11 ᠳ᠋ᠦ᠋ᠭᠡᠷ ᠰᠠᠷ᠎ᠠ ᠶᠢᠨ 4 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠳᠤᠭᠠᠷ | ᠬᠤᠷᠠᠯᠳᠤᠭᠠᠨ ᠢᠶᠠᠷ ᠪᠠᠲᠤᠯᠠᠭᠤᠯᠤᠨ᠂ ᠪᠡᠭᠡᠵᠢᠩ ᠤᠨ ᠳ᠋ᠠᠰᠢᠩ ᠲᠣᠭᠤᠷᠢᠭ ᠵᠡᠷᠭᠡ 33 ᠬᠥᠳᠡᠭᠡ ᠲᠣᠰᠬᠤᠨ ᠤ | ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠭᠤᠴᠠᠭ᠎ᠠ ᠶᠢ ᠨᠢᠭᠡ ᠵᠢᠯ | ᠤᠷᠲᠤᠳᠬᠠᠵᠤ 2018 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠭᠠᠬᠤ ᠪᠠᠷ ᠲᠣᠭᠲᠠᠭᠠᠪᠠ᠃ | ᠥᠭᠡᠷᠡᠴᠢᠯᠡᠯᠲᠡ ᠶᠢᠨ ᠲᠤᠷᠰᠢᠯᠲᠠ ᠶᠢᠨ ᠬᠤᠭᠤᠴᠠᠭ᠎ᠠ ᠶᠢ ᠤᠷᠲᠤᠳᠬᠠᠬᠤ ᠳᠤ ᠶᠠᠮᠠᠷ ᠠᠬᠤᠶ ᠪᠠᠶᠢᠳᠠᠯ ᠲᠠᠢ ᠪᠤᠢ︖ | ᠶᠠᠭᠤᠨ ᠳᠤ ᠤᠷᠲᠤᠳᠬᠠᠭᠰᠠᠨ ᠪᠤᠢ︖ ᠲᠤᠷᠰᠢᠯᠲᠠ ᠶᠢᠨ ᠬᠤᠭᠤᠴᠠᠭ᠎ᠠ ᠶᠢ ᠤᠷᠲᠤᠳᠬᠠᠭᠰᠠᠨ ᠤ ᠳᠠᠷᠠᠭ᠎ᠠ | ᠠᠵᠢᠯ ᠤᠨ ᠰᠡᠳᠬᠢᠮᠵᠢ ᠪᠠᠨ ᠬᠡᠷᠬᠢᠨ ᠲᠣᠭᠲᠠᠭᠠᠬᠤ ᠪᠤᠢ︖ ᠳᠡᠭᠡᠷ᠎ᠡ ᠳᠤᠷᠠᠳᠤᠭᠰᠠᠨ ᠡᠲᠡᠬᠡᠷ ᠠᠰᠠᠭᠤᠳᠠᠯ ᠳᠤ | ᠵᠣᠷᠢᠭᠤᠯᠤᠨ ᠰᠤᠷᠪᠤᠯᠵᠢᠯᠠᠭᠴᠢ ᠠᠴᠠ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ᠲᠥᠷᠥ ᠶᠢᠨ | ᠪᠣᠳᠣᠯᠭ᠎ᠠ ᠬᠠᠤᠯᠢ ᠲᠦᠷᠢᠮ ᠤᠨ ᠵᠤᠷᠭᠠᠨ ᠤ ᠳᠠᠷᠤᠭ᠎ᠠ ᠸᠧᠶ ᠯᠢ ᠬᠤᠸᠠ ᠶᠢ ᠰᠤᠷᠪᠤᠯᠵᠢᠯᠠᠪᠠ᠃ | ᠠᠬᠤᠶ ᠪᠠᠶᠢᠳᠠᠯ — ᠲᠤᠷᠰᠢᠯᠲᠠ ᠱᠠᠲᠤᠴᠢ ᠴᠢᠨᠠᠷᠲᠠᠶ ᠦᠷ᠎ᠡ ᠪᠦᠲᠦᠮᠵᠢ ᠣᠯᠣᠭᠰᠠᠨ ᠪᠣᠯᠪᠠᠴᠤ ᠪᠠᠰᠠ | ᠲᠤᠷᠰᠢᠯᠲᠠ ᠶᠢᠨ ᠲᠤᠷᠰᠢᠯᠭ᠎ᠠ ᠪᠠᠨ ᠤᠯᠠᠮ ᠭᠦᠨᠵᠡᠭᠡᠶ ᠳ᠋ᠦᠩᠨᠡᠬᠦ ᠴᠢᠬᠤᠯᠠᠲᠠᠢ | 2015 ᠣᠨ ᠤ 2 ᠳ᠋ᠤᠭᠠᠷ ᠰᠠᠷ᠎ᠠ ᠶᠢᠨ 27 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ | ᠭᠤᠷᠪᠠᠳᠤᠭᠠᠷ ᠬᠤᠷᠠᠯᠳᠤᠭᠠᠨ ᠢᠶᠠᠷ ︽ᠲᠦᠷᠦ ᠶᠢᠨ ᠶᠠᠪᠤᠳᠠᠯ ᠤᠨ ᠬᠤᠷᠢᠶ᠎ᠠ ᠳᠤ ᠡᠷᠬᠡ ᠣᠯᠭᠤᠵᠤ ᠪᠡᠭᠡᠵᠢᠩ ᠤᠨ | ᠳ᠋ᠠᠰᠢᠩ ᠲᠣᠭᠤᠷᠢᠭ ᠵᠡᠷᠭᠡ ᠭᠤᠴᠢᠨ ᠭᠤᠷᠪᠠᠨ ᠲᠤᠷᠰᠢᠯᠲᠠ ᠶᠢᠨ ᠰᠢᠶᠠᠨ ︵ᠬᠤᠲᠠ᠂ ᠲᠣᠭᠤᠷᠢᠭ︶ ᠤ ᠵᠠᠰᠠᠭ | ᠵᠠᠬᠢᠷᠭᠠᠨ ᠤ ᠣᠷᠣᠨ ᠳᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠲᠦᠷ ᠲᠣᠬᠢᠷᠠᠭᠤᠯᠤᠨ | ᠬᠡᠷᠡᠭᠵᠢᠭᠦᠯᠬᠦ ᠲᠤᠬᠠᠶ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠪᠠᠲᠤᠯᠠᠭᠤᠯᠪᠠ᠃ ︽ | ᠲᠣᠭᠲᠠᠭᠠᠯ︾ ᠢ ᠦᠨᠳᠦᠰᠦᠯᠡᠪᠡᠯ᠂ ᠪᠡᠭᠡᠵᠢᠩ ᠤᠨ ᠳ᠋ᠠᠰᠢᠩ ᠲᠣᠭᠤᠷᠢᠭ ᠵᠡᠷᠭᠡ 33 ᠲᠤᠷᠰᠢᠯᠲᠠ ᠶᠢᠨ ᠰᠢᠶᠠᠨ ︵ | ᠬᠤᠲᠠ᠂ ᠲᠣᠭᠤᠷᠢᠭ︶ ᠳᠤ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠂ ︽ᠬᠤᠳᠠ ᠶᠢᠨ ᠭᠡᠷ | ᠪᠠᠶᠢᠰᠢᠩ ᠭᠠᠵᠠᠷ ᠬᠦᠷᠦᠩᠭᠡ ᠶᠢᠨ ᠬᠠᠮᠢᠶᠠᠷᠤᠯᠲᠠ ᠶᠢᠨ ᠬᠠᠤᠯᠢ︾ ᠶᠢᠨ 6 ᠵᠦᠢᠯ ᠵᠤᠷᠪᠤᠰ ᠢ | ᠬᠡᠷᠡᠭᠵᠢᠭᠦᠯᠬᠦ ᠶᠢ ᠲᠦᠷ ᠵᠣᠭᠰᠣᠭᠠᠵᠤ᠂ ᠴᠢᠬᠤᠯᠠ ᠶᠡᠭᠡ ᠥᠭᠡᠷᠡᠴᠢᠯᠡᠯᠲᠡ ᠳᠤ ᠬᠠᠤᠯᠢ ᠶᠢᠨ ᠦᠨᠳᠦᠰᠦᠯᠡᠯ ᠲᠠᠢ | ᠪᠠᠶᠢᠯᠭᠠᠬᠤ ᠵᠠᠷᠴᠢᠮ ᠶᠣᠰᠣᠭᠠᠷ ᠬᠥᠳᠡᠭᠡ ᠲᠣᠰᠬᠤᠨ ᠤ ᠭᠠᠵᠠᠷ ᠰᠢᠷᠣᠶ ᠶᠢ ᠲᠠᠲᠠᠪᠤᠷᠢᠯᠠᠬᠤ᠂ ᠬᠠᠮᠲᠤ ᠶᠢᠨ | ᠡᠵᠡᠩᠨᠡᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ᠂ | ᠣᠷᠣᠨ ᠰᠠᠭᠤᠴᠠ ᠶᠢᠨ ᠭᠠᠵᠠᠷ ᠤᠨ ᠳᠦᠷᠢᠮ ᠳᠤ ᠥᠭᠡᠷᠡᠴᠢᠯᠡᠯᠲᠡ ᠬᠢᠬᠦ ᠲᠤᠷᠰᠢᠯᠲᠠ ᠶᠢ ᠠᠬᠢᠭᠤᠯᠤᠨ᠎ᠠ᠃ ᠲᠤᠰ | ᠡᠷᠬᠡ ᠣᠯᠭᠤᠬᠤ ᠬᠤᠭᠤᠴᠠᠭ᠎ᠠ ᠨᠢ 2017 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠭᠤᠰᠤᠨ᠎ᠠ᠃ | ᠸᠧᠶ ᠯᠢ ᠬᠤᠸᠠ ᠶᠢᠨ ᠲᠠᠨᠢᠯᠴᠠᠭᠤᠯᠤᠭᠰᠠᠨ ᠢᠶᠠᠷ᠂ ᠬᠤᠶᠠᠷ ᠵᠢᠯ ᠭᠠᠷᠤᠶ ᠶᠢᠨ ᠲᠤᠷᠰᠢ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ | ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠲᠥᠪ ᠤᠨ ᠵᠣᠷᠢᠭ ᠰᠠᠨᠠᠭ᠎ᠠ ᠵᠢᠴᠢ ︽ᠲᠣᠭᠲᠠᠭᠠᠯ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠲᠠ ᠬᠠᠮᠵᠢᠯᠴᠠᠯᠭ᠎ᠠ ᠶᠢᠨ | ᠳᠣᠣᠷ᠎ᠠ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠭᠤᠷᠪᠠᠨ ᠵᠦᠢᠯ ᠤᠨ ᠥᠭᠡᠷᠡᠴᠢᠯᠡᠯᠲᠡ ᠶᠢᠨ | ᠲᠤᠷᠰᠢᠯᠲᠠ ᠶᠢ ᠢᠳᠡᠪᠬᠢᠲᠡᠶ ᠥᠷᠨᠢᠭᠦᠯᠵᠦ᠂ ᠡᠯ᠎ᠡ ᠵᠦᠢᠯ ᠤᠨ ᠠᠵᠢᠯ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ | ᠶᠠᠪᠤᠭᠳᠠᠪᠠ ᠭᠡᠵᠡᠢ᠃ ᠣᠳᠣᠬᠠᠨ ᠪᠣᠯᠲᠠᠯ᠎ᠠ᠂ ᠲᠤᠷᠰᠢᠯᠲᠠ ᠶᠢᠨ ᠠᠵᠢᠯ ᠱᠠᠲᠤᠴᠢ ᠴᠢᠨᠠᠷᠲᠠᠶ ᠴᠢᠬᠤᠯᠠ ᠦᠷ᠎ᠡ | ᠪᠦᠲᠦᠮᠵᠢ ᠤᠯᠪᠠ᠄ ᠨᠢᠭᠡ ᠳᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢᠨ ᠦᠷ᠎ᠡ ᠪᠦᠲᠦᠮᠵᠢ | ᠠᠩᠬ᠎ᠠ ᠢᠯᠡᠷᠡᠵᠦ᠂ ᠬᠠᠷᠢᠴᠠᠩᠭᠤᠶ ᠪᠣᠯᠪᠠᠰᠤᠷᠠᠩᠭᠤᠶ ᠳᠦᠷᠢᠮ ᠤᠨ ᠲᠣᠭᠲᠠᠯᠴᠠᠭ᠎ᠠ ᠨᠢᠭᠡᠨᠲᠡ ᠪᠤᠢ ᠪᠣᠯᠪᠠ︔ | ᠬᠤᠶᠠᠷ ᠲᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠨᠢ ᠲᠠᠷᠢᠶᠠᠴᠢᠨ ᠤ ᠣᠷᠣᠨ | ᠰᠠᠭᠤᠴᠠ ᠶᠢᠨ ᠭᠠᠵᠠᠷ ᠢ ᠪᠠᠲᠤᠯᠠᠬᠤ᠂ ᠣᠷᠣᠨ ᠰᠠᠭᠤᠴᠠ ᠶᠢᠨ ᠭᠠᠵᠠᠷ ᠠᠴᠠ ᠰᠠᠶᠢᠨ ᠳᠤᠷ᠎ᠠ ᠠᠴᠠ ᠪᠠᠨ | ᠲᠥᠯᠥᠪᠦᠷᠢ ᠲᠠᠢ ᠪᠠᠷ ᠤᠬᠤᠷᠢᠨ ᠭᠠᠷᠬᠤ ᠪᠠ ᠣᠷᠣᠨ ᠰᠠᠭᠤᠴᠠ ᠶᠢᠨ ᠭᠠᠵᠠᠷ ᠤᠨ ᠲᠦᠷᠢᠮ ᠢ ᠲᠡᠭᠦᠯᠳᠡᠷᠵᠢᠭᠦᠯᠬᠦ | ᠵᠡᠷᠭᠡ ᠲᠠᠯ᠎ᠠ ᠪᠠᠷ ᠢᠳᠡᠪᠬᠢᠲᠡᠶ ᠬᠠᠶᠢᠨ ᠰᠦᠪᠡᠭᠴᠢᠯᠡᠯᠲᠡ ᠬᠢᠪᠡ︔ ᠭᠤᠷᠪᠠ ᠳᠤ ᠬᠥᠳᠡᠭᠡ ᠲᠣᠰᠬᠤᠨ ᠤ ᠭᠠᠵᠠᠷ | ᠰᠢᠷᠣᠶ ᠶᠢ ᠲᠠᠲᠠᠪᠤᠷᠢᠯᠠᠬᠤ ᠳᠦᠷᠢᠮ ᠤᠨ ᠥᠭᠡᠷᠡᠴᠢᠯᠡᠯᠲᠡ ᠳᠠᠬᠢ ᠵᠠᠷᠢᠮ ᠭᠤᠣᠯᠳᠠᠯᠭ᠎ᠠ ᠲᠠᠢ᠂ ᠪᠡᠷᠬᠡᠲᠡᠶ᠂ ᠬᠠᠯᠠᠮᠰᠢᠯ | ᠠᠰᠠᠭᠤᠳᠠᠯ ᠢ ᠡᠬᠢᠯᠡᠨ ᠰᠡᠳᠦᠵᠦ ᠬᠢᠪᠡ᠃ | ︽ᠥᠭᠡᠷᠡᠴᠢᠯᠡᠯᠲᠡ ᠶᠢ ᠬᠠᠤᠯᠢ ᠲᠣᠭᠲᠠᠭᠠᠬᠤ ᠲᠠᠢ ᠬᠠᠷᠠᠯᠲᠠ ᠨᠢᠭᠡᠲᠡᠢ ᠪᠠᠶᠢᠯᠭᠠᠬᠤ ᠪᠠ ᠬᠠᠷᠢᠯᠴᠠᠨ | ᠵᠣᠯᠭᠠᠯᠳᠤᠭᠤᠯᠬᠤ ᠬᠡᠷᠡᠭᠲᠡᠢ︾ ᠭᠡᠵᠦ ᠸᠧᠶ ᠯᠢ ᠬᠤᠸᠠ ᠶᠠᠷᠢᠯ᠎ᠠ᠂ ᠥᠭᠡᠷᠡᠴᠢᠯᠡᠯᠲᠡ ᠶᠢᠨ ᠲᠤᠷᠰᠢᠯᠲᠠ ᠶᠢ ᠤᠯᠠᠮ | ᠴᠢᠨᠠᠭᠰᠢᠳᠠ ᠭᠦᠨᠵᠡᠭᠡᠶ ᠠᠬᠢᠭᠤᠯᠬᠤ ᠶᠢᠨ ᠲᠤᠰᠠᠳᠠ᠂ ᠲᠤᠷᠰᠢᠯᠲᠠ ᠶᠢᠨ ᠲᠤᠷᠰᠢᠯᠭ᠎ᠠ ᠪᠠᠨ ᠨᠡᠩ ᠰᠠᠶᠢᠲᠤᠷ | ᠳ᠋ᠦᠩᠨᠡᠵᠦ᠂ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠳᠤ ᠰᠠᠭᠤᠷᠢ ᠶᠢ ᠰᠠᠶᠢᠲᠤᠷ ᠲᠠᠯᠪᠢᠬᠤ ᠶᠢᠨ ᠲᠣᠰᠠᠳᠠ᠂ | ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠬᠢᠨᠠᠮᠠᠭᠠᠶ ᠪᠣᠳᠣᠯᠬᠢᠯᠠᠬᠤ ᠪᠠᠷ ᠳᠠᠮᠵᠢᠨ ᠲᠤᠷᠰᠢᠯᠲᠠ ᠶᠢᠨ | ᠡᠷᠬᠡ ᠣᠯᠭᠤᠬᠤ ᠬᠤᠭᠤᠴᠠᠭ᠎ᠠ ᠶᠢ ᠤᠷᠲᠤᠳᠬᠠᠬᠤ ᠵᠢᠭᠠᠪᠤᠷᠢ ᠠᠪᠬᠤ ᠪᠢᠴᠢᠭ ᠢ ᠲᠤᠭᠤᠷᠪᠢᠨ ᠪᠢᠴᠢᠵᠦ᠂ | ᠲᠦᠷᠦ ᠶᠢᠨ ᠶᠠᠪᠤᠳᠠᠯ ᠤᠨ ᠬᠤᠷᠢᠶᠠᠨ ᠳᠤ ᠬᠢᠨᠠᠨ ᠵᠥᠪᠯᠡᠭᠦᠯᠬᠦ ᠪᠠᠷ ᠮᠡᠳᠡᠭᠦᠯᠪᠡ᠃ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠬᠠᠤᠯᠢ ᠳᠦᠷᠢᠮ ᠤᠨ ᠠᠯᠪᠠᠨ ᠭᠡᠷ ᠵᠢᠭᠠᠪᠤᠷᠢ ᠠᠪᠬᠤ ᠪᠢᠴᠢᠭ ᠢ ᠣᠯᠣᠭᠰᠠᠨ ᠤ ᠳᠠᠷᠠᠭ᠎ᠠ᠂ ᠲᠥᠪ ᠤᠨ | ᠥᠭᠡᠷᠡᠴᠢᠯᠡᠯᠲᠡ ᠶᠢᠨ ᠠᠯᠪᠠᠨ ᠭᠡᠷ᠂ ᠲᠥᠪ ᠤᠨ ᠬᠥᠳᠡᠭᠡ ᠲᠣᠰᠬᠤᠨ ᠤ ᠠᠵᠢᠯ ᠤᠨ ᠠᠯᠪᠠᠨ ᠬᠡᠷ᠂ ᠲᠠᠷᠢᠶᠠᠯᠠᠩ ᠤᠨ | ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠬᠤᠯᠪᠣᠭᠳᠠᠯ | ᠪᠦᠬᠦᠢ ᠨᠢᠭᠡᠴᠡ ᠪᠣᠯᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠶᠢᠨ ᠰᠠᠨᠠᠯ ᠢ ᠬᠤᠷᠢᠶᠠᠭᠠᠳ᠂ ᠨᠢᠭᠡᠴᠡ ᠨᠢᠭᠡᠪᠦᠷᠢ | ᠴᠥᠮ ᠵᠥᠪᠰᠢᠶᠡᠷᠡᠬᠦ ᠪᠠᠨ ᠢᠯᠡᠳᠬᠡᠵᠡᠢ᠃ ᠡᠨᠡ ᠬᠦ ᠰᠠᠭᠤᠷᠢᠨ ᠳᠡᠭᠡᠷ᠎ᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠲᠠᠢ | ᠬᠠᠮᠲᠤᠷᠠᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠰᠤᠳᠤᠯᠤᠯᠲᠠ ᠬᠢᠵᠦ᠂ ᠵᠠᠰᠠᠪᠤᠷᠢ ᠣᠷᠣᠭᠤᠯᠵᠤ᠂ | ᠲᠥᠰᠦᠯ ᠢ ᠪᠤᠢ ᠪᠣᠯᠭᠠᠨ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ | ᠬᠢᠨᠠᠨ ᠵᠥᠪᠯᠡᠭᠦᠯᠪᠡ᠃ 2017 ᠣᠨ ᠤ 11 ᠳ᠋ᠦ᠋ᠭᠡᠷ ᠰᠠᠷ᠎ᠠ ᠶᠢᠨ 4 ᠤ ᠡᠳᠦᠷ᠂ ᠠᠷᠪᠠᠨ ᠬᠤᠶᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠭᠤᠴᠢᠳᠤᠭᠠᠷ ᠬᠤᠷᠠᠯᠳᠤᠭᠠᠨ ᠢᠶᠠᠷ ᠤᠷᠲᠤᠳᠬᠠᠬᠤ ᠲᠤᠬᠠᠶ ᠲᠣᠭᠲᠠᠭᠠᠯ ᠢ ᠪᠠᠲᠤᠯᠠᠭᠤᠯᠪᠠ᠃ | ᠪᠣᠳᠣᠯᠬᠢᠯᠠᠯ — ᠥᠭᠡᠷᠡᠴᠢᠯᠡᠯᠲᠡ ᠶᠢᠨ ᠪᠦᠬᠦᠯᠢ ᠴᠤᠭᠴᠠᠲᠤ ᠴᠢᠨᠠᠷ᠂ ᠰᠢᠰᠲ᠋ᠧᠮᠴᠢ ᠴᠢᠨᠠᠷ᠂ ᠬᠠᠮᠵᠢᠯᠴᠠᠬᠤ | ᠴᠢᠨᠠᠷ ᠪᠠ ᠶᠡᠷᠦᠩᠬᠡᠶᠢᠯᠡᠭᠰᠡᠨ ᠦᠷ᠎ᠡ ᠠᠰᠢᠭ ᠢ ᠢᠯᠡᠷᠬᠡᠢ ᠪᠣᠯᠭᠠᠬᠤ ᠳᠤ ᠵᠣᠬᠢᠬᠤ ᠴᠠᠭ ᠬᠤᠭᠤᠴᠠᠭ᠎ᠠ ᠬᠡᠷᠡᠭᠰᠡᠨ᠎ᠡ | ︽ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠶᠢᠨ ᠭᠤᠷᠪᠠᠨ ᠵᠦᠢᠯ ᠤᠨ | ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠪᠠᠷ ᠠᠬᠢᠭᠤᠯᠬᠤ ᠶᠢᠨ ᠬᠠᠮᠲᠤ ᠲᠤᠷᠰᠢᠯᠲᠠ ᠶᠢ | ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠳᠠᠮᠵᠢᠭᠤᠯᠤᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠪᠠᠰᠠ ᠡᠳᠦᠶ | ᠲᠡᠳᠦᠶ ᠣᠷᠣᠰᠢᠵᠤ ᠪᠠᠶᠢᠬᠤ ᠪᠣᠯᠬᠤᠷ ᠲᠤᠷᠰᠢᠯᠲᠠ ᠶᠢᠨ ᠡᠷᠬᠡ ᠣᠯᠭᠤᠬᠤ ᠬᠤᠭᠤᠴᠠᠭ᠎ᠠ ᠶᠢ ᠤᠷᠲᠤᠳᠬᠠᠬᠤ | ᠴᠢᠬᠤᠯᠠ ᠲᠠᠢ︾ ᠭᠡᠵᠦ ᠸᠧᠶ ᠯᠢ ᠬᠤᠸᠠ ᠢᠯᠡᠳᠬᠡᠪᠡ᠂ ᠲᠤᠷᠰᠢᠯᠲᠠ ᠶᠢᠨ ᠬᠤᠭᠤᠴᠠᠭ᠎ᠠ ᠶᠢ ᠤᠷᠲᠤᠳᠬᠠᠬᠤ ᠨᠢ | ᠭᠤᠣᠯᠳᠠᠭᠤ ᠳᠣᠣᠷᠠᠬᠢ ᠭᠤᠷᠪᠠᠨ ᠲᠠᠯ᠎ᠠ ᠶᠢᠨ ᠪᠣᠳᠣᠯᠬᠢᠯᠠᠯ ᠪᠠᠶᠢᠨ᠎ᠠ᠄ | ᠨᠢᠭᠡ ᠳᠤ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠲᠤᠶᠢᠯ ᠤᠨ ᠴᠢᠬᠤᠯᠠ | ᠤᠴᠢᠷ ᠠᠴᠠ᠂ ᠲᠤᠷᠰᠢᠯᠲᠠ ᠶᠢᠨ ᠳᠤᠮᠳᠠ ᠪᠠᠨ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠬᠡᠨ᠂ | ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠴᠢᠬᠤᠯᠠᠲᠠᠢ ᠶᠤᠮ᠃ ᠭᠠᠵᠠᠷ ᠰᠢᠷᠣᠶ ᠶᠢᠨ ᠲᠦᠷᠢᠮ ᠪᠣᠯ ᠤᠯᠤᠰ ᠤᠨ | ᠰᠠᠭᠤᠷᠢ ᠴᠢᠨᠠᠷᠲᠠᠶ ᠳᠦᠷᠢᠮ ᠪᠠᠶᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠤᠯᠤᠰ ᠤᠨ ᠥᠨᠢ | ᠤᠳᠠᠭᠠᠨ ᠠᠮᠤᠷ ᠲᠦᠪᠰᠢᠨ ᠯᠦᠭᠡ ᠬᠤᠯᠪᠤᠭᠳᠠᠨ᠎ᠠ᠃ ᠲᠤᠷᠰᠢᠯᠲᠠ ᠶᠢᠨ ᠪᠠᠶᠢᠳᠠᠯ ᠠᠴᠠ ᠦᠵᠡᠪᠡᠯ᠂ ᠨᠡᠶᠢᠭᠡᠮ ᠤᠨ | ᠡᠯ᠎ᠡ ᠡᠲᠡᠭᠡᠳ ᠤᠨ ᠬᠢᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠦᠷᠢᠮ ᠤᠨ ᠥᠭᠡᠷᠡᠴᠢᠯᠡᠯᠲᠡ ᠶᠢᠨ ᠶᠡᠭᠡ | ᠴᠢᠭᠯᠡᠯ ᠢ ᠵᠦᠪᠰᠢᠶᠡᠷᠡᠨ ᠮᠡᠳᠡᠷᠡᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠲᠤᠷᠰᠢᠯᠲᠠ ᠶᠢᠨ ᠭᠠᠵᠠᠷ | ᠣᠷᠣᠨ ᠲᠥᠪ ᠤᠨ ᠲᠣᠭᠲᠠᠭᠠᠭᠰᠠᠨ ᠥᠭᠡᠷᠡᠴᠢᠯᠡᠯᠲᠡ ᠶᠢᠨ ᠲᠥᠰᠦᠯ ᠢ ᠢᠳᠡᠪᠬᠢᠲᠡᠶ ᠨᠠᠶᠢᠳᠠᠪᠤᠷᠢᠵᠢᠭᠤᠯᠵᠤ᠂ | ᠨᠡᠯᠢᠶᠡᠳ ᠢᠯᠡᠷᠭᠡᠢ ᠦᠷ᠎ᠡ ᠪᠦᠲᠦᠮᠵᠢ ᠤᠯᠪᠠ᠃ ᠭᠡᠪᠡᠴᠦ ᠡᠭᠦᠨ ᠤ ᠬᠠᠮᠲᠤ᠂ ᠲᠤᠷᠰᠢᠯᠲᠠ ᠶᠢᠨ ᠴᠢᠭ᠋ ᠲᠤ ᠪᠠᠰᠠ | ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠬᠢᠭᠡᠳ ᠬᠥᠳᠡᠭᠡ ᠲᠣᠰᠬᠤᠨ ᠤ ᠭᠠᠵᠠᠷ | ᠰᠢᠷᠣᠶ ᠶᠢ ᠪᠦᠲᠦᠮᠵᠢᠲᠠᠢ ᠠᠰᠢᠭᠯᠠᠬᠤ ᠶᠢᠨ ᠬᠤᠭᠤᠷᠤᠨᠳᠤᠬᠢ ᠬᠠᠷᠢᠴᠠᠭ᠎ᠠ ᠶᠢ ᠬᠡᠷᠬᠢᠨ ᠨᠡᠩ ᠰᠠᠶᠢᠨ ᠵᠣᠬᠢᠴᠠᠭᠤᠯᠬᠤ᠂ | ᠣᠷᠣᠨ ᠨᠤᠲᠤᠭ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠣᠷᠣᠯᠭ᠎ᠠ ᠪᠣᠯᠤᠨ ᠲᠥᠷᠥᠯ ᠵᠦᠢᠯ ᠤᠨ | ᠪᠥᠳᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠬᠡᠷᠬᠢᠨ ᠪᠦᠲᠦᠮᠵᠢᠲᠡᠶ ᠪᠠᠲᠤᠯᠠᠬᠤ ᠵᠡᠷᠭᠡ ᠡᠳᠦᠢ ᠲᠡᠳᠦᠢ | ᠰᠢᠨ᠎ᠡ ᠠᠰᠠᠭᠤᠳᠠᠯ ᠤᠳ ᠲᠤᠰᠬᠠᠭᠳᠠᠪᠠ᠃ ᠲᠤᠷᠰᠢᠯᠲᠠ ᠶᠢᠨ ᠴᠠᠭ ᠬᠤᠭᠤᠴᠠᠭ᠎ᠠ ᠶᠢ ᠤᠷᠲᠤᠳᠬᠠᠬᠤ ᠨᠢ᠂ | ᠦᠢᠯᠡᠳᠦᠯᠭᠡ ᠳᠤᠮᠳᠠ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠨ᠂ ᠥᠭᠡᠷᠡᠴᠢᠯᠡᠯᠲᠡ ᠶᠢᠨ | ᠠᠵᠢᠯᠯᠠᠭᠠᠨ ᠤ ᠨᠠᠩ ᠰᠢᠨᠵᠢᠯᠡᠬᠦ ᠤᠬᠠᠭᠠᠨᠴᠢ ᠲᠥᠰᠦᠯ ᠢ ᠲᠤᠭᠲᠠᠭᠠᠬᠤ ᠳᠤ ᠠᠰᠢᠭᠲᠠᠢ ᠶᠤᠮ᠃ | ᠬᠤᠶᠠᠷ ᠲᠤ ᠲᠤᠷᠰᠢᠯᠲᠠ ᠶᠢᠨ ᠠᠵᠢᠯ ᠮᠥᠨ ᠬᠦ ᠲᠠᠰᠤᠷᠠᠯᠲᠠ ᠦᠭᠡᠶ ᠬᠠᠶᠢᠨ ᠰᠦᠪᠡᠭᠴᠢᠯᠡᠬᠦ᠂ ᠠᠯᠬᠤᠮ | ᠠᠯᠬᠤᠮ ᠢᠶᠠᠷ ᠲᠡᠭᠦᠯᠳᠡᠷᠵᠢᠬᠦᠯᠬᠦ ᠱᠠᠲᠤᠨ ᠳᠤ ᠪᠠᠶᠢᠵᠤ᠂ ᠥᠭᠡᠷᠡᠴᠢᠯᠡᠯᠲᠡ ᠶᠢᠨ ᠪᠦᠬᠦᠯᠢ ᠴᠤᠭᠴᠠᠲᠤ ᠴᠢᠨᠠᠷ᠂ | ᠰᠢᠰᠲ᠋ᠧᠮᠴᠢ ᠴᠢᠨᠠᠷ᠂ ᠬᠠᠮᠵᠢᠯᠴᠠᠬᠤ ᠴᠢᠨᠠᠷ ᠪᠣᠯᠤᠨ ᠶᠡᠷᠦᠩᠬᠡᠶᠢᠯᠡᠭᠰᠡᠨ ᠦᠷ᠎ᠡ ᠠᠰᠢᠭ ᠢ ᠢᠯᠡᠷᠭᠡᠢ ᠪᠣᠯᠭᠠᠬᠤ ᠳᠤ | ᠪᠠᠰᠠ ᠴᠠᠭ ᠬᠤᠭᠤᠴᠠᠭ᠎ᠠ ᠬᠡᠷᠡᠭᠰᠡᠬᠦ ᠴᠢᠬᠤᠯᠠᠲᠠᠢ ᠶᠤᠮ᠃ ᠭᠠᠵᠠᠷ ᠰᠢᠷᠣᠶ ᠶᠢᠨ ᠳᠦᠷᠢᠮ ᠤᠨ ᠥᠭᠡᠷᠡᠴᠢᠯᠡᠯᠲᠡ ᠨᠢ | ᠲᠠᠩ ᠭᠠᠭᠴᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠵᠡᠷᠭᠡ ᠥᠭᠡᠷᠡᠴᠢᠯᠡᠯᠲᠡ ᠲᠠᠢ ᠠᠳᠠᠯᠢ ᠪᠤᠰᠤ᠂ | ᠲᠤᠷᠰᠢᠯᠲᠠ ᠶᠢᠨ ᠭᠠᠵᠠᠷ ᠣᠷᠣᠨ ᠤ ᠳᠦᠷᠢᠮ ᠲᠤᠭᠲᠠᠭᠠᠬᠤ᠂ ᠠᠵᠢᠯ ᠢᠶᠠᠨ ᠪᠠᠶᠢᠷᠢᠯᠠᠭᠤᠯᠬᠤ᠂ ᠦᠢᠯᠡᠳᠦᠯᠬᠡᠵᠢᠬᠦᠯᠦᠨ | ᠠᠵᠢᠯᠯᠠᠭᠤᠯᠬᠤ ᠠᠴᠠ ᠦᠷ᠎ᠡ ᠪᠦᠲᠦᠮᠵᠢ ᠶᠢ ᠬᠠᠷᠢᠭᠤ ᠲᠤᠰᠬᠠᠬᠤ ᠪᠤᠯᠲᠠᠯ᠎ᠠ ᠦᠶᠡᠯᠡᠯ ᠤᠨ ᠬᠤᠭᠤᠴᠠᠭ᠎ᠠ ᠨᠢ | ᠨᠡᠯᠢᠶᠡᠳ ᠤᠷᠲᠤ ᠪᠠᠶᠢᠳᠠᠭ᠃ 2015 ᠣᠨ ᠳᠤ ᠭᠤᠷᠪᠠᠨ ᠵᠦᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢ | ᠡᠬᠢᠯᠡᠭᠦᠯᠬᠦ ᠳᠡᠭᠡᠨ ᠰᠠᠯᠭᠠᠨ ᠪᠠᠶᠢᠷᠢᠯᠠᠭᠤᠯᠵᠤ᠂ ᠡᠯ᠎ᠡ ᠲᠤᠷᠰᠢᠯᠲᠠ ᠶᠢᠨ ᠭᠠᠵᠠᠷ ᠣᠷᠣᠨ ᠳᠤᠰ ᠳᠤᠰ ᠲᠤ ᠪᠠᠨ | ᠦᠷᠨᠢᠬᠦᠯᠵᠤ᠂ ᠨᠢᠭᠡᠳᠦᠯᠲᠠᠢ ᠲᠦᠯᠦᠪᠯᠡᠨ ᠠᠬᠢᠭᠤᠯᠤᠭᠰᠠᠨ ᠨᠢ 2016 ᠣᠨ ᠤ ᠳᠣᠣᠷ᠎ᠠ ᠬᠠᠭᠠᠰ ᠵᠢᠯ ᠳᠤ ᠰᠠᠶ᠋ᠢ | ᠪᠦᠬᠦ ᠲᠠᠯ᠎ᠠ ᠪᠠᠷ ᠡᠬᠢᠯᠡᠭᠰᠡᠨ ᠠᠴᠠ᠂ ᠢᠯᠠᠩᠭᠤᠶ᠎ᠠ ᠭᠠᠵᠠᠷ ᠰᠢᠷᠣᠶ ᠶᠢ ᠲᠠᠲᠠᠪᠤᠷᠢᠯᠠᠬᠤ ᠲᠦᠷᠢᠮ ᠤᠨ | ᠥᠭᠡᠷᠡᠴᠢᠯᠡᠯᠲᠡ ᠶᠢᠨ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠴᠢᠭ᠋ ᠤᠨ ᠲᠤᠭ᠎ᠠ ᠬᠡᠮᠵᠢᠶ᠎ᠡ ᠨᠢ ᠬᠠᠷᠢᠴᠠᠩᠭᠤᠢ | ᠴᠥᠭᠡᠨ ᠪᠤᠯᠬᠤᠷ᠂ ᠲᠤᠷᠰᠢᠯᠲᠠ ᠶᠢᠨ ᠴᠠᠭ ᠬᠤᠭᠤᠴᠠᠭ᠎ᠠ ᠶᠢ ᠤᠷᠲᠤᠳᠬᠠᠬᠤ ᠨᠢ᠂ ᠭᠤᠷᠪᠠᠨ ᠵᠦᠢᠯ ᠤᠨ | ᠥᠭᠡᠷᠡᠴᠢᠯᠡᠯᠲᠡ ᠶᠢ ᠭᠦᠨᠵᠡᠭᠡᠶ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ ᠲᠤᠷᠰᠢᠯᠲᠠ ᠶᠢᠨ ᠠᠮᠵᠢᠯᠲᠠ | ᠠᠯᠳᠠᠰᠢ ᠶᠢ ᠪᠦᠬᠦ ᠲᠠᠯ᠎ᠠ ᠪᠠᠷ ᠦᠨᠡᠯᠡᠨ ᠵᠢᠱᠢᠬᠦ᠂ ᠲᠤᠷᠰᠢᠯᠲᠠ ᠶᠢᠨ ᠲᠤᠷᠰᠢᠯᠭ᠎ᠠ ᠪᠠᠨ ᠰᠢᠰᠲ᠋ᠧᠮ ᠲᠠᠢ ᠳ᠋ᠦᠡᠭᠨᠡᠬᠦ ᠳᠤ | ᠰᠠᠭᠤᠷᠢ ᠶᠢ ᠰᠠᠶᠢᠲᠤᠷ ᠲᠠᠯᠪᠢᠵᠤ ᠦᠭᠭᠦ ᠳᠤ ᠠᠰᠢᠭᠲᠠᠢ ᠶᠤᠮ᠃ | ᠭᠤᠷᠪᠠ ᠳᠤ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠳᠤ ᠵᠠᠰᠠᠪᠤᠷᠢ ᠣᠷᠣᠭᠤᠯᠬᠤ ᠠᠵᠢᠯ ᠶᠠᠭ | ᠶᠠᠪᠤᠭᠳᠠᠵᠤ ᠪᠤᠢ᠂ ᠵᠠᠷᠢᠮ ᠲᠤᠷᠰᠢᠯᠲᠠ ᠶᠢᠨ ᠭᠠᠵᠠᠷ ᠣᠷᠣᠨ ᠤ ᠵᠠᠰᠠᠭ ᠤᠨ ᠣᠷᠳᠣᠨ᠂ ᠬᠠᠮᠲᠤ ᠨᠡᠶᠢᠲᠡ ᠪᠤᠯᠤᠨ | ᠲᠠᠷᠢᠶᠠᠴᠢᠳ ᠪᠠᠶᠢᠳᠠᠯ ᠢ ᠬᠠᠷᠠᠬᠤ ᠴᠢᠨᠠᠭᠰᠢᠯᠠᠪᠠᠯ ᠡᠷᠡᠭᠡᠯᠵᠡᠬᠦ ᠰᠡᠳᠬᠢᠴᠡ ᠲᠠᠢ ᠪᠠᠶᠢᠬᠤ ᠤᠴᠢᠷ ᠠᠴᠠ᠂ ᠬᠤᠯᠪᠣᠭᠳᠠᠯ | ᠪᠦᠬᠦᠢ ᠲᠠᠯ᠎ᠠ ᠶᠢᠨ ᠥᠭᠡᠷᠡᠴᠢᠯᠡᠯᠲᠡ ᠶᠢᠨ ᠵᠢᠱᠢᠯᠲᠡ ᠶᠢ ᠤᠯᠠᠮ ᠨᠢᠭᠡ ᠠᠯᠬᠤᠮ ᠲᠤᠭᠲᠠᠪᠤᠷᠢᠵᠢᠭᠤᠯᠬᠤ ᠴᠢᠬᠤᠯᠠᠲᠠᠢ | ᠶᠤᠮ᠃ ᠭᠤᠷᠪᠠᠨ ᠵᠦᠢᠯ ᠤᠨ ᠥᠭᠡᠷᠡᠴᠢᠯᠡᠯᠲᠡ ᠶᠢ 2015 ᠣᠨ ᠳᠤ ᠡᠬᠢᠯᠡᠭᠦᠯᠦᠭᠰᠡᠨ ᠠᠴᠠ ᠨᠠᠰᠢ ᠥᠷᠭᠡᠨ | ᠳᠡᠯᠭᠡᠷ ᠬᠦᠷᠢᠶᠡᠯᠡᠯ ᠢ ᠤᠯᠪᠠ᠃ ᠡᠭᠦᠨ ᠤ ᠬᠠᠮᠲᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ | ᠲᠤᠷᠰᠢᠯᠲᠠ ᠶᠢᠨ ᠲᠤᠷᠰᠢᠯᠭ᠎ᠠ ᠶᠢ ᠳ᠋ᠦᠡᠭᠨᠡᠨ᠂ ᠥᠷᠭᠡᠨ ᠢᠶᠠᠷ ᠰᠠᠨᠠᠯ ᠬᠤᠷᠢᠶᠠᠭᠰᠠᠨ ᠤ ᠰᠠᠭᠤᠷᠢᠨ ᠳᠡᠭᠡᠷ᠎ᠡ᠂ ︽ | ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ︵ᠡᠬᠡ ᠨᠤᠤᠷᠠᠭ︶︾ ᠢ | ᠨᠢᠭᠡᠨᠲᠡ ᠲᠤᠭᠤᠷᠪᠢᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠳᠦᠷᠢᠮ ᠤᠨ ᠠᠯᠪᠠᠨ ᠭᠡᠷ ᠠᠴᠠ 9 | ᠳ᠋ᠤᠭᠡᠷ ᠰᠠᠷ᠎ᠠ ᠳᠤ ᠡᠯ᠎ᠡ ᠰᠠᠯᠠᠭ᠎ᠠ ᠮᠥᠴᠢᠷ ᠪᠤᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠰᠠᠨᠠᠯ ᠢ | ᠬᠤᠷᠢᠶᠠᠵᠤ᠂ ᠲᠠᠷᠠᠭᠠᠴᠢ ᠶᠢᠨ ᠠᠯᠬᠤᠮ ᠳᠤ ᠪᠠᠰᠠ ᠬᠠᠤᠯᠢ ᠲᠣᠭᠲᠠᠭᠠᠬᠤ ᠶᠢᠨ ᠬᠢᠨᠠᠨ ᠶᠠᠷᠢᠯᠴᠠᠬᠤ ᠠᠵᠢᠯ ᠢ | ᠲᠦᠷᠭᠡᠳᠭᠡᠨ ᠠᠬᠢᠭᠤᠯᠬᠤ ᠪᠤᠯᠤᠨ᠎ᠠ᠃ ᠥᠭᠡᠷᠡᠴᠢᠯᠡᠯᠲᠡ ᠶᠢᠨ ᠲᠤᠷᠰᠢᠯᠲᠠ ᠶᠢ ᠬᠠᠤᠯᠢ ᠴᠠᠭᠠᠵᠠ ᠳᠤ ᠵᠠᠰᠠᠪᠤᠷᠢ | ᠣᠷᠣᠭᠤᠯᠬᠤ ᠠᠵᠢᠯ ᠯᠤᠭ᠎ᠠ ᠵᠡᠷᠭᠡ ᠳᠤᠨᠢ ᠵᠠᠯᠭᠠᠭᠤᠯᠵᠤ᠂ ᠥᠭᠡᠷᠡᠴᠢᠯᠡᠯᠲᠡ ᠶᠢᠨ ᠰᠢᠶᠳᠪᠦᠷᠢᠲᠦ ᠪᠤᠳᠤᠯᠭ᠎ᠠ ᠬᠢᠭᠡᠳ | ᠬᠠᠤᠯᠢ ᠲᠣᠭᠲᠠᠭᠠᠬᠤ ᠰᠢᠶᠳᠪᠦᠷᠢᠲᠦ ᠪᠤᠳᠤᠯᠭ᠎ᠠ ᠶᠢ ᠨᠢᠭᠡᠳᠦᠭᠦᠯᠬᠦ ᠬᠡᠷᠡᠭᠲᠡᠶ᠃ ᠲᠤᠷᠰᠢᠯᠲᠠ ᠶᠢᠨ ᠴᠠᠭ | ᠬᠤᠭᠤᠴᠠᠭ᠎ᠠ ᠶᠢ ᠤᠷᠲᠤᠳᠬᠠᠬᠤ ᠨᠢ᠂ ᠲᠤᠷᠰᠢᠯᠲᠠ ᠶᠢᠨ ᠭᠠᠵᠠᠷ ᠣᠷᠣᠨ ᠤ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠳᠤ ᠵᠠᠰᠠᠪᠤᠷᠢ ᠣᠷᠣᠭᠤᠯᠬᠤ | ᠠᠵᠢᠯ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠳᠤ ᠠᠰᠢᠭᠲᠠᠢ ᠶᠤᠮ᠃ | ᠰᠡᠳᠬᠢᠮᠵᠢ — ᠥᠭᠡᠷᠡᠴᠢᠯᠡᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠂ ᠲᠤᠷᠰᠢᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠤᠯᠢ ᠴᠠᠭᠠᠵᠠ ᠳᠤ ᠵᠠᠰᠠᠪᠤᠷᠢ ᠤᠷᠤᠭᠤᠯᠬᠤ ᠳᠤ ᠲᠤᠯᠭᠠᠭᠤᠷᠢᠯᠠᠯ | ᠬᠠᠨᠭ᠍ᠭᠠᠨ᠎ᠠ | ︽ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠠᠭ | ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ᠂ ᠬᠠᠷᠢᠭᠤᠴᠠᠯᠭ᠎ᠠ ᠶᠡᠭᠡ ᠶᠤᠮ᠃︾ ᠬᠡᠵᠤ ᠸᠧᠶ ᠯᠢ ᠬᠤᠸᠠ | ᠢᠯᠡᠷᠭᠡᠶᠢᠯᠡᠪᠡ᠂ ᠭᠤᠷᠪᠠᠨ ᠵᠦᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠠᠭ ᠬᠤᠭᠤᠴᠠᠭ᠎ᠠ ᠶᠢ ᠨᠢᠭᠡ ᠵᠢᠯ | ᠤᠷᠲᠤᠳᠬᠠᠭᠰᠠᠨ ᠵᠢᠴᠢ ᠲᠤᠷᠰᠢᠯᠲᠠ ᠶᠢᠨ ᠭᠠᠵᠠᠷ ᠣᠷᠣᠨ ᠤ ᠪᠣᠳᠠᠲᠠᠶ ᠠᠵᠢᠯ ᠤᠨ ᠪᠠᠶᠢᠳᠠᠯ ᠢ ᠶᠡᠷᠦᠩᠬᠡᠶᠢᠯᠡᠨ | ᠪᠤᠳᠤᠯᠬᠢᠯᠠᠭᠠᠳ᠂ ᠳᠠᠷᠠᠭᠠᠴᠢ ᠶᠢᠨ ᠠᠯᠬᠤᠮ ᠳᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠭᠤᠷᠪᠠᠨ | ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠪᠠᠷ ᠪᠤᠢ᠃ | ᠨᠢᠭᠡ ᠳᠤ ᠥᠭᠡᠷᠡᠴᠢᠯᠡᠯᠲᠡ ᠶᠢᠨ ᠲᠤᠷᠰᠢᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠦᠷᠢᠶ᠎ᠡ | ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠭᠡᠨ᠎ᠡ᠃ ᠭᠠᠵᠠᠷ ᠰᠢᠷᠤᠢ ᠶᠢᠨ ᠨᠡᠶᠢᠲᠡ ᠶᠢᠨ ᠦᠮᠴᠢᠯᠡᠯ ᠤᠨ ᠰᠢᠨᠵᠢ | ᠴᠢᠨᠠᠷ ᠢ ᠦᠯᠦ ᠬᠤᠪᠢᠷᠠᠭᠤᠯᠬᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠥᠯᠥ ᠳᠠᠪᠠᠭ᠋ᠤ᠂ ᠲᠠᠷᠢᠶᠠᠴᠢᠳ ᠤᠨ | ᠠᠰᠢᠭ ᠲᠤᠰᠠ ᠶᠢ ᠥᠯᠥ ᠬᠤᠬᠢᠷᠠᠭᠤᠯᠬᠤ ᠬᠤᠷᠢᠭ᠎ᠠ ᠱᠤᠭᠤᠮ ᠢ ᠦᠷᠭᠦᠯᠵᠢᠯᠡᠨ ᠪᠠᠲᠤ ᠰᠠᠬᠢᠵᠤ᠂ ᠭᠤᠷᠪᠠᠨ | ᠵᠦᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠭᠤᠣᠯᠳᠠᠯᠭ᠎ᠠ ᠲᠠᠢ | ᠰᠠᠶᠢᠲᠤᠷ ᠬᠢᠵᠤ᠂ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠳᠤ ᠲᠤᠯᠭᠠᠭᠤᠷᠢᠯᠠᠯ ᠬᠠᠨᠭ᠍ᠭᠠᠨ᠎ᠠ᠃ | ᠬᠤᠶᠠᠷ ᠲᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠳᠦᠷᠢᠮ ᠤᠨ ᠠᠯᠪᠠᠨ ᠭᠡᠷ ᠪᠣᠯᠤᠨ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ | ᠳᠦᠷᠢᠮ ᠤᠨ ᠠᠵᠢᠯ ᠤᠨ ᠵᠦᠪᠯᠡᠯ ᠯᠦᠭᠡ ᠢᠳᠡᠪᠬᠢᠲᠡᠶ ᠬᠠᠮᠵᠢᠯᠴᠠᠨ ︽ᠭᠠᠵᠠᠷ ᠰᠢᠷᠣᠶ ᠶᠢᠨ ᠬᠠᠮᠢᠶᠠᠷᠤᠯᠲᠠ ᠶᠢᠨ | ᠬᠠᠤᠯᠢ ︵ᠵᠠᠰᠠᠪᠤᠷᠢ ᠣᠷᠣᠭᠤᠯᠬᠤ ᠲᠥᠰᠦᠯ︶︾ ᠶᠢᠨ ᠬᠠᠤᠯᠢ ᠲᠣᠭᠲᠠᠭᠠᠬᠤ ᠶᠢᠨ ᠬᠢᠨᠠᠨ ᠶᠠᠷᠢᠯᠴᠠᠬᠤ ᠠᠵᠢᠯ ᠢ | ᠰᠠᠶᠢᠲᠤᠷ ᠬᠢᠵᠦ᠂ ᠥᠭᠡᠷᠡᠴᠢᠯᠡᠯᠲᠡ ᠶᠢᠨ ᠲᠤᠷᠰᠢᠯᠲᠠ ᠬᠢᠬᠦ ᠪᠠ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠶᠢ | ᠵᠡᠷᠭᠡ ᠳᠤᠨᠢ ᠲᠥᠯᠬᠢᠨ ᠠᠬᠢᠭᠤᠯᠵᠤ᠂ ᠬᠠᠷᠠᠯᠲᠠ ᠨᠢᠭᠡᠲᠠᠢ ᠪᠠᠶᠢᠯᠭᠠᠬᠤ ᠪᠠᠷ ᠴᠢᠷᠮᠠᠶᠢᠨ᠎ᠠ᠃ | ᠭᠤᠷᠪᠠ ᠳᠤ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠳᠤ ᠵᠠᠰᠠᠪᠤᠷᠢ ᠣᠷᠣᠭᠤᠯᠬᠤ ᠬᠠᠮᠢᠶ᠎ᠠ | ᠪᠦᠬᠦᠢ ᠢᠵᠢ ᠪᠦᠷᠢᠳᠦᠭᠦᠯᠬᠦ ᠬᠠᠤᠯᠢ ᠲᠣᠭᠲᠠᠭᠠᠯ ᠢ ᠰᠤᠳᠤᠯᠤᠨ ᠲᠤᠭᠤᠷᠪᠢᠬᠤ ᠠᠵᠢᠯ ᠢ ᠤᠷᠢᠳᠴᠢᠯᠠᠨ | ᠦᠷᠨᠢᠬᠦᠯᠦᠨ᠎ᠡ᠃ |