ᠥᠪᠥᠷ ᠮᠣᠩᠭᠤᠯ ᠤᠯᠠᠨ ᠡᠰᠢᠲᠦ ᠨᠡᠶᠢᠯᠡᠮᠡᠯ ᠬᠡᠯᠪᠡᠷᠢ ᠶᠢᠨ ᠡᠮ ᠡᠮᠨᠡᠯᠭᠡ ᠶᠢᠨ ᠳᠠᠭᠠᠳᠬᠠᠯ ᠣᠯᠭᠤᠬᠤ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2017/12/20
     ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠣᠯᠭᠤᠬᠤ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠡᠷᠡᠭᠵᠢᠭᠦᠯᠦᠯᠲᠡ ᠶᠢᠨ ᠲᠥᠰᠦᠯ︾᠎ ᠢ ᠨᠡᠶᠢᠲᠡᠯᠡᠵᠦ᠂ 2020 ᠣᠨ ᠪᠣᠯᠬᠤ ᠳᠤ᠂ ᠡᠮ ᠡᠮᠨᠡᠯᠭᠡ ᠶᠢᠨ ᠳᠠᠭᠠᠳᠬᠠᠯ ᠣᠯᠭᠤᠬᠤ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠪᠤᠶ ᠪᠦᠬᠦᠢ ᠡᠮ ᠡᠮᠨᠡᠯᠭᠡ ᠶᠢᠨ ᠪᠠᠶᠢᠭᠤᠯᠤᠮᠵᠢ ᠵᠢᠴᠢ ᠡᠮ ᠡᠮᠨᠡᠯᠭᠡ ᠶᠢᠨ ᠦᠢᠯᠡᠴᠢᠯᠡᠭᠡ ᠳᠤ ᠪᠦᠷᠬᠦᠭᠦᠯᠵᠦ᠂ ᠪᠦᠬᠦ ᠣᠷᠣᠨ ᠤ ᠬᠡᠪᠴᠢᠶᠡᠨ ᠳᠤ ᠠᠳᠠᠯᠢ ᠪᠤᠰᠤ ᠡᠪᠡᠳᠴᠢᠨ ᠡᠮᠭᠡᠭ᠂ ᠠᠳᠠᠯᠢ ᠪᠤᠰᠤ ᠦᠢᠯᠡᠴᠢᠯᠡᠭᠡᠨ ᠤ ᠣᠨᠴᠠᠯᠢᠭ ᠲᠤ ᠵᠣᠬᠢᠴᠠᠭᠤᠯᠤᠭᠰᠠᠨ ᠤᠯᠠᠨ ᠡᠰᠢᠲᠦ ᠨᠡᠶᠢᠯᠡᠮᠡᠯ ᠬᠡᠯᠪᠡᠷᠢ ᠶᠢᠨ ᠡᠮ ᠡᠮᠨᠡᠯᠭᠡ ᠶᠢᠨ ᠳᠠᠭᠠᠳᠬᠠᠯ ᠣᠯᠭᠤᠬᠤ ᠠᠷᠭ᠎ᠠ ᠬᠡᠯᠪᠡᠷᠢ ᠶᠢ ᠨᠡᠶᠢᠳᠡᠮ ᠬᠡᠷᠡᠭᠵᠢᠭᠦᠯᠵᠦ᠂ ᠲᠥᠷᠥᠯ ᠵᠦᠢᠯ ᠢ ᠨᠢ ᠦᠨᠳᠦᠰᠦᠯᠡᠨ ᠵᠠᠷᠤᠳᠠᠯ ᠲᠤᠰᠢᠶᠠᠬᠤ ᠬᠠᠷᠢᠴᠠᠯ ᠮᠡᠳᠡᠭᠳᠡᠮ᠎ᠡ ᠳᠣᠷᠣᠭᠰᠢᠯᠠᠵᠠᠢ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠠᠷᠭ᠎ᠠ ᠬᠡᠯᠪᠡᠷᠢ ᠶᠢᠨ ᠥᠭᠡᠷᠡᠴᠢᠯᠡᠯᠲᠡ ᠨᠢ ᠭᠤᠣᠯᠳᠠᠭᠤ ᠡᠪᠡᠳᠴᠢᠨ ᠤ ᠳᠦᠷᠦᠯ ᠢᠶᠠᠷ ᠵᠠᠷᠤᠳᠠᠯ ᠲᠤᠰᠢᠶᠠᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ᠂ ᠣᠷᠣ ᠪᠠᠷ ᠡᠳᠦᠷ ᠤᠨ ᠵᠠᠷᠤᠳᠠᠯ ᠲᠣᠰᠢᠶᠠᠬᠤ ᠶᠢ ᠳᠡᠯᠭᠡᠷᠡᠭᠦᠯᠦᠨ ᠬᠡᠷᠡᠭᠵᠢᠭᠦᠯᠬᠦ᠂ ᠡᠪᠡᠳᠴᠢᠨ ᠡᠮᠭᠡᠭ ᠤᠨ ᠣᠨᠣᠰᠢᠯᠠᠯᠲᠠ ᠶᠢᠨ ᠬᠠᠮᠢᠶ᠎ᠠ ᠪᠦᠬᠦᠢ ᠪᠦᠯᠦᠭ ᠢᠶᠠᠷ ᠵᠠᠷᠤᠳᠠᠯ ᠲᠤᠰᠢᠶᠠᠬᠤ ᠲᠤᠷᠰᠢᠯᠲᠠ ᠥᠷᠨᠢᠭᠦᠯᠬᠦ᠂ ᠡᠭᠦᠳᠡᠨ ᠡᠮᠨᠡᠯᠭᠡ ᠶᠢᠨ ᠬᠥᠮᠦᠨ ᠤ ᠲᠤᠭ᠎ᠠ ᠪᠠᠷ ᠵᠠᠷᠤᠳᠠᠯ ᠲᠤᠰᠢᠶᠠᠬᠤ ᠲᠦᠷᠢᠮ ᠢ ᠪᠠᠶᠢᠭᠤᠯᠤᠨ ᠪᠦᠷᠢᠨᠰᠢᠭᠦᠯᠬᠦ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠬᠡᠷᠡᠭᠯᠡᠬᠦ ᠶᠢ ᠵᠣᠷᠢᠭᠵᠢᠭᠤᠯᠤᠨ ᠳᠡᠮᠵᠢᠬᠦ 5 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠃ ᠡᠭᠦᠨ ᠳᠤ ᠭᠤᠣᠯᠳᠠᠭᠤ᠄ ᠡᠮ ᠡᠮᠨᠡᠯᠭᠡ ᠶᠢᠨ ᠵᠠᠷᠤᠳᠠᠯ ᠨᠢ ᠨᠡᠯᠢᠶᠡᠳ ᠲᠣᠭᠲᠠᠪᠤᠷᠢᠲᠠᠶ᠂ ᠡᠮᠨᠡᠯᠭᠡ ᠠᠴᠠ ᠭᠠᠷᠤᠭᠰᠠᠨ ᠡᠪᠡᠳᠴᠢᠲᠡᠨ ᠨᠢ ᠨᠡᠯᠢᠶᠡᠳ ᠣᠯᠠᠨ᠂ ᠡᠮᠨᠡᠨ ᠵᠠᠰᠠᠬᠤ ᠠᠷᠭ᠎ᠠ ᠨᠢ ᠬᠠᠷᠢᠴᠠᠩᠭᠤᠶ ᠪᠣᠯᠪᠠᠰᠤᠷᠠᠩᠭᠤᠶ᠂ ᠡᠮᠴᠢᠯᠡᠭᠡᠨ ᠤ ᠲᠤᠰᠠ ᠨᠢ ᠪᠠᠲᠤᠲᠠᠶ᠂ ᠪᠣᠳᠠᠭᠠᠯᠢ ᠪᠡᠶ᠎ᠡ ᠶᠢᠨ ᠵᠥᠷᠢᠶ᠎ᠡ ᠨᠢ ᠨᠡᠯᠢᠶᠡᠳ ᠪᠠᠭ᠎ᠠ᠂ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠳᠤ ᠣᠷᠣᠭᠤᠯᠤᠭᠰᠠᠨ ᠡᠪᠡᠳᠴᠢᠨ ᠤ ᠲᠥᠷᠥᠯ ᠢ ᠰᠣᠩᠭᠤᠵᠦ᠂ ᠡᠪᠡᠳᠴᠢᠨ ᠤ ᠲᠥᠷᠥᠯ ᠢᠶᠠᠷ ᠵᠠᠷᠤᠳᠠᠯ ᠲᠣᠰᠢᠶᠠᠬᠤ ᠶᠢ ᠬᠡᠷᠡᠭᠵᠢᠭᠦᠯᠦᠨ᠎ᠡ︔ ᠡᠯ᠎ᠡ ᠭᠠᠵᠠᠷ ᠣᠷᠣᠨ ᠨᠤᠭᠤᠳ ᠡᠪᠡᠳᠴᠢᠨ ᠤ ᠲᠥᠷᠥᠯ ᠢᠶᠠᠷ ᠵᠠᠷᠤᠳᠠᠯ ᠲᠣᠰᠢᠶᠠᠬᠤ ᠬᠡᠷᠡᠭᠵᠢᠭᠦᠯᠬᠦ ᠲᠥᠰᠦᠯ ᠢ ᠨᠡᠶᠢᠲᠡᠯᠡᠬᠦ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠪᠡᠳᠴᠢᠨ ᠤ ᠲᠥᠷᠥᠯ ᠪᠠ ᠡᠯ᠎ᠡ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠵᠠᠷᠤᠳᠠᠯ ᠲᠤᠰᠢᠶᠠᠬᠤ ᠪᠠᠷᠢᠮᠵᠢᠶ᠎ᠠ᠂ ᠡᠮᠴᠢᠯᠡᠬᠦ ᠴᠤᠪᠤᠷᠠᠯ ᠪᠠ ᠳᠠᠩᠰᠠ ᠲᠠᠶᠢᠯᠬᠤ ᠲᠥᠷᠥ ᠶᠢᠨ ᠪᠤᠳᠤᠯᠭ᠎ᠠ ᠶᠢ ᠲᠣᠭᠲᠠᠭᠠᠨ᠎ᠠ︔ 2018 ᠣᠨ ᠠᠴᠠ ᠡᠬᠢᠯᠡᠨ᠂ ᠲᠦᠷᠦ ᠶᠢᠨ ᠪᠤᠳᠤᠯᠭ᠎ᠠ ᠶᠢ ᠪᠦᠷᠢᠨᠰᠢᠭᠦᠯᠦᠭᠰᠡᠨ ᠰᠠᠭᠤᠷᠢᠨ ᠳᠡᠭᠡᠷ᠎ᠡ ᠡᠪᠡᠳᠴᠢᠨ ᠤ ᠲᠥᠷᠥᠯ ᠢᠶᠠᠷ ᠵᠠᠷᠤᠳᠠᠯ ᠲᠣᠰᠢᠶᠠᠬᠤ ᠡᠪᠡᠳᠴᠢᠨ ᠤ ᠲᠥᠷᠥᠯ ᠤᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠪᠦᠷᠬᠦᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠠ︔ ᠤᠷᠲᠤ ᠬᠤᠭᠤᠴᠠᠭ᠎ᠠ ᠪᠠᠷ ᠡᠮᠨᠡᠯᠭᠡ ᠳᠤ ᠰᠠᠭᠤᠵᠦ ᠡᠮᠴᠢᠯᠡᠨ ᠵᠠᠰᠠᠬᠤ ᠮᠥᠷᠲᠡᠭᠡᠨ ᠡᠳᠦᠷ ᠤᠨ ᠳᠤᠮᠳᠠᠴᠢ ᠵᠠᠷᠤᠳᠠᠯ ᠨᠢ ᠨᠡᠯᠢᠶᠡᠳ ᠲᠣᠭᠲᠠᠪᠤᠷᠢᠲᠠᠶ ᠡᠪᠡᠳᠴᠢᠨ ᠢ ᠰᠣᠩᠭᠤᠵᠤ ᠣᠷᠣ ᠪᠠᠷ ᠡᠳᠦᠷ ᠤᠨ ᠵᠠᠷᠤᠳᠠᠯ ᠲᠣᠰᠢᠶᠠᠬᠤ ᠶᠢ ᠥᠷᠨᠢᠭᠦᠯᠵᠦ᠂ ᠣᠶᠣᠨ ᠮᠡᠳᠡᠷᠡᠯ ᠤᠨ ᠡᠪᠡᠳᠴᠢᠨ ᠢ ᠡᠩ ᠲᠡᠷᠢᠭᠦᠨ ᠳᠤ ᠰᠣᠩᠭᠤᠵᠤ ᠣᠷᠣ ᠪᠠᠷ ᠡᠳᠦᠷ ᠤᠨ ᠵᠠᠷᠤᠳᠠᠯ ᠲᠣᠰᠢᠶᠠᠬᠤ ᠶᠢ ᠬᠡᠷᠡᠭᠵᠢᠭᠦᠯᠦᠨ᠎ᠡ︔ ᠨᠥᠬᠦᠴᠡᠯ ᠪᠦᠷᠢᠳᠦᠭᠰᠡᠨ ᠭᠠᠵᠠᠷ ᠣᠷᠣᠨ ᠡᠪᠡᠳᠴᠢᠨ ᠡᠮᠭᠡᠭ ᠤᠨ ᠣᠨᠣᠰᠢᠯᠠᠯᠲᠠ ᠶᠢᠨ ᠬᠠᠮᠢᠶ᠎ᠠ ᠪᠦᠬᠦᠢ ᠪᠦᠯᠦᠭ ᠢᠶᠠᠷ ᠵᠠᠷᠤᠳᠠᠯ ᠲᠤᠰᠢᠶᠠᠬᠤ ᠲᠤᠷᠰᠢᠯᠲᠠ ᠶᠢ ᠥᠷᠨᠢᠭᠦᠯᠦᠨ᠎ᠡ︔ ᠡᠭᠦᠳᠡᠨ ᠡᠮᠨᠡᠯᠭᠡ ᠶᠢᠨ ᠬᠥᠮᠦᠨ ᠤ ᠲᠤᠭ᠎ᠠ ᠪᠠᠷ ᠵᠠᠷᠤᠳᠠᠯ ᠲᠤᠰᠢᠶᠠᠬᠤ ᠶᠢ ᠢᠳᠡᠪᠬᠢᠲᠡᠶ ᠳᠡᠯᠭᠡᠷᠡᠭᠦᠯᠵᠦ᠂ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ᠂ ᠤᠳᠠᠭᠠᠨ ᠴᠢᠨᠠᠷᠲᠠᠶ ᠪᠥᠭᠡᠷᠡᠨ ᠤ ᠠᠵᠢᠯᠯᠠᠭ᠎ᠠ ᠳᠤᠷᠦ᠋ᠢᠳᠠᠬᠤ ᠵᠡᠷᠭᠡ ᠡᠮᠴᠢᠯᠡᠨ ᠵᠠᠰᠠᠬᠤ ᠲᠥᠰᠦᠯ ᠤᠨ ᠪᠠᠷᠢᠮᠵᠢᠶ᠎ᠠ᠂ ᠦᠨᠡᠯᠡᠬᠦ ᠭᠦᠢᠴᠡᠳᠬᠡᠯ ᠲᠤᠭ᠎ᠠ ᠨᠢ ᠲᠣᠳᠣᠷᠬᠠᠶ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠢ ᠰᠣᠩᠭᠤᠵᠤ᠂ ᠬᠥᠮᠦᠨ ᠤ ᠲᠤᠭ᠎ᠠ ᠶᠢᠨ ᠵᠠᠷᠤᠳᠠᠯ ᠤᠨ ᠪᠠᠷᠢᠮᠵᠢᠶ᠎ᠠ ᠶᠢ ᠵᠦᠢ ᠵᠣᠬᠢᠰᠲᠠᠶ ᠵᠢᠱᠢᠨ ᠪᠣᠳᠣᠨ᠎ᠠ︔ ᠡᠩ ᠤᠨ ᠡᠭᠦᠳᠡᠨ ᠡᠮᠨᠡᠯᠭᠡ ᠳᠤ ᠬᠥᠮᠦᠨ ᠤ ᠲᠤᠭ᠎ᠠ ᠪᠠᠷ ᠵᠠᠷᠤᠳᠠᠯ ᠲᠤᠰᠢᠶᠠᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠲᠠᠰ ᠬᠤᠪᠢᠶᠠᠨ ᠡᠮᠨᠡᠬᠦ ᠵᠠᠭᠪᠤᠷ ᠪᠠ ᠭᠡᠷ ᠪᠦᠯᠢ ᠶᠢᠨ ᠡᠮᠴᠢ ᠶᠢᠨ ᠭᠡᠷᠢᠶᠡᠲᠦ ᠦᠢᠯᠡᠴᠢᠯᠡᠭᠡ ᠶᠢᠨ ᠲᠥᠷᠢᠮ ᠤᠨ ᠪᠠᠶᠢᠭᠤᠯᠤᠯᠲᠠ ᠶᠢ ᠳᠡᠮᠵᠢᠨ᠎ᠡ︔ ᠨᠥᠬᠦᠴᠡᠯ ᠳᠤ ᠨᠡᠶᠢᠴᠡᠬᠦ ᠮᠣᠩᠭᠤᠯ ᠡᠮ ᠡᠮᠨᠡᠯᠭᠡ ᠶᠢᠨ ᠪᠠᠶᠢᠭᠤᠯᠤᠮᠵᠢ ᠶᠢ ᠡᠮ ᠡᠮᠨᠡᠯᠭᠡ ᠶᠢᠨ ᠳᠠᠭᠠᠳᠬᠠᠯ ᠤᠨ ᠬᠡᠯᠡᠯᠴᠡᠭᠡᠷ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠳᠤ ᠣᠷᠣᠭᠤᠯᠵᠤ᠂ ᠵᠦᠷᠢᠶᠡᠨᠲᠦ ᠳᠠᠭᠠᠳᠬᠠᠯ ᠣᠯᠭᠤᠬᠤ ᠲᠦᠷᠦ ᠶᠢᠨ ᠪᠤᠳᠤᠯᠭ᠎ᠠ ᠶᠢ ᠲᠣᠭᠲᠠᠭᠠᠨ ᠪᠦᠷᠢᠨᠰᠢᠭᠦᠯᠵᠦ᠂ ᠳᠠᠭᠠᠳᠬᠠᠯ ᠣᠯᠭᠤᠬᠤ ᠬᠠᠷᠢᠴᠠᠯ ᠢ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠲᠡᠰᠢ ᠤᠯᠠᠮ ᠨᠢᠭᠡ ᠠᠯᠬᠤᠮ ᠬᠡᠯᠪᠠᠶᠢᠯᠭᠡᠬᠦ ᠪᠠᠭᠲᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号