12 ᠳ᠋ᠤᠭᠠᠷ ᠰᠠᠷ᠎ᠡ ᠶᠢᠨ 20 ᠤ ᠡᠳᠤᠷ᠂ ᠦᠪᠡᠷᠳᠡᠬᠡᠨ ᠵᠠᠰᠠᠬᠤ ᠤᠷᠤᠨ ᠤ ᠬᠤᠶᠠᠳᠤᠭᠠᠷ ᠤᠳᠠᠭ᠎ᠠ ᠶᠢᠨ | ᠪᠦᠬᠦ ᠤᠯᠤᠰ ᠤᠨ ᠪᠤᠬᠢᠷᠳᠤᠯ ᠤᠨ ᠡᠭᠢ ᠶᠢ ᠨᠡᠶᠢᠳᠡᠮ ᠪᠠᠶᠢᠴᠠᠭᠠᠬᠤ ᠠᠵᠢᠯ ᠤᠨ ᠰᠤᠨᠢᠨ ᠮᠡᠳᠡᠭᠡ ᠨᠡᠶᠢᠲᠡᠯᠡᠬᠦ ᠬᠤᠷᠠᠯ | ᠢ ᠬᠦᠬᠡᠬᠤᠳᠡ ᠳᠤ ᠬᠤᠷᠠᠯᠳᠤᠭᠤᠯᠵᠤ᠂ ᠲᠦᠷᠦᠭᠦᠬᠡᠨ ᠳᠠᠷᠤᠮᠠᠯᠯᠠᠨ ᠲᠠᠷᠬᠠᠭᠠᠭᠰᠠᠨ ︽ᠦᠪᠡᠷᠳᠡᠬᠡᠨ ᠵᠠᠰᠠᠬᠤ | ᠤᠷᠤᠨ ᠤ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠪᠤᠬᠢᠷᠳᠤᠯ ᠤᠨ ᠡᠭᠢ ᠶᠢᠨ ᠨᠡᠶᠢᠳᠡᠮ ᠪᠠᠶᠢᠴᠠᠭᠠᠯᠲᠠ ᠶᠢ | ᠬᠡᠷᠡᠭᠵᠢᠬᠦᠯᠬᠦ ᠲᠦᠰᠦᠯ︾ ᠢ ᠨᠡᠶᠢᠭᠡᠮ ᠳᠤ ᠢᠯᠡ ᠨᠡᠶᠢᠲᠡᠯᠡᠪᠡ᠃ | ᠦᠪᠡᠷᠳᠡᠬᠡᠨ ᠵᠠᠰᠠᠬᠤ ᠤᠷᠤᠨ ᠤ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠪᠤᠬᠢᠷᠳᠤᠯ ᠤᠨ ᠡᠬᠢ ᠶᠢ | ᠨᠡᠶᠢᠳᠡᠮ ᠪᠠᠶᠢᠴᠠᠭᠠᠬᠤ ᠠᠵᠢᠯ ᠢ ᠦᠷᠨᠢᠬᠦᠯᠬᠦ ᠨᠢ ᠮᠠᠨ ᠤ ᠤᠷᠤᠨ ᠤ ᠡᠯ᠎ᠡ ᠲᠦᠷᠦᠯ ᠤᠨ ᠪᠤᠬᠢᠷᠳᠤᠯ ᠤᠨ ᠡᠬᠢ ᠶᠢᠨ | ᠦᠨᠳᠦᠰᠦᠨ ᠪᠠᠶᠢᠳᠠᠯ᠂ ᠪᠤᠬᠢᠷᠳᠤᠯ ᠤᠨ ᠡᠬᠢ ᠶᠢᠨ ᠲᠤᠭ᠎ᠠ ᠪᠠᠷᠢᠮᠳᠡ᠂ ᠪᠦᠳᠦᠴᠡ ᠪᠤᠯᠤᠨ ᠲᠠᠷᠬᠠᠭᠠᠯᠳᠡ ᠶᠢᠨ | ᠪᠠᠶᠢᠳᠠᠯ ᠢ ᠤᠶᠢᠯᠠᠭᠠᠵᠤ᠂ ᠤᠷᠤᠨ ᠪᠦᠰᠡ᠂ ᠠᠵᠢᠯ ᠲᠦᠷᠦᠯ ᠤᠨ ᠪᠤᠬᠢᠷᠳᠤᠯ ᠪᠤᠳᠠᠰ ᠤᠨ ᠭᠠᠳᠠᠬᠰᠢᠯᠠᠭᠤᠯᠤᠯᠳᠡ | ᠪᠤᠯᠤᠨ ᠰᠢᠢᠳᠪᠤᠷᠢᠯᠡᠭᠰᠡᠨ ᠪᠠᠶᠢᠳᠠᠯ ᠳᠤ ᠬᠠᠮᠢᠶᠠᠷᠤᠯᠳᠠ ᠭᠢᠵᠤ᠂ ᠮᠠᠨ ᠤ ᠤᠷᠤᠨ ᠤ ᠭᠤᠤᠯᠳᠠᠯᠭ᠎ᠠ ᠲᠠᠢ ᠪᠤᠬᠢᠷᠳᠤᠯ | ᠤᠨ ᠡᠬᠢ ᠶᠢᠨ ᠲᠠᠩᠰᠡ ᠡᠪᠬᠡᠮᠡᠯ᠂ ᠪᠤᠬᠢᠷᠳᠤᠯ ᠤᠨ ᠮᠡᠳᠡᠭᠡ ᠵᠠᠩᠬᠢ ᠶᠢᠨ ᠬᠦᠮᠦᠷᠬᠡ ᠪᠤᠯᠤᠨ ᠤᠷᠴᠢᠨ ᠲᠤᠭᠤᠷᠢᠨ ᠤ | ᠪᠦᠷᠢᠳᠬᠡᠯ ᠤᠨ ᠲᠠᠪᠴᠡᠩ ᠢ ᠪᠠᠶᠢᠭᠤᠯᠤᠨ᠂ ᠪᠤᠬᠢᠷᠳᠤᠯ ᠤᠨ ᠡᠬᠢ ᠶᠢᠨ ᠬᠠᠮᠢᠶᠠᠷᠤᠯᠳᠡ᠂ ᠤᠷᠴᠢᠨ ᠲᠤᠭᠤᠷᠢᠨ ᠤ | ᠶᠠᠰᠤ ᠴᠢᠨᠡᠷ ᠢ ᠰᠠᠶᠢᠵᠢᠷᠠᠭᠤᠯᠬᠤ᠂ ᠤᠷᠴᠢᠨ ᠲᠤᠭᠤᠷᠢᠨ ᠳᠤ ᠦᠢᠯᠡᠴᠢᠯᠡᠬᠦ ᠶᠡᠷᠦᠩᠬᠡᠶᠢᠯᠡᠭᠰᠡᠨ ᠲᠦᠷᠦ ᠶᠢᠨ | ᠪᠤᠳᠤᠯᠭ᠎ᠠ ᠲᠤᠬᠳᠠᠭᠠᠬᠤ ᠳᠤ ᠦᠨᠳᠦᠰᠦᠯᠡᠯ ᠬᠠᠩᠭᠠᠬᠤ ᠪᠤᠯᠤᠨ᠎ᠡ᠃ | ᠤᠶᠢᠯᠠᠭᠠᠭᠰᠠᠨ ᠢᠶᠠᠷ᠂ ᠪᠠᠶᠢᠴᠠᠭᠠᠭᠳᠠᠬᠤ ᠡᠳᠡᠬᠡᠳ ᠨᠢ ᠦᠪᠦᠷ ᠮᠤᠩᠭᠤᠯ ᠤᠨ ᠵᠠᠰᠠᠭ ᠵᠠᠬᠢᠷᠭᠠᠨ ᠤ ᠤᠷᠤᠨ | ᠪᠦᠰᠡ ᠶᠢᠨ ᠲᠤᠳᠤᠷᠠᠬᠢ ᠪᠤᠬᠢᠷᠳᠤᠯ ᠤᠨ ᠡᠬᠢ ᠲᠠᠢ ᠪᠠᠶᠢᠭᠤᠯᠭ᠎ᠠ ᠨᠢᠬᠡᠴᠡ ᠪᠤᠯᠤᠨ ᠬᠤᠪᠢ ᠶᠢᠨ ᠡᠵᠡᠩᠨᠡᠯᠳᠡ ᠶᠢᠨ | ᠠᠵᠤ ᠠᠬᠤᠶᠢᠯᠠᠯ ᠪᠠᠭᠳᠠᠨ᠎ᠡ᠃ ᠡᠬᠦᠨ ᠳᠤ ᠡᠮᠤᠨᠡᠬᠢ ᠬᠤᠭᠤᠴᠠᠭᠠᠨ ᠤ ᠪᠡᠯᠡᠳᠬᠡᠯ᠂ ᠪᠠᠶᠢᠴᠠᠭᠠᠬᠤ ᠬᠦᠮᠦᠷᠬᠡ | ᠪᠠᠶᠢᠭᠤᠯᠬᠤ᠂ ᠲᠤᠷᠰᠢᠯᠳᠡ ᠶᠢᠨ ᠴᠢᠭ᠋ ᠢ ᠪᠠᠶᠢᠴᠠᠭᠠᠬᠤ᠂ ᠪᠦᠬᠦ ᠲᠠᠯ᠎ᠡ ᠪᠠᠷ ᠨᠡᠶᠢᠳᠡᠮ ᠪᠠᠶᠢᠴᠠᠭᠠᠬᠤ᠂ ᠳ᠋ᠦᠩᠨᠡᠨ | ᠨᠡᠶᠢᠲᠡᠯᠡᠬᠦ ᠵᠡᠷᠬᠡ ᠠᠯᠬᠤᠮ ᠢᠶᠠᠷ ᠵᠤᠬᠢᠶᠠᠨ ᠪᠠᠶᠢᠭᠤᠯᠤᠨ ᠶᠠᠪᠤᠬᠳᠠᠭᠤᠯᠵᠤ᠂ 2018 ᠤᠨ ᠳᠤ ᠪᠦᠬᠦ ᠲᠠᠯ᠎ᠡ ᠪᠠᠷ | ᠨᠡᠶᠢᠳᠡᠮ ᠪᠠᠶᠢᠴᠠᠭᠠᠨ᠂ 2019 ᠤᠨ ᠳᠤ ᠦᠷ᠎ᠡ ᠪᠦᠳᠦᠬᠡᠯ ᠢ ᠳ᠋ᠦᠩᠨᠡᠡ ᠨᠡᠶᠢᠲᠡᠯᠡᠬᠦ ᠪᠤᠯᠤᠨ᠎ᠡ᠃ |