ᠦᠪᠡᠷᠲᠡᠭᠡᠨ ᠵᠠᠰᠠᠬᠤ ᠣᠷᠣᠨ 2018 ᠣᠨ ᠤ ᠪᠦᠬᠦ ᠣᠷᠣᠨ ᠤ ᠠᠰᠫᠢᠷᠠᠨᠲ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠠᠷᠠᠭᠠᠨ ᠳᠠᠪᠲᠠᠮᠵᠢᠲᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/12/14
      2018 ᠣᠨ ᠤ ᠪᠦᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ 2017 ᠣᠨ ᠤ 12 ᠳ᠋ᠤᠭᠠᠷ ᠰᠠᠷ᠎ᠠ ᠶᠢᠨ 23 — 25᠎ ᠤ ᠡᠳᠦᠷ ᠶᠠᠪᠤᠭᠳᠠᠨ᠎ᠠ᠃ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ 12 ᠳ᠋ᠤᠭᠠᠷ ᠰᠠᠷ᠎ᠠ ᠶᠢᠨ 12᠎ ᠤ ᠡᠳᠦᠷ᠂ ᠥᠪᠡᠷᠲᠡᠭᠡᠨ ᠵᠠᠰᠠᠬᠤ ᠣᠷᠣᠨ 2018 ᠣᠨ ᠤ ᠪᠦᠬᠦ ᠣᠷᠣᠨ ᠤ ᠠᠰᠫᠢᠷᠠᠨᠲ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠠᠷᠠᠭᠠᠨ ᠳᠠᠪᠲᠠᠮᠵᠢᠲᠤ ᠬᠤᠷᠠᠯ ᠬᠤᠷᠠᠯᠳᠤᠭᠤᠯᠪᠠ᠃ 2018 ᠣᠨ ᠤ ᠮᠠᠨ ᠤ ᠣᠷᠣᠨ ᠤ ᠠᠰᠫᠢᠷᠠᠨᠲ ᠤᠨ ᠰᠤᠷᠤᠭᠴᠢ ᠡᠯᠰᠡᠬᠦ ᠰᠢᠯᠭᠠᠯᠲᠠ ᠳᠤ 47859 ᠬᠥᠮᠦᠨ ᠨᠡᠷ᠎ᠡ ᠮᠡᠳᠡᠭᠦᠯᠵᠦ᠂ ᠲᠦᠷᠦᠭᠦᠦ ᠵᠢᠯ ᠤᠨ ᠨᠢᠭᠡᠳᠦᠯᠲᠡᠶ ᠰᠢᠯᠭᠠᠯᠲᠠ ᠶᠢᠨ ᠬᠢ ᠠᠴᠠ 8488 ᠬᠥᠮᠦᠨ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 22%᠎ ᠳᠤ ᠬᠦᠷᠴᠦ᠂ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠲᠡᠦᠬᠡ ᠶᠢᠨ ᠲᠡᠮᠳᠡᠭᠡᠯᠡᠯ ᠢ ᠡᠭᠦᠳᠪᠡ᠃ ᠡᠭᠦᠨ ᠤ ᠲᠤᠯᠠ᠂ ᠥᠪᠡᠷᠲᠡᠭᠡᠨ ᠵᠠᠰᠠᠬᠤ ᠣᠷᠣᠨ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠯᠭᠠᠯᠲᠠ ᠶᠢᠨ ᠬᠠᠭᠤᠳᠠᠰᠤ ᠶᠢ ᠯᠠᠪᠲᠠᠶ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠰᠢᠯᠭᠠᠯᠲᠠ ᠶᠢᠨ ᠲᠠᠯᠠᠪᠠᠢ ᠶᠢᠨ ᠡᠮᠬᠢ ᠵᠢᠷᠤᠮ ᠢ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠯᠭᠠᠬᠤ ᠬᠡᠷᠡᠭᠲᠡᠢ︔ ᠬᠠᠮᠵᠢᠯᠴᠠᠨ ᠵᠣᠬᠢᠴᠠᠯᠳᠤᠬᠤ ᠪᠠᠨ ᠴᠢᠩᠭᠠᠷᠠᠭᠤᠯᠵᠤ᠂ ᠰᠢᠯᠭᠠᠯᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠳᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ ᠡᠭᠦᠨ ᠤ ᠬᠠᠮᠲᠤ᠂ ᠰᠢᠯᠭᠠᠯᠲᠠ ᠶᠢᠨ ᠲᠠᠯᠠᠪᠠᠢ ᠳᠤ ᠣᠷᠣᠬᠤ ᠪᠣᠭᠤᠮᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠲᠠᠯᠠᠪᠠᠶ ᠳᠤ ᠣᠷᠣᠵᠤ ᠪᠠᠶᠢᠭ᠎ᠠ ᠰᠢᠯᠭᠠᠭᠤᠯᠤᠭᠴᠢ ᠳᠤ ᠴᠠᠭᠠᠵᠠᠲᠠᠶ ᠡᠳ᠋ ᠪᠣᠳᠠᠰ ᠤᠨ ᠰᠢᠯᠭᠠᠨ ᠪᠠᠶᠢᠴᠠᠭᠠᠯᠲᠠ ᠪᠠᠨ ᠴᠢᠩᠭᠠᠳᠬᠠᠨ᠂ ᠢᠯᠠᠩᠭᠤᠶ᠎ᠠ ᠰᠢᠯᠭᠠᠯᠲᠠ ᠶᠢᠨ ᠲᠠᠯᠠᠪᠠᠢ ᠶᠢᠨ ᠰᠠᠬᠢᠯᠭ᠎ᠠ ᠪᠠᠲᠤ ᠶᠢ ᠴᠢᠩᠭᠠᠷᠠᠭᠤᠯᠬᠤ ᠶᠢ ᠮᠦᠨᠬᠦ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠤᠨ ᠭᠤᠣᠯᠳᠠᠯᠭ᠎ᠠ ᠪᠣᠯᠭᠠᠬᠤ ᠬᠡᠷᠡᠭᠲᠡᠢ ᠭᠡᠵᠡᠢ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠲᠤᠰ ᠤᠳᠠᠭᠠᠨ ᠤ ᠰᠢᠯᠭᠠᠯᠲᠠ ᠳᠤ ᠣᠷᠣᠯᠴᠠᠬᠤ ᠰᠢᠯᠭᠠᠭᠤᠯᠤᠭᠴᠢᠳ ᠲᠤ᠂ ᠰᠢᠯᠭᠠᠯᠲᠠ ᠳᠤ ᠬᠡᠮ ᠦᠶᠯᠡᠳᠬᠦ ᠶᠢ ᠵᠣᠬᠢᠶᠠᠨ ᠪᠠᠶᠢᠭᠤᠯᠬᠤ᠂ ᠬᠡᠮ ᠦᠶᠯᠡᠳᠬᠦ ᠪᠠᠭᠠᠵᠢ ᠬᠡᠷᠡᠭᠰᠡᠯ ᠬᠠᠩᠭᠠᠬᠤ ᠪᠤᠶᠤ ᠪᠤᠰᠤᠳ ᠬᠠᠪᠰᠤᠷᠤᠯᠭ᠎ᠠ ᠦᠵᠡᠭᠦᠯᠬᠦ᠂ ᠪᠤᠰᠤᠳ ᠲᠤ ᠬᠠᠤᠯᠢ ᠪᠤᠰᠤ ᠪᠠᠷ ᠰᠢᠯᠭᠠᠯᠲᠠ ᠶᠢᠨ ᠰᠡᠳᠦᠪ᠂ ᠬᠠᠷᠢᠭᠤᠯᠲᠠ ᠶᠢ ᠬᠤᠳᠠᠯᠳᠤᠬᠤ ᠪᠠ ᠬᠠᠩᠭᠠᠬᠤ ᠵᠢᠴᠢ ᠪᠤᠰᠤᠳ ᠬᠥᠮᠦᠨ ᠢ ᠣᠷᠤᠯᠠᠨ ᠰᠢᠯᠭᠠᠬᠤ ᠪᠤᠶᠤ ᠪᠣᠰᠤᠳ ᠬᠦᠮᠦᠨ ᠢᠶᠠᠷ ᠣᠷᠤᠯᠠᠨ ᠰᠢᠯᠭᠠᠭᠤᠯᠬᠤ ᠦᠢᠯᠡ ᠠᠵᠢᠯᠯᠠᠭ᠎ᠠ ᠪᠣᠯ ᠴᠦᠮ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠮᠦᠨ ᠭᠡᠰᠡᠨ ᠢ ᠮᠡᠳᠡᠭᠦᠯᠬᠦ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号