12 ᠳ᠋ᠤᠭᠠᠷ ᠰᠠᠷ᠎ᠠ ᠶᠢᠨ 14 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ | ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠤᠯ ᠳᠤᠭᠤᠶᠢᠯᠠᠩ ᠤᠨ | 2017 ᠣᠨ ᠤ 12 ᠳ᠋ᠤᠭᠠᠷ ᠤᠳᠠᠭ᠎ᠠ ᠶᠢᠨ ᠬᠠᠮᠳᠤ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠵᠠᠰᠠᠭ ᠤᠨ ᠤᠷᠳᠤᠨ ᠤ ᠦᠷᠢ ᠦᠭᠴᠡᠭᠡ ᠶᠢ ᠴᠢᠩᠭ᠎ᠠ ᠬᠢᠵᠠᠭᠠᠷᠯᠠᠬᠤ᠂ ︽ | ᠲᠦᠷᠪᠡᠨ ᠰᠤᠷᠳᠠᠯ︾ ᠤᠨ ᠠᠰᠠᠭᠤᠳᠠᠯ ᠢ ᠵᠠᠯᠠᠷᠠᠭᠤᠯᠬᠤ ᠵᠡᠷᠭᠡ ᠠᠰᠠᠭᠤᠳᠠᠯ ᠤᠨ ᠳᠣᠬᠠᠢ ᠴᠢᠬᠤᠯᠠ ᠵᠢᠭᠠᠪᠤᠷᠢ | ᠴᠤᠬᠤᠯᠠᠪᠤᠷᠢ ᠶᠢᠨ ᠵᠤᠷᠢᠭ ᠰᠠᠨᠠᠭ᠎ᠠ ᠪᠠ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ 2018 ᠣᠨ ᠤ ᠠᠵᠤ | ᠠᠬᠤᠢ ᠶᠢᠨ ᠠᠵᠢᠯ ᠤᠨ ᠳᠣᠬᠠᠢ ᠬᠠᠮᠢᠶ᠎ᠠ ᠪᠦᠬᠦᠢ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ | ᠰᠠᠨᠠᠭ᠎ᠠ ᠶᠢ ᠨᠠᠶᠢᠳᠠᠪᠤᠷᠢᠵᠢᠭᠤᠯᠬᠤ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ | ᠨᠠᠮᠳᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠬᠤ ᠬᠡᠷᠡᠭᠳᠠᠢ᠃ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠪᠤᠷ ᠰᠤᠷᠳᠠᠯ ᠢᠯᠡ ᠳᠤᠳᠤ᠂ ᠦᠢᠯᠡ ᠠᠵᠢᠯᠯᠠᠭ᠎ᠠ | ᠡᠷᠡᠰ ᠰᠢᠭᠤᠷᠬᠠᠢ ᠪᠠᠶᠢᠵᠣ᠂ ᠪᠦᠬᠦ ᠤᠷᠤᠨ ᠳᠤ ᠢᠯᠡ ᠳᠤᠳᠤ ᠤᠳᠤᠷᠢᠳᠤᠮᠵᠢ ᠪᠤᠯᠬᠤ ᠬᠡᠷᠡᠭᠳᠠᠢ᠃ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ︽ᠲᠦᠷᠪᠡᠨ ᠤᠬᠠᠮᠰᠠᠷ︾ ᠢᠶᠠᠨ ᠴᠢᠩᠭᠠᠷᠠᠭᠤᠯᠬᠤ᠂ ᠠᠯᠪᠠᠨ ᠠᠮᠵᠢᠯᠳᠠ ᠶᠢᠨ | ᠦᠵᠡᠯᠳᠡ ᠪᠠᠨ ᠳᠦᠪ ᠪᠤᠯᠭᠠᠬᠤ᠂ ᠰᠢᠨ᠎ᠡ ᠬᠦᠭᠵᠢᠯᠳᠡ ᠶᠢᠨ ᠣᠨᠣᠯᠵᠢᠬᠤᠨ ᠢ ᠪᠤᠢ ᠪᠤᠯᠭᠠᠬᠤ ᠶᠠᠪᠤᠴᠠ ᠪᠤᠯᠭᠠᠵᠣ᠂ | ᠦᠨᠡᠨ ᠪᠤᠳᠠᠳᠠᠢ ᠠᠵᠢᠯ ᠤᠨ ᠠᠷᠭ᠎ᠠ ᠬᠡᠮᠵᠢᠶ᠎ᠡ ᠪᠠ ᠠᠵᠢᠯ ᠤᠨ ᠦᠷ᠎ᠡ ᠪᠦᠳᠦᠮᠵᠢ ᠳᠡᠭᠡᠷ᠎ᠡ ᠪᠠᠨ ᠢᠯᠡᠷᠡᠭᠦᠯᠬᠦ ᠬᠡᠷᠡᠭᠳᠠᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡᠨ ᠰᠤᠷᠳᠠᠯ︾ ᠢ ᠵᠠᠯᠠᠷᠠᠭᠤᠯᠬᠤ᠂ ᠰᠤᠷᠳᠠᠯ | ᠤᠨ ᠪᠠᠶᠢᠭᠤᠯᠤᠯᠳᠠ ᠶᠢ ᠴᠢᠩᠭᠠᠳᠬᠠᠬᠤ ᠳᠤᠬᠠᠢ ᠴᠢᠬᠤᠯᠠ ᠵᠢᠭᠠᠪᠤᠷᠢ ᠨᠢ ᠨᠠᠮ ᠤᠨ ᠲᠦᠪ ᠬᠤᠷᠢᠶ᠎ᠠ ᠶᠢᠨ ᠡᠷᠡᠰ | ᠭᠤᠶᠢᠪᠢᠰᠢ ᠦᠭᠡᠢ ᠪᠠᠷ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ᠂ ᠰᠣᠷᠳᠠᠯ ᠢ ᠲᠦᠪ ᠪᠣᠯᠭᠠᠨ ᠰᠠᠬᠢᠯᠭ᠎ᠠ | ᠪᠠᠳᠣ ᠶᠢ ᠴᠢᠩᠳᠠᠯᠠᠬᠤ ᠶᠢ ᠡᠬᠦᠷᠢᠳᠡ ᠭᠤᠶᠢᠪᠢᠰᠢ ᠦᠭᠡᠢ ᠪᠠᠷᠢᠮᠳᠠᠯᠠᠬᠤ ᠢᠯᠡ ᠳᠤᠳᠤ ᠤᠪᠤᠷ ᠪᠠ ᠡᠷᠡᠰ ᠪᠠᠳᠦ ᠡᠷᠴᠢ | ᠵᠣᠷᠢᠭ ᠢ ᠭᠦᠢᠴᠡᠳ ᠢᠯᠡᠷᠡᠭᠦᠯᠪᠡ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ | ᠤᠳᠤᠷᠢᠳᠬᠤ ᠳᠤᠭᠤᠶᠢᠯᠠᠩ ︽︿ᠲᠦᠷᠪᠡᠨ ᠰᠤᠷᠳᠠᠯ﹀ ᠢ ᠵᠠᠯᠠᠷᠠᠭᠤᠯᠬᠤ ᠶᠢ ᠦᠯᠦ ᠵᠤᠭᠰᠤᠭᠠᠵᠣ᠂ ᠰᠤᠷᠳᠠᠯ ᠤᠨ | ᠪᠠᠶᠢᠭᠤᠯᠤᠯᠳᠠ ᠬᠡᠵᠢᠶᠡᠳᠡ ᠳᠠᠭᠤᠰᠣᠰᠢ ᠦᠭᠡᠢ ᠪᠠᠶᠢᠬᠤ︾ ᠤᠬᠠᠮᠰᠠᠷ ᠢ ᠪᠠᠳᠦ ᠪᠠᠬᠢ ᠪᠣᠢ ᠪᠤᠯᠭᠠᠵᠤ᠂ ᠠᠰᠠᠭᠤᠳᠠᠯ | ᠢ ᠬᠦᠡᠵᠡᠭᠡᠢ ᠡᠷᠢᠵᠤ᠂ ᠦᠨᠡᠨ ᠪᠤᠳᠠᠳᠠᠢ ᠠᠷᠭ᠎ᠠ ᠬᠡᠮᠵᠢᠶ᠎ᠡ ᠠᠪᠴᠤ ᠴᠡᠭᠴᠡᠯᠡᠨ ᠰᠠᠶᠢᠵᠢᠷᠠᠭᠤᠯᠬᠤ ᠬᠡᠷᠡᠭᠳᠠᠢ᠃ ᠨᠠᠮ | ᠤᠨ ᠤᠯᠠᠨ ᠲᠦᠮᠡᠨᠴᠢ ᠱᠤᠭᠤᠮ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠤ᠂ ︽ᠲᠦᠷᠪᠡᠨ ᠰᠤᠷᠳᠠᠯ︾ ᠢ | ᠡᠰᠡᠷᠭᠦᠴᠡᠬᠦ ᠶᠢ ᠪᠡᠶ᠎ᠡ ᠪᠠᠷ ᠢᠶᠠᠨ ᠭᠦᠢᠴᠡᠳᠭᠡᠵᠦ ᠠᠵᠢᠯ ᠪᠦᠷᠢ ᠳᠡᠭᠡᠨ ᠢᠯᠡᠷᠡᠭᠦᠯᠬᠦ ᠬᠡᠷᠡᠭᠳᠠᠢ ᠭᠡᠵᠦ ᠵᠢᠭᠠᠵᠣ | ᠭᠠᠷᠭᠠᠪᠠ᠃ | ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠲᠦᠪ ᠤᠨ ᠤᠯᠤᠰ ᠲᠦᠷᠦ ᠶᠢᠨ | ᠲᠤᠪᠴᠢᠶ᠎ᠠ ᠶᠢᠨ ᠬᠤᠷᠠᠯ ᠤᠨ 2018 ᠣᠨ ᠤ ᠠᠵᠤ ᠠᠬᠤᠢ ᠶᠢᠨ ᠠᠵᠢᠯ ᠳᠠᠬᠢ ᠰᠢᠨ᠎ᠡ ᠱᠠᠭᠠᠷᠳᠠᠯᠭ᠎ᠠ ᠰᠢᠨ᠎ᠡ | ᠪᠠᠶᠢᠷᠢᠯᠠᠭᠤᠯᠤᠯᠳᠠ ᠶᠢ ᠬᠢᠨᠠᠮᠠᠭᠠᠢ ᠰᠣᠷᠣᠯᠴᠠᠨ ᠣᠶᠢᠯᠠᠭᠠᠵᠣ᠂ ᠲᠤᠭᠳᠠᠭᠤᠨ ᠤ ᠳᠣᠮᠳᠠ ᠣᠷᠣᠭᠰᠢᠯᠠᠨ ᠳᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠴᠢᠨᠠᠷ ᠰᠠᠶᠢᠳᠠᠢ ᠬᠦᠭᠵᠢᠬᠦ ᠶᠢ ᠠᠬᠢᠭᠤᠯᠬᠤ ᠡᠨᠡᠬᠦ | ᠦᠨᠳᠦᠰᠦᠨ ᠱᠠᠭᠠᠷᠳᠠᠯᠭ᠎ᠠ ᠶᠢ ᠡᠵᠡᠮᠰᠢᠵᠦ᠂ ︽ᠭᠤᠷᠪᠠᠨ ᠪᠣᠭᠤᠮᠳᠠ ᠰᠢᠪᠳᠣᠯᠬᠤ ᠳᠠᠶᠢᠯᠠᠯᠳᠣᠭᠠᠨ︾ ᠢ | ᠳᠤᠪᠤᠶᠢᠯᠭᠠᠨ᠂ ᠬᠦᠨᠵᠡᠭᠡᠢ ᠪᠠᠶᠢᠴᠠᠭᠠᠨ ᠰᠤᠳᠤᠯᠵᠤ᠂ 2018 ᠣᠨ ᠤ ᠠᠵᠤ ᠠᠬᠤᠢ ᠶᠢᠨ ᠠᠵᠢᠯ ᠢ ᠬᠢᠨᠠᠮᠠᠭᠠᠢ | ᠲᠦᠯᠦᠪᠵᠢᠭᠦᠯᠬᠦ ᠬᠡᠷᠡᠭᠳᠠᠢ ᠬᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠵᠧᠵᠢᠶᠠᠩ ᠳᠤ ᠠᠵᠢᠯᠯᠠᠵᠤ ᠪᠠᠶᠢᠬᠤ ᠦᠶ᠎ᠡ ᠳᠡᠭᠡᠨ | ᠨᠡᠶᠢᠳᠡᠯᠡᠭᠰᠡᠨ ︽︿ᠤᠯᠠᠭᠠᠨ ᠤᠩᠭᠤᠴᠠ ᠶᠢᠨ ᠵᠤᠷᠢᠭ ᠰᠠᠨᠠᠭ᠎ᠠ﹀ ᠶᠢ ᠪᠠᠳᠠᠷᠠᠭᠤᠯᠵᠤ ᠴᠠᠭ ᠦᠶ᠎ᠡ ᠶᠢᠨ ᠡᠮᠦᠨ᠎ᠡ | ᠡᠩᠨᠡᠭᠡ ᠳᠤ ᠬᠤᠰᠢᠭᠤᠷᠠᠰᠣᠭᠠᠢ︾ ᠭᠡᠰᠡᠨ ᠨᠡᠷ᠎ᠡ ᠬᠠᠳᠠᠭᠰᠠᠨ ᠵᠤᠬᠢᠶᠠᠯ ᠢ ᠰᠤᠷᠤᠯᠴᠠᠵᠤ᠂ ︽ᠤᠯᠠᠭᠠᠨ | ᠤᠩᠭᠤᠴᠠ ᠶᠢᠨ ᠵᠤᠷᠢᠭ ᠰᠠᠨᠠᠭ᠎ᠠ︾ ᠶᠢᠨ ᠠᠴᠢᠶᠠᠯᠠᠵᠣ ᠪᠠᠶᠢᠭ᠎ᠠ ᠨᠢ ᠳᠤᠮᠳᠠᠳᠤ ᠤᠯᠤᠰ ᠤᠨ ᠡᠪ ᠬᠠᠮᠳᠤᠴᠣᠳ ᠤᠨ | ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯᠣᠨ᠎ᠠ᠂ ︽ᠤᠯᠠᠭᠠᠨ ᠤᠩᠭᠤᠴᠠ ᠶᠢᠨ ᠵᠤᠷᠢᠭ ᠰᠠᠨᠠᠭ᠎ᠠ︾ ᠶᠢ | ᠤᠯᠠᠮᠵᠢᠯᠠᠨ ᠪᠠᠳᠠᠷᠠᠭᠤᠯᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ | ᠳᠣᠣᠱᠯᠠᠭᠤᠯᠬᠤ ᠶᠢ ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ︽ᠦᠵᠡᠰᠭᠦᠯᠡᠩᠳᠤ ᠰᠠᠶᠢᠬᠠᠨ ᠦᠪᠦᠷ ᠮᠤᠩᠭᠤᠯ | ᠢᠶᠠᠨ ᠪᠦᠳᠦᠭᠡᠨ ᠪᠠᠶᠢᠭᠤᠯᠵᠤ᠂ ᠠᠭᠤᠣ ᠶᠡᠭᠡ ᠳᠤᠮᠳᠠᠳᠤ ᠶᠢᠨ ᠵᠡᠭᠦᠳᠦ ᠪᠠᠨ ᠬᠠᠮᠳᠤᠪᠠᠷ ᠳᠡᠷᠭᠡᠯᠰᠢᠭᠦᠯᠬᠦ︾ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠠᠢ ᠬᠡᠵᠦ ᠴᠢᠬᠤᠯᠠᠴᠢᠯᠠᠪᠠ᠃ |