ᠦᠪᠡᠷᠲᠡᠭᠡᠨ ᠵᠠᠰᠠᠬᠤ ᠤᠷᠤᠨ ᠤ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠠᠬᠢᠭᠤᠯᠬᠤ ᠠᠵᠢᠯ ᠤᠨ ᠵᠤᠬᠢᠴᠠᠭᠤᠯᠬᠤ ᠳᠤᠭᠤᠶᠢᠯᠠᠩ ᠬᠤᠷᠠᠯ ᠬᠢᠪᠡ
ᠨᠡᠶᠢᠲᠡᠯᠡᠭᠰᠡᠨ ᠴᠠᠭ᠄
2017/12/15
     12 ᠳ᠋ᠤᠭᠠᠷ ᠰᠠᠷ᠎ᠠ ᠶᠢᠨ 14᠎ ᠤ ᠡᠲᠤᠷ᠂ ᠦᠪᠠᠷᠲᠠᠬᠡᠨ ᠵᠠᠰᠠᠬᠤ ᠤᠷᠤᠨ ᠤ ᠡᠬᠦᠷᠬᠡ ᠴᠢᠲᠠᠪᠬᠢ ᠪᠠᠨ ᠬᠤᠪᠢᠷᠠᠭᠤᠯᠬᠤ ᠶᠢ ᠠᠬᠢᠭᠤᠯᠬᠤ ᠠᠵᠢᠯ ᠤᠨ ᠵᠤᠬᠢᠴᠠᠭᠤᠯᠬᠤ ᠳᠤᠭᠤᠶᠢᠯᠠᠩ ᠤᠨ ᠬᠤᠷᠠᠯ ᠬᠦᠬᠡᠬᠤᠲᠠ ᠳᠤ ᠬᠤᠷᠠᠯᠲᠤᠵᠠᠢ᠃ ᠬᠤᠷᠠᠯ ᠠᠴᠠ ᠨᠠᠮ ᠤᠨ ᠠᠷᠪᠠ ᠶᠢᠰᠤᠲᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠡ ᠵᠢᠯ ᠠᠴᠠ ᠨᠠᠰᠢᠬᠢ ᠦᠪᠠᠷᠲᠠᠬᠡᠨ ᠵᠠᠰᠠᠬᠤ ᠤᠷᠤᠨ ᠤ ᠵᠠᠰᠠᠭ ᠤᠨ ᠤᠷᠲᠤᠨ ᠤ ᠡᠬᠦᠷᠬᠡ ᠴᠢᠲᠠᠪᠬᠢ ᠪᠠᠨ ᠬᠤᠪᠢᠷᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠠᠲᠠᠬᠦᠯᠤᠯᠲᠠ ᠶᠢ ᠰᠤᠨᠤᠰᠴᠤ᠂ ᠲᠠᠷᠠᠭᠠᠴᠢ ᠶᠢᠨ ᠠᠯᠬᠤᠮ ᠤᠨ ᠭᠤᠤᠯᠲᠠᠯᠭ᠎ᠠ ᠲᠠᠢ ᠠᠵᠢᠯ ᠢᠶᠠᠨ ᠰᠤᠲᠤᠯᠤᠨ ᠪᠠᠶᠢᠷᠢᠯᠠᠭᠤᠯᠪᠠ᠃      ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠠᠷᠲᠠᠬᠡᠨ ᠵᠠᠰᠠᠬᠤ ᠤᠷᠤᠨ ᠤ ᠪᠠᠶᠢᠩᠭᠤ ᠶᠢᠨ ᠲᠠᠳ᠋ ᠲᠠᠷᠢᠬᠦᠯᠡᠭᠴᠢ ᠵᠠᠩ ᠵᠢᠶᠠᠨ ᠮᠢᠨ ᠬᠤᠷᠠᠯ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃      ᠵᠠᠩ ᠵᠢᠶᠠᠨ ᠮᠢᠨ᠂ ᠡᠨᠡ ᠵᠢᠯ ᠠᠴᠠ ᠨᠠᠰᠢ᠂ ᠡᠯ᠎ᠠ ᠭᠠᠵᠠᠷ ᠪᠠ ᠡᠯ᠎ᠠ ᠰᠠᠯᠠᠭ᠎ᠠ ᠮᠦᠴᠢᠷ ᠭᠤᠤᠯᠲᠠᠯᠭ᠎ᠠ ᠲᠠᠢ ᠬᠦᠷᠢᠶ᠎ᠠ ᠪᠠ ᠵᠠᠩᠬᠢᠯᠠᠭ᠎ᠠ ᠶᠢᠨ ᠭᠤᠭᠴᠤᠭ᠎ᠠ ᠳᠠᠬᠢ ᠦᠬᠡᠷᠠᠴᠢᠯᠠᠯᠲᠠ ᠶᠢ ᠲᠠᠰᠤᠷᠠᠯᠲᠠ ᠦᠬᠡᠢ ᠭᠦᠨᠵᠡᠭᠡᠶᠢᠷᠡᠭᠦᠯᠵᠦ᠂ ᠵᠠᠰᠠᠭ ᠤᠨ ᠤᠷᠳᠤᠨ ᠤ ᠡᠭᠦᠷᠭᠡ ᠴᠢᠳᠠᠪᠬᠢ ᠪᠠᠨ ᠬᠤᠪᠢᠷᠠᠭᠤᠯᠬᠤ ᠡᠯ᠎ᠡ ᠵᠦᠢᠯ ᠤᠨ ᠠᠵᠢᠯ ᠳᠤ ᠢᠯᠡᠳᠲᠡ ᠠᠮᠵᠢᠯᠲᠠ ᠤᠯᠵᠤ᠂ ᠦᠪᠠᠷᠲᠠᠬᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠠ ᠳᠤ ᠬᠦᠴᠤᠨ ᠪᠦᠬᠦᠢ ᠪᠠᠲᠤᠯᠠᠭ᠎ᠠ ᠬᠠᠩᠭᠠᠵᠤ᠂ ᠠᠷᠠᠳ ᠤᠯᠠᠨ ᠤ ᠠᠵᠢᠯ ᠦᠢᠯᠡᠰ ᠭᠦᠢᠴᠡᠳᠬᠡᠬᠦ ᠳᠤ ᠨᠡᠩ ᠳᠦᠬᠦᠮ ᠦᠵᠡᠭᠦᠯᠵᠡᠢ᠃ ᠤᠲᠤᠬᠠᠨ ᠪᠠ ᠬᠤᠶᠢᠰᠢᠳᠠ ᠶᠢᠨ ᠨᠢᠬᠡ ᠬᠡᠰᠡᠭ ᠬᠤᠭᠤᠴᠠᠭᠠᠨ ᠳᠤ᠂ ᠵᠠᠰᠠᠬ ᠤᠨ ᠤᠷᠲᠤᠨ ᠤ ᠡᠬᠦᠷᠬᠡ ᠴᠢᠲᠠᠪᠬᠢ ᠶᠢ ᠬᠤᠪᠢᠷᠠᠭᠤᠯᠬᠤ ᠶᠢ ᠡᠷᠠᠰ ᠭᠤᠶᠢᠪᠢᠰᠢ ᠦᠬᠡᠢ ᠠᠬᠢᠭᠤᠯᠵᠣ᠂ ᠵᠠᠰᠠᠭ ᠤᠨ ᠤᠷᠲᠤᠨ ᠤ ᠡᠬᠦᠷᠬᠡ ᠴᠢᠲᠠᠪᠬᠢ ᠶᠢ ᠬᠤᠪᠢᠷᠠᠭᠤᠯᠬᠤ ᠭᠤᠤᠯᠲᠠᠯᠭ᠎ᠠ ᠲᠠᠢ ᠠᠵᠢᠯ ᠢ ᠪᠦᠬᠦ ᠬᠦᠴᠤᠨ ᠢᠶᠠᠷ ᠠᠳᠬᠤᠵᠤ᠂ ᠵᠠᠰᠠᠭ ᠢ ᠴᠤᠮᠬᠠᠳᠬᠠᠨ ᠡᠷᠬᠡ ᠶᠢ ᠲᠠᠯᠪᠢᠬᠤ ᠡᠷᠴᠢᠮ ᠢᠶᠠᠨ ᠴᠢᠩᠭᠠᠷᠠᠭᠤᠯᠵᠣ᠂ ︽ᠲᠠᠯᠪᠢᠬᠤ︾ ᠬᠡᠮᠵᠢᠶ᠎ᠡ ᠪᠠᠨ ᠲᠠᠬᠡᠭᠰᠢᠯᠡᠬᠦᠯᠵᠤ᠂ ᠢᠲᠠᠪᠬᠢᠲᠠᠢ ᠪᠠᠷ ᠬᠢᠨᠠᠨ ᠬᠠᠮᠢᠶᠠᠷᠬᠤ ᠵᠠᠭᠪᠤᠷ ᠤᠨ ᠰᠢᠨ᠎ᠠ ᠶᠢ ᠡᠬᠦᠳᠴᠦ᠂ ᠵᠠᠰᠠᠭ ᠤᠨ ᠶᠠᠪᠤᠲᠠᠯ ᠤᠨ ᠦᠢᠯᠠᠴᠢᠯᠡᠭᠡ ᠶᠢ ᠰᠢᠯᠢᠳᠡᠭᠵᠢᠬᠦᠯᠬᠦ ᠬᠡᠷᠡᠭᠲᠠᠢ᠃ ᠵᠠᠰᠠᠭ ᠤᠨ ᠤᠷᠲᠤᠨ ᠤ ᠡᠬᠦᠷᠬᠡ ᠴᠢᠲᠠᠪᠬᠢ ᠶᠢ ᠬᠤᠪᠢᠷᠠᠭᠤᠯᠬᠤ ᠠᠵᠢᠯ ᠳᠠᠬᠢ ᠵᠤᠬᠢᠶᠠᠨ ᠪᠠᠶᠢᠭᠤᠯᠤᠯᠲᠠ ᠶᠢᠨ ᠤᠲᠤᠷᠢᠲᠤᠯᠭ᠎ᠠ ᠪᠠᠨ ᠦᠨᠡᠨᠬᠦ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠪᠠᠶᠢᠴᠠᠭᠠᠨ ᠱᠠᠯᠠᠪᠲᠠᠭᠤᠯᠬᠤ ᠪᠠ ᠶᠠᠷᠢᠶ᠎ᠠ ᠬᠡᠯᠡᠯᠴᠡᠬᠡᠨ ᠤ ᠤᠬᠠᠭᠤᠯᠭ᠎ᠠ ᠶᠢ ᠴᠢᠩᠭᠠᠷᠠᠭᠤᠯᠵᠣ᠂ ᠵᠢᠯ ᠤᠨ ᠡᠬᠢᠨ ᠳᠤ ᠲᠤᠭᠲᠠᠭᠠᠭᠰᠠᠨ ᠬᠠᠷᠠᠯᠲᠠ ᠡᠬᠦᠷᠬᠡ ᠪᠠᠨ ᠪᠠᠶᠠᠯᠡᠬᠦᠯᠬᠦ ᠶᠢ ᠦᠨᠡᠨᠬᠦ ᠪᠠᠲᠤᠯᠠᠵᠤ᠂ ᠲᠠᠷᠠᠭ᠎ᠠ ᠵᠢᠯ ᠎ ᠤᠨ ᠠᠵᠢᠯ ᠢᠶᠠᠨ ᠰᠠᠶᠢᠲᠤᠷ ᠬᠢᠬᠦ ᠳᠤ ᠰᠠᠶᠢᠨ ᠰᠠᠭᠤᠷᠢ ᠲᠠᠯᠪᠢᠨ ᠦᠭᠬᠦ ᠬᠡᠷᠡᠭᠲᠠᠢ ᠬᠡᠵᠦ ᠴᠢᠬᠤᠯᠠᠴᠢᠯᠠᠪᠠ᠃      ᠦᠪᠠᠷᠲᠠᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠠᠷᠠᠬᠦ ᠦᠬᠡᠷᠠᠴᠢᠯᠠᠯᠲᠠ ᠶᠢᠨ ᠳᠤᠭᠤᠶᠢᠯᠠᠩ᠂ ᠪᠠᠯᠠ ᠤᠷᠤᠭᠤᠯᠣᠯᠳᠠ ᠶᠢ ᠬᠢᠨᠠᠨ ᠵᠦᠪᠰᠢᠶᠠᠷᠡᠬᠦ ᠦᠬᠡᠷᠠᠴᠢᠯᠠᠯᠲᠠ ᠶᠢᠨ ᠳᠤᠭᠤᠶᠢᠯᠠᠩ᠂ ᠲᠤᠬᠠᠶᠢᠯᠠᠭᠰᠠᠨ ᠠᠵᠢᠯ ᠤᠨ ᠬᠢᠷᠢ ᠬᠡᠮ ᠤᠨ ᠦᠬᠡᠷᠠᠴᠢᠯᠠᠯᠲᠠ ᠶᠢᠨ ᠳᠤᠭᠤᠶᠢᠯᠠᠩ ᠵᠡᠷᠬᠡ 6 ᠲᠤᠰᠬᠠᠢ ᠳᠤᠭᠤᠶᠢᠯᠠᠩ ᠪᠠ 2 ᠡᠬᠦᠷᠬᠡ ᠴᠢᠲᠠᠪᠬᠢᠲᠤ ᠳᠤᠭᠤᠶᠢᠯᠠᠩ ᠤᠨ ᠬᠤᠯᠪᠤᠭᠲᠠᠯ ᠪᠦᠬᠦᠢ ᠬᠠᠷᠢᠭᠤᠴᠠᠯᠭᠠᠲᠠᠨ ᠦᠪᠠᠷ ᠦᠪᠠᠷᠰᠡᠳ ᠤᠨ ᠠᠵᠢᠯ ᠢᠶᠠᠨ ᠠᠬᠢᠭᠤᠯᠤᠭᠰᠠᠨ ᠪᠠᠶᠢᠳᠠᠯ ᠢᠶᠠᠨ ᠬᠠᠷᠢᠭᠤ ᠮᠠᠲᠠᠬᠦᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号