ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠮᠬᠠᠨ ᠨᠡᠶᠢᠲᠡᠯᠡᠭᠰᠡᠨ ︽ᠡᠮ ᠡᠮᠨᠡᠯᠭᠡ ᠶᠢᠨ | ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠳᠤ | ᠳᠤᠷᠠᠳᠤᠭᠰᠠᠨ ᠢᠶᠠᠷ᠂ ᠪᠦᠬᠦ ᠣᠷᠣᠨ ᠤ ᠮᠣᠩᠭᠤᠯ ᠡᠮ ᠡᠮᠨᠡᠯᠭᠡ ᠶᠢᠨ ᠰᠤᠳᠤᠯᠤᠨ ᠨᠡᠭᠡᠭᠡᠬᠦ ᠡᠷᠴᠢᠮ ᠢ | ᠴᠢᠩᠭᠠᠷᠠᠭᠤᠯᠵᠤ᠂ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨ᠎ᠡ ᠶᠢ ᠡᠭᠦᠳᠬᠦ ᠲᠠᠪᠴᠠᠩ ᠢ | 3 ᠠᠴᠠ ᠳᠡᠭᠡᠭᠰᠢ ᠪᠠ 30 ᠴᠢᠷᠮᠠᠶᠢᠨ ᠪᠠᠶᠢᠭᠤᠯᠵᠤ᠂ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ | ᠲᠥᠭᠦᠷᠢᠭ ᠢ ᠳᠠᠪᠠᠭᠰᠠᠨ ᠪᠠ ᠡᠵᠡᠩᠨᠡᠯᠲᠡ ᠶᠢᠨ ᠣᠷᠣᠯᠭ᠎ᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠡᠮ | ᠡᠮᠨᠡᠯᠭᠡ ᠶᠢᠨ ᠠᠵᠤ ᠠᠬᠤᠶᠢᠯᠠᠯ ᠤᠨ ᠪᠦᠯᠦᠭᠯᠡᠯ ᠢ 5 ᠠᠴᠠ ᠳᠡᠭᠡᠭᠰᠢ ᠪᠠ 50 ᠠᠴᠠ ᠳᠡᠭᠡᠭᠰᠢ ᠪᠤᠶᠢᠵᠢᠭᠤᠯᠵᠤ᠂ | ᠪᠣᠷᠣᠯᠠᠭᠤᠯᠤᠯᠲᠠ ᠶᠢᠨ ᠣᠷᠣᠯᠭ᠎ᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠡᠮ ᠡᠮᠨᠡᠯᠭᠡ ᠶᠢᠨ ᠶᠡᠭᠡ ᠲᠦᠷᠦᠯ | ᠵᠦᠢᠯ ᠢ 20 ᠠᠴᠠ ᠳᠡᠭᠡᠭᠰᠢ ᠡᠭᠦᠳᠴᠦ᠂ 2020 ᠣᠨ ᠪᠣᠯᠬᠤ ᠳᠤ᠂ ᠪᠦᠬᠦ ᠣᠷᠣᠨ ᠤ ᠡᠮ ᠡᠮᠨᠡᠯᠭᠡ ᠶᠢᠨ ᠠᠵᠤ | ᠦᠢᠯᠡᠰ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢ 900 ᠳ᠋ᠦᠩᠰᠢᠭᠤᠷ | ᠲᠦᠬᠦᠷᠢᠭ ᠢ ᠳᠠᠪᠠᠵᠤ᠂ ᠵᠢᠯ ᠪᠦᠷᠢ ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ | ᠥᠪᠥᠷ ᠮᠣᠩᠭᠤᠯ ᠶᠠᠭ ᠡᠮᠴᠢᠯᠡᠭᠡᠨ ᠳᠤ ᠬᠡᠷᠡᠭᠯᠡᠬᠦ ᠡᠮ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ | ᠪᠣᠯᠭᠠᠵᠤ᠂ ᠣᠷᠣᠭᠤᠯᠤᠯᠲᠠ ᠪᠠ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠳᠬᠠᠵᠤ᠂ ᠨᠢᠭᠡ ᠪᠦᠯᠦᠭ ᠰᠢᠨ᠎ᠡ ᠡᠮ | ᠡᠭᠦᠳᠦᠨ ᠦᠢᠯᠡᠳᠬᠦ ᠪᠠ ᠰᠤᠳᠤᠯᠤᠨ ᠨᠡᠭᠡᠭᠡᠬᠦ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠢ ᠴᠢᠷᠮᠠᠶᠢᠨ ᠰᠢᠪᠲᠤᠯᠵᠤ᠂ | ᠥᠮᠡᠨ ᠡᠪᠡᠳᠴᠢᠨ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠵᠡᠷᠭᠡ ᠬᠦᠨᠳᠦ ᠡᠪᠡᠳᠴᠢᠨ ᠤ ᠤᠨᠤᠭᠠᠬᠤ ᠡᠮ᠂ | ᠴᠢᠰᠤᠨ ᠤ ᠤᠷᠤᠯᠠᠬᠤ ᠵᠦᠢᠯ ᠵᠡᠷᠭᠡ ᠰᠢᠨ᠎ᠡ ᠡᠮ ᠤᠨ ᠵᠦᠢᠯ ᠤᠨ ᠰᠤᠳᠤᠯᠤᠨ ᠨᠡᠭᠡᠭᠡᠵᠦ ᠦᠢᠯᠡᠳᠪᠦᠷᠢᠯᠡᠬᠦ ᠶᠢ | ᠢᠳᠡᠪᠬᠢᠲᠡᠶ ᠠᠬᠢᠭᠤᠯᠵᠤ᠂ ᠵᠢᠷᠦᠬᠡᠨ ᠲᠠᠮᠢᠷ ᠮᠠᠭᠤᠳᠠᠬᠤ ᠶᠢ ᠬᠤᠷᠢᠭᠯᠠᠬᠤ ᠡᠮ᠂ ᠬᠠᠪᠤᠳᠠᠷ ᠳᠠᠷᠤᠬᠤ ᠡᠮ ᠪᠠ | ᠵᠢᠷᠦᠬᠡᠨ ᠰᠤᠳᠠᠯ ᠤᠨ ᠲᠦᠭᠵᠢᠷᠡᠯ ᠢ ᠠᠷᠢᠯᠭᠠᠬᠤ ᠡᠮ ᠤᠨ ᠰᠤᠳᠤᠯᠤᠨ ᠨᠡᠭᠡᠭᠡᠬᠦ ᠵᠢᠴᠢ ᠠᠵᠤ ᠦᠢᠯᠡᠰᠵᠢᠭᠦᠯᠬᠦ ᠶᠢ | ᠲᠦᠷᠭᠡᠳᠬᠡᠵᠦ᠂ ᠥᠪᠡᠷ ᠤᠨ ᠪᠡᠶ᠎ᠡ ᠶᠢᠨ ᠴᠠᠷᠤᠯᠲᠠ ᠶᠢᠨ ᠡᠪᠡᠳᠴᠢᠨ᠂ ᠤᠳᠤᠮᠯᠠᠯ ᠤᠨ ᠡᠪᠡᠳᠴᠢᠨ ᠪᠠ | ᠬᠠᠯᠳᠠᠪᠤᠷᠢᠯᠠᠬᠤ ᠴᠢᠨᠠᠷᠲᠠᠶ ᠡᠪᠡᠳᠴᠢᠨ ᠵᠡᠷᠭᠡ ᠶᠢ ᠡᠮᠨᠡᠨ ᠵᠠᠰᠠᠬᠤ ᠭᠧᠨ ᠤ ᠲᠡᠬᠢᠠ ᠨᠡᠶᠢᠯᠡᠯᠳᠦᠭᠦᠯᠬᠦ ᠤᠭᠤᠷᠠᠭ ᠤᠨ | ᠳᠦᠷᠦᠯ ᠤᠨ ᠡᠮ ᠵᠢᠴᠢ ᠡᠰᠡᠷᠭᠦᠴᠡᠭᠴᠢ ᠡᠮ ᠢ ᠰᠤᠳᠤᠯᠤᠨ ᠦᠢᠯᠡᠳᠬᠦ ᠶᠢ ᠴᠢᠩᠭᠠᠳᠬᠠᠵᠤ᠂ ᠡᠵᠡᠮᠳᠡᠬᠦ᠂ | ᠤᠳᠠᠭᠠᠰᠢᠷᠠᠭᠤᠯᠬᠤ᠂ ᠤᠨᠤᠭᠠᠬᠤ᠂ ᠨᠡᠪᠲᠡᠯᠬᠦ᠂ ᠰᠠᠯᠢᠰᠤᠲᠤ ᠪᠦᠷᠬᠦᠪᠴᠢ ᠪᠠᠷ ᠰᠢᠩᠭᠡᠭᠡᠬᠦ ᠵᠡᠷᠭᠡ ᠡᠯ᠎ᠡ ᠲᠦᠷᠦᠯ ᠤᠨ | ᠰᠢᠨ᠎ᠡ ᠬᠡᠯᠪᠡᠷᠢ ᠶᠢᠨ ᠡᠮ ᠨᠠᠶᠢᠷᠠᠯᠭ᠎ᠠ ᠶᠢ ᠨᠡᠭᠡᠭᠡᠨ᠎ᠡ᠃ | ᠵᠢᠷᠦᠬᠡ ᠲᠠᠷᠢᠬᠢᠨ ᠤ ᠴᠢᠰᠤᠨ ᠰᠤᠳᠠᠯ᠂ ᠬᠤᠳᠣᠭᠤᠳᠣ ᠭᠡᠳᠡᠰᠦ᠂ ᠸᠢᠷᠦ᠋ᠰ ᠢ ᠡᠰᠡᠷᠭᠦᠴᠡᠬᠦ᠂ ᠡᠭᠡᠯᠢᠯᠡᠭᠡ ᠶᠢᠨ | ᠰᠢᠰᠲ᠋ᠧᠮ᠂ ᠡᠮᠡᠭᠲᠡᠶᠢᠴᠦᠳ ᠪᠠ ᠬᠡᠦᠬᠡᠳ ᠤᠨ ᠡᠮ ᠬᠡᠷᠡᠭᠯᠡᠬᠦ ᠵᠢᠴᠢ ᠪᠤᠰᠤᠳ ᠤᠳᠠᠭᠠᠨ ᠴᠢᠨᠠᠷᠲᠠᠶ ᠡᠪᠡᠳᠴᠢᠨ᠂ | ᠬᠦᠨᠳᠦ ᠬᠡᠴᠡᠭᠦᠦ ᠡᠯᠳᠡᠪ ᠡᠪᠡᠳᠴᠢᠨ ᠵᠡᠷᠭᠡ ᠶᠢ ᠮᠣᠩᠭᠤᠯ ᠬᠢᠲᠠᠳ ᠡᠮ ᠡᠮᠨᠡᠯᠭᠡ ᠪᠠᠷ ᠵᠠᠰᠠᠬᠤ ᠳᠠᠪᠠᠭᠤᠯᠢᠭ | ᠬᠦᠷᠢᠶᠡᠨ ᠳᠤ᠂ ᠰᠣᠩᠭᠤᠳᠠᠭ ᠨᠡᠷᠡᠳᠦ ᠵᠤᠷ ᠢ ᠬᠤᠶᠠᠳᠠᠬᠢ ᠤᠳᠠᠭ᠎ᠠ ᠨᠡᠭᠡᠭᠡᠬᠦ ᠵᠢᠴᠢ ᠬᠡᠷᠡᠭᠯᠡᠬᠦ ᠶᠢ ᠲᠦᠯᠬᠢᠨ | ᠠᠬᠢᠭᠤᠯᠵᠤ᠂ ᠨᠢᠭᠡ ᠪᠦᠯᠦᠭ ᠡᠮᠴᠢᠯᠡᠭᠡᠨ ᠨᠢ ᠪᠠᠲᠤᠲᠠᠶ᠂ ᠠᠮᠤᠷ ᠲᠦᠪᠰᠢᠨ ᠤ ᠴᠢᠨᠠᠷ ᠢᠶᠠᠷ ᠥᠨᠳᠥᠷ᠂ ᠠᠰᠢᠭᠲᠠᠢ | ᠪᠦᠷᠢᠯᠳᠦᠬᠦᠨ ᠨᠢ ᠲᠣᠳᠣᠷᠬᠠᠶ᠂ ᠦᠢᠯᠡᠳᠦᠯ ᠤᠨ ᠵᠢᠮ᠎ᠡ ᠬᠠᠤᠯᠢ ᠨᠢ ᠢᠯᠡ ᠲᠤᠳᠤ ᠪᠠᠶᠢᠳᠠᠭ ᠮᠣᠩᠭᠤᠯ ᠬᠢᠲᠠᠳ | ᠡᠮ ᠤᠨ ᠡᠮᠨᠡᠯᠭᠡ ᠳᠠᠬᠢ ᠨᠠᠶᠢᠷᠠᠯᠭ᠎ᠠ ᠵᠢᠴᠢ ᠰᠢᠨ᠎ᠡ ᠡᠭᠦᠳᠦᠯᠲᠡ ᠲᠠᠢ ᠡᠮ ᠤᠨ ᠦᠢᠯᠡᠳᠬᠦᠨ ᠢ ᠰᠤᠳᠤᠯᠤᠨ | ᠦᠢᠯᠡᠳᠦᠨ᠎ᠡ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠶᠠᠭ ᠦᠢᠯᠡᠳᠪᠦᠷᠢᠯᠡᠬᠦ ᠵᠢᠭᠠᠬᠤ ᠰᠤᠳᠤᠯᠬᠤ | ᠬᠡᠷᠡᠭᠯᠡᠬᠦ ᠶᠢ ᠤᠶᠠᠯᠳᠤᠭᠤᠯᠤᠭᠰᠠᠨ ᠡᠮ ᠡᠮᠨᠡᠯᠭᠡ ᠶᠢᠨ ᠬᠠᠮᠵᠢᠯᠴᠠᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ᠂ | ᠥᠪᠥᠷ ᠮᠣᠩᠭᠤᠯ ᠤᠨ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠮᠡᠷᠭᠡᠵᠢᠯ ᠳᠤ ᠰᠢᠨ᠎ᠡ ᠶᠢ ᠡᠭᠦᠳᠬᠦ | ᠪᠠᠶᠢᠯᠳᠤᠬᠤ ᠪᠣᠳᠣᠯᠭ᠎ᠠ ᠶᠢᠨ ᠬᠤᠯᠪᠤᠭᠠᠨ ᠤ ᠦᠢᠯᠡᠳᠦᠯ ᠢ ᠪᠠᠳᠠᠷᠠᠭᠤᠯᠵᠤ᠂ ᠥᠪᠥᠷ ᠮᠣᠩᠭᠤᠯ ᠤᠨ ᠣᠯᠠᠨ | ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ | ᠵᠡᠷᠭᠡ ᠪᠠᠶᠢᠭᠤᠯᠤᠮᠵᠢ ᠳᠤ ᠲᠦᠰᠢᠭᠯᠡᠨ ᠳᠡᠯᠡᠬᠡᠶ ᠶᠢᠨ ᠲᠡᠷᠢᠭᠦᠨ ᠤ ᠮᠣᠩᠭᠤᠯ ᠡᠮ ᠡᠮᠨᠡᠯᠭᠡ ᠶᠢᠨ ᠡᠮᠴᠢᠯᠡᠭᠡᠨ ᠤ | ᠰᠤᠳᠤᠯᠭᠠᠨ ᠤ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ᠂ ᠴᠢᠳᠠᠪᠤᠷᠢᠲᠠᠨ ᠢ | ᠬᠥᠮᠦᠵᠢᠭᠦᠯᠬᠦ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠬᠤ | ᠰᠠᠭᠤᠷᠢᠨ ᠭᠠᠵᠠᠷ ᠪᠠ ᠣᠯᠠᠨ ᠤᠯᠤᠰ ᠤᠨ ᠬᠠᠮᠲᠤᠷᠠᠨ ᠠᠵᠢᠯᠯᠠᠬᠤ ᠰᠠᠭᠤᠷᠢᠨ ᠭᠠᠵᠠᠷ ᠢ ᠪᠠᠶᠢᠭᠤᠯᠵᠤ ᠪᠠᠶᠢᠨ᠎ᠠ᠃ |