ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠦᠷᠢᠮ ᠤᠨ ᠵᠤᠷᠭᠠᠨ ᠤ ᠳᠠᠷᠤᠭ᠎ᠠ ᠸᠧᠶ ᠯᠢ ᠬᠤᠸᠠ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠶᠢᠨ ᠭᠤᠷᠪᠠᠨ ᠵᠦᠢᠯ ᠤᠨ ᠲᠤᠷᠰᠢᠯᠲᠠ ᠶᠢ ᠤᠷᠲᠤᠳᠬᠠᠬᠤ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2017/12/21
     11 ᠳ᠋ᠦ᠋ᠭᠡᠷ ᠰᠠᠷ᠎ᠠ ᠶᠢᠨ 4 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠳᠤᠭᠠᠷ ᠬᠤᠷᠠᠯᠳᠤᠭᠠᠨ ᠢᠶᠠᠷ ᠪᠠᠲᠤᠯᠠᠭᠤᠯᠤᠨ᠂ ᠪᠡᠭᠡᠵᠢᠩ ᠤᠨ ᠳ᠋ᠠᠰᠢᠩ ᠲᠣᠭᠤᠷᠢᠭ ᠵᠡᠷᠭᠡ 33 ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠭᠤᠴᠠᠭ᠎ᠠ ᠶᠢ ᠨᠢᠭᠡ ᠵᠢᠯ ᠤᠷᠲᠤᠳᠬᠠᠵᠤ 2018 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠭᠠᠬᠤ ᠪᠠᠷ ᠲᠣᠭᠲᠠᠭᠠᠪᠠ᠃ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠭᠤᠴᠠᠭ᠎ᠠ ᠶᠢ ᠤᠷᠲᠤᠳᠬᠠᠬᠤ ᠳᠤ ᠶᠠᠮᠠᠷ ᠠᠬᠤᠶ ᠪᠠᠶᠢᠳᠠᠯ ᠲᠠᠢ ᠪᠤᠢ︖ ᠶᠠᠭᠤᠨ ᠳᠤ ᠤᠷᠲᠤᠳᠬᠠᠭᠰᠠᠨ ᠪᠤᠢ︖ ᠲᠤᠷᠰᠢᠯᠲᠠ ᠶᠢᠨ ᠬᠤᠭᠤᠴᠠᠭ᠎ᠠ ᠶᠢ ᠤᠷᠲᠤᠳᠬᠠᠭᠰᠠᠨ ᠤ ᠳᠠᠷᠠᠭ᠎ᠠ ᠠᠵᠢᠯ ᠤᠨ ᠰᠡᠳᠬᠢᠮᠵᠢ ᠪᠠᠨ ᠬᠡᠷᠬᠢᠨ ᠲᠣᠭᠲᠠᠭᠠᠬᠤ ᠪᠤᠢ︖ ᠳᠡᠭᠡᠷ᠎ᠡ ᠳᠤᠷᠠᠳᠤᠭᠰᠠᠨ ᠡᠲᠡᠬᠡᠷ ᠠᠰᠠᠭᠤᠳᠠᠯ ᠳᠤ ᠵᠣᠷᠢᠭᠤᠯᠤᠨ ᠰᠤᠷᠪᠤᠯᠵᠢᠯᠠᠭᠴᠢ ᠠᠴᠠ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠦᠷᠢᠮ ᠤᠨ ᠵᠤᠷᠭᠠᠨ ᠤ ᠳᠠᠷᠤᠭ᠎ᠠ ᠸᠧᠶ ᠯᠢ ᠬᠤᠸᠠ ᠶᠢ ᠰᠤᠷᠪᠤᠯᠵᠢᠯᠠᠪᠠ᠃      ᠠᠬᠤᠶ ᠪᠠᠶᠢᠳᠠᠯ — ᠲᠤᠷᠰᠢᠯᠲᠠ ᠱᠠᠲᠤᠴᠢ ᠴᠢᠨᠠᠷᠲᠠᠶ ᠦᠷ᠎ᠡ ᠪᠦᠲᠦᠮᠵᠢ ᠣᠯᠣᠭᠰᠠᠨ ᠪᠣᠯᠪᠠᠴᠤ ᠪᠠᠰᠠ ᠲᠤᠷᠰᠢᠯᠲᠠ ᠶᠢᠨ ᠲᠤᠷᠰᠢᠯᠭ᠎ᠠ ᠪᠠᠨ ᠤᠯᠠᠮ ᠭᠦᠨᠵᠡᠭᠡᠶ ᠳ᠋ᠦᠩᠨᠡᠬᠦ ᠴᠢᠬᠤᠯᠠᠲᠠᠢ      2015 ᠣᠨ ᠤ 2 ᠳ᠋ᠤᠭᠠᠷ ᠰᠠᠷ᠎ᠠ ᠶᠢᠨ 27 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯᠳᠤᠭᠠᠨ ᠢᠶᠠᠷ ︽ᠲᠦᠷᠦ ᠶᠢᠨ ᠶᠠᠪᠤᠳᠠᠯ ᠤᠨ ᠬᠤᠷᠢᠶ᠎ᠠ ᠳᠤ ᠡᠷᠬᠡ ᠣᠯᠭᠤᠵᠤ ᠪᠡᠭᠡᠵᠢᠩ ᠤᠨ ᠳ᠋ᠠᠰᠢᠩ ᠲᠣᠭᠤᠷᠢᠭ ᠵᠡᠷᠭᠡ ᠭᠤᠴᠢᠨ ᠭᠤᠷᠪᠠᠨ ᠲᠤᠷᠰᠢᠯᠲᠠ ᠶᠢᠨ ᠰᠢᠶᠠᠨ ︵ᠬᠤᠲᠠ᠂ ᠲᠣᠭᠤᠷᠢᠭ︶ ᠤ ᠵᠠᠰᠠᠭ ᠵᠠᠬᠢᠷᠭᠠᠨ ᠤ ᠣᠷᠣᠨ ᠳᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠲᠦᠷ ᠲᠣᠬᠢᠷᠠᠭᠤᠯᠤᠨ ᠬᠡᠷᠡᠭᠵᠢᠭᠦᠯᠬᠦ ᠲᠤᠬᠠᠶ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠪᠠᠲᠤᠯᠠᠭᠤᠯᠪᠠ᠃ ︽ᠲᠣᠭᠲᠠᠭᠠᠯ︾ ᠢ ᠦᠨᠳᠦᠰᠦᠯᠡᠪᠡᠯ᠂ ᠪᠡᠭᠡᠵᠢᠩ ᠤᠨ ᠳ᠋ᠠᠰᠢᠩ ᠲᠣᠭᠤᠷᠢᠭ ᠵᠡᠷᠭᠡ 33 ᠲᠤᠷᠰᠢᠯᠲᠠ ᠶᠢᠨ ᠰᠢᠶᠠᠨ ︵ᠬᠤᠲᠠ᠂ ᠲᠣᠭᠤᠷᠢᠭ︶ ᠳᠤ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠂ ︽ᠬᠤᠳᠠ ᠶᠢᠨ ᠭᠡᠷ ᠪᠠᠶᠢᠰᠢᠩ ᠭᠠᠵᠠᠷ ᠬᠦᠷᠦᠩᠭᠡ ᠶᠢᠨ ᠬᠠᠮᠢᠶᠠᠷᠤᠯᠲᠠ ᠶᠢᠨ ᠬᠠᠤᠯᠢ︾ ᠶᠢᠨ 6 ᠵᠦᠢᠯ ᠵᠤᠷᠪᠤᠰ ᠢ ᠬᠡᠷᠡᠭᠵᠢᠭᠦᠯᠬᠦ ᠶᠢ ᠲᠦᠷ ᠵᠣᠭᠰᠣᠭᠠᠵᠤ᠂ ᠴᠢᠬᠤᠯᠠ ᠶᠡᠭᠡ ᠥᠭᠡᠷᠡᠴᠢᠯᠡᠯᠲᠡ ᠳᠤ ᠬᠠᠤᠯᠢ ᠶᠢᠨ ᠦᠨᠳᠦᠰᠦᠯᠡᠯ ᠲᠠᠢ ᠪᠠᠶᠢᠯᠭᠠᠬᠤ ᠵᠠᠷᠴᠢᠮ ᠶᠣᠰᠣᠭᠠᠷ ᠬᠥᠳᠡᠭᠡ ᠲᠣᠰᠬᠤᠨ ᠤ ᠭᠠᠵᠠᠷ ᠰᠢᠷᠣᠶ ᠶᠢ ᠲᠠᠲᠠᠪᠤᠷᠢᠯᠠᠬᠤ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ᠂ ᠣᠷᠣᠨ ᠰᠠᠭᠤᠴᠠ ᠶᠢᠨ ᠭᠠᠵᠠᠷ ᠤᠨ ᠳᠦᠷᠢᠮ ᠳᠤ ᠥᠭᠡᠷᠡᠴᠢᠯᠡᠯᠲᠡ ᠬᠢᠬᠦ ᠲᠤᠷᠰᠢᠯᠲᠠ ᠶᠢ ᠠᠬᠢᠭᠤᠯᠤᠨ᠎ᠠ᠃ ᠲᠤᠰ ᠡᠷᠬᠡ ᠣᠯᠭᠤᠬᠤ ᠬᠤᠭᠤᠴᠠᠭ᠎ᠠ ᠨᠢ 2017 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠭᠤᠰᠤᠨ᠎ᠠ᠃      ᠸᠧᠶ ᠯᠢ ᠬᠤᠸᠠ ᠶᠢᠨ ᠲᠠᠨᠢᠯᠴᠠᠭᠤᠯᠤᠭᠰᠠᠨ ᠢᠶᠠᠷ᠂ ᠬᠤᠶᠠᠷ ᠵᠢᠯ ᠭᠠᠷᠤᠶ ᠶᠢᠨ ᠲᠤᠷᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠥᠪ ᠤᠨ ᠵᠣᠷᠢᠭ ᠰᠠᠨᠠᠭ᠎ᠠ ᠵᠢᠴᠢ ︽ᠲᠣᠭᠲᠠᠭᠠᠯ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠲᠠ ᠬᠠᠮᠵᠢᠯᠴᠠᠯᠭ᠎ᠠ ᠶᠢᠨ ᠳᠣᠣᠷ᠎ᠠ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠭᠤᠷᠪᠠᠨ ᠵᠦᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢ ᠢᠳᠡᠪᠬᠢᠲᠡᠶ ᠥᠷᠨᠢᠭᠦᠯᠵᠦ᠂ ᠡᠯ᠎ᠡ ᠵᠦᠢᠯ ᠤᠨ ᠠᠵᠢᠯ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠶᠠᠪᠤᠭᠳᠠᠪᠠ ᠭᠡᠵᠡᠢ᠃ ᠣᠳᠣᠬᠠᠨ ᠪᠣᠯᠲᠠᠯ᠎ᠠ᠂ ᠲᠤᠷᠰᠢᠯᠲᠠ ᠶᠢᠨ ᠠᠵᠢᠯ ᠱᠠᠲᠤᠴᠢ ᠴᠢᠨᠠᠷᠲᠠᠶ ᠴᠢᠬᠤᠯᠠ ᠦᠷ᠎ᠡ ᠪᠦᠲᠦᠮᠵᠢ ᠤᠯᠪᠠ᠄ ᠨᠢᠭᠡ ᠳᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢᠨ ᠦᠷ᠎ᠡ ᠪᠦᠲᠦᠮᠵᠢ ᠠᠩᠬ᠎ᠠ ᠢᠯᠡᠷᠡᠵᠦ᠂ ᠬᠠᠷᠢᠴᠠᠩᠭᠤᠶ ᠪᠣᠯᠪᠠᠰᠤᠷᠠᠩᠭᠤᠶ ᠳᠦᠷᠢᠮ ᠤᠨ ᠲᠣᠭᠲᠠᠯᠴᠠᠭ᠎ᠠ ᠨᠢᠭᠡᠨᠲᠡ ᠪᠤᠢ ᠪᠣᠯᠪᠠ︔ ᠬᠤᠶᠠᠷ ᠲᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠨᠢ ᠲᠠᠷᠢᠶᠠᠴᠢᠨ ᠤ ᠣᠷᠣᠨ ᠰᠠᠭᠤᠴᠠ ᠶᠢᠨ ᠭᠠᠵᠠᠷ ᠢ ᠪᠠᠲᠤᠯᠠᠬᠤ᠂ ᠣᠷᠣᠨ ᠰᠠᠭᠤᠴᠠ ᠶᠢᠨ ᠭᠠᠵᠠᠷ ᠠᠴᠠ ᠰᠠᠶᠢᠨ ᠳᠤᠷ᠎ᠠ ᠠᠴᠠ ᠪᠠᠨ ᠲᠥᠯᠥᠪᠦᠷᠢ ᠲᠠᠢ ᠪᠠᠷ ᠤᠬᠤᠷᠢᠨ ᠭᠠᠷᠬᠤ ᠪᠠ ᠣᠷᠣᠨ ᠰᠠᠭᠤᠴᠠ ᠶᠢᠨ ᠭᠠᠵᠠᠷ ᠤᠨ ᠲᠦᠷᠢᠮ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠢᠳᠡᠪᠬᠢᠲᠡᠶ ᠬᠠᠶᠢᠨ ᠰᠦᠪᠡᠭᠴᠢᠯᠡᠯᠲᠡ ᠬᠢᠪᠡ︔ ᠭᠤᠷᠪᠠ ᠳᠤ ᠬᠥᠳᠡᠭᠡ ᠲᠣᠰᠬᠤᠨ ᠤ ᠭᠠᠵᠠᠷ ᠰᠢᠷᠣᠶ ᠶᠢ ᠲᠠᠲᠠᠪᠤᠷᠢᠯᠠᠬᠤ ᠳᠦᠷᠢᠮ ᠤᠨ ᠥᠭᠡᠷᠡᠴᠢᠯᠡᠯᠲᠡ ᠳᠠᠬᠢ ᠵᠠᠷᠢᠮ ᠭᠤᠣᠯᠳᠠᠯᠭ᠎ᠠ ᠲᠠᠢ᠂ ᠪᠡᠷᠬᠡᠲᠡᠶ᠂ ᠬᠠᠯᠠᠮᠰᠢᠯ ᠠᠰᠠᠭᠤᠳᠠᠯ ᠢ ᠡᠬᠢᠯᠡᠨ ᠰᠡᠳᠦᠵᠦ ᠬᠢᠪᠡ᠃      ︽ᠥᠭᠡᠷᠡᠴᠢᠯᠡᠯᠲᠡ ᠶᠢ ᠬᠠᠤᠯᠢ ᠲᠣᠭᠲᠠᠭᠠᠬᠤ ᠲᠠᠢ ᠬᠠᠷᠠᠯᠲᠠ ᠨᠢᠭᠡᠲᠡᠢ ᠪᠠᠶᠢᠯᠭᠠᠬᠤ ᠪᠠ ᠬᠠᠷᠢᠯᠴᠠᠨ ᠵᠣᠯᠭᠠᠯᠳᠤᠭᠤᠯᠬᠤ ᠬᠡᠷᠡᠭᠲᠡᠢ︾ ᠭᠡᠵᠦ ᠸᠧᠶ ᠯᠢ ᠬᠤᠸᠠ ᠶᠠᠷᠢᠯ᠎ᠠ᠂ ᠥᠭᠡᠷᠡᠴᠢᠯᠡᠯᠲᠡ ᠶᠢᠨ ᠲᠤᠷᠰᠢᠯᠲᠠ ᠶᠢ ᠤᠯᠠᠮ ᠴᠢᠨᠠᠭᠰᠢᠳᠠ ᠭᠦᠨᠵᠡᠭᠡᠶ ᠠᠬᠢᠭᠤᠯᠬᠤ ᠶᠢᠨ ᠲᠤᠰᠠᠳᠠ᠂ ᠲᠤᠷᠰᠢᠯᠲᠠ ᠶᠢᠨ ᠲᠤᠷᠰᠢᠯᠭ᠎ᠠ ᠪᠠᠨ ᠨᠡᠩ ᠰᠠᠶᠢᠲᠤᠷ ᠳ᠋ᠦᠩᠨᠡᠵᠦ᠂ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠳᠤ ᠰᠠᠭᠤᠷᠢ ᠶᠢ ᠰᠠᠶᠢᠲᠤᠷ ᠲᠠᠯᠪᠢᠬᠤ ᠶᠢᠨ ᠲᠣᠰᠠᠳᠠ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠬᠢᠨᠠᠮᠠᠭᠠᠶ ᠪᠣᠳᠣᠯᠬᠢᠯᠠᠬᠤ ᠪᠠᠷ ᠳᠠᠮᠵᠢᠨ ᠲᠤᠷᠰᠢᠯᠲᠠ ᠶᠢᠨ ᠡᠷᠬᠡ ᠣᠯᠭᠤᠬᠤ ᠬᠤᠭᠤᠴᠠᠭ᠎ᠠ ᠶᠢ ᠤᠷᠲᠤᠳᠬᠠᠬᠤ ᠵᠢᠭᠠᠪᠤᠷᠢ ᠠᠪᠬᠤ ᠪᠢᠴᠢᠭ ᠢ ᠲᠤᠭᠤᠷᠪᠢᠨ ᠪᠢᠴᠢᠵᠦ᠂ ᠲᠦᠷᠦ ᠶᠢᠨ ᠶᠠᠪᠤᠳᠠᠯ ᠤᠨ ᠬᠤᠷᠢᠶᠠᠨ ᠳᠤ ᠬᠢᠨᠠᠨ ᠵᠥᠪᠯᠡᠭᠦᠯᠬᠦ ᠪᠠᠷ ᠮᠡᠳᠡᠭᠦᠯᠪᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠳᠦᠷᠢᠮ ᠤᠨ ᠠᠯᠪᠠᠨ ᠭᠡᠷ ᠵᠢᠭᠠᠪᠤᠷᠢ ᠠᠪᠬᠤ ᠪᠢᠴᠢᠭ ᠢ ᠣᠯᠣᠭᠰᠠᠨ ᠤ ᠳᠠᠷᠠᠭ᠎ᠠ᠂ ᠲᠥᠪ ᠤᠨ ᠥᠭᠡᠷᠡᠴᠢᠯᠡᠯᠲᠡ ᠶᠢᠨ ᠠᠯᠪᠠᠨ ᠭᠡᠷ᠂ ᠲᠥᠪ ᠤᠨ ᠬᠥᠳᠡᠭᠡ ᠲᠣᠰᠬᠤᠨ ᠤ ᠠᠵᠢᠯ ᠤᠨ ᠠᠯᠪᠠᠨ ᠬᠡᠷ᠂ ᠲᠠᠷᠢᠶᠠᠯᠠᠩ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠬᠤᠯᠪᠣᠭᠳᠠᠯ ᠪᠦᠬᠦᠢ ᠨᠢᠭᠡᠴᠡ ᠪᠣᠯᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠶᠢᠨ ᠰᠠᠨᠠᠯ ᠢ ᠬᠤᠷᠢᠶᠠᠭᠠᠳ᠂ ᠨᠢᠭᠡᠴᠡ ᠨᠢᠭᠡᠪᠦᠷᠢ ᠴᠥᠮ ᠵᠥᠪᠰᠢᠶᠡᠷᠡᠬᠦ ᠪᠠᠨ ᠢᠯᠡᠳᠬᠡᠵᠡᠢ᠃ ᠡᠨᠡ ᠬᠦ ᠰᠠᠭᠤᠷᠢᠨ ᠳᠡᠭᠡᠷ᠎ᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠲᠠᠢ ᠬᠠᠮᠲᠤᠷᠠᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠰᠤᠳᠤᠯᠤᠯᠲᠠ ᠬᠢᠵᠦ᠂ ᠵᠠᠰᠠᠪᠤᠷᠢ ᠣᠷᠣᠭᠤᠯᠵᠤ᠂ ᠲᠥᠰᠦᠯ ᠢ ᠪᠤᠢ ᠪᠣᠯᠭᠠᠨ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠵᠥᠪᠯᠡᠭᠦᠯᠪᠡ᠃ 2017 ᠣᠨ ᠤ 11 ᠳ᠋ᠦ᠋ᠭᠡᠷ ᠰᠠᠷ᠎ᠠ ᠶᠢᠨ 4 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠳᠤᠭᠠᠷ ᠬᠤᠷᠠᠯᠳᠤᠭᠠᠨ ᠢᠶᠠᠷ ᠤᠷᠲᠤᠳᠬᠠᠬᠤ ᠲᠤᠬᠠᠶ ᠲᠣᠭᠲᠠᠭᠠᠯ ᠢ ᠪᠠᠲᠤᠯᠠᠭᠤᠯᠪᠠ᠃      ᠪᠣᠳᠣᠯᠬᠢᠯᠠᠯ — ᠥᠭᠡᠷᠡᠴᠢᠯᠡᠯᠲᠡ ᠶᠢᠨ ᠪᠦᠬᠦᠯᠢ ᠴᠤᠭᠴᠠᠲᠤ ᠴᠢᠨᠠᠷ᠂ ᠰᠢᠰᠲ᠋ᠧᠮᠴᠢ ᠴᠢᠨᠠᠷ᠂ ᠬᠠᠮᠵᠢᠯᠴᠠᠬᠤ ᠴᠢᠨᠠᠷ ᠪᠠ ᠶᠡᠷᠦᠩᠬᠡᠶᠢᠯᠡᠭᠰᠡᠨ ᠦᠷ᠎ᠡ ᠠᠰᠢᠭ ᠢ ᠢᠯᠡᠷᠬᠡᠢ ᠪᠣᠯᠭᠠᠬᠤ ᠳᠤ ᠵᠣᠬᠢᠬᠤ ᠴᠠᠭ ᠬᠤᠭᠤᠴᠠᠭ᠎ᠠ ᠬᠡᠷᠡᠭᠰᠡᠨ᠎ᠡ      ︽ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠶᠢᠨ ᠭᠤᠷᠪᠠᠨ ᠵᠦᠢᠯ ᠤᠨ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠪᠠᠷ ᠠᠬᠢᠭᠤᠯᠬᠤ ᠶᠢᠨ ᠬᠠᠮᠲᠤ ᠲᠤᠷᠰᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠳᠠᠮᠵᠢᠭᠤᠯᠤᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠪᠠᠰᠠ ᠡᠳᠦᠶ ᠲᠡᠳᠦᠶ ᠣᠷᠣᠰᠢᠵᠤ ᠪᠠᠶᠢᠬᠤ ᠪᠣᠯᠬᠤᠷ ᠲᠤᠷᠰᠢᠯᠲᠠ ᠶᠢᠨ ᠡᠷᠬᠡ ᠣᠯᠭᠤᠬᠤ ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ︾ ᠭᠡᠵᠦ ᠸᠧᠶ ᠯᠢ ᠬᠤᠸᠠ ᠢᠯᠡᠳᠬᠡᠪᠡ᠂ ᠲᠤᠷᠰᠢᠯᠲᠠ ᠶᠢᠨ ᠬᠤᠭᠤᠴᠠᠭ᠎ᠠ ᠶᠢ ᠤᠷᠲᠤᠳᠬᠠᠬᠤ ᠨᠢ ᠭᠤᠣᠯᠳᠠᠭᠤ ᠳᠣᠣᠷᠠᠬᠢ ᠭᠤᠷᠪᠠᠨ ᠲᠠᠯ᠎ᠠ ᠶᠢᠨ ᠪᠣᠳᠣᠯᠬᠢᠯᠠᠯ ᠪᠠᠶᠢᠨ᠎ᠠ᠄      ᠨᠢᠭᠡ ᠳᠤ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠲᠤᠶᠢᠯ ᠤᠨ ᠴᠢᠬᠤᠯᠠ ᠤᠴᠢᠷ ᠠᠴᠠ᠂ ᠲᠤᠷᠰᠢᠯᠲᠠ ᠶᠢᠨ ᠳᠤᠮᠳᠠ ᠪᠠᠨ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠴᠢᠬᠤᠯᠠᠲᠠᠢ ᠶᠤᠮ᠃ ᠭᠠᠵᠠᠷ ᠰᠢᠷᠣᠶ ᠶᠢᠨ ᠲᠦᠷᠢᠮ ᠪᠣᠯ ᠤᠯᠤᠰ ᠤᠨ ᠰᠠᠭᠤᠷᠢ ᠴᠢᠨᠠᠷᠲᠠᠶ ᠳᠦᠷᠢᠮ ᠪᠠᠶᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠤᠯᠤᠰ ᠤᠨ ᠥᠨᠢ ᠤᠳᠠᠭᠠᠨ ᠠᠮᠤᠷ ᠲᠦᠪᠰᠢᠨ ᠯᠦᠭᠡ ᠬᠤᠯᠪᠤᠭᠳᠠᠨ᠎ᠠ᠃ ᠲᠤᠷᠰᠢᠯᠲᠠ ᠶᠢᠨ ᠪᠠᠶᠢᠳᠠᠯ ᠠᠴᠠ ᠦᠵᠡᠪᠡᠯ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠦᠷᠢᠮ ᠤᠨ ᠥᠭᠡᠷᠡᠴᠢᠯᠡᠯᠲᠡ ᠶᠢᠨ ᠶᠡᠭᠡ ᠴᠢᠭᠯᠡᠯ ᠢ ᠵᠦᠪᠰᠢᠶᠡᠷᠡᠨ ᠮᠡᠳᠡᠷᠡᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠲᠤᠷᠰᠢᠯᠲᠠ ᠶᠢᠨ ᠭᠠᠵᠠᠷ ᠣᠷᠣᠨ ᠲᠥᠪ ᠤᠨ ᠲᠣᠭᠲᠠᠭᠠᠭᠰᠠᠨ ᠥᠭᠡᠷᠡᠴᠢᠯᠡᠯᠲᠡ ᠶᠢᠨ ᠲᠥᠰᠦᠯ ᠢ ᠢᠳᠡᠪᠬᠢᠲᠡᠶ ᠨᠠᠶᠢᠳᠠᠪᠤᠷᠢᠵᠢᠭᠤᠯᠵᠤ᠂ ᠨᠡᠯᠢᠶᠡᠳ ᠢᠯᠡᠷᠭᠡᠢ ᠦᠷ᠎ᠡ ᠪᠦᠲᠦᠮᠵᠢ ᠤᠯᠪᠠ᠃ ᠭᠡᠪᠡᠴᠦ ᠡᠭᠦᠨ ᠤ ᠬᠠᠮᠲᠤ᠂ ᠲᠤᠷᠰᠢᠯᠲᠠ ᠶᠢᠨ ᠴᠢᠭ᠋ ᠲᠤ ᠪᠠᠰᠠ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠬᠢᠭᠡᠳ ᠬᠥᠳᠡᠭᠡ ᠲᠣᠰᠬᠤᠨ ᠤ ᠭᠠᠵᠠᠷ ᠰᠢᠷᠣᠶ ᠶᠢ ᠪᠦᠲᠦᠮᠵᠢᠲᠠᠢ ᠠᠰᠢᠭᠯᠠᠬᠤ ᠶᠢᠨ ᠬᠤᠭᠤᠷᠤᠨᠳᠤᠬᠢ ᠬᠠᠷᠢᠴᠠᠭ᠎ᠠ ᠶᠢ ᠬᠡᠷᠬᠢᠨ ᠨᠡᠩ ᠰᠠᠶᠢᠨ ᠵᠣᠬᠢᠴᠠᠭᠤᠯᠬᠤ᠂  ᠣᠷᠣᠨ ᠨᠤᠲᠤᠭ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠣᠷᠣᠯᠭ᠎ᠠ ᠪᠣᠯᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠬᠡᠷᠬᠢᠨ ᠪᠦᠲᠦᠮᠵᠢᠲᠡᠶ ᠪᠠᠲᠤᠯᠠᠬᠤ ᠵᠡᠷᠭᠡ ᠡᠳᠦᠢ ᠲᠡᠳᠦᠢ ᠰᠢᠨ᠎ᠡ ᠠᠰᠠᠭᠤᠳᠠᠯ ᠤᠳ ᠲᠤᠰᠬᠠᠭᠳᠠᠪᠠ᠃ ᠲᠤᠷᠰᠢᠯᠲᠠ ᠶᠢᠨ ᠴᠠᠭ ᠬᠤᠭᠤᠴᠠᠭ᠎ᠠ ᠶᠢ ᠤᠷᠲᠤᠳᠬᠠᠬᠤ ᠨᠢ᠂ ᠦᠢᠯᠡᠳᠦᠯᠭᠡ ᠳᠤᠮᠳᠠ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠨ᠂ ᠥᠭᠡᠷᠡᠴᠢᠯᠡᠯᠲᠡ ᠶᠢᠨ ᠠᠵᠢᠯᠯᠠᠭᠠᠨ ᠤ ᠨᠠᠩ ᠰᠢᠨᠵᠢᠯᠡᠬᠦ ᠤᠬᠠᠭᠠᠨᠴᠢ ᠲᠥᠰᠦᠯ ᠢ ᠲᠤᠭᠲᠠᠭᠠᠬᠤ ᠳᠤ ᠠᠰᠢᠭᠲᠠᠢ ᠶᠤᠮ᠃      ᠬᠤᠶᠠᠷ ᠲᠤ ᠲᠤᠷᠰᠢᠯᠲᠠ ᠶᠢᠨ ᠠᠵᠢᠯ ᠮᠥᠨ ᠬᠦ ᠲᠠᠰᠤᠷᠠᠯᠲᠠ ᠦᠭᠡᠶ ᠬᠠᠶᠢᠨ ᠰᠦᠪᠡᠭᠴᠢᠯᠡᠬᠦ᠂ ᠠᠯᠬᠤᠮ ᠠᠯᠬᠤᠮ ᠢᠶᠠᠷ ᠲᠡᠭᠦᠯᠳᠡᠷᠵᠢᠬᠦᠯᠬᠦ ᠱᠠᠲᠤᠨ ᠳᠤ ᠪᠠᠶᠢᠵᠤ᠂ ᠥᠭᠡᠷᠡᠴᠢᠯᠡᠯᠲᠡ ᠶᠢᠨ ᠪᠦᠬᠦᠯᠢ ᠴᠤᠭᠴᠠᠲᠤ ᠴᠢᠨᠠᠷ᠂ ᠰᠢᠰᠲ᠋ᠧᠮᠴᠢ ᠴᠢᠨᠠᠷ᠂ ᠬᠠᠮᠵᠢᠯᠴᠠᠬᠤ ᠴᠢᠨᠠᠷ ᠪᠣᠯᠤᠨ ᠶᠡᠷᠦᠩᠬᠡᠶᠢᠯᠡᠭᠰᠡᠨ ᠦᠷ᠎ᠡ ᠠᠰᠢᠭ ᠢ ᠢᠯᠡᠷᠭᠡᠢ ᠪᠣᠯᠭᠠᠬᠤ ᠳᠤ ᠪᠠᠰᠠ ᠴᠠᠭ ᠬᠤᠭᠤᠴᠠᠭ᠎ᠠ ᠬᠡᠷᠡᠭᠰᠡᠬᠦ ᠴᠢᠬᠤᠯᠠᠲᠠᠢ ᠶᠤᠮ᠃ ᠭᠠᠵᠠᠷ ᠰᠢᠷᠣᠶ ᠶᠢᠨ ᠳᠦᠷᠢᠮ ᠤᠨ ᠥᠭᠡᠷᠡᠴᠢᠯᠡᠯᠲᠡ ᠨᠢ ᠲᠠᠩ ᠭᠠᠭᠴᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠵᠡᠷᠭᠡ ᠥᠭᠡᠷᠡᠴᠢᠯᠡᠯᠲᠡ ᠲᠠᠢ ᠠᠳᠠᠯᠢ ᠪᠤᠰᠤ᠂ ᠲᠤᠷᠰᠢᠯᠲᠠ ᠶᠢᠨ ᠭᠠᠵᠠᠷ ᠣᠷᠣᠨ ᠤ ᠳᠦᠷᠢᠮ ᠲᠤᠭᠲᠠᠭᠠᠬᠤ᠂ ᠠᠵᠢᠯ ᠢᠶᠠᠨ ᠪᠠᠶᠢᠷᠢᠯᠠᠭᠤᠯᠬᠤ᠂ ᠦᠢᠯᠡᠳᠦᠯᠬᠡᠵᠢᠬᠦᠯᠦᠨ ᠠᠵᠢᠯᠯᠠᠭᠤᠯᠬᠤ ᠠᠴᠠ ᠦᠷ᠎ᠡ ᠪᠦᠲᠦᠮᠵᠢ ᠶᠢ ᠬᠠᠷᠢᠭᠤ ᠲᠤᠰᠬᠠᠬᠤ ᠪᠤᠯᠲᠠᠯ᠎ᠠ ᠦᠶᠡᠯᠡᠯ ᠤᠨ ᠬᠤᠭᠤᠴᠠᠭ᠎ᠠ ᠨᠢ ᠨᠡᠯᠢᠶᠡᠳ ᠤᠷᠲᠤ ᠪᠠᠶᠢᠳᠠᠭ᠃ 2015 ᠣᠨ ᠳᠤ ᠭᠤᠷᠪᠠᠨ ᠵᠦᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢ ᠡᠬᠢᠯᠡᠭᠦᠯᠬᠦ ᠳᠡᠭᠡᠨ ᠰᠠᠯᠭᠠᠨ ᠪᠠᠶᠢᠷᠢᠯᠠᠭᠤᠯᠵᠤ᠂ ᠡᠯ᠎ᠡ ᠲᠤᠷᠰᠢᠯᠲᠠ ᠶᠢᠨ ᠭᠠᠵᠠᠷ ᠣᠷᠣᠨ ᠳᠤᠰ ᠳᠤᠰ ᠲᠤ ᠪᠠᠨ ᠦᠷᠨᠢᠬᠦᠯᠵᠤ᠂ ᠨᠢᠭᠡᠳᠦᠯᠲᠠᠢ ᠲᠦᠯᠦᠪᠯᠡᠨ ᠠᠬᠢᠭᠤᠯᠤᠭᠰᠠᠨ ᠨᠢ 2016 ᠣᠨ ᠤ ᠳᠣᠣᠷ᠎ᠠ ᠬᠠᠭᠠᠰ ᠵᠢᠯ ᠳᠤ ᠰᠠᠶ᠋ᠢ ᠪᠦᠬᠦ ᠲᠠᠯ᠎ᠠ ᠪᠠᠷ ᠡᠬᠢᠯᠡᠭᠰᠡᠨ ᠠᠴᠠ᠂ ᠢᠯᠠᠩᠭᠤᠶ᠎ᠠ ᠭᠠᠵᠠᠷ ᠰᠢᠷᠣᠶ ᠶᠢ ᠲᠠᠲᠠᠪᠤᠷᠢᠯᠠᠬᠤ ᠲᠦᠷᠢᠮ ᠤᠨ ᠥᠭᠡᠷᠡᠴᠢᠯᠡᠯᠲᠡ ᠶᠢᠨ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠴᠢᠭ᠋ ᠤᠨ ᠲᠤᠭ᠎ᠠ ᠬᠡᠮᠵᠢᠶ᠎ᠡ ᠨᠢ ᠬᠠᠷᠢᠴᠠᠩᠭᠤᠢ ᠴᠥᠭᠡᠨ  ᠪᠤᠯᠬᠤᠷ᠂ ᠲᠤᠷᠰᠢᠯᠲᠠ ᠶᠢᠨ ᠴᠠᠭ ᠬᠤᠭᠤᠴᠠᠭ᠎ᠠ ᠶᠢ ᠤᠷᠲᠤᠳᠬᠠᠬᠤ ᠨᠢ᠂ ᠭᠤᠷᠪᠠᠨ ᠵᠦᠢᠯ ᠤᠨ ᠥᠭᠡᠷᠡᠴᠢᠯᠡᠯᠲᠡ ᠶᠢ ᠭᠦᠨᠵᠡᠭᠡᠶ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ ᠲᠤᠷᠰᠢᠯᠲᠠ ᠶᠢᠨ ᠠᠮᠵᠢᠯᠲᠠ ᠠᠯᠳᠠᠰᠢ ᠶᠢ ᠪᠦᠬᠦ ᠲᠠᠯ᠎ᠠ ᠪᠠᠷ ᠦᠨᠡᠯᠡᠨ ᠵᠢᠱᠢᠬᠦ᠂ ᠲᠤᠷᠰᠢᠯᠲᠠ ᠶᠢᠨ ᠲᠤᠷᠰᠢᠯᠭ᠎ᠠ ᠪᠠᠨ ᠰᠢᠰᠲ᠋ᠧᠮ ᠲᠠᠢ ᠳ᠋ᠦᠡᠭᠨᠡᠬᠦ ᠳᠤ ᠰᠠᠭᠤᠷᠢ ᠶᠢ ᠰᠠᠶᠢᠲᠤᠷ ᠲᠠᠯᠪᠢᠵᠤ ᠦᠭᠭᠦ ᠳᠤ ᠠᠰᠢᠭᠲᠠᠢ ᠶᠤᠮ᠃      ᠭᠤᠷᠪᠠ ᠳᠤ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠳᠤ ᠵᠠᠰᠠᠪᠤᠷᠢ ᠣᠷᠣᠭᠤᠯᠬᠤ ᠠᠵᠢᠯ ᠶᠠᠭ ᠶᠠᠪᠤᠭᠳᠠᠵᠤ ᠪᠤᠢ᠂ ᠵᠠᠷᠢᠮ ᠲᠤᠷᠰᠢᠯᠲᠠ ᠶᠢᠨ ᠭᠠᠵᠠᠷ ᠣᠷᠣᠨ ᠤ ᠵᠠᠰᠠᠭ ᠤᠨ ᠣᠷᠳᠣᠨ᠂ ᠬᠠᠮᠲᠤ ᠨᠡᠶᠢᠲᠡ ᠪᠤᠯᠤᠨ ᠲᠠᠷᠢᠶᠠᠴᠢᠳ ᠪᠠᠶᠢᠳᠠᠯ ᠢ ᠬᠠᠷᠠᠬᠤ ᠴᠢᠨᠠᠭᠰᠢᠯᠠᠪᠠᠯ ᠡᠷᠡᠭᠡᠯᠵᠡᠬᠦ ᠰᠡᠳᠬᠢᠴᠡ ᠲᠠᠢ ᠪᠠᠶᠢᠬᠤ ᠤᠴᠢᠷ ᠠᠴᠠ᠂ ᠬᠤᠯᠪᠣᠭᠳᠠᠯ ᠪᠦᠬᠦᠢ ᠲᠠᠯ᠎ᠠ ᠶᠢᠨ ᠥᠭᠡᠷᠡᠴᠢᠯᠡᠯᠲᠡ ᠶᠢᠨ ᠵᠢᠱᠢᠯᠲᠡ ᠶᠢ ᠤᠯᠠᠮ ᠨᠢᠭᠡ ᠠᠯᠬᠤᠮ ᠲᠤᠭᠲᠠᠪᠤᠷᠢᠵᠢᠭᠤᠯᠬᠤ ᠴᠢᠬᠤᠯᠠᠲᠠᠢ ᠶᠤᠮ᠃ ᠭᠤᠷᠪᠠᠨ ᠵᠦᠢᠯ ᠤᠨ ᠥᠭᠡᠷᠡᠴᠢᠯᠡᠯᠲᠡ ᠶᠢ 2015 ᠣᠨ ᠳᠤ ᠡᠬᠢᠯᠡᠭᠦᠯᠦᠭᠰᠡᠨ ᠠᠴᠠ ᠨᠠᠰᠢ ᠥᠷᠭᠡᠨ ᠳᠡᠯᠭᠡᠷ ᠬᠦᠷᠢᠶᠡᠯᠡᠯ ᠢ ᠤᠯᠪᠠ᠃ ᠡᠭᠦᠨ ᠤ ᠬᠠᠮᠲᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠲᠤᠷᠰᠢᠯᠲᠠ ᠶᠢᠨ ᠲᠤᠷᠰᠢᠯᠭ᠎ᠠ ᠶᠢ ᠳ᠋ᠦᠡᠭᠨᠡᠨ᠂ ᠥᠷᠭᠡᠨ ᠢᠶᠠᠷ ᠰᠠᠨᠠᠯ ᠬᠤᠷᠢᠶᠠᠭᠰᠠᠨ ᠤ ᠰᠠᠭᠤᠷᠢᠨ ᠳᠡᠭᠡᠷ᠎ᠡ᠂ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ︵ᠡᠬᠡ ᠨᠤᠤᠷᠠᠭ︶︾ ᠢ ᠨᠢᠭᠡᠨᠲᠡ ᠲᠤᠭᠤᠷᠪᠢᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠳᠦᠷᠢᠮ ᠤᠨ ᠠᠯᠪᠠᠨ ᠭᠡᠷ ᠠᠴᠠ 9 ᠳ᠋ᠤᠭᠡᠷ ᠰᠠᠷ᠎ᠠ ᠳᠤ ᠡᠯ᠎ᠡ ᠰᠠᠯᠠᠭ᠎ᠠ ᠮᠥᠴᠢᠷ ᠪᠤᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠰᠠᠨᠠᠯ ᠢ ᠬᠤᠷᠢᠶᠠᠵᠤ᠂ ᠲᠠᠷᠠᠭᠠᠴᠢ ᠶᠢᠨ ᠠᠯᠬᠤᠮ ᠳᠤ ᠪᠠᠰᠠ ᠬᠠᠤᠯᠢ ᠲᠣᠭᠲᠠᠭᠠᠬᠤ ᠶᠢᠨ ᠬᠢᠨᠠᠨ ᠶᠠᠷᠢᠯᠴᠠᠬᠤ ᠠᠵᠢᠯ ᠢ ᠲᠦᠷᠭᠡᠳᠭᠡᠨ ᠠᠬᠢᠭᠤᠯᠬᠤ ᠪᠤᠯᠤᠨ᠎ᠠ᠃ ᠥᠭᠡᠷᠡᠴᠢᠯᠡᠯᠲᠡ ᠶᠢᠨ ᠲᠤᠷᠰᠢᠯᠲᠠ ᠶᠢ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠠᠵᠢᠯ ᠯᠤᠭ᠎ᠠ ᠵᠡᠷᠭᠡ ᠳᠤᠨᠢ ᠵᠠᠯᠭᠠᠭᠤᠯᠵᠤ᠂ ᠥᠭᠡᠷᠡᠴᠢᠯᠡᠯᠲᠡ ᠶᠢᠨ ᠰᠢᠶᠳᠪᠦᠷᠢᠲᠦ ᠪᠤᠳᠤᠯᠭ᠎ᠠ ᠬᠢᠭᠡᠳ ᠬᠠᠤᠯᠢ ᠲᠣᠭᠲᠠᠭᠠᠬᠤ ᠰᠢᠶᠳᠪᠦᠷᠢᠲᠦ ᠪᠤᠳᠤᠯᠭ᠎ᠠ ᠶᠢ ᠨᠢᠭᠡᠳᠦᠭᠦᠯᠬᠦ ᠬᠡᠷᠡᠭᠲᠡᠶ᠃ ᠲᠤᠷᠰᠢᠯᠲᠠ ᠶᠢᠨ ᠴᠠᠭ ᠬᠤᠭᠤᠴᠠᠭ᠎ᠠ ᠶᠢ ᠤᠷᠲᠤᠳᠬᠠᠬᠤ ᠨᠢ᠂ ᠲᠤᠷᠰᠢᠯᠲᠠ ᠶᠢᠨ ᠭᠠᠵᠠᠷ ᠣᠷᠣᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠳᠤ ᠵᠠᠰᠠᠪᠤᠷᠢ ᠣᠷᠣᠭᠤᠯᠬᠤ ᠠᠵᠢᠯ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠳᠤ ᠠᠰᠢᠭᠲᠠᠢ ᠶᠤᠮ᠃       ᠰᠡᠳᠬᠢᠮᠵᠢ — ᠥᠭᠡᠷᠡᠴᠢᠯᠡᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠂ ᠲᠤᠷᠰᠢᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠤᠯᠢ ᠴᠠᠭᠠᠵᠠ ᠳᠤ ᠵᠠᠰᠠᠪᠤᠷᠢ ᠤᠷᠤᠭᠤᠯᠬᠤ ᠳᠤ ᠲᠤᠯᠭᠠᠭᠤᠷᠢᠯᠠᠯ ᠬᠠᠨᠭ᠍ᠭᠠᠨ᠎ᠠ      ︽ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ᠂ ᠬᠠᠷᠢᠭᠤᠴᠠᠯᠭ᠎ᠠ ᠶᠡᠭᠡ ᠶᠤᠮ᠃︾ ᠬᠡᠵᠤ ᠸᠧᠶ ᠯᠢ ᠬᠤᠸᠠ ᠢᠯᠡᠷᠭᠡᠶᠢᠯᠡᠪᠡ᠂ ᠭᠤᠷᠪᠠᠨ ᠵᠦᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠠᠭ ᠬᠤᠭᠤᠴᠠᠭ᠎ᠠ ᠶᠢ ᠨᠢᠭᠡ ᠵᠢᠯ ᠤᠷᠲᠤᠳᠬᠠᠭᠰᠠᠨ ᠵᠢᠴᠢ ᠲᠤᠷᠰᠢᠯᠲᠠ ᠶᠢᠨ ᠭᠠᠵᠠᠷ ᠣᠷᠣᠨ ᠤ ᠪᠣᠳᠠᠲᠠᠶ ᠠᠵᠢᠯ ᠤᠨ ᠪᠠᠶᠢᠳᠠᠯ ᠢ ᠶᠡᠷᠦᠩᠬᠡᠶᠢᠯᠡᠨ ᠪᠤᠳᠤᠯᠬᠢᠯᠠᠭᠠᠳ᠂ ᠳᠠᠷᠠᠭᠠᠴᠢ ᠶᠢᠨ ᠠᠯᠬᠤᠮ ᠳᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠪᠠᠷ ᠪᠤᠢ᠃        ᠨᠢᠭᠡ ᠳᠤ ᠥᠭᠡᠷᠡᠴᠢᠯᠡᠯᠲᠡ ᠶᠢᠨ ᠲᠤᠷᠰᠢᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠭᠡᠨ᠎ᠡ᠃ ᠭᠠᠵᠠᠷ ᠰᠢᠷᠤᠢ ᠶᠢᠨ ᠨᠡᠶᠢᠲᠡ ᠶᠢᠨ ᠦᠮᠴᠢᠯᠡᠯ ᠤᠨ ᠰᠢᠨᠵᠢ ᠴᠢᠨᠠᠷ ᠢ ᠦᠯᠦ ᠬᠤᠪᠢᠷᠠᠭᠤᠯᠬᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠥᠯᠥ ᠳᠠᠪᠠᠭ᠋ᠤ᠂ ᠲᠠᠷᠢᠶᠠᠴᠢᠳ ᠤᠨ ᠠᠰᠢᠭ ᠲᠤᠰᠠ ᠶᠢ ᠥᠯᠥ ᠬᠤᠬᠢᠷᠠᠭᠤᠯᠬᠤ ᠬᠤᠷᠢᠭ᠎ᠠ ᠱᠤᠭᠤᠮ ᠢ ᠦᠷᠭᠦᠯᠵᠢᠯᠡᠨ ᠪᠠᠲᠤ ᠰᠠᠬᠢᠵᠤ᠂ ᠭᠤᠷᠪᠠᠨ ᠵᠦᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠭᠤᠣᠯᠳᠠᠯᠭ᠎ᠠ ᠲᠠᠢ ᠰᠠᠶᠢᠲᠤᠷ ᠬᠢᠵᠤ᠂ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠳᠤ ᠲᠤᠯᠭᠠᠭᠤᠷᠢᠯᠠᠯ ᠬᠠᠨᠭ᠍ᠭᠠᠨ᠎ᠠ᠃      ᠬᠤᠶᠠᠷ ᠲᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠳᠦᠷᠢᠮ ᠤᠨ ᠠᠯᠪᠠᠨ ᠭᠡᠷ ᠪᠣᠯᠤᠨ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ  ᠵᠦᠪᠯᠡᠯ ᠯᠦᠭᠡ ᠢᠳᠡᠪᠬᠢᠲᠡᠶ ᠬᠠᠮᠵᠢᠯᠴᠠᠨ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ︵ᠵᠠᠰᠠᠪᠤᠷᠢ ᠣᠷᠣᠭᠤᠯᠬᠤ ᠲᠥᠰᠦᠯ︶︾ ᠶᠢᠨ ᠬᠠᠤᠯᠢ ᠲᠣᠭᠲᠠᠭᠠᠬᠤ ᠶᠢᠨ ᠬᠢᠨᠠᠨ ᠶᠠᠷᠢᠯᠴᠠᠬᠤ ᠠᠵᠢᠯ ᠢ ᠰᠠᠶᠢᠲᠤᠷ ᠬᠢᠵᠦ᠂ ᠥᠭᠡᠷᠡᠴᠢᠯᠡᠯᠲᠡ ᠶᠢᠨ ᠲᠤᠷᠰᠢᠯᠲᠠ ᠬᠢᠬᠦ ᠪᠠ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠶᠢ ᠵᠡᠷᠭᠡ ᠳᠤᠨᠢ ᠲᠥᠯᠬᠢᠨ ᠠᠬᠢᠭᠤᠯᠵᠤ᠂ ᠬᠠᠷᠠᠯᠲᠠ ᠨᠢᠭᠡᠲᠠᠢ ᠪᠠᠶᠢᠯᠭᠠᠬᠤ ᠪᠠᠷ ᠴᠢᠷᠮᠠᠶᠢᠨ᠎ᠠ᠃      ᠭᠤᠷᠪᠠ ᠳᠤ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠳᠤ ᠵᠠᠰᠠᠪᠤᠷᠢ ᠣᠷᠣᠭᠤᠯᠬᠤ ᠬᠠᠮᠢᠶ᠎ᠠ ᠪᠦᠬᠦᠢ ᠢᠵᠢ ᠪᠦᠷᠢᠳᠦᠭᠦᠯᠬᠦ ᠬᠠᠤᠯᠢ ᠲᠣᠭᠲᠠᠭᠠᠯ ᠢ ᠰᠤᠳᠤᠯᠤᠨ ᠲᠤᠭᠤᠷᠪᠢᠬᠤ ᠠᠵᠢᠯ ᠢ ᠤᠷᠢᠳᠴᠢᠯᠠᠨ ᠦᠷᠨᠢᠬᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ