠᠶᠢᠳᠠᠪᠤᠷᠢᠵᠢᠭᠤᠯᠵᠦ᠂ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠲᠠᠢ ᠤᠶᠠᠯᠳᠤᠭᠤᠯᠤᠨ᠂ ᠲᠤᠰᠬᠠᠢ ᠵᠦᠢᠯ ᠤᠨ ᠬᠢᠨᠠᠯᠳᠠ ᠬᠠᠮᠢᠶᠠᠷᠤᠯᠳᠠ ᠶᠢᠨ ᠨᠠᠷᠢᠨ ᠬᠠᠭᠤᠳᠠᠰᠤ ᠪᠠ ᠨᠢᠬᠡᠨᠳᠡ ᠭᠦᠴᠦᠨ ᠦᠬᠡᠢ ᠪᠤᠯᠭᠠᠨᠨᠰᠠᠨ ᠵᠦᠪᠰᠢᠶᠡᠷᠡᠬᠦ ᠵᠦᠢᠯᠡᠰ ᠤᠨ ᠠᠵᠢᠯ ᠬᠡᠷᠡᠭ ᠤᠨ ᠲᠤᠮᠳᠠᠬᠢ ᠪᠠ ᠲᠠᠷᠠᠭᠠᠬᠢ ᠬᠢᠨᠠᠯᠳᠠ ᠬᠠᠮᠢᠶᠠᠷᠤᠯᠳᠠ ᠶᠢᠨ ᠠᠷᠭ᠎ᠠ ᠶᠢ ᠴᠠᠭ ᠲᠤᠨᠢ ᠲᠤᠬᠢᠷᠠᠭᠤᠯᠵᠦ ᠲᠤᠨᠨᠳᠠᠭᠠᠨ᠎ᠠ᠃ ︵ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶ᠎ᠠ᠂ ᠤᠷᠤᠨ ᠲᠤᠭ᠎ᠠ ᠶᠢᠨ ᠠᠯᠪᠠᠨ ᠬᠡᠷ᠂ ᠬᠠᠤᠯᠢ ᠲᠦᠷᠢᠮ ᠤᠨ ᠠᠯᠪᠠᠨ ᠬᠡᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      8. ᠠᠭᠤᠵᠢᠭᠤ ᠪᠠᠭᠳᠠᠭᠠᠮᠵᠢ ᠲᠠᠢ ᠪᠦᠬᠡᠳ ᠬᠢᠨᠠᠭᠤᠷ ᠪᠤᠯᠭᠤᠮᠵᠢᠳᠠᠢ ᠬᠢᠨᠠᠯᠳᠠ ᠬᠠᠮᠢᠶᠠᠷᠤᠯᠳᠠ ᠶᠢ ᠰᠦᠪᠡᠭᠴᠢᠯᠡᠨ᠎ᠡ᠃ ᠰᠢᠨ᠎ᠠ ᠭᠦᠳᠡᠯᠬᠡᠬᠦ ᠭᠦᠴᠦᠨ ᠤ ᠦᠳᠳᠡᠷ ᠲᠦᠷᠬᠡᠨ ᠪᠤᠢ ᠪᠤᠯᠬᠤ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠦ᠂ ᠠᠭᠤᠵᠢᠭᠤ ᠪᠠᠭᠳᠠᠭᠠᠮᠵᠢ ᠲᠠᠢ ᠪᠠᠷ ᠰᠢᠨ᠎ᠠ ᠶᠢ ᠡᠭᠦᠳᠬᠦ ᠶᠢᠨ ᠬᠢᠨᠠᠭᠤᠷ ᠪᠤᠯᠭᠤᠮᠵᠢᠳᠠᠢ ᠬᠢᠨᠠᠯᠳᠠ ᠬᠠᠮᠢᠶᠠᠷᠤᠯᠳᠠ ᠶᠢᠨ ᠲᠦᠷᠢᠮ ᠢ ᠰᠦᠪᠡᠭᠴᠢᠯᠡᠨ᠂ ᠰᠢᠨ᠎ᠠ ᠠᠵᠦ ᠦᠢᠯᠡᠰ ᠰᠢᠨ᠎ᠠ ᠡᠵᠡᠩᠨᠡᠯᠳᠡ ᠶᠢᠨ ᠪᠠᠶᠢᠳᠠᠯ ᠳᠤ ᠤᠶᠠᠨ ᠬᠠᠷᠢᠮᠠᠬᠠᠢ ᠮᠦᠷᠳᠡᠬᠡᠨ ᠵᠢᠷᠤᠮᠵᠢᠯ ᠲᠠᠢ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠠᠪᠤᠨ᠎ᠠ᠃ ︵ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠪᠠ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      ︵ᠲᠤᠯᠤᠭ᠎ᠠ︶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠦᠭᠦ ᠲᠠᠯ᠎ᠠ ᠪᠠᠷ ᠰᠢᠯᠢᠳᠡᠭᠵᠢᠭᠦᠯᠦᠨ᠎ᠡ᠃      1. ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠶᠡᠬᠡᠪᠡᠷ ᠠᠬᠢᠭᠤᠯᠤᠨ᠎ᠠ᠃ ︽ᠡᠭᠦᠯᠡᠨ ᠲᠡᠪᠴᠡᠩ ᠳᠠᠬᠢ ᠤᠮᠠᠷᠠᠳᠤ ᠬᠢᠯᠢ︾ ᠲᠤᠮᠤ ᠳ᠋ᠠᠶᠢᠲ᠋ᠠ ᠶᠢᠨ ᠲᠡᠪᠴᠡᠩ ᠤᠨ ᠪᠠᠶᠢᠭᠤᠯᠤᠯᠳᠠ ᠲᠠᠢ ᠤᠶᠠᠯᠳᠤᠭᠤᠯᠵᠦ᠂ ᠦᠪᠡᠷᠳᠡᠬᠡᠨ ᠵᠠᠰᠬᠠᠤ ᠤᠷᠤᠨ ᠤ ᠲᠤᠰ ᠱᠠᠳᠤᠨ ᠤ ᠵᠠᠰᠠᠭ ᠤᠨ ᠶᠠᠪᠤᠳᠠᠯ ᠤᠨ ᠪᠤᠳᠠᠳᠤ ᠴᠤᠨᠨᠴᠠᠳᠤ ᠲᠢᠩᠬᠢᠮ ᠪᠠ ᠡᠯᠧᠺᠲᠷᠤᠨ ᠵᠠᠰᠠᠭ ᠤᠨ ᠶᠠᠪᠤᠳᠠᠯ ᠤᠨ ᠲᠡᠪᠴᠡᠩ ᠤᠨ ᠪᠠᠶᠢᠭᠤᠯᠤᠯᠳᠠ ᠶᠢ ᠲᠦᠷᠬᠡᠳᠬᠡᠨ᠂ ᠪᠤᠳᠠᠳᠤ ᠴᠤᠨᠨᠴᠠᠳᠤ ᠵᠠᠰᠠᠭ ᠤᠨ ᠶᠠᠪᠤᠳᠠᠯ ᠤᠨ ᠲᠢᠩᠬᠢᠮ ᠢ ᠰᠦᠯᠵᠢᠶ᠎ᠡ ᠪᠠᠷ ᠠᠵᠢᠯ ᠭᠦᠢᠴᠡᠳᠬᠡᠬᠦ ᠲᠢᠩᠬᠢᠮ ᠲᠡᠰᠢ ᠤᠷᠳᠤᠳᠬᠠᠬᠤ ᠶᠢ ᠠᠬᠢᠭᠤᠯᠵᠦ᠂ ᠲᠤᠮᠤ ᠳ᠋ᠠᠶᠢᠲ᠋ᠠ ᠶᠢᠨ ᠮᠡᠷᠬᠡᠵᠢᠯ ᠢ ᠠᠰᠢᠨᠨᠯᠠᠨ ᠵᠠᠰᠠᠭ ᠤᠨ ᠶᠠᠪᠤᠳᠠᠯ ᠤᠨ ᠰᠢᠯᠵᠢᠮᠡᠯ ᠲᠢᠩᠬᠢᠮ ᠢ ᠪᠠᠶᠢᠭᠤᠯᠤᠨ᠂ ︽ᠨᠢᠬᠡ ᠤᠳᠠᠭ᠎ᠠ ᠭᠤᠶᠤᠴᠢᠯᠠᠪᠠᠯ᠂ ᠨᠢᠬᠡ ᠯᠠ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠬᠢᠨᠠᠨ ᠵᠦᠪᠰᠢᠶᠡᠷᠡᠭᠦ ᠠᠷᠭ᠎ᠠ ᠮᠠᠶ᠋ᠢᠭ ᠢ ᠲᠦᠷᠬᠡᠳᠬᠡᠨ ᠪᠡᠶᠡᠯᠡᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠪᠦᠷᠢᠨ ᠰᠦᠯᠵᠢᠶ᠎ᠡ︾ ᠶᠢ ᠴᠤᠨᠨᠴᠠᠯᠠᠨ ᠪᠠᠶᠢᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠲᠤᠮᠤ ᠳ᠋ᠠᠶᠢᠲ᠋ᠠ ᠶᠢᠨ ᠭᠦᠭᠵᠢᠬᠦᠯᠦᠯᠳᠡ ᠬᠠᠮᠢᠶᠠᠷᠤᠯᠳᠠ ᠶᠢᠨ ᠲᠤᠪᠴᠢᠶ᠎ᠠ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      2. ᠵᠠᠰᠠᠭ ᠤᠨ ᠤᠷᠳᠤᠨ ᠤ ᠮᠡᠳᠡᠭᠡ ᠵᠠᠩᠬᠢ ᠶᠢ ᠬᠠᠮᠳᠤᠪᠡᠷ ᠭᠦᠷᠳᠡᠬᠦ ᠡᠷᠴᠢᠮ ᠢ ᠴᠢᠩᠭᠠᠷᠠᠭᠤᠯᠤᠨ᠎ᠠ᠃ ᠤᠯᠠᠨ ᠨᠡᠶᠢᠳᠡ ᠶᠢᠨ ᠮᠡᠳᠡᠭᠡ ᠵᠠᠩᠬᠢ ᠶᠢᠨ ᠡᠬᠢ ᠪᠠᠶᠠᠯᠢᠭ ᠢ ᠴᠢᠯᠦᠬᠡᠳᠡᠢ ᠪᠤᠯᠭᠠᠬᠤ ᠶᠢ ᠠᠬᠢᠭᠤᠯᠬᠤ ᠤᠯᠤᠰ ᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ᠡᠯᠧᠺᠲᠷᠤᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠤ ᠲᠦᠰᠢᠭᠯᠡᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠰᠢᠰᠲ᠋ᠧᠮ ᠢ ᠡᠮᠬᠢᠯᠡᠨ ᠨᠡᠶᠢᠯᠡᠬᠦᠯᠵᠦ ᠢᠯᠭᠠᠷᠠᠭᠤᠯᠬᠤ ᠪᠠ ᠭᠤᠷᠪᠠᠨ ᠱᠠᠳᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠠᠵᠢᠯ ᠢ ᠲᠦᠷᠬᠡᠳᠬᠡᠨ᠂ ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠤᠳ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠰᠢᠰᠲ᠋ᠧᠮ ᠤᠨ ᠨᠡᠷᠡᠰ ᠪᠠ ᠬᠠᠮᠳᠤᠪᠡᠷ ᠭᠦᠷᠳᠡᠬᠦ ᠮᠡᠳᠡᠭᠡ ᠵᠠᠩᠬᠢ ᠶᠢᠨ ᠭᠠᠷᠴᠠᠭ ᠢ ᠲᠤᠨᠨᠳᠠᠭᠠᠵᠦ᠂ ᠡᠯ᠎ᠡ ᠱᠠᠳᠤᠨ ᠤ ᠬᠠᠮᠳᠤᠪᠡᠷ ᠭᠦᠷᠳᠡᠬᠦ ᠲᠡᠪᠴᠡᠩ ᠲᠠᠢ ᠵᠠᠯᠭᠠᠭᠤᠯᠬᠤ ᠶᠢ ᠡᠷᠳᠡᠬᠡᠨ ᠪᠡᠶᠡᠯᠡᠬᠦᠯᠦᠨ᠂ ᠡᠯ᠎ᠡ ᠰᠠᠯᠠᠭ᠎ᠠ ᠮᠦᠴᠢᠷ᠂ ᠡᠯ᠎ᠡ ᠲᠡᠰ ᠱᠠᠳᠤ ᠶᠢᠨ ᠳ᠋ᠠᠶᠢᠲ᠋ᠠ ᠶᠢᠨ ᠮᠡᠳᠡᠭᠡ ᠵᠠᠩᠬᠢ ᠶᠢ ᠬᠠᠮᠳᠤᠪᠡᠷ ᠭᠦᠷᠳᠡᠬᠦ ᠬᠢᠬᠡᠳ ᠬᠠᠷᠢᠯᠴᠠᠨ ᠨᠡᠪᠳᠡᠷᠡᠯᠴᠡᠬᠦ ᠶᠢ ᠲᠦᠷᠬᠡᠳᠬᠡᠨ ᠪᠡᠶᠡᠯᠡᠬᠦᠯᠵᠦ᠂ ︽ᠮᠡᠳᠡᠭᠡ ᠵᠠᠩᠬᠢ ᠶᠢᠨ ᠲᠤᠰᠠᠭᠠᠷᠯᠠᠯ ︾ ᠢ ᠠᠷᠢᠯᠭᠠᠨ᠎ᠠ᠃ ︵ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      3. ︽ᠦᠨᠡᠮᠯᠡᠯ ᠢ ᠴᠦᠬᠡᠳᠬᠡᠵᠦ ᠠᠷᠠᠳ ᠲᠤ ᠲᠦᠭᠦᠮ ᠦᠵᠡᠬᠦᠯᠬᠦ︾ ᠠᠵᠢᠯᠯᠠᠭ᠎ᠠ ᠶᠢ ᠭᠦᠨᠵᠡᠬᠡᠢ ᠦᠷᠨᠢᠭᠦᠯᠦᠨ᠎ᠠ᠃ ᠤᠯᠤᠰ ᠤᠨ ᠨᠢᠬᠡᠳᠦᠯᠳᠡᠢ ᠱᠠᠭᠠᠷᠳᠠᠯᠭ᠎ᠠ ᠶᠤᠰᠤᠭᠠᠷ᠂ ︽ᠬᠠᠴᠢᠨ ᠵᠢᠭᠳᠡᠢ ᠬᠡᠷᠡᠴᠢ ᠭᠠᠷᠭᠠᠬᠤ︾ ︽ᠪᠠᠶᠢᠨ ᠲᠠᠬᠢᠨ ᠬᠡᠷᠡᠴᠢ ᠬᠢᠯᠬᠡᠬᠦ︾ ᠶᠢ ᠪᠦᠭᠦ ᠲᠠᠯ᠎ᠠ ᠪᠠᠷ ᠢᠯᠭᠠᠷᠠᠭᠤᠯᠵᠦ᠂ ᠤᠯᠠᠨ ᠲᠦᠮᠡᠨ ᠤ ᠠᠵᠢᠯ ᠬᠡᠷᠡᠭ ᠭᠦᠢᠴᠡᠳᠬᠡᠬᠦ ᠳᠤ ᠬᠡᠷᠡᠴᠢ ᠭᠠᠷᠭᠠᠬᠤ ︽ᠠᠵᠢᠯ ᠳᠤ ᠲᠠᠷᠤᠨᠨᠳᠠᠬᠤ︾᠂ ᠬᠢᠨᠠᠨ ᠵᠦᠪᠰᠢᠶᠡᠷᠡᠭᠦ ᠪᠠᠷ ︽ᠠᠵᠢᠯ ᠳᠤ ᠬᠠᠷᠢᠭᠤᠴᠠᠵᠦ ᠪᠠᠶᠢᠭ᠎ᠠ ᠪᠠᠨ ᠢᠯᠡᠳᠬᠡᠬᠦ︾ ᠵᠡᠷᠬᠡ ᠠᠰᠠᠭᠤᠳᠠᠯ ᠢ ᠦᠨᠡᠨᠬᠦ ᠰᠶᠢᠳᠪᠦᠷᠢᠯᠡᠨ᠎ᠠ᠃ ︵ᠦᠪᠡᠷᠳᠡᠬᠡᠨ ᠵᠠᠰᠬᠠᠤ ᠤᠷᠤᠨ ᠤ ᠤᠷᠤᠨ ᠲᠤᠭ᠎ᠠ ᠶᠢᠨ ᠠᠯᠪᠠᠨ ᠬᠡᠷ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ ᠤ ᠬᠠᠤᠯᠢ ᠲᠦᠷᠢᠮ ᠤᠨ ᠠᠯᠪᠠᠨ ᠬᠡᠷ᠂ ᠲᠤᠳᠤᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠵᠡᠷᠬᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠬᠠᠮᠵᠢᠯᠴᠠᠨ᠎ᠠ︶      4. ᠤᠯᠠᠨ ᠨᠡᠶᠢᠳᠡ ᠶᠢᠨ ᠦᠢᠯᠡᠴᠢᠯᠡᠬᠡᠨ ᠤ ᠶᠠᠰᠤ ᠴᠢᠨᠠᠷ ᠢ ᠭᠦᠴᠦᠯᠡᠨ ᠲᠡᠬᠡᠭᠰᠢᠯᠡᠭᠦᠯᠦᠨ᠎ᠠ᠃ ᠦᠪᠡᠷᠳᠡᠬᠡᠨ ᠵᠠᠰᠠᠬᠤ ᠤᠷᠤᠨ ᠤ ᠤᠯᠠᠨ ᠨᠡᠶᠢᠳᠡ ᠶᠢᠨ ᠦᠢᠯᠡᠴᠢᠯᠡᠬᠡᠨ ᠤ ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠪᠠ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠦᠷᠬᠦᠯᠵᠢᠯᠡᠨ ᠲᠡᠭᠦᠯᠳᠡᠷᠵᠢᠬᠦᠯᠦᠭᠰᠡᠨ ᠰᠠᠭᠤᠷᠢᠨ ᠲᠡᠬᠡᠷ᠎ᠡ᠂ ᠤᠰᠤ᠂ ᠴᠠᠬᠢᠯᠭᠠᠨ ᠬᠠᠩᠭᠠᠬᠤ᠂ ᠰᠢᠳᠠᠮᠠᠬᠠᠢ ᠬᠡᠢ᠂ ᠢᠯᠴᠢ ᠬᠠᠩᠭᠠᠬᠤ ᠵᠡᠷᠬᠡ ᠤᠯᠠᠨ ᠨᠡᠶᠢᠳᠡ ᠶᠢᠨ ᠦᠢᠯᠡᠴᠢᠯᠡᠬᠡᠨ ᠤ ᠭᠤᠤᠯᠳᠠᠯᠭ᠎ᠠ ᠲᠠᠢ ᠠᠵᠢᠯ ᠲᠦᠷᠦᠯ ᠳᠠᠬᠢ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠭᠤᠷᠪᠠᠳᠠᠬᠢ ᠡᠳᠡᠬᠡᠳ ᠠᠴᠠ ᠦᠨᠡᠯᠡᠨ ᠵᠢᠱᠢᠬᠦ ᠲᠤᠨᠨᠳᠠᠴᠠ ᠶᠢ ᠤᠷᠤᠭᠤᠯᠤᠨ᠂ ᠤᠯᠠᠨ ᠲᠦᠮᠡᠨ ᠤ ᠠᠮᠢᠳᠤᠷᠠᠯ ᠯᠤᠭ᠎ᠠ ᠨᠢᠨᠨᠳᠠ ᠬᠤᠯᠪᠤᠨᠨᠳᠠᠬᠤ ᠤᠯᠠᠨ ᠨᠡᠶᠢᠳᠡ ᠶᠢᠨ ᠠᠵᠢᠯ ᠦᠢᠯᠡᠰ ᠤᠨ ᠦᠢᠯᠡᠴᠢᠯᠡᠬᠡᠨ ᠤ ᠶᠠᠰᠤ ᠴᠢᠨᠠᠷ ᠪᠠ ᠦᠷ᠎ᠡ ᠠᠰᠢᠭ ᠢ ᠶᠡᠬᠡᠪᠡᠷ ᠲᠡᠬᠡᠭᠰᠢᠯᠡᠭᠦᠯᠦᠨ᠎ᠠ᠃ ︵ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      5. ᠵᠠᠰᠠᠭ ᠤᠨ ᠶᠠᠪᠤᠳᠠᠯ ᠢ ᠢᠯᠡ ᠪᠤᠯᠭᠠᠬᠤ ᠡᠷᠴᠢᠮ ᠢ ᠴᠢᠩᠭᠠᠷᠠᠭᠤᠯᠤᠨ᠎ᠠ᠃ ᠰᠶᠢᠳᠪᠦᠷᠢᠳᠦ ᠪᠤᠳᠤᠯᠭ᠎ᠠ᠂ ᠬᠡᠷᠡᠭᠵᠢᠭᠦᠯᠦᠯᠳᠡ᠂ ᠬᠠᠮᠢᠶᠠᠷᠤᠯᠳᠠ᠂ ᠦᠢᠯᠡᠴᠢᠯᠡᠭᠡ᠂ ᠦᠷ᠎ᠡ ᠳ᠋ᠦᠩ ︽ᠲᠠᠪᠤ ᠶᠢ ᠢᠯᠡ ᠪᠤᠯᠭᠠᠬᠤ︾ ᠶᠢ ᠪᠦᠭᠦ ᠲᠠᠯ᠎ᠠ ᠪᠠᠷ ᠠᠬᠢᠭᠤᠯᠵᠦ᠂ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠤᠨᠨᠳᠠᠬᠤ᠂ ᠵᠠᠬ᠎ᠠ ᠲᠡᠯᠬᠡᠭᠦᠷ ᠤᠨ ᠵᠢᠱᠢᠯᠳᠡ ᠶᠢ ᠨᠦᠯᠦᠬᠡᠯᠡᠬᠦ ᠪᠠ ᠤᠯᠠᠨ ᠨᠡᠶᠢᠳᠡ ᠶᠢᠨ ᠬᠡᠨᠡᠳᠳᠡ ᠶᠢᠨ ᠬᠡᠷᠡᠭ ᠵᠡᠷᠬᠡ ᠭᠤᠤᠯᠳᠠᠯᠭ᠎ᠠ ᠲᠠᠢ ᠵᠦᠢᠯᠡᠰ ᠤᠨ ᠲᠤᠭᠤᠷᠢᠨ ᠳᠤ᠂ ᠢᠯᠡ ᠪᠤᠯᠭᠠᠬᠤ ᠡᠷᠴᠢᠮ ᠢ ᠴᠢᠩᠭᠠᠷᠠᠭᠤᠯᠵᠦ᠂ ᠨᠡᠶᠢᠬᠡᠮ ᠤᠨ ᠬᠠᠯᠠᠮᠵᠢᠯᠠᠨ ᠠᠩᠬᠠᠷᠴᠤ ᠪᠠᠶᠢᠭ᠎ᠠ ᠳᠤ ᠢᠳᠡᠪᠬᠢᠳᠡᠢ ᠪᠠᠷ ᠰᠠᠨᠠᠭᠠᠴᠢᠯᠠᠭ᠎ᠠ ᠠᠴᠠ ᠪᠠᠨ ᠬᠠᠷᠢᠭᠤ ᠲᠤᠰᠬᠠᠨ᠎ᠠ᠃ ︵ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      6. ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠤᠨ᠎ᠠ᠃ ︽ᠠᠳᠠᠯ ᠦᠢᠯᠡᠰ ᠴᠤᠨᠨᠴᠠᠯᠠᠬᠤ ᠦᠪᠦᠷ ᠮᠤᠩᠭᠤᠯ︾ ᠤᠨ ᠠᠵᠢᠯᠯᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠦ᠂ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠶᠢᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠠ ᠨᠡᠶᠢᠳᠡ ᠤᠯᠠᠨ ᠤ ᠰᠢᠨ᠎ᠠ ᠡᠭᠦᠳᠦᠯᠳᠡ ᠶᠢᠨ ᠤᠷᠤᠨ ᠵᠠᠢ ᠶᠢᠨ ᠪᠠᠶᠢᠭᠤᠯᠤᠯᠳᠠ ᠶᠢ ᠶᠡᠬᠡᠪᠡᠷ ᠠᠬᠢᠭᠤᠯᠤᠨ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠲᠠᠨᠢᠯᠴᠠᠭᠤᠯᠭ᠎ᠠ᠂ ᠬᠠᠤᠯᠢ ᠴᠠᠭᠠᠵᠠ ᠶᠢᠨ ᠯᠠᠪᠯᠠᠯᠭ᠎ᠠ᠂ ᠲᠠᠯᠠᠪᠤᠷ ᠭᠠᠵᠠᠷ ᠪᠠ ᠪᠡᠯᠡ ᠲᠤᠬᠢᠷᠠᠭᠤᠯᠭ᠎ᠠ᠂ ᠠᠵᠢᠯᠴᠢᠨ ᠬᠡᠷᠡᠭᠯᠡᠬᠦ ᠪᠠ ᠨᠡᠶᠢᠬᠡᠮ ᠤᠨ ᠪᠠᠳᠤᠯᠠᠭ᠎ᠠ ᠵᠡᠷᠬᠡ ᠭᠦᠷᠢᠶ᠎ᠡ ᠴᠠᠷᠠᠭ᠎ᠠ ᠳᠤ ᠨᠡᠩ ᠰᠠᠶᠢᠨ ᠨᠡᠩ ᠰᠢᠯᠢᠳᠡᠭ ᠦᠢᠯᠡᠴᠢᠯᠡᠭᠡ ᠬᠠᠩᠭᠠᠨ᠎ᠠ᠃ ︵ᠦᠪᠡᠷᠳᠡᠬᠡᠨ ᠵᠠᠰᠠᠬᠤ ᠤᠷᠤᠨ ᠤ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠠᠴᠠ ᠲᠦᠷᠦᠭᠦᠯᠡᠵᠦ᠂ ᠦᠪᠡᠷᠳᠡᠬᠡᠨ ᠵᠠᠰᠬᠠᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      7. ᠲᠡᠬᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠭᠦᠷᠢᠶᠡᠯᠡᠩ ᠭᠠᠵᠠᠷ ᠤᠨ ᠡᠵᠡᠨ ᠮᠡᠳᠡᠬᠦ ᠡᠷᠬᠡ ᠶᠢ ᠦᠷᠬᠡᠳᠬᠡᠨ᠎ᠠ᠃ ᠲᠡᠬᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠭᠦᠷᠢᠶᠡᠯᠡᠩ ᠭᠠᠵᠠᠷ ᠤᠨ ᠡᠵᠡᠨ ᠮᠡᠳᠡᠬᠦ ᠡᠷᠬᠡ ᠶᠢ ᠦᠷᠬᠡᠳᠬᠡᠬᠦ ᠪᠠ ᠵᠢᠭᠠᠨ ᠰᠤᠷᠭᠠᠯᠳᠠ ᠰᠢᠨᠵᠢᠯᠡᠬᠦ ᠤᠬᠠᠭᠠᠨ ᠰᠤᠳᠤᠯᠤᠯ ᠤᠨ ᠠᠵᠢᠯᠳᠠᠳ ᠤᠨ ᠠᠳᠠᠯ ᠦᠢᠯᠡᠰ ᠴᠤᠨᠨᠴᠠᠯᠠᠵᠦ ᠰᠢᠨ᠎ᠠ ᠶᠢ ᠡᠭᠦᠳᠬᠦ ᠳᠤ ᠰᠲ᠋ᠤᠺ ᠤᠨ ᠡᠷᠬᠡ ᠪᠠᠷ ᠤᠷᠮᠠᠰᠢᠭᠤᠯᠬᠤ ᠶᠢ ᠲᠡᠮᠵᠢᠬᠦ ᠵᠡᠷᠬᠡ ᠤᠯᠤᠰ ᠪᠠ ᠦᠪᠡᠷᠳᠡᠬᠡᠨ ᠵᠠᠰᠠᠬᠤ ᠤᠷᠤᠨ ᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠰᠢᠨᠵᠢᠯᠡᠬᠦ ᠤᠬᠠᠭᠠᠨ ᠮᠡᠷᠬᠡᠵᠢᠯ ᠤᠨ ᠦᠷ᠎ᠡ ᠪᠦᠳᠦᠬᠡᠯ ᠢ ᠤᠯᠠᠷᠢᠭᠤᠯᠬᠤ ᠶᠢ ᠠᠬᠢᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠰᠤᠷᠭᠠᠨ ᠭᠦᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠬᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠤᠭᠤᠳ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      ᠭᠤᠷᠪᠠ᠂ ᠠᠵᠢᠯ ᠤᠨ ᠱᠠᠭᠠᠷᠳᠠᠯᠭ᠎ᠠ      ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠭᠤᠤᠯ ᠬᠠᠷᠢᠭᠤᠴᠠᠬᠤ ᠨᠦᠭᠦᠳ ᠪᠠ ᠡᠭᠦᠷᠬᠡ ᠴᠢᠳᠠᠪᠤᠷᠢ ᠪᠠᠨ ᠬᠤᠪᠢᠷᠠᠭᠤᠯᠤᠨ ᠠᠬᠢᠭᠤᠯᠬᠤ ᠶᠢ ᠵᠤᠬᠢᠴᠠᠭᠤᠯᠬᠤ ᠲᠤᠭᠤᠶᠢᠯᠠᠩ ᠨᠢ ᠲᠡᠬᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠦᠬᠡᠷᠡᠴᠢᠯᠡᠯᠳᠡ ᠶᠢᠨ ᠦᠷ᠎ᠡ ᠠᠰᠢᠭ ᠢ ᠠᠬᠢᠭᠤᠯᠬᠤ ᠶᠢ ᠦᠨᠡᠨᠬᠦ ᠲᠡᠬᠡᠭᠰᠢᠯᠡᠬᠦᠯᠦᠨ᠎ᠠ᠃ ᠶᠡᠷᠦᠩᠬᠡᠢ ᠰᠠᠶᠢᠳ ᠯᠢ ᠺᠧ ᠴᠢᠶᠠᠩ ᠤᠨ ᠪᠦᠭᠦ ᠤᠯᠤᠰ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠲᠧᠯᠸᠢᠰ ᠳ᠋ᠢᠶᠠᠩᠬᠤᠸᠠ ᠬᠤᠷᠠᠯ ᠲᠡᠬᠡᠷ᠎ᠡ ᠲᠤᠷᠠᠳᠤᠨᠨᠰᠠᠨ ︽ᠲᠠᠪᠤ ᠶᠢ ᠪᠡᠶᠡᠯᠡᠬᠦᠯᠬᠦ︾ ᠠᠵᠢᠯ ᠤᠨ ᠱᠠᠭᠠᠷᠳᠠᠯᠭ᠎ᠠ ᠶᠤᠰᠤᠭᠠᠷ᠂ ᠲᠤᠰ ᠲᠦᠰᠦᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠠᠵᠢᠯ ᠤᠨ ᠲᠦᠰᠦᠯ ᠢ ᠴᠠᠭ ᠲᠤᠬᠠᠢ ᠳᠤᠨᠢ ᠵᠤᠬᠢᠶᠠᠨ ᠪᠠᠶᠢᠭᠤᠯᠵᠦ ᠲᠤᠨᠨᠳᠠᠭᠠᠬᠤ ᠶᠢᠨ ᠬᠠᠮᠳᠤ ᠬᠤᠭᠤᠴᠠᠭ᠎ᠠ ᠬᠢᠵᠠᠭᠠᠷᠯᠠᠨ ᠦᠬᠡᠷᠡᠴᠢᠯᠡᠯᠳᠡ ᠶᠢᠨ ᠪᠢᠴᠢᠭ ᠮᠠᠲ᠋ᠧᠷᠢᠶᠠᠯ ᠢ ᠨᠡᠶᠢᠳᠡᠯᠡᠨ᠂ ᠴᠠᠭ ᠤᠨ ᠭᠦᠰᠦᠨᠦᠭᠳᠦ᠂ ᠠᠵᠢᠯ ᠤᠨ ᠱᠤᠭᠤᠮ ᠤᠨ ᠵᠢᠷᠤᠭ ᠪᠠ ᠦᠷ᠎ᠡ ᠪᠦᠳᠦᠬᠡᠯ ᠤᠨ ᠬᠡᠯᠪᠡᠷᠢ ᠶᠢ ᠲᠤᠳᠤᠷᠬᠠᠶᠢᠯᠠᠵᠦ᠂ ᠡᠭᠦᠷᠬᠡ ᠶᠢ ᠵᠦᠢᠯ ᠲᠠᠷᠠᠭᠠᠯᠠᠨ ᠢᠯᠠᠭᠠᠷᠠᠭᠤᠯᠤᠨ ᠬᠤᠪᠢᠶᠠᠵᠦ ᠪᠤᠳᠠᠳᠠᠶᠢᠵᠢᠭᠤᠯᠬᠤ ᠪᠦᠬᠡᠳ ᠭᠦᠮᠦᠨ ᠪᠦᠷᠢ ᠳᠤ ᠨᠠᠶᠢᠳᠠᠪᠤᠷᠢᠵᠢᠭᠤᠯᠤᠨ᠎ᠠ᠃      ︵ᠬᠤᠶᠠᠷ︶ ᠨᠢᠬᠡᠳᠦᠯᠳᠡᠢ ᠲᠦᠯᠦᠪᠯᠡᠵᠦ ᠵᠤᠬᠢᠴᠠᠭᠤᠯᠬᠤ ᠶᠢ ᠴᠢᠩᠭᠠᠳᠬᠠᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠨᠢᠨᠨᠳᠠ ᠴᠢᠩᠭ᠎ᠠ ᠬᠠᠮᠵᠢᠯᠴᠠᠵᠦ᠂ ᠵᠤᠬᠢᠴᠠᠯᠳᠤᠵᠦ ᠬᠤᠯᠪᠤᠭᠠᠯᠠᠨ ᠭᠦᠳᠡᠯᠦᠯᠴᠡᠵᠦ᠂ ᠬᠠᠷᠢᠯᠴᠠᠨ ᠲᠤᠷᠰᠢᠯᠭ᠎ᠠ ᠰᠤᠷᠭᠠᠮᠵᠢ ᠠᠪᠴᠤ᠂ ᠵᠣᠷᠢᠭ ᠲᠠᠢ ᠪᠠᠷ ᠰᠦᠪᠡᠭᠴᠢᠯᠡᠨ ᠰᠢᠨ᠎ᠠ ᠶᠢ ᠡᠭᠦᠳᠴᠤ᠂ ᠲᠦᠷᠦᠭᠦᠯᠡᠨ ᠰᠢᠪᠳᠤᠯᠬᠤ ᠵᠤᠷᠢᠭ ᠰᠦᠰᠦ ᠲᠠᠢ ᠪᠠᠶᠢᠬᠤ ᠬᠡᠷᠡᠭᠳᠡᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠲᠤᠰ ᠭᠠᠵᠠᠷ ᠤᠷᠤᠨ ᠲᠤᠰ ᠭᠦᠷᠢᠶ᠎ᠡ ᠴᠠᠷᠠᠭ᠎ᠠ ᠳᠤ ᠬᠠᠷᠢᠶᠠᠯᠬᠠᠳᠠᠬᠤ ᠠᠰᠠᠭᠤᠳᠠᠯ ᠢ ᠰᠶᠢᠳᠪᠦᠷᠢᠯᠠᠬᠦ ᠶᠢ ᠬᠠᠷᠢᠭᠤᠴᠠᠨ ᠠᠬᠢᠭᠤᠯᠤᠨ᠎ᠠ︔ ᠡᠭᠦᠷᠬᠡ ᠴᠢᠳᠠᠪᠤᠷᠢ ᠪᠠᠨ ᠬᠤᠪᠢᠷᠠᠭᠤᠯᠤᠨ ᠠᠬᠢᠭᠤᠯᠬᠤ ᠶᠢ ᠵᠤᠬᠢᠴᠠᠭᠤᠯᠬᠤ ᠲᠤᠭᠤᠶᠢᠯᠠᠩ ᠤᠨ ᠡᠯ᠎ᠡ ᠲᠤᠰᠬᠠᠢ ᠰᠡᠳᠦᠪᠳᠦ ᠲᠤᠭᠤᠶᠢᠯᠠᠩ ᠨᠢ ᠲᠦᠷᠦᠭᠦᠯᠡᠨ ᠬᠢᠬᠦ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠵᠦ᠂ ᠰᠠᠯᠠᠭ᠎ᠠ ᠮᠦᠴᠢᠷ ᠪᠠ ᠭᠦᠷᠢᠶ᠎ᠡ ᠴᠠᠷᠠᠭ᠎ᠠ ᠠᠯᠤᠰᠯᠬᠠᠰᠠᠨ ᠠᠰᠠᠭᠤᠳᠠᠯ ᠢ ᠵᠤᠬᠢᠴᠠᠭᠤᠯᠵᠦ ᠰᠶᠢᠳᠪᠦᠷᠢᠯᠡᠬᠦ ᠬᠡᠷᠡᠭᠳᠡᠢ︔ ᠡᠭᠦᠷᠬᠡ ᠴᠢᠳᠠᠪᠤᠷᠢ ᠪᠠᠨ ᠬᠤᠪᠢᠷᠠᠭᠤᠯᠤᠨ ᠠᠬᠢᠭᠤᠯᠬᠤ ᠶᠢ ᠵᠤᠬᠢᠴᠠᠭᠤᠯᠬᠤ ᠲᠤᠭᠤᠶᠢᠯᠠᠩ ᠤᠨ ᠠᠯᠪᠠᠨ ᠬᠡᠷ ᠪᠠ ᠡᠯ᠎ᠡ ᠴᠢᠳᠠᠮᠵᠢᠳᠤ ᠲᠤᠭᠤᠶᠢᠯᠠᠩ ᠨᠢ ᠤᠶᠢᠯᠠᠭᠠᠯᠴᠠᠵᠦ ᠵᠤᠬᠢᠴᠠᠭᠤᠯᠬᠤ ᠪᠠ ᠲᠡᠮᠵᠢᠵᠦ ᠪᠠᠳᠤᠯᠠᠬᠤ ᠶᠢ ᠴᠢᠩᠭᠠᠳᠬᠠᠬᠤ ᠶᠢ ᠠᠬᠢᠭᠤᠯᠵᠦ᠂ ᠠᠵᠢᠯ ᠤᠨ ᠨᠡᠶᠢᠯᠡᠮᠡᠯ ᠭᠦᠴᠦᠨ ᠢ ᠪᠦᠷᠢᠯᠳᠦᠬᠦᠯᠦᠨ᠂ ᠡᠯ᠎ᠡ ᠵᠦᠢᠯ ᠤᠨ ᠦᠬᠡᠷᠡᠴᠢᠯᠡᠯᠳᠡ ᠶᠢᠨ ᠪᠦᠭᠦᠯᠢ ᠴᠤᠨᠨᠴᠠ ᠪᠠᠷ ᠤᠷᠤᠨᠨᠰᠢ ᠠᠬᠢᠬᠤ ᠶᠢ ᠪᠠᠳᠤᠯᠠᠬᠤ ᠬᠡᠷᠡᠭᠳᠡᠢ᠃      ︵ᠭᠤᠷᠪᠠ︶ ᠵᠢᠭᠠᠨ ᠵᠢᠯᠤᠭᠤᠳᠴᠤ ᠲᠡᠮᠵᠢᠬᠦ ᠶᠢ ᠴᠢᠩᠭᠠᠳᠬᠠᠨ᠎ᠠ᠃ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠡᠭᠦᠷᠬᠡ ᠴᠢᠳᠠᠪᠤᠷᠢ ᠪᠠᠨ ᠬᠤᠪᠢᠷᠠᠭᠤᠯᠤᠨ ᠠᠬᠢᠭᠤᠯᠬᠤ ᠶᠢ ᠵᠤᠬᠢᠴᠠᠭᠤᠯᠬᠤ ᠲᠤᠭᠤᠶᠢᠯᠠᠩ ᠤᠨ ᠡᠯ᠎ᠡ ᠲᠤᠰᠬᠠᠢ ᠰᠡᠳᠦᠪᠳᠦ ᠲᠤᠭᠤᠶᠢᠯᠠᠩ᠂ ᠴᠢᠳᠠᠮᠵᠢᠳᠦ ᠲᠤᠭᠤᠶᠢᠯᠠᠩ ᠨᠢ ᠦᠨᠳᠦᠰᠦᠨ ᠱᠠᠳᠤᠨ ᠤ ᠦᠬᠡᠷᠡᠴᠢᠯᠡᠯᠳᠡ ᠳᠤ ᠵᠢᠭᠠᠨ ᠵᠢᠯᠤᠭᠤᠳᠬᠤ ᠪᠠ ᠲᠡᠮᠵᠢᠬᠦ ᠶᠢ ᠠᠩᠬᠠᠷᠤᠨ ᠴᠢᠬᠤᠯᠠᠴᠢᠯᠠᠵᠦ᠂ ᠲᠤᠯᠭᠠᠷᠬᠠᠰᠠᠨ ᠭᠦᠴᠢᠷ ᠠᠰᠠᠭᠤᠳᠠᠯ ᠢ ᠨᠢ ᠢᠳᠡᠪᠬᠢᠳᠡᠢ ᠪᠠᠷ ᠬᠠᠪᠰᠤᠷᠤᠨ ᠰᠶᠢᠳᠪᠦᠷᠢᠯᠡᠵᠦ᠂ ᠠᠵᠢᠯ ᠤᠨ ᠪᠦᠳᠦᠮᠵᠢᠳᠡᠢ ᠲᠤᠷᠰᠢᠯᠭ᠎ᠠ ᠪᠠ ᠠᠷᠭ᠎ᠠ ᠬᠢᠳᠠᠯ ᠢ ᠴᠠᠭ ᠲᠤᠬᠠᠢ ᠳᠤᠨᠢ ᠨᠡᠩ ᠶᠡᠭᠡ ᠬᠡᠪᠴᠢᠶᠡᠨ ᠳᠤ ᠲᠦᠬᠡᠮᠡᠯᠵᠢᠬᠦᠯᠬᠦ ᠬᠡᠷᠡᠭᠳᠡᠢ᠃ ᠲᠠᠭᠠᠭᠠᠨ ᠵᠠᠯᠭᠠᠭᠤᠯᠬᠤ᠂ ᠲᠤᠷᠤᠨᠨᠰᠢ ᠪᠠᠭᠤᠯᠭᠠᠬᠤ᠂ ᠬᠢᠨᠠᠨ ᠬᠠᠮᠢᠶᠠᠷᠬᠤ ᠪᠠ ᠦᠢᠯᠡᠴᠢᠯᠡᠬᠦ ᠶᠠᠪᠤᠴᠠ ᠳᠠᠬᠢ ᠭᠤᠤᠯᠳᠠᠯᠭ᠎ᠠ ᠲᠠᠢ ᠭᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠶᠢᠳᠪᠦᠷᠢᠯᠡᠵᠦ᠂ ᠤᠷᠤᠨ ᠨᠤᠳᠤᠭ ᠤᠨ ᠦᠬᠡᠷᠡᠴᠢᠯᠡᠯᠳᠡ ᠶᠢ ᠠᠬᠢᠭᠤᠯᠬᠤ ᠳᠤ ᠬᠠᠷᠰᠢ ᠰᠠᠭᠠᠳ ᠢ ᠠᠷᠢᠯᠭᠠᠵᠦ ᠦᠭᠭᠦᠨ᠎ᠠ᠃ ᠴᠢᠬᠤᠯᠠ ᠶᠡᠭᠡ ᠦᠬᠡᠷᠡᠴᠢᠯᠡᠯᠳᠡ ᠳᠤ ᠬᠠᠤᠯᠢ ᠶᠢᠨ ᠦᠨᠳᠦᠰᠦ ᠪᠠᠷᠢᠮᠳᠠ ᠲᠠᠢ ᠪᠠᠶᠢᠯᠭᠠᠬᠤ ᠱᠠᠭᠠᠷᠳᠠᠯᠭ᠎ᠠ ᠶᠤᠰᠤᠭᠠᠷ᠂ ᠬᠠᠮᠢᠶ᠎ᠠ ᠪᠦᠭᠦᠢ ᠬᠠᠤᠯᠢ ᠲᠤᠨᠨᠳᠠᠭᠠᠯ ᠲᠤᠨᠨᠳᠠᠭᠠᠯ ᠲᠦᠷᠢᠮ ᠢ ᠲᠤᠨᠨᠳᠠᠭᠠᠬᠤ ᠦᠬᠡᠷᠡᠴᠢᠯᠡᠬᠦ ᠭᠦᠴᠦᠨ ᠦᠬᠡᠢ ᠪᠤᠯᠭᠠᠬᠤ ᠲᠠᠶᠢᠯᠪᠤᠷᠢᠯᠠᠬᠤ ᠠᠵᠢᠯ ᠪᠠ ᠵᠠᠰᠠᠭ ᠵᠠᠬᠢᠷᠭᠠᠨ ᠤ ᠬᠠᠤᠯᠢ ᠲᠤᠨᠨᠳᠠᠭᠠᠯ᠂ ᠲᠤᠨᠨᠳᠠᠭᠠᠯ ᠲᠦᠷᠢᠮ᠂ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠪᠦᠭᠦ ᠲᠠᠯ᠎ᠠ ᠪᠠᠷ ᠢᠯᠭᠠᠷᠠᠭᠤᠯᠬᠤ ᠠᠵᠢᠯ ᠢ ᠲᠦᠷᠬᠡᠳᠬᠡᠨ ᠠᠬᠢᠭᠤᠯᠬᠤ ᠬᠡᠷᠡᠭᠳᠡᠢ᠃      ︵ᠲᠦᠷᠪᠡ︶ ᠦᠨᠡᠯᠡᠵᠦ ᠰᠢᠯᠭᠠᠨ ᠬᠢᠨᠠᠬᠤ ᠶᠢ ᠴᠢᠩᠭᠠᠳᠬᠠᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ ︾ ᠦᠬᠡᠷᠡᠴᠢᠯᠡᠯᠳᠡ ᠶᠢᠨ ᠦᠷ᠎ᠡ ᠪᠦᠳᠦᠮᠵᠢ ᠶᠢ ᠦᠨᠡᠯᠡᠨ ᠮᠠᠭᠠᠳᠯᠠᠬᠤ ᠠᠵᠢᠯ ᠤᠨ ᠲᠤᠨᠨᠳᠠᠴᠠ ᠶᠢ ᠪᠠᠶᠢᠭᠤᠯᠤᠨ ᠲᠡᠭᠦᠯᠳᠡᠷᠵᠢᠬᠦᠯᠵᠦ᠂ ᠶᠡᠷᠦᠩᠬᠡᠢ ᠰᠠᠶᠢᠳ ᠯᠢ ᠺᠧ ᠴᠢᠶᠠᠩ ᠤᠨ ᠲᠤᠷᠠᠳᠤᠨᠨᠰᠠᠨ ︽ᠠᠵᠦ ᠠᠬᠤᠶᠢᠯᠠᠯ ᠡᠷᠬᠢᠯᠡᠬᠦ ᠪᠠᠷ ᠭᠤᠶᠤᠴᠢᠯᠬᠠᠰᠠᠨ ᠴᠠᠭ ᠬᠤᠭᠤᠴᠠᠭ᠎ᠠ ᠶᠢ ᠬᠡᠳᠦᠢ ᠪᠤᠭᠤᠨᠢᠰᠬᠠᠨᠨᠰᠠᠨ᠂ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ ᠬᠢᠨᠠᠨ ᠵᠦᠪᠰᠢᠶᠡᠷᠡᠯ ᠢ ᠬᠡᠳᠦᠢ ᠲᠦᠷᠬᠡᠳᠬᠡᠭᠰᠡᠨ᠂ ᠦᠢᠯᠡᠳᠬᠦᠨ ᠤ ᠶᠠᠰᠤ ᠴᠢᠨᠠᠷ ᠢ ᠬᠡᠳᠦᠢ ᠰᠠᠶᠢᠵᠢᠷᠠᠭᠤᠯᠤᠨᠨᠰᠠᠨ᠂ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢ ᠬᠡᠳᠦᠢ ᠲᠦᠭᠦᠮ ᠪᠤᠯᠭᠠᠨᠨᠰᠠᠨ︾ ᠢᠶᠠᠷ ᠬᠡᠮᠵᠢᠶᠡᠯᠡᠬᠦ ᠶᠢᠨ ᠴᠢᠬᠤᠯᠠ ᠪᠠᠷᠢᠮᠵᠢᠶ᠎ᠠ ᠪᠤᠯᠭᠠᠵᠦ᠂ ᠰᠢᠨᠵᠢᠯᠡᠬᠦ ᠤᠬᠠᠭᠠᠨᠴᠢ ᠪᠦᠬᠡᠳ ᠪᠦᠳᠦᠮᠵᠢᠳᠡᠢ ᠦᠨᠡᠯᠡᠯᠳᠡ ᠪᠠᠷ ᠦᠬᠡᠷᠡᠴᠢᠯᠡᠯᠳᠡ ᠶᠢᠨ ᠭᠦᠨᠵᠡᠬᠡᠶᠢᠷᠡᠬᠦ ᠶᠢ ᠠᠬᠢᠭᠤᠯᠤᠨ᠂ ︽ᠬᠠᠮᠤᠭ ᠡᠴᠦᠰ ᠤᠨ ᠨᠢᠬᠡ ᠺᠢᠯᠤᠮᠧᠲᠷ︾ ᠤᠨ ᠠᠰᠠᠭᠤᠳᠠᠯ ᠢ ᠭᠦᠴᠦᠯᠡᠨ ᠰᠶᠢᠳᠪᠦᠷᠢᠯᠡᠨ᠎ᠠ᠃      ︵ᠲᠠᠪᠤ︶ ᠶᠠᠷᠢᠶ᠎ᠠ ᠬᠡᠯᠡᠯᠴᠡᠭᠡ ᠪᠠᠷ ᠭᠦᠳᠦᠯᠦᠨ ᠵᠢᠯᠤᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠤᠷᠤᠨ ᠪᠠ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠦᠬᠡᠷᠡᠴᠢᠯᠡᠯᠳᠡ ᠶᠢᠨ ᠡᠷᠬᠡ ᠰᠦᠷᠳᠡᠢ ᠮᠡᠳᠡᠭᠡ ᠵᠠᠩᠬᠢ ᠶᠢ ᠴᠠᠭ ᠲᠤᠬᠠᠢ ᠳᠤᠨᠢ ᠨᠡᠶᠢᠳᠡᠯᠡᠵᠦ᠂ ᠨᠡᠶᠢᠬᠡᠮ ᠤᠨ ᠬᠢᠨ ᠤ ᠬᠠᠯᠠᠮᠵᠢᠯᠠᠨ ᠠᠩᠬᠠᠷᠴᠤ ᠪᠠᠶᠢᠭ᠎ᠠ ᠳᠤ ᠬᠠᠷᠢᠭᠤ ᠲᠤᠰᠬᠠᠨ᠂ ᠨᠡᠶᠢᠬᠡᠮ ᠤᠨ ᠬᠢᠨ ᠤ ᠵᠢᠱᠢᠯᠳᠡ ᠶᠢ ᠭᠦᠳᠦᠯᠦᠨ ᠵᠢᠯᠤᠭᠤᠳᠬᠤ ᠬᠡᠷᠡᠭᠳᠡᠢ᠃ ᠦᠬᠡᠷᠡᠴᠢᠯᠡᠯᠳᠡ ᠶᠢᠨ ᠠᠷᠭ᠎ᠠ ᠪᠠᠷᠢᠯ ᠢ ᠲᠠᠶᠢᠯᠪᠤᠷᠢᠯᠠᠨ ᠤᠶᠢᠯᠠᠭᠠᠭᠤᠯᠵᠦ ᠤᠬᠠᠭᠤᠯᠬᠤ ᠪᠠᠨ ᠴᠢᠩᠭᠠᠳᠬᠠᠵᠦ᠂ ᠦᠬᠡᠷᠡᠴᠢᠯᠡᠯᠳᠡ ᠶᠢᠨ ᠲᠠᠯ᠎ᠠ ᠪᠠᠷ ᠬᠢ ᠬᠠᠮᠳᠤ ᠶᠢᠨ ᠲᠠᠨᠢᠯᠳᠠ ᠶᠢ ᠨᠢᠨᠨᠳᠠᠷᠠᠭᠤᠯᠤᠨ᠂ ᠦᠬᠡᠷᠡᠴᠢᠯᠡᠯᠳᠡ ᠶᠢ ᠠᠬᠢᠭᠤᠯᠬᠤ ᠶᠠᠷᠢᠶ᠎ᠠ ᠬᠡᠯᠡᠯᠴᠡᠬᠡᠨ ᠤ ᠰᠠᠶᠢᠨ ᠰᠠᠶᠢᠬᠠᠨ ᠤᠷᠴᠢᠨ ᠨᠦᠭᠦᠴᠡᠯ ᠢ ᠪᠦᠷᠢᠯᠳᠦᠬᠦᠯᠬᠦ ᠬᠡᠷᠡᠭᠳᠡᠢ᠃      ᠲᠠᠭᠠᠯᠳᠤᠭᠤᠯᠤᠯ᠄ ᠡᠭᠦᠷᠬᠡ ᠶᠢᠨ ᠠᠵᠢᠯ ᠤᠨ ᠬᠤᠪᠢᠶᠠᠷᠢᠯᠠᠯ ᠪᠠ ᠠᠬᠢᠴᠠ ᠶᠢᠨ ᠲᠤᠬᠢᠷᠠᠭᠤᠯᠤᠯᠳᠠ ᠶᠢᠨ ᠭᠦᠰᠦᠨᠦᠭᠳᠦ                  ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ ᠬᠦᠰᠦᠨᠦᠭᠲᠦ ᠨᠢᠭᠡᠬᠦᠰᠦᠨᠦᠭᠲᠦ ᠬᠤᠶᠠᠷᠬᠦᠰᠦᠨᠦᠭᠲᠦ ᠭᠤᠷᠪᠠᠬᠦᠰᠦᠨᠦᠭᠲᠦ ᠳᠥᠷᠪᠡᠬᠦᠰᠦᠨᠦᠭᠲᠦ ᠲᠠᠪᠤᠬᠦᠰᠦᠨᠦᠭᠲᠦ ᠵᠢᠷᠭᠤᠭ᠎ᠠᠬᠦᠰᠦᠨᠦᠭᠲᠦ ᠲᠤᠯᠤᠭ᠎ᠠ ᠬᠦᠰᠦᠨᠦᠭᠲᠦ ᠨᠠᠢᠮᠠ ᠬᠦᠰᠦᠨᠦᠭᠲᠦ ᠶᠢᠰᠦᠬᠦᠰᠦᠨᠦᠭᠲᠦ ᠠᠷᠪᠠ
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ