ᠮᠠᠨ ᠤ ᠣᠷᠣᠨ ᠢᠲᠡᠭᠡᠮᠵᠢ ᠶᠢᠨ ᠲᠠᠪᠴᠠᠩ ᠢ ᠤᠷᠢᠳᠠᠴᠢ ᠮᠠᠰᠢᠨ ᠤ ᠠᠷᠭ᠎ᠠ ᠬᠡᠯᠪᠡᠷᠢ ᠪᠠᠷ ᠥᠪᠡᠷᠲᠡᠭᠡᠨ | ᠵᠠᠰᠠᠬᠤ ᠣᠷᠣᠨ ᠤ ᠳᠡᠰ ᠤᠨ ᠭᠤᠣᠯ ᠪᠣᠯᠬᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ 10 ᠰᠠᠯᠠᠭ᠎ᠠ | ᠮᠥᠴᠢᠷ ᠲᠤ ᠵᠠᠯᠭᠠᠨ ᠣᠷᠣᠭᠤᠯᠤᠭᠰᠠᠨ ᠤ ᠬᠠᠮᠲᠤ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ | ᠬᠦᠷᠲᠡᠬᠦ ᠰᠣᠯᠢᠯᠴᠠᠭᠠᠨ ᠤ ᠲᠠᠪᠴᠠᠩ ᠪᠣᠯᠤᠨ 6 ᠠᠶᠢᠮᠠᠭ ᠬᠤᠲᠠ ᠶᠢᠨ ᠢᠲᠡᠭᠡᠮᠵᠢ ᠶᠢᠨ ᠲᠠᠪᠴᠠᠩ ᠲᠠᠢ | ᠵᠣᠯᠭᠠᠭᠤᠯᠵᠤ᠂ ᠪᠥᠬᠦ ᠣᠷᠣᠨ ᠳᠤ ᠨᠡᠶᠢᠲᠡ 179 ᠲᠦᠮᠡᠨ ᠵᠠᠬ᠎ᠠ ᠳᠡᠯᠭᠡᠭᠦᠷ ᠤᠨ ᠭᠤᠣᠯ ᠴᠣᠭᠴᠠ᠂ 2.8 | ᠲᠦᠮᠡᠨ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ᠂ 1.37 ᠲᠦᠮᠡᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠣᠯᠣᠨ 1270 ᠲᠦᠮᠡᠨ ᠪᠠᠶᠢᠭᠠᠯᠢ ᠬᠥᠮᠦᠨ ᠤ ᠪᠠᠷᠤᠭ 5500 ᠲᠦᠮᠡᠨ ᠵᠤᠷᠪᠤᠰ ᠢᠲᠡᠭᠡᠮᠵᠢ ᠶᠢᠨ | ᠮᠡᠳᠡᠭᠡ ᠵᠠᠩᠭᠢ ᠶᠢ ᠳᠦᠷᠦᠯᠵᠢᠬᠦᠯᠤᠨ ᠬᠤᠷᠠᠮᠳᠤᠭᠤᠯᠵᠠᠢ᠃ | ᠤᠳᠤᠬᠠᠨ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ | ᠲᠠᠪᠴᠠᠩ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠶᠠᠭ ᠲᠦᠯᠬᠢᠨ ᠠᠬᠢᠭᠤᠯᠵᠤ᠂ ᠳᠠᠷᠠᠭ᠎ᠠ | ᠵᠢᠯ ᠳᠤ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭᠠᠬᠢ ᠲᠠᠪᠴᠠᠩ ᠨᠢ ︽ᠳᠡᠭᠡᠭᠰᠢ ᠪᠠᠨ ᠤᠯᠤᠰ ᠤᠨ ᠬᠢ ᠲᠠᠢ | ᠵᠠᠯᠭᠠᠭᠰᠠᠨ᠂ ᠳᠣᠷᠣᠭᠰᠢ ᠪᠠᠨ ᠠᠶᠢᠮᠠᠭ ᠬᠤᠳᠠ ᠳᠤ ᠨᠡᠪᠲᠡᠷᠡᠭᠰᠡᠨ᠂ ᠬᠥᠨᠳᠡᠯᠡᠨ ᠢᠶᠠᠷ ᠲᠢᠩᠬᠢᠮ ᠲᠣᠪᠴᠢᠶ᠎ᠠ ᠶᠢ | ᠬᠤᠯᠪᠣᠭᠰᠠᠨ︾ ᠢᠲᠡᠭᠡᠮᠵᠢ ᠶᠢᠨ ᠮᠡᠳᠡᠭᠡ ᠵᠠᠩᠭᠢ ᠶᠢᠨ ᠮᠤᠵᠢ ᠶᠢᠨ ᠳᠡᠰ ᠤᠨ ︽ᠭᠤᠣᠯ ᠬᠦᠢᠰᠦ︾ ᠶᠢ | ᠪᠦᠷᠢᠯᠳᠦᠭᠦᠯᠵᠦ᠂ ᠲᠤᠬᠠᠶ ᠶᠢᠨ ᠦᠶ᠎ᠡ ᠳᠤ ᠢᠲᠡᠭᠡᠮᠵᠢ ᠶᠢᠨ ᠲᠠᠪᠴᠠᠩ ᠳᠤ 21ᠣᠷᠣᠨ ᠤ ᠰᠢᠭᠤᠳ ᠬᠠᠷᠢᠶ᠎ᠠ | ᠰᠠᠯᠠᠭ᠎ᠠ ᠮᠥᠴᠢᠷ ᠪᠣᠯᠤᠨ 14 ᠠᠶᠢᠮᠠᠭ ᠬᠤᠳᠠ ᠶᠢᠨ ᠤᠷᠢᠳᠠᠴᠢ ᠮᠠᠰᠢᠨ ᠤ ᠵᠠᠯᠭᠠᠯᠲᠠ ᠶᠢ ᠨᠡᠮᠡᠭᠳᠡᠭᠦᠯᠵᠦ᠂ | ᠳᠦᠷᠦᠯᠵᠢᠬᠦᠯᠤᠨ ᠬᠤᠷᠠᠮᠳᠤᠭᠤᠬᠤ ᠢᠲᠡᠭᠡᠮᠵᠢ ᠶᠢᠨ ᠮᠡᠳᠡᠭᠡ ᠵᠠᠩᠭᠢ ᠨᠢ 2 ᠳ᠋ᠦᠩᠰᠢᠭᠤᠷ ᠵᠤᠷᠪᠤᠰ ᠠᠴᠠ ᠳᠡᠭᠡᠭᠰᠢᠬᠢ | ᠶᠢ ᠳᠠᠪᠠᠭ᠋ᠤ ᠪᠣᠯᠤᠨ᠎ᠠ᠃ ᠡᠭᠦᠨ ᠤ ᠬᠠᠮᠲᠤ᠂ ᠢᠲᠡᠭᠡᠮᠵᠢ ᠶᠢᠨ ᠡᠭᠦᠯᠡᠨ ᠲᠣᠮᠣ ᠳ᠋ᠠᠶᠢᠲ᠋ᠠ ᠶᠢᠨ ᠰᠢᠢᠳᠪᠦᠷᠢᠯᠡᠬᠦ | ᠴᠢᠳᠠᠪᠤᠷᠢ ᠪᠣᠯᠤᠨ ᠦᠢᠯᠡᠴᠢᠯᠡᠬᠦ ᠴᠢᠳᠠᠪᠤᠷᠢ ᠶᠢ ᠲᠡᠭᠦᠯᠳᠡᠷᠵᠢᠭᠦᠯᠵᠦ᠂ ᠪᠥᠬᠦ ᠣᠷᠣᠨ ᠤ ᠢᠲᠡᠭᠡᠮᠵᠢ ᠶᠢᠨ ᠮᠡᠳᠡᠭᠡ | ᠵᠠᠩᠭᠢ ᠶᠢ ᠳᠦᠷᠦᠯᠵᠢᠬᠦᠯᠤᠨ ᠬᠤᠷᠠᠮᠳᠤᠭᠤᠯᠬᠤ᠂ ᠬᠠᠮᠲᠤ ᠪᠠᠷ ᠬᠦᠷᠲᠡᠬᠦ᠂ ᠰᠣᠯᠢᠯᠴᠠᠬᠤ ︽ᠶᠡᠷᠦᠩᠬᠡᠶ ᠬᠦᠢᠰᠦ︾ | ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ | ᠮᠡᠳᠡᠭᠡ ᠵᠠᠩᠭᠢ ᠶᠢᠨ ᠲᠠᠪᠴᠠᠩ ᠪᠣᠯᠣᠨ ᠡᠯ᠎ᠡ ᠠᠶᠢᠮᠠᠭ ᠬᠤᠲᠠ ᠶᠢᠨ ᠢᠲᠡᠭᠡᠮᠵᠢ ᠶᠢᠨ ᠲᠠᠪᠴᠠᠩ ᠤᠨ | ᠬᠤᠭᠤᠷᠤᠨᠳᠤᠬᠢ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠰᠣᠯᠢᠯᠴᠠᠭᠤᠯᠬᠤ ᠶᠢ ᠪᠡᠶᠡᠯᠡᠭᠦᠯᠵᠦ᠂ ᠪᠥᠬᠦ | ᠣᠷᠣᠨ ᠤ ᠢᠲᠡᠭᠡᠮᠵᠢ ᠶᠢᠨ ᠲᠣᠮᠣ ᠳ᠋ᠠᠶᠢᠲ᠋ᠠ ᠶᠢᠨ ᠡᠬᠢ ᠪᠠᠶᠠᠯᠢᠭ ᠢ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠭᠦᠯᠬᠦ | ᠪᠠ ᠲᠥᠪᠯᠡᠷᠡᠭᠦᠯᠦᠨ ᠬᠠᠮᠲᠤ ᠪᠠᠷ ᠬᠦᠷᠲᠡᠬᠦ ᠶᠢ ᠪᠡᠶᠡᠯᠡᠭᠦᠯᠬᠦ ᠪᠣᠯᠣᠨ᠎ᠠ᠃ |