ᠲᠥᠷᠦᠭᠦᠦ ᠭᠤᠷᠪᠠᠨ ᠤᠯᠠᠷᠢᠯ ᠳᠤ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠵᠢᠭᠤᠯᠴᠢᠯᠠᠯ ᠰᠣᠶᠣᠯ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠬᠥᠭᠵᠢᠪᠡ
ᠨᠡᠶᠢᠲᠡᠯᠡᠭᠰᠡᠨ ᠴᠠᠭ᠄
2017/12/19
      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠵᠢᠭᠤᠯᠴᠢᠯᠠᠯ᠂ ᠰᠣᠶᠣᠯ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠰᠤᠷᠭᠠᠨ ᠬᠦᠮᠦᠵᠢᠯ ᠪᠣᠯᠪᠠᠰᠤᠷᠠᠭᠤᠯᠤᠯ ᠵᠡᠷᠭᠡ ︽ᠵᠣᠯ ᠵᠢᠷᠭᠠᠯᠲᠤ ᠠᠵᠤ ᠦᠢᠯᠡᠰ︾ ᠦᠳᠲᠡᠷ ᠲᠦᠷᠭᠡᠨ ᠬᠦᠭᠵᠢᠵᠦ᠂ ᠬᠡᠷᠡᠭᠯᠡᠭᠡᠨ ᠤ ᠦᠢᠯᠡᠳᠬᠦᠨ ᠡᠳᠦᠷ ᠢᠷᠡᠬᠦᠶ᠎ᠡ ᠡᠯᠪᠡᠭᠵᠢᠨ᠂ ᠬᠡᠷᠡᠭᠯᠡᠭᠡᠨ ᠤ ᠴᠢᠨᠠᠷ ᠴᠢᠨᠰᠠᠭ᠎ᠠ ᠶᠡᠬᠡᠪᠡᠷ ᠳᠡᠭᠡᠭᠰᠢᠯᠡᠵᠦ᠂ ᠬᠡᠷᠡᠭᠯᠡᠭᠡᠨ ᠤ ᠠᠷᠭ᠎ᠠ ᠮᠠᠶ᠋ᠢᠭ ᠨᠡᠩ ᠪᠣᠬᠢᠷᠲᠤᠯ ᠦᠭᠡᠢ ᠪᠣᠯᠣᠭᠰᠠᠨ ᠪᠦᠭᠡᠳ ᠣᠯᠠᠨ ᠡᠰᠢᠵᠢᠪᠡ᠃      ᠵᠢᠭᠤᠯᠴᠢᠯᠠᠯ ᠤᠨ ᠠᠵᠤ ᠠᠬᠤᠶ ᠶᠢᠨ ᠬᠥᠭᠵᠢᠯᠲᠡ ᠲᠥᠷᠭᠡᠰᠪᠡ᠃ ᠲᠦᠷᠦᠭᠦᠦ ᠭᠤᠷᠪᠠᠨ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠨᠢ 150.1 ᠳ᠋ᠥᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 13.0% ᠨᠡᠮᠡᠭᠳᠡᠵᠦ᠂ ᠪᠠᠶᠢᠭᠠᠯᠢ᠂ ᠰᠣᠶᠣᠯ ᠵᠢᠭᠤᠯᠴᠢᠯᠠᠯ ᠤᠨ ᠦᠳᠲᠡᠷ ᠬᠥᠭᠵᠢᠬᠦ ᠶᠢ ᠳᠠᠭᠠᠯᠳᠤᠨ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ᠂ ᠲᠡᠦᠬᠡ ᠶᠢᠨ ᠳᠤᠷᠠᠰᠬᠠᠯᠲᠤ ᠵᠦᠢᠯ ᠪᠣᠯᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠨᠡᠯᠢᠶᠡᠳ ᠲᠦᠷᠭᠡᠨ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠤᠰ ᠳᠤᠰ 139.1% ᠪᠣᠯᠣᠨ 62.9% ᠪᠣᠯᠣᠨ᠎ᠠ︔ ᠠᠮᠠᠷᠠᠯᠲᠠ ᠰᠡᠯᠡᠭᠦᠴᠡᠯ ᠎ ᠨᠢ ᠴᠠᠭ ᠦᠶ᠎ᠡ ᠶᠢᠨ ᠬᠠᠯᠠᠮᠰᠢᠯ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠴᠡᠴᠡᠷᠯᠢᠭ ᠤᠨ ᠬᠠᠮᠢᠶᠠᠷᠤᠯᠲᠠ᠂ ᠴᠡᠩᠭᠡᠯ ᠤᠨ ᠣᠷᠳᠣᠨ ᠤ ᠡᠵᠡᠩᠨᠡᠯᠲᠡ ᠶᠢᠨ ᠣᠷᠣᠯᠭ᠎ᠠ ᠨᠢ ᠬᠤᠶᠠᠷ ᠣᠷᠣᠨᠲᠤ ᠲᠤᠭ᠎ᠠ ᠪᠠᠷ ᠨᠡᠮᠡᠭᠳᠡᠵᠦ᠂ ᠲᠤᠰ ᠲᠤᠰ ᠠᠳᠠᠯᠢ ᠬᠤᠭᠤᠴᠠᠭᠠᠨ ᠤ ᠬᠢ ᠠᠴᠠ ᠪᠠᠨ 10.7%᠂ 11.7% ᠨᠡᠮᠡᠭᠳᠡᠪᠡ᠃      ᠰᠣᠶᠣᠯ ᠤᠨ ᠠᠵᠤ ᠦᠢᠯᠡᠰ ᠴᠡᠴᠡᠭᠯᠡᠨ ᠬᠥᠭᠵᠢᠪᠡ᠃ ᠲᠦᠷᠦᠭᠦᠦ ᠭᠤᠷᠪᠠᠨ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠰᠣᠶᠣᠯ᠂ ᠪᠡᠶ᠎ᠡ ᠶᠢᠨ ᠲᠠᠮᠢᠷ ᠪᠣᠯᠣᠨ ᠵᠤᠭ᠎ᠠ ᠴᠡᠩᠭᠡᠯ ᠤᠨ ᠦᠢᠯᠡᠰ ᠤᠨ ᠡᠵᠡᠩᠨᠡᠯᠲᠡ ᠶᠢᠨ ᠣᠷᠣᠯᠭ᠎ᠠ ᠨᠢ 7.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 4.4% ᠨᠡᠮᠡᠭᠳᠡᠵᠦ᠂ ᠡᠭᠦᠨ ᠳᠤ ᠬᠡᠪᠴᠢᠶᠡᠵᠢᠯ ᠠᠴᠠ ᠳᠡᠭᠡᠭᠰᠢᠬᠢ ᠵᠤᠭ᠎ᠠ ᠴᠡᠩᠭᠡᠯ ᠤᠨ ᠦᠢᠯᠡᠰ᠂ ᠷᠠᠳᠢᠣ᠋ ᠨᠡᠪᠲᠡᠷᠡᠭᠦᠯᠭᠡ᠂ ᠲᠧᠯᠸᠢᠰ᠂ ᠺᠢᠨᠣ᠋ ᠪᠣᠯᠣᠨ ᠺᠢᠨᠣ᠋ ᠲᠧᠯᠸᠢᠰ ᠤᠨ ᠲᠡᠭᠤ ᠰᠢᠩᠭᠡᠭᠡᠯᠲᠡ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠨᠢ ᠳᠤᠰ ᠳᠤᠰ 40.8%᠂ 12.5%᠎ ᠳᠤ ᠬᠦᠷᠪᠡ᠃      ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠦᠳᠲᠡᠷ ᠲᠦᠷᠭᠡᠨ ᠬᠥᠭᠵᠢᠪᠡ᠃ ᠲᠦᠷᠦᠭᠦᠦ ᠭᠤᠷᠪᠠᠨ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠤᠨ ᠬᠠᠮᠢᠶ᠎ᠠ ᠪᠦᠬᠦᠢ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠨᠢ ᠠᠳᠠᠯᠢ ᠬᠤᠭᠤᠴᠠᠭᠠᠨ ᠤ ᠎ ᠬᠢ ᠠᠴᠠ ᠪᠠᠨ 10.5% ᠨᠡᠮᠡᠭᠳᠡᠵᠦ᠂ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠯᠤᠭ᠎ᠠ ᠨᠢᠭᠲᠠ ᠬᠤᠯᠪᠣᠭ᠎ᠠ ᠲᠠᠢ ᠪᠣᠯᠬᠤ ᠨᠡᠶᠢᠭᠡᠮ ᠤᠨ ᠠᠵᠢᠯ ᠤᠨ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ ᠪᠠᠨ 24.7% ᠨᠡᠮᠡᠭᠳᠡᠪᠡ᠃ ᠡᠭᠦᠨ ᠳᠤ ᠲᠤᠰᠬᠠᠶ ᠮᠡᠷᠭᠡᠵᠢᠯ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠰᠡᠨ ᠬᠥᠮᠦᠨ ᠤ ᠲᠤᠭ᠎ᠠ ᠶᠡᠬᠡᠪᠡᠷ ᠨᠡᠮᠡᠭᠳᠡᠨ᠂ ᠡᠵᠡᠩᠨᠡᠯᠲᠡ ᠶᠢᠨ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ 64.1% ᠨᠡᠮᠡᠭᠳᠡᠪᠡ᠃      ᠰᠤᠷᠭᠠᠨ ᠬᠥᠮᠦᠵᠢᠯ ᠤᠨ ᠠᠵᠢᠯ ᠲᠦᠷᠦᠯ ᠦᠳᠲᠡᠷ ᠲᠦᠷᠭᠡᠨ ᠬᠥᠭᠵᠢᠪᠡ᠃ ᠲᠦᠷᠦᠭᠦᠦ ᠭᠤᠷᠪᠠᠨ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠰᠤᠷᠭᠠᠨ ᠬᠥᠮᠦᠵᠢᠯ ᠤᠨ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ ᠨᠢ 1.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 4.9% ᠨᠡᠮᠡᠭᠳᠡᠵᠦ ᠂ ᠡᠭᠦᠨ ᠳᠤ ᠪᠤᠰᠤᠳ ᠵᠢᠭᠰᠠᠭᠠᠨ ᠲᠣᠳᠣᠷᠬᠠᠶᠢᠯᠠᠭᠰᠠᠨ ᠦᠭᠡᠢ ᠰᠤᠷᠭᠠᠨ ᠬᠥᠮᠦᠵᠢᠯ ᠪᠣᠯᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠨᠢ ᠲᠤᠰ ᠲᠤᠰ ᠠᠳᠠᠯᠢ ᠬᠤᠭᠤᠴᠠᠭᠠᠨ ᠤ ᠬᠢ ᠠᠴᠠ 42.9%᠂ 14.3% ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号