ᠥᠪᠥᠷ ᠮᠣᠩᠭᠤᠯ ᠠᠨᠠᠭᠠᠬᠤ ᠤᠬᠠᠭᠠᠨ ᠪᠣᠯᠣᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠭᠡᠳ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ᠨᠡᠶᠢᠲᠡᠯᠡᠪᠡ
ᠨᠡᠶᠢᠲᠡᠯᠡᠭᠰᠡᠨ ᠴᠠᠭ᠄
2017/12/14
     ᠦᠢᠷ᠎ᠠ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠠᠯᠪᠠᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ︽ᠠᠨᠠᠭᠠᠬᠤ ᠤᠬᠠᠭᠠᠨ ᠪᠣᠯᠣᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠭᠡᠳ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠎ ᠢ ᠤᠯᠠᠮᠵᠢᠯᠠᠨ ᠲᠠᠷᠬᠠᠭᠠᠵᠤ᠂ ᠪᠥᠬᠦ ᠣᠷᠣᠨ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠶᠠᠰᠤ ᠴᠢᠨᠠᠷ ᠲᠠᠢ ᠬᠦᠮᠦᠵᠢᠭᠦᠯᠬᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠪᠠᠷ ᠤᠳᠤᠷᠢᠳᠤᠮᠵᠢ ᠪᠣᠯᠭᠠᠭᠰᠠᠨ ᠵᠠᠷᠤᠳᠠᠯ ᠰᠠᠯᠭᠠᠨ ᠥᠭᠬᠦ ᠲᠥᠷᠢᠮ ᠢ ᠪᠠᠶᠢᠭᠤᠯᠤᠨ᠂ ᠪᠡᠯᠡ ᠮᠥᠩᠭᠦ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠳᠤᠷᠠᠳᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠴᠢᠳᠠᠪᠤᠷᠢᠲᠠᠨ ᠢ ᠬᠥᠮᠦᠵᠢᠭᠦᠯᠬᠦ ᠣᠷᠣᠭᠤᠯᠤᠯᠲᠠ ᠶᠢ ᠡᠩ ᠲᠡᠷᠢᠭᠦᠨ ᠳᠤ ᠪᠠᠲᠤᠯᠠᠬᠤ ᠶᠢ ᠪᠠᠷᠢᠮᠲᠠᠯᠠᠨ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠪᠠ ᠤᠷᠮᠠᠰᠢᠭᠤᠯᠬᠤ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠨᠡᠶᠢᠭᠡᠮ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠬᠤᠪᠢ ᠬᠥᠮᠦᠨ ᠤ ᠪᠡᠯᠡ  ᠭᠠᠷᠭᠠᠬᠤ ᠢᠳᠡᠪᠬᠢᠵᠢᠯ ᠢ ᠨᠢ ᠳᠠᠶᠢᠴᠢᠯᠠᠵᠤ᠂ ᠤᠯᠠᠨ ᠡᠰᠢᠴᠢᠯᠡᠭᠰᠡᠨ᠂ ᠦᠷᠭᠦᠯᠵᠢᠯᠡᠭᠰᠡᠨ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠪᠣᠯᠣᠨ ᠵᠠᠰᠠᠭ ᠤᠨ ᠣᠷᠳᠣᠨ ᠤ ᠣᠷᠣᠭᠤᠯᠤᠯᠲᠠ ᠶᠢᠨ ᠬᠥᠳᠡᠯᠦᠩᠭᠦᠶ ᠲᠤᠬᠢᠷᠠᠭᠤᠯᠤᠯᠳᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠭᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠦᠨ᠎ᠡ᠃ ᠡᠳ᠋ ᠤᠨ ᠬᠦᠴᠦᠨ᠂ ᠪᠠᠷᠠᠭᠠᠨ ᠤ ᠦᠨ᠎ᠡ ᠶᠢᠨ ᠬᠤᠪᠢᠷᠠᠯᠲᠠ ᠶᠢᠨ ᠬᠡᠮᠵᠢᠶ᠎ᠡ᠂ ᠬᠥᠮᠦᠵᠢᠭᠦᠯᠬᠦ ᠥᠪᠡᠷ ᠤᠨ ᠥᠷᠳᠡᠭ ᠵᠡᠷᠭᠡ ᠪᠠᠶᠢᠳᠠᠯ ᠢ ᠦᠨᠳᠦᠰᠦᠯᠡᠨ᠂ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠰᠤᠷᠤᠭᠴᠢ ᠪᠦᠷᠢ ᠵᠠᠷᠤᠳᠠᠯ ᠰᠠᠯᠭᠠᠨ ᠥᠭᠬᠦ ᠳᠤᠮᠳᠠᠴᠢ ᠪᠠᠷᠢᠮᠵᠢᠶ᠎ᠠ᠂ ᠡᠮᠨᠡᠯᠭᠡ ᠶᠢᠨ ᠡᠪᠡᠳᠴᠢᠲᠠᠨ ᠢ ᠬᠠᠮᠢᠶᠠᠷᠬᠤ ᠶᠡᠭᠡ ᠡᠮᠴᠢ ᠶᠢ ᠵᠢᠷᠤᠮᠵᠢᠭᠤᠯᠤᠨ ᠪᠣᠯᠪᠠᠰᠤᠷᠠᠭᠤᠯᠬᠤ ᠰᠤᠷᠤᠭᠴᠢ ᠪᠦᠷᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠴᠠᠭ ᠲᠤᠬᠠᠶ ᠳᠤᠨᠢ ᠲᠣᠬᠢᠷᠠᠭᠤᠯᠤᠨ᠎ᠠ᠃      ᠥᠪᠡᠷᠲᠡᠭᠡᠨ ᠵᠠᠰᠠᠬᠤ ᠣᠷᠣᠨ ᠬᠢᠨᠠᠨ ᠵᠢᠯᠣᠭᠤᠳᠬᠤ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠷᠡᠭᠵᠢᠭᠦᠯᠬᠦ ᠠᠬᠢᠴᠠ ᠪᠣᠯᠣᠨ ᠦᠷ᠎ᠡ ᠪᠦᠲᠦᠮᠵᠢ ᠳᠤ ᠬᠢᠨᠠᠨ ᠬᠡᠮᠵᠢᠵᠦ ᠦᠨᠡᠯᠡᠨ ᠵᠢᠱᠢᠬᠦ ᠶᠢ ᠬᠡᠷᠡᠭᠵᠢᠭᠦᠯᠦᠨ᠎ᠡ᠃ ᠪᠠᠶᠢᠩᠭᠤᠵᠢᠭᠤᠯᠤᠭᠰᠠᠨ᠂ ᠬᠡᠪᠰᠢᠭᠰᠡᠨ ᠦᠨᠡᠯᠡᠨ ᠵᠢᠱᠢᠵᠦ ᠬᠢᠨᠠᠨ ᠵᠢᠯᠣᠭᠤᠳᠬᠤ ᠶᠢ ᠬᠡᠷᠡᠭᠵᠢᠭᠦᠯᠵᠦ᠂ ᠤᠷᠮᠠᠰᠢᠭᠤᠯᠤᠨ ᠵᠣᠷᠢᠭᠵᠢᠭᠤᠯᠬᠤ ᠪᠠ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠨ᠎ᠠ᠃  ᠶᠡᠭᠡ ᠳᠡᠭᠡᠳᠦ ᠰᠤᠷᠭᠠᠭᠤᠯᠢ ᠶᠢᠨ ᠠᠨᠠᠭᠠᠬᠤ ᠤᠬᠠᠭᠠᠨ ᠤ ᠰᠤᠷᠭᠠᠨ ᠬᠥᠮᠦᠵᠢᠯ᠂ ᠰᠤᠷᠤᠯᠭ᠎ᠠ ᠲᠡᠭᠦᠰᠦᠭᠰᠡᠨ ᠤ ᠳᠠᠷᠠᠭᠠᠬᠢ ᠠᠨᠠᠭᠠᠬᠤ ᠤᠬᠠᠭᠠᠨ ᠤ ᠰᠤᠷᠭᠠᠨ ᠬᠥᠮᠦᠵᠢᠯ᠂ ᠥᠷᠭᠦᠯᠵᠢᠯᠡᠭᠰᠡᠨ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠵᠠᠳᠠᠯᠵᠤ᠂ ᠬᠠᠨᠳᠤᠯᠭᠠᠲᠤ ᠴᠢᠨᠠᠷᠲᠠᠶ ᠪᠠᠷ ᠰᠢᠨ᠎ᠡ ᠠᠷᠭ᠎ᠠ ᠬᠡᠮᠵᠢᠶ᠎ᠡ ᠳᠤᠷᠠᠳᠴᠤ᠂ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠵᠣᠭᠤᠰ ᠰᠢᠯᠵᠢᠭᠦᠯᠦᠨ ᠥᠭᠬᠦ ᠠᠴᠠ ᠪᠤᠰᠤᠳ ᠳᠡᠭᠡᠳᠦ ᠵᠡᠷᠭᠡ ᠶᠢᠨ ᠡᠮᠨᠡᠯᠭᠡ ᠶᠢᠨ ᠶᠡᠭᠡ ᠳᠡᠭᠡᠳᠦ ᠰᠤᠷᠭᠠᠭᠤᠯᠢ ᠳᠤ ᠪᠣᠯ᠂ ᠡᠯ᠎ᠡ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠥᠪᠡᠷᠲᠡᠭᠡᠨ ᠵᠠᠰᠠᠬᠤ ᠣᠷᠣᠨ ᠤ ᠠᠨᠠᠭᠠᠬᠤ ᠤᠬᠠᠭᠠᠨ ᠤ ᠲᠥᠷᠥᠯ ᠤᠨ ᠰᠤᠷᠤᠬᠴᠢ ᠪᠦᠷᠢ ᠳᠤ ᠰᠠᠯᠭᠠᠨ ᠥᠭᠬᠦ ᠳᠤᠮᠳᠠᠴᠢ ᠵᠠᠷᠤᠳᠠᠯ ᠤᠨ ᠪᠠᠷᠢᠮᠵᠢᠶ᠎ᠠ ᠶᠢ ᠴᠢᠩᠭ᠎ᠠ ᠪᠠᠷᠢᠮᠲᠠᠯᠠᠨ ᠵᠠᠷᠤᠳᠠᠯ ᠰᠠᠯᠭᠠᠵᠤ ᠥᠭᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号