ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/12/22
     12 ᠳ᠋ᠤᠭᠠᠷ ᠰᠠᠷ᠎ᠠ ᠶᠢᠨ 20᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠠᠴᠠ ᠮᠠᠨ ᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠤᠯᠤᠭᠰᠠᠨ ᠦᠷ᠎ᠡ ᠪᠦᠲᠦᠮᠵᠢ᠂ ᠤᠷᠤᠰᠢᠵᠤ ᠪᠠᠶᠢᠭ᠎ᠠ ᠬᠦᠴᠢᠷᠳᠡᠯ᠂ ᠠᠰᠠᠭᠤᠳᠠᠯ ᠪᠠ ᠳᠠᠷᠠᠭᠠᠴᠢ ᠶᠢᠨ ᠠᠯᠬᠤᠮ ᠳᠠᠬᠢ ᠭᠤᠣᠯᠳᠠᠯᠭ᠎ᠠ ᠲᠠᠢ ᠠᠵᠢᠯ ᠢ ᠨᠡᠪᠲᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ ᠵᠠᠩ ᠷᠦᠢ ᠬᠤᠸᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠤᠨ ᠡᠷᠬᠢᠯᠡᠭᠴᠢ ᠵᠢᠶᠠᠩ ᠬᠤᠸᠠ ᠂ ᠥᠪᠡᠷᠲᠡᠭᠡᠨ ᠵᠠᠰᠠᠬᠤ ᠣᠷᠣᠨ ᠤ ᠠᠵᠦ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠲᠡᠷᠢᠭᠦᠯᠡᠭᠴᠢ ᠠᠨ ᠷᠦᠨ ᠱᠧᠩ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠦᠦ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠲᠣᠪᠴᠢᠶᠠᠨ ᠤ ᠳᠡᠳ᠋ ᠳᠠᠷᠤᠭ᠎ᠠ ᠪᠦᠦ ᠴᠢᠩ ᠴᠢᠤᠸᠠᠨ᠂ ᠥᠪᠡᠷᠲᠡᠭᠡᠨ ᠵᠠᠰᠠᠬᠤ ᠣᠷᠣᠨ ᠤ ᠠᠵᠦ ᠦᠢᠯᠡᠳᠪᠦᠷᠢ ᠬᠤᠳᠠᠯᠳᠤᠭᠠᠨ ᠤ ᠲᠣᠪᠴᠢᠶᠠᠨ ᠤ ᠳᠡᠳ᠋ ᠳᠠᠷᠤᠭ᠎ᠠ ᠯᠢᠨ ᠲᠤᠤ᠂ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠲᠣᠪᠴᠢᠶᠠᠨ ᠤ ᠳᠠᠷᠤᠭ᠎ᠠ ᠮᠠ ᠴᠢᠶᠠᠩ ᠨᠠᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠤᠷᠤᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号