1 — 11 ᠳ᠋ᠤᠭᠡᠷ ᠰᠠᠷ᠎ᠠ ᠪᠣᠯᠲᠠᠯ᠎ᠠ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠤᠷᠤᠭᠤᠯᠤᠭᠰᠠᠨ ᠪᠠ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 20.2% ᠨᠡᠮᠡᠭᠳᠡᠪᠡ
ᠨᠡᠶᠢᠲᠡᠯᠡᠭᠰᠡᠨ ᠴᠠᠭ᠄
2017/12/18
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠮᠡᠳᠡᠭᠡ ᠵᠠᠩᠬᠢ ᠶᠢ ᠦᠨᠳᠦᠰᠦᠯᠡᠪᠡᠯ᠂ 1—11 ᠳ᠋ᠤᠭᠡᠷ ᠰᠠᠷ᠎ᠠ ᠪᠤᠯᠲᠠᠯ᠎ᠠ᠂ ᠦᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠤᠷᠤᠭᠤᠯᠤᠭᠰᠠᠨ ᠪᠠ ᠭᠠᠳᠠᠭᠠᠳᠤ ᠳᠤ ᠭᠠᠷᠭᠠᠭᠰᠨ ᠬᠡᠮᠵᠢᠶ᠎ᠡ ᠨᠢ ᠨᠡᠶᠢᠲᠡ 127.2 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.2% ᠨᠡᠮᠡᠭᠳᠡᠵᠤ᠂ ᠪᠦᠭᠦ ᠤᠯᠤᠰ ᠤᠨ ᠳᠤᠮᠳᠠᠴᠢ ᠨᠡᠮᠡᠭᠳᠡᠯ ᠤᠨ ᠬᠡᠮᠵᠢᠶ᠎ᠡ ᠪᠤᠯᠬᠤ 8.2 ᠵᠠᠭᠤᠨ ᠤ ᠴᠡᠭ ᠠᠴᠠ ᠳᠡᠭᠡᠭᠦᠷ ᠪᠠᠶᠢᠭ᠎ᠠ ᠶᠤᠮ᠃ ᠡᠭᠦᠨ ᠳᠤ᠄ ᠭᠠᠳᠠᠭᠠᠳᠤ ᠠᠴᠠ ᠤᠷᠤᠭᠤᠯᠤᠭᠰᠠᠨ ᠬᠡᠮᠵᠢᠶ᠎ᠡ ᠨᠢ ᠨᠡᠶᠢᠲᠡ 82.4 ᠳ᠋ᠦᠡᠭᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.4%  ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ ᠨᠡᠶᠢᠲᠡ 44.9 ᠳ᠋ᠦᠡᠭᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.7% ᠨᠡᠮᠡᠭᠳᠡᠪᠡ᠃ 11 ᠳ᠋ᠤᠭᠡᠷ ᠰᠠᠷ᠎ᠠ ᠳᠤ᠂ ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠤᠷᠤᠭᠤᠯᠤᠭᠰᠠᠨ ᠪᠠ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ 11.8 ᠳ᠋ᠦᠡᠭᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9%  ᠨᠡᠮᠡᠭᠳᠡᠪᠡ᠃ ᠲᠤᠰ ᠰᠠᠷ᠎ᠠ ᠶᠢᠨ ᠭᠠᠳᠠᠭᠠᠳᠤ ᠠᠴᠠ ᠤᠷᠤᠭᠤᠯᠤᠭᠰᠠᠨ ᠬᠡᠮᠵᠢᠶ᠎ᠡ ᠨᠢ 7.6 ᠳ᠋ᠦᠡᠭᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠨᠡᠮᠡᠭᠳᠡᠪᠡ︔ ᠲᠤᠰ ᠰᠠᠷ᠎ᠠ ᠶᠢᠨ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ 4.1 ᠳ᠋ᠦᠡᠭᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号