2013 ᠤᠨ ᠤ 11 ᠳ᠋ᠦ᠋ᠭᠡᠷ ᠰᠠᠷ᠎ᠠ ᠠᠴᠠ ᠡᠬᠢᠯᠡᠨ ᠮᠦᠩᠭᠦᠨ ᠬᠦᠢᠯᠭᠡᠭᠡᠨ ᠢᠶᠠᠷ ᠶᠠᠳᠠᠭᠤ ᠶᠢ ᠳᠡᠳᠭᠦᠨ | ᠠᠷᠠᠳ ᠢ ᠪᠠᠶᠠᠵᠢᠭᠤᠯᠬᠤ ᠢᠨᠵᠧᠨᠧᠷᠢᠩ ᠢ ᠡᠬᠢᠯᠡᠭᠦᠯᠦᠭᠰᠡᠨ ᠠᠴᠠ ᠨᠠᠰᠢ ᠡᠨᠡ ᠵᠢᠯ ᠤᠨ 11 ᠳ᠋ᠦ᠋ᠭᠡᠷ ᠰᠠᠷ᠎ᠠ ᠶᠢᠨ | ᠰᠡᠭᠦᠯᠴᠢ ᠪᠤᠯᠳᠠᠯ᠎ᠠ᠂ ᠮᠠᠨ ᠤ ᠤᠷᠤᠨ ᠮᠦᠩᠭᠦᠨ ᠬᠦᠢᠯᠭᠡᠭᠡᠨ ᠢᠶᠠᠷ ᠶᠠᠳᠠᠭᠤ ᠶᠢ ᠳᠡᠳᠭᠦᠨ ᠠᠷᠠᠳ ᠢ ᠪᠠᠶᠠᠵᠢᠭᠤᠯᠬᠤ | ᠵᠢᠭᠡᠯᠡᠯᠭᠡ ᠶᠢ ᠲᠠᠯᠪᠢᠬᠰᠠᠨ ᠬᠡᠮᠵᠢᠶ᠎ᠡ 357.9 ᠳ᠋ᠦᠩᠰᠢᠭᠤᠷ ᠲᠦᠭᠦᠷᠢᠭ ᠲᠤ ᠬᠦᠷᠴᠦ᠂ ᠡᠨᠡ ᠵᠢᠯ ᠳᠤ ᠰᠢᠨ᠎ᠠ ᠪᠠᠷ | ᠨᠡᠮᠡᠭᠳᠡᠭᠰᠡᠨ ᠵᠢᠭᠡᠯᠡᠯᠭᠡ 92.13 ᠳ᠋ᠦᠩᠰᠢᠭᠤᠷ ᠲᠦᠭᠦᠷᠢᠭ ᠲᠤ ᠬᠦᠷᠴᠠᠢ᠃ | ᠡᠭᠦᠨ ᠳᠤ ︽ᠮᠠᠯᠴᠢᠨ ᠳᠠᠷᠢᠶᠠᠴᠢᠨ ᠢ ᠪᠠᠶᠠᠵᠢᠭᠤᠯᠬᠤ ᠵᠢᠭᠡᠯᠡᠯᠭᠡ︾ 331.7 ᠳ᠋ᠦᠩᠰᠢᠭᠤᠷ ᠲᠦᠭᠦᠷᠢᠭ ᠲᠤ | ᠬᠦᠷᠴᠦ᠂72.68 ᠲᠦᠮᠡᠨ ᠡᠷᠦᠭᠡ ︵ᠤᠳᠠᠭ᠎ᠠ︶ ᠶᠢᠨ ᠮᠠᠯᠴᠢᠨ ᠳᠠᠷᠢᠶᠠᠴᠢᠨ ᠢ ᠰᠢᠭᠤᠳ ᠲᠡᠳᠬᠦᠵᠤ᠂ | ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠠᠢ ᠡᠷᠦᠬᠡ ᠶᠢ ᠪᠦᠷᠬᠦᠭᠰᠡᠨ ᠨᠤᠷᠮ᠎ᠠ 21.5% ᠳᠤ ᠬᠦᠷᠦᠭᠰᠡᠨ | ᠪᠠᠶᠢᠨ᠎ᠠ︔ ︽ᠮᠠᠯ ᠠᠵᠤ ᠠᠬᠤᠢ ᠲᠠᠷᠢᠶᠠᠯᠠᠩ ᠢ ᠬᠦᠴᠦᠷᠬᠡᠭᠵᠢᠭᠦᠯᠬᠦ ᠵᠢᠭᠡᠯᠡᠯᠭᠡ︾ ᠶᠢ 26.2 ᠳ᠋ᠦᠩᠰᠢᠭᠤᠷ | ᠲᠦᠭᠦᠷᠢᠭ ᠲᠠᠯᠪᠢᠵᠤ᠂ 226 ᠶᠠᠳᠠᠭᠤ ᠶᠢ ᠲᠡᠳᠬᠦᠨ ᠨᠡᠭᠡᠭᠡᠨ ᠬᠦᠭᠵᠢᠭᠦᠯᠬᠦ ᠬᠥᠲᠥᠴᠢ ᠠᠵᠤ ᠠᠬᠤᠶᠢᠯᠠᠯ ᠤᠨ | ᠦᠢᠯᠡᠳᠪᠦᠷᠢᠯᠡᠯ ᠢᠶᠠᠨ ᠬᠦᠭᠵᠢᠭᠦᠯᠬᠦ ᠶᠢ ᠠᠬᠢᠭᠤᠯᠤᠭᠰᠠᠨ ᠪᠠᠶᠢᠨ᠎ᠠ᠃ | ᠤᠶᠢᠯᠠᠭᠠᠬᠰᠠᠨ ᠢᠶᠠᠷ᠂ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠨ ᠠᠷᠠᠳ ᠢ ᠪᠠᠶᠠᠵᠢᠭᠤᠯᠬᠤ | ᠢᠨᠵᠧᠨᠧᠷᠢᠩ ᠢ ᠭᠦᠨᠵᠡᠭᠡᠢ ᠬᠡᠷᠡᠭᠵᠢᠬᠦᠯᠬᠦ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ | ᠡᠳ᠋ ᠤᠨ ᠵᠠᠰᠠᠭ ᠠᠴᠠ ᠵᠢᠯ ᠪᠦᠷᠢ 4.75 ᠳ᠋ᠦᠩᠰᠢᠭᠤᠷ ᠲᠦᠭᠦᠷᠢᠭ ᠤᠨ ᠲᠦᠭᠰᠢᠭᠦᠷᠢ ᠶᠢ ᠰᠡᠷᠭᠡᠶᠢᠯᠡᠭᠦ | ᠨᠦᠭᠦᠪᠦᠷᠢ ᠶᠢᠨ ᠪᠡᠯᠡ ᠮᠦᠩᠭᠦ ᠲᠤᠬᠢᠷᠠᠭᠤᠯᠵᠤ᠂ ︽ᠵᠠᠰᠠᠭ ᠤᠨ ᠤᠷᠳᠤᠨ ᠠᠴᠠ ᠭᠤᠤᠯᠯᠠᠨ ᠵᠢᠯᠤᠭᠤᠳᠬᠤ᠂ ᠠᠵᠤ | ᠠᠬᠤᠶᠢᠯᠠᠯ ᠤᠷᠤᠯᠴᠠᠬᠤ᠂ ᠵᠠᠬ᠎ᠠ ᠲᠡᠯᠭᠡᠭᠦᠷᠴᠢᠯᠡᠨ ᠡᠷᠬᠢᠯᠳᠦᠭᠦᠯᠬᠦ︾ ᠲᠤᠬᠳᠠᠴᠠ ᠪᠠᠷ ᠲᠤᠮᠳᠠᠳᠤ ᠤᠯᠤᠰ ᠤᠨ | ᠲᠠᠷᠢᠶᠠᠯᠠᠩ ᠤᠨ ᠪᠠᠩᠬᠢ ᠲᠠᠢ ᠬᠠᠮᠳᠤᠷᠠᠨ ᠵᠢᠯ ᠪᠦᠷᠢ 50 ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠵᠢᠭᠡᠯᠡᠯᠭᠡ | ᠲᠠᠯᠪᠢᠵᠤ᠂ 57 ᠶᠠᠳᠠᠭᠤ ᠬᠦᠴᠢᠷᠳᠡᠯᠲᠠᠢ ᠬᠤᠰᠢᠭᠤ ᠰᠢᠶᠠᠨ ᠤ ᠶᠠᠳᠠᠭᠤ ᠬᠦᠴᠢᠷᠳᠡᠯᠲᠠᠢ ᠡᠷᠦᠬᠡ᠂ ᠶᠠᠳᠠᠭᠤ ᠶᠢ | ᠲᠡᠳᠬᠦᠬᠦ ᠬᠥᠲᠥᠴᠢ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠢ ᠭᠤᠣᠯᠳᠠᠯᠭ᠎ᠠ ᠲᠠᠢ | ᠳᠡᠮᠵᠢᠨ ᠲᠡᠳᠬᠦᠵᠤ ᠶᠠᠳᠠᠭᠤ ᠶᠢ ᠲᠡᠳᠬᠦᠬᠦ ᠬᠥᠲᠥᠴᠢ ᠠᠵᠤ ᠦᠢᠯᠡᠰ ᠢ ᠭᠦᠭᠵᠢᠭᠦᠯᠦᠭᠰᠡᠨ ᠪᠠᠶᠢᠨ᠎ᠠ᠃ |