ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠵᠤ ᠦᠢᠯᠡᠰ ᠪᠠ ᠰᠤᠷᠭᠠᠨ | ᠬᠥᠮᠥᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠲᠤᠬᠠᠢ ᠰᠠᠨᠠᠯ ᠤᠳ︾ ︵ᠳᠣᠷᠣᠭᠰᠢ ︽ᠰᠠᠨᠠᠯ︾ ᠭᠡᠵᠦ | ᠲᠣᠪᠴᠢᠯᠠᠨ᠎ᠠ︶ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ ᠡᠭᠦᠨ ᠤ ᠲᠤᠬᠠᠢ ᠰᠤᠷᠪᠤᠯᠵᠢᠯᠠᠭᠴᠢ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ ᠢ ᠰᠤᠷᠪᠤᠯᠵᠢᠯᠠᠭᠰᠠᠨ ᠪᠠᠶᠢᠨ᠎ᠠ᠃ | ᠠᠰᠠᠭᠤᠯᠲᠠ᠄ ︽ᠰᠠᠨᠠᠯ︾ ᠢ ᠲᠣᠭᠲᠠᠭᠠᠭᠰᠠᠨ ᠠᠬᠤᠢ ᠪᠠᠶᠢᠳᠠᠯ ᠪᠠ ᠠᠴᠢ ᠬᠤᠯᠪᠣᠭᠳᠠᠯ ᠢ | ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠶᠢ ᠳᠠᠭᠠᠯᠳᠤᠨ᠂ ᠰᠤᠷᠭᠠᠨ | ᠬᠥᠮᠥᠵᠢᠯ ᠪᠠ ᠴᠢᠳᠠᠪᠤᠷᠢᠲᠠᠨ ᠤ ᠥᠭᠡᠷᠡᠴᠢᠯᠡᠯᠲᠡ ᠬᠥᠭᠵᠢᠯᠲᠡ ᠳᠤ ᠤᠷᠢᠳ ᠡᠮᠦᠨ᠎ᠡ ᠭᠠᠷᠤᠭ᠎ᠠ ᠦᠭᠡᠢ ᠰᠢᠨ᠎ᠡ | ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠤᠯᠭᠠᠷᠠᠪᠠ᠃ ︽ᠰᠠᠨᠠᠯ︾ ᠢ ᠲᠣᠭᠲᠠᠭᠠᠨ ᠨᠡᠶᠢᠲᠡᠯᠡᠬᠦ ᠳᠤ | ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠪᠣᠳᠣᠯᠬᠢᠯᠠᠯ ᠳᠤ ᠰᠠᠭᠤᠷᠢᠯᠠᠵᠠᠢ᠃ | ᠡᠩ ᠲᠡᠷᠢᠭᠦᠨ ᠳᠤ᠂ ︽ᠰᠠᠨᠠᠯ︾ ᠢ ᠲᠣᠭᠲᠠᠭᠠᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ | ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠢᠯᠡᠳᠬᠡᠯ ᠳᠤ ᠪᠠᠨ ︽ᠪᠣᠳᠠᠲᠤ ᠴᠣᠭᠴᠠᠲᠤ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠡᠭᠦᠳᠦᠯᠲᠡ᠂ ᠣᠳᠣ ᠦᠶ᠎ᠡ ᠶᠢᠨ ᠮᠥᠩᠭᠦᠨ ᠭᠦᠢᠯᠭᠡᠭᠡ᠂ ᠬᠥᠮᠥᠨ ᠤ ᠬᠦᠴᠦᠨ ᠤ ᠡᠬᠢ ᠪᠠᠶᠠᠯᠢᠭ ᠢ | ᠵᠣᠬᠢᠴᠠᠭᠤᠯᠤᠨ ᠬᠥᠭᠵᠢᠭᠦᠯᠬᠦ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠲᠦᠷᠭᠡᠨ ᠪᠠᠶᠢᠭᠤᠯᠬᠤ ᠬᠡᠷᠡᠭᠲᠡᠢ︾ | ᠭᠡᠵᠦ ᠴᠢᠬᠤᠯᠠᠴᠢᠯᠠᠭᠰᠠᠨ ᠤ ᠬᠠᠮᠲᠤ᠂ ︽ᠴᠢᠳᠠᠪᠤᠷᠢᠲᠠᠨ ᠪᠣᠯ ᠰᠢᠨ᠎ᠡ ᠶᠢ ᠡᠭᠦᠳᠬᠦ ᠶᠢᠨ ᠰᠠᠭᠤᠷᠢ ᠮᠥᠨ︾᠂ ︽ | ᠴᠢᠳᠠᠪᠤᠷᠢᠲᠠᠨ ᠢᠶᠠᠷ ᠬᠥᠭᠵᠢᠯᠲᠡ ᠶᠢ ᠲᠤᠯᠭᠠᠭᠤᠷᠢᠯᠠᠬᠤ ᠨᠢᠭᠡᠳᠦᠭᠡᠷ ᠡᠬᠢ ᠪᠠᠶᠠᠯᠢᠭ ᠪᠣᠯᠭᠠᠬᠤ ᠬᠡᠷᠡᠭᠲᠡᠢ︾᠂ ︽ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠨᠢ ᠮᠥᠨ ᠴᠢᠨᠠᠷ ᠳᠡᠭᠡᠷ᠎ᠡ ᠪᠠᠨ ᠴᠢᠳᠠᠪᠤᠷᠢᠲᠠᠨ ᠢᠶᠠᠷ ᠬᠥᠳᠡᠯᠭᠡᠭᠦᠷ | ᠪᠣᠯᠭᠠᠬᠤ ᠶᠠᠪᠤᠳᠠᠯ ᠮᠥᠨ︾ ᠭᠡᠵᠦ ᠣᠯᠠᠨ ᠤᠳᠠᠭ᠎ᠠ ᠴᠢᠬᠤᠯᠠᠴᠢᠯᠠᠵᠤ ᠥᠩᠭᠡᠷᠡᠪᠡ᠃ ᠶᠡᠷᠦᠩᠬᠡᠢ ᠰᠠᠶᠢᠳ ᠯᠢ ᠺᠧ | ᠴᠢᠶᠠᠩ ᠴᠤ ᠬᠥᠮᠥᠨ ᠤ ᠬᠦᠴᠦᠨ ᠤ ᠡᠬᠢ ᠪᠠᠶᠠᠯᠢᠭ ᠤᠨ ᠪᠣᠯᠪᠠᠰᠤᠷᠠᠭᠤᠯᠤᠯ ᠪᠠ ᠨᠡᠭᠡᠭᠡᠨ ᠬᠥᠭᠵᠢᠭᠦᠯᠦᠯᠲᠡ ᠨᠢ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠳᠤ | ᠬᠠᠷᠢᠶᠠᠯᠠᠭᠳᠠᠨ᠎ᠠ ᠭᠡᠵᠦ ᠵᠢᠭᠠᠨ ᠭᠠᠷᠭᠠᠵᠠᠢ᠃ ᠣᠳᠣᠬᠠᠨ ᠳᠤ᠂ ᠮᠠᠨ ᠤ ᠤᠯᠤᠰ ᠤᠨ ᠴᠢᠳᠠᠪᠤᠷᠢᠲᠠᠨ ᠤ ᠰᠤᠷᠭᠠᠨ | ᠬᠥᠮᠥᠵᠢᠯ ᠤᠨ ᠬᠠᠩᠭᠠᠯᠭ᠎ᠠ ᠪᠠ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠨᠢ ᠪᠦᠲᠦᠴᠡ᠂ ᠶᠠᠰᠤ ᠴᠢᠨᠠᠷ᠂ | ᠬᠢᠷᠢ ᠲᠦᠪᠰᠢᠨ ᠤ ᠲᠠᠯ᠎ᠠ ᠪᠠᠷ ᠮᠥᠨ ᠬᠦ ᠪᠦᠷᠢᠮᠦᠰᠦᠨ ᠵᠣᠬᠢᠴᠠᠯᠳᠤᠵᠤ ᠴᠢᠳᠠᠬᠤ ᠦᠭᠡᠢ ᠪᠠᠶᠢᠵᠤ᠂ ᠣᠨᠴᠠᠭᠠᠶᠢᠯᠠᠨ | ᠰᠢᠨ᠎ᠡ ᠪᠠᠷ ᠨᠡᠮᠡᠭᠳᠡᠬᠦ ᠬᠥᠳᠡᠯᠮᠦᠷᠢ ᠶᠢᠨ ᠨᠠᠰᠤᠨ ᠤ ᠬᠥᠮᠥᠨ ᠠᠮᠠ ᠶᠢᠨ ᠨᠡᠮᠡᠭᠳᠡᠯ ᠤᠨ ᠬᠤᠷᠳᠤᠴᠠ ᠶᠢᠨ | ᠳᠣᠷᠣᠭᠰᠢᠯᠠᠬᠤ ᠶᠢ ᠳᠠᠭᠠᠯᠳᠤᠨ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡᠨ ᠤ ᠪᠦᠲᠦᠴᠡ ᠶᠢᠨ ᠴᠢᠨᠠᠷᠲᠠᠢ | ᠵᠥᠷᠢᠴᠡᠯ ᠲᠣᠪᠣᠶᠢᠨ ᠢᠯᠡᠷᠡᠪᠡ᠃ ᠠᠵᠤ ᠦᠢᠯᠡᠰ ᠪᠠ ᠰᠤᠷᠭᠠᠨ ᠬᠥᠮᠥᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ | ᠪᠣᠯ ᠴᠢᠳᠠᠪᠤᠷᠢᠲᠠᠨ ᠪᠠ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠶᠢᠨ ᠨᠢᠭᠡᠨ ᠵᠦᠢᠯ ᠤᠨ ᠲᠤᠶᠢᠯ ᠤᠨ ᠪᠠᠴᠢᠮ ᠲᠤᠯᠭᠠᠮ᠎ᠠ ᠡᠭᠦᠷᠭᠡ ᠮᠥᠨ | ᠭᠡᠵᠦ ᠬᠡᠯᠡᠵᠦ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠡᠨᠡ ᠬᠦ ᠠᠰᠠᠭᠤᠳᠠᠯ ᠨᠢ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠥᠷᠭᠡᠨ ᠳᠡᠯᠭᠡᠷ ᠠᠩᠬᠠᠷᠤᠯ ᠢ ᠲᠠᠲᠠᠭᠰᠠᠨ ᠢᠶᠠᠷ ᠪᠠᠷᠠᠬᠤ ᠦᠭᠡᠢ᠂ ᠪᠦᠬᠦ ᠤᠯᠤᠰ ᠤᠨ ᠬᠤᠶᠠᠷ | ᠬᠤᠷᠠᠯ ᠤᠨ ᠲᠥᠯᠥᠭᠡᠯᠡᠭᠴᠢ ᠭᠡᠰᠢᠭᠦᠳ ᠤᠨ ᠠᠩᠬᠠᠷᠤᠯ ᠢ ᠲᠠᠲᠠᠭᠰᠠᠨ ᠵᠥᠪᠯᠡᠬᠦ ᠰᠡᠳᠦᠪ ᠪᠣᠯᠵᠠᠢ᠃ ᠲᠥᠪ | ᠬᠤᠷᠢᠶᠠᠨ ᠤ ᠤᠳᠤᠷᠢᠳᠬᠤ ᠨᠥᠬᠦᠳ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ | ᠨᠡᠶᠢᠭᠡᠮ ᠤᠨ ᠬᠠᠯᠠᠮᠵᠢᠯᠠᠯ ᠠᠩᠬᠠᠷᠤᠯ ᠳᠤ ᠢᠳᠡᠪᠬᠢᠲᠡᠢ ᠪᠠᠷ ᠬᠠᠷᠢᠭᠤ ᠲᠤᠰᠬᠠᠬᠤ ᠳᠤ᠂ ᠪᠢᠳᠡᠨ ᠢ ᠡᠷᠬᠡᠪᠰᠢ ᠠᠵᠤ | ᠦᠢᠯᠡᠰ ᠪᠠ ᠰᠤᠷᠭᠠᠨ ᠬᠥᠮᠥᠵᠢᠯ ᠤᠨ ᠠᠭᠤᠰᠤᠯᠴᠠᠯ ᠢ ᠬᠢᠵᠠᠭᠠᠷᠯᠠᠵᠤ ᠪᠠᠶᠢᠭ᠎ᠠ ᠲᠥᠷᠥ ᠶᠢᠨ ᠪᠣᠳᠣᠯᠭ᠎ᠠ ᠶᠢᠨ | ᠪᠣᠭᠤᠮᠢᠯᠠᠯ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ | ᠪᠣᠳᠠᠲᠠᠢ ᠳᠤ ᠨᠠᠶᠢᠳᠠᠪᠤᠷᠢᠵᠢᠭᠤᠯᠤᠨ᠂ ᠴᠢᠳᠠᠪᠤᠷᠢᠲᠠᠨ ᠤ ᠬᠥᠭᠵᠢᠯᠲᠡ ᠪᠠᠷ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠵᠤ ᠳᠡᠰ ᠳᠡᠪᠰᠢᠬᠦ ᠶᠢ ᠬᠥᠲᠥᠯᠥᠨ ᠳᠠᠭᠠᠭᠤᠯᠵᠤ᠂ ᠠᠵᠤ ᠦᠢᠯᠡᠰ ᠪᠠ ᠰᠤᠷᠭᠠᠨ ᠬᠥᠮᠥᠵᠢᠯ ᠤᠨ | ᠠᠭᠤᠰᠤᠯᠴᠠᠯ ᠢ ᠠᠬᠢᠭᠤᠯᠬᠤ ᠪᠠᠷ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠬᠦ ᠶᠢᠨ ︽ᠬᠠᠪᠰᠤᠷᠤᠨ | ᠠᠬᠢᠭᠤᠯᠤᠭᠤᠷ︾᠂ ᠠᠵᠢᠯ ᠣᠯᠭᠤᠯᠲᠠ ᠶᠢ ᠠᠬᠢᠭᠤᠯᠬᠤ ᠶᠢᠨ ︽ᠲᠣᠭᠲᠠᠪᠤᠷᠢᠵᠢᠭᠤᠯᠤᠭᠤᠷ︾᠂ ᠴᠢᠳᠠᠪᠤᠷᠢᠲᠠᠨ ᠤ | ᠠᠰᠢᠭ ᠣᠯᠵᠠᠪᠤᠷᠢ ᠶᠢᠨ ︽ᠲᠦᠷᠭᠡᠳᠬᠡᠭᠦᠷ︾ ᠪᠣᠯᠭᠠᠬᠤ ᠶᠢ ᠱᠠᠭᠠᠷᠳᠠᠵᠤ ᠪᠠᠶᠢᠨ᠎ᠠ᠃ | ᠳᠡᠳ᠋ᠯᠡᠪᠡᠯ᠄ ︽ᠰᠠᠨᠠᠯ︾ ᠢ ᠲᠣᠭᠲᠠᠭᠠᠭᠰᠠᠨ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠤᠷᠭᠠᠨ ᠬᠥᠮᠥᠵᠢᠯ ᠪᠠ ᠴᠢᠳᠠᠪᠤᠷᠢᠲᠠᠨ ᠤ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠠᠵᠢᠯᠯᠠᠭ᠎ᠠ ᠪᠣᠯᠣᠨ᠎ᠠ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︽ᠠᠵᠢᠯ ᠮᠡᠷᠭᠡᠵᠢᠯ ᠤᠨ ᠬᠥᠮᠥᠵᠢᠭᠦᠯᠦᠯ ᠪᠠ | ᠪᠣᠯᠪᠠᠰᠤᠷᠠᠭᠤᠯᠤᠯ ᠤᠨᠰᠢᠰᠲ᠋ᠧᠮᠵᠢ ᠶᠢ ᠲᠡᠭᠦᠯᠳᠡᠷᠵᠢᠭᠦᠯᠵᠦ᠂ ᠠᠵᠤ ᠦᠢᠯᠡᠰ ᠪᠠ ᠰᠤᠷᠭᠠᠨ ᠬᠥᠮᠥᠵᠢᠯ ᠤᠨ | ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ︾ ᠭᠡᠵᠦ | ᠳᠤᠷᠠᠳᠴᠠᠢ᠃ ᠡᠨᠡ ᠨᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ︽ | ᠰᠢᠢᠳᠪᠦᠷᠢ︾ ᠳᠠᠬᠢ ︽ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠵᠦ᠂ ᠠᠵᠤ ᠦᠢᠯᠡᠰ ᠪᠠ ᠰᠤᠷᠭᠠᠨ ᠬᠥᠮᠥᠵᠢᠯ ᠤᠨ ᠠᠭᠤᠰᠤᠯᠴᠠᠯ᠂ ᠰᠤᠷᠭᠠᠭᠤᠯᠢ ᠪᠠ | ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠥᠨᠳᠥᠷ ᠬᠡᠪ ᠴᠢᠨᠠᠷ ᠪᠦᠬᠦᠢ ᠬᠥᠳᠡᠯᠮᠦᠷᠢᠯᠡᠭᠴᠢ | ᠪᠠ ᠮᠡᠷᠭᠡᠵᠢᠯ ᠴᠢᠳᠠᠪᠤᠷᠢ ᠶᠢᠨ ᠬᠡᠯᠪᠡᠷᠢᠲᠦ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ︾ ᠭᠡᠰᠡᠨ ᠱᠠᠭᠠᠷᠳᠠᠯᠭ᠎ᠠ ᠵᠢᠴᠢ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠶᠡᠭᠡ ᠬᠤᠷᠠᠯ ᠤᠨ ︽ᠰᠠᠨᠠᠭᠤᠯᠭ᠎ᠠ︾ ᠳᠠᠬᠢ ︽ᠣᠳᠣ | ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠢᠰᠲ᠋ᠧᠮᠵᠢ ᠶᠢ ᠪᠠᠶᠢᠭᠤᠯᠵᠤ᠂ ᠠᠵᠤ ᠦᠢᠯᠡᠰ ᠪᠠ | ᠰᠤᠷᠭᠠᠨ ᠬᠥᠮᠥᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠬᠤ | ᠬᠡᠷᠡᠭᠲᠡᠢ︾ ᠭᠡᠰᠡᠨ ᠲᠥᠷᠥ ᠶᠢᠨ ᠪᠣᠳᠣᠯᠭ᠎ᠠ ᠴᠢᠭᠯᠡᠯᠲᠡ ᠲᠠᠢ ᠦᠨᠳᠦᠰᠦ ᠤᠭᠰᠠᠭ᠎ᠠ ᠨᠢᠭᠡᠲᠡᠢ ᠪᠠᠶᠢᠳᠠᠭ᠃ 2014 | ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠢ | ᠲᠦᠷᠭᠡᠳᠬᠡᠨ ᠬᠥᠭᠵᠢᠭᠦᠯᠬᠦ ᠲᠤᠬᠠᠢ ᠲᠣᠭᠲᠠᠭᠠᠯ︾ ᠢ ᠳᠠᠷᠤᠮᠠᠯᠯᠠᠨ ᠲᠠᠷᠬᠠᠭᠠᠵᠤ᠂ ︽ᠠᠵᠤ ᠦᠢᠯᠡᠰ ᠪᠠ ᠰᠤᠷᠭᠠᠨ | ᠬᠥᠮᠥᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠂ ᠠᠵᠢᠯ ᠲᠥᠷᠥᠯ ᠪᠠ ᠠᠵᠤ ᠠᠬᠤᠶᠢᠯᠠᠯ ᠤᠨ ᠠᠵᠢᠯ | ᠲᠥᠷᠥᠯ ᠤᠨ ᠰᠤᠷᠭᠠᠨ ᠬᠥᠮᠥᠵᠢᠯ ᠢ ᠡᠷᠬᠢᠯᠡᠬᠦ ᠪᠤᠶᠤ ᠣᠷᠣᠯᠴᠠᠨ ᠡᠷᠬᠢᠯᠡᠬᠦ ᠶᠢ ᠵᠣᠷᠢᠭᠵᠢᠭᠤᠯᠵᠤ᠂ ᠠᠵᠤ | ᠠᠬᠤᠶᠢᠯᠠᠯ ᠤᠨ ᠰᠤᠷᠭᠠᠭᠤᠯᠢ ᠡᠷᠬᠢᠯᠡᠬᠦ ᠭᠤᠣᠯ ᠴᠣᠭᠴᠠ ᠶᠢᠨ ᠴᠢᠬᠤᠯᠠ ᠦᠢᠯᠡᠳᠦᠯ ᠢ ᠪᠠᠳᠠᠷᠠᠭᠤᠯᠬᠤ ᠬᠡᠷᠡᠭᠲᠡᠢ︾ | ᠭᠡᠵᠦ ᠳᠤᠷᠠᠳᠤᠭᠰᠠᠨ ᠪᠠᠶᠢᠨ᠎ᠠ᠃ 2015 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠳᠡᠯᠡᠬᠡᠢ ᠶᠢᠨ | ᠲᠡᠷᠢᠭᠦᠨ ᠤ ᠶᠡᠭᠡ ᠰᠤᠷᠭᠠᠭᠤᠯᠢ ᠪᠠ ᠲᠡᠷᠢᠭᠦᠨ ᠤ ᠬᠢᠴᠢᠶᠡᠯ ᠲᠥᠷᠥᠯ ᠤᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠶᠡᠷᠦᠩᠬᠡᠢ ᠲᠥᠰᠥᠯ︾ ᠢ ᠳᠠᠷᠤᠮᠠᠯᠯᠠᠨ ᠲᠠᠷᠬᠠᠭᠠᠵᠤ᠂ ︽ᠠᠵᠤ ᠦᠢᠯᠡᠰ ᠪᠠ | ᠰᠤᠷᠭᠠᠨ ᠬᠥᠮᠥᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠲᠡᠷᠢᠭᠦᠨ ᠤ ᠶᠡᠭᠡ ᠰᠤᠷᠭᠠᠭᠤᠯᠢ ᠪᠠ ᠲᠡᠷᠢᠭᠦᠨ ᠤ | ᠬᠢᠴᠢᠶᠡᠯ ᠲᠥᠷᠥᠯ ᠤᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ | ᠶᠡᠭᠡ ᠳᠡᠭᠡᠳᠦ ᠰᠤᠷᠭᠠᠭᠤᠯᠢ ᠶᠢᠨ ᠠᠵᠢᠯ ᠲᠥᠷᠥᠯ ᠤᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠬᠦ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ︾ ᠭᠡᠵᠦ ᠴᠢᠬᠤᠯᠠᠴᠢᠯᠠᠵᠤ᠂ | ᠳᠡᠭᠡᠳᠦ ᠵᠡᠷᠭᠡ ᠶᠢᠨ ᠰᠤᠷᠭᠠᠨ ᠬᠥᠮᠥᠵᠢᠯ ᠪᠠ ︽ᠬᠤᠣᠰ ᠲᠡᠷᠢᠭᠦᠨ︾ ᠤ ᠪᠠᠶᠢᠭᠤᠯᠤᠯᠲᠠ ᠳᠤ ᠠᠵᠤ ᠦᠢᠯᠡᠰ ᠪᠠ | ᠰᠤᠷᠭᠠᠨ ᠬᠥᠮᠥᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠲᠣᠳᠣᠷᠬᠠᠢ ᠱᠠᠭᠠᠷᠳᠠᠯᠭ᠎ᠠ ᠶᠢ ᠳᠤᠷᠠᠳᠪᠠ᠃ 2016 | ᠣᠨ ᠳᠤ᠂ ᠨᠠᠮ ᠤᠨ ᠲᠥᠪ ᠬᠤᠷᠢᠶ᠎ᠠ ︽ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ︽ᠠᠵᠤ ᠦᠢᠯᠡᠰ ᠪᠠ | ᠰᠤᠷᠭᠠᠨ ᠬᠥᠮᠥᠵᠢᠯ ᠠᠭᠤᠰᠤᠯᠴᠠᠵᠤ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠭᠰᠠᠨ ᠮᠡᠷᠭᠡᠵᠢᠯ ᠴᠢᠳᠠᠪᠤᠷᠢ | ᠲᠠᠢ ᠴᠢᠳᠠᠪᠤᠷᠢᠲᠠᠨ ᠢ ᠬᠥᠮᠥᠵᠢᠭᠦᠯᠬᠦ ᠬᠡᠪ ᠵᠠᠭᠪᠤᠷ ᠢ ᠪᠠᠶᠢᠭᠤᠯᠬᠤ ᠬᠡᠷᠡᠭᠲᠡᠢ︾ ᠭᠡᠵᠦ ᠤᠯᠠᠮ ᠨᠢᠭᠡ ᠠᠯᠬᠤᠮ | ᠲᠣᠳᠣᠷᠬᠠᠢ ᠱᠠᠭᠠᠷᠳᠠᠭᠰᠠᠨ ᠶᠤᠮ᠃ 2017 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠵᠤ | ᠦᠢᠯᠡᠰ ᠪᠠ ᠰᠤᠷᠭᠠᠨ ᠬᠥᠮᠥᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠨᠡᠶᠢᠲᠡᠯᠡᠵᠦ᠂ ᠵᠢᠯ ᠤᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠭᠤᠣᠯᠳᠠᠯᠭᠠᠲᠤ ᠠᠵᠢᠯ ᠳᠤ ᠵᠢᠭᠰᠠᠭᠠᠨ ᠣᠷᠣᠭᠤᠯᠬᠤ ᠪᠠᠷ ᠲᠣᠳᠣᠷᠬᠠᠶᠢᠯᠠᠪᠠ᠃ ᠠᠵᠤ ᠦᠢᠯᠡᠰ ᠪᠠ ᠰᠤᠷᠭᠠᠨ | ᠬᠥᠮᠥᠵᠢᠯ ᠢ ᠠᠭᠤᠰᠣᠯᠴᠠᠭᠤᠯᠬᠤ ᠨᠢ ᠣᠶᠢᠷ᠎ᠠ ᠶᠢᠨ ᠵᠢᠯ ᠤᠳ ᠤᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠪᠠ | ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠥᠭᠵᠢᠯᠲᠡ ᠶᠢ ᠠᠬᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ | ᠴᠢᠳᠠᠪᠤᠷᠢᠲᠠᠨ ᠪᠠ ᠮᠡᠷᠭᠡᠵᠢᠯ ᠴᠢᠳᠠᠪᠤᠷᠢ ᠲᠠᠢ ᠴᠢᠳᠠᠪᠤᠷᠢᠲᠠᠨ ᠤ ᠬᠥᠮᠥᠵᠢᠯ ᠢ ᠴᠢᠩᠭᠠᠳᠬᠠᠬᠤ ᠶᠢᠨ ᠨᠢᠭᠡᠨ ᠵᠦᠢᠯ ᠤᠨ | ᠴᠢᠬᠤᠯᠠ ᠴᠢᠭᠯᠡᠯᠲᠡ ᠪᠣᠯᠵᠤ᠂ ᠰᠤᠷᠭᠠᠨ ᠬᠥᠮᠥᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠶᠢᠨ ᠨᠢᠭᠡᠨ ᠵᠦᠢᠯ ᠤᠨ ᠴᠢᠬᠤᠯᠠ ᠳᠦᠷᠢᠮ ᠤᠨ ᠲᠣᠬᠢᠷᠠᠭᠤᠯᠤᠯᠲᠠ ᠪᠣᠯᠵᠠᠢ ᠭᠡᠵᠦ | ᠬᠡᠯᠡᠵᠦ ᠪᠣᠯᠣᠨ᠎ᠠ᠃ | ᠭᠤᠷᠪᠠ ᠳᠤ᠂ ︽ᠰᠠᠨᠠᠯ︾ ᠢ ᠲᠣᠭᠲᠠᠭᠠᠭᠰᠠᠨ ᠨᠢ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠤᠪᠢᠰᠬᠠᠯ ᠪᠠ ᠠᠵᠢᠯ ᠦᠢᠯᠡᠰ ᠤᠨ ᠬᠤᠪᠢᠰᠤᠯᠲᠠ ᠶᠢᠨ ᠬᠠᠨᠳᠤᠰᠢ ᠲᠠᠢ ᠵᠣᠬᠢᠴᠠᠯᠳᠤᠬᠤ ᠪᠠ | ᠲᠡᠭᠦᠨ ᠢ ᠬᠥᠲᠥᠯᠥᠨ ᠳᠠᠭᠠᠭᠤᠯᠬᠤ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ | ᠣᠷᠣᠵᠤ᠂ ᠠᠵᠤ ᠦᠢᠯᠡᠳᠪᠦᠷᠢᠵᠢᠭᠰᠡᠨ᠂ ᠮᠡᠳᠡᠭᠡ ᠵᠠᠩᠭᠢᠴᠢᠯᠠᠭᠰᠠᠨ ᠭᠦᠨᠵᠡᠭᠡᠢ ᠠᠭᠤᠰᠤᠯᠴᠠᠯ ᠨᠢ ᠰᠢᠨ᠎ᠡ ᠬᠡᠯᠪᠡᠷᠢ | ᠪᠠᠶᠢᠳᠠᠯ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠵᠡᠷᠭᠡ ᠰᠢᠨ᠎ᠡ ᠠᠵᠤ ᠠᠬᠤᠢ ᠶᠢᠨ ᠥᠷᠨᠢᠩᠭᠦᠢ ᠬᠥᠭᠵᠢᠯᠲᠡ ᠶᠢ | ᠠᠪᠴᠢᠷᠠᠪᠠ᠃ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠨᠢ ᠴᠢᠳᠠᠪᠤᠷᠢᠲᠠᠨ ᠤ ᠰᠢᠨ᠎ᠡ ᠶᠢ ᠡᠭᠦᠳᠬᠦ | ᠴᠢᠨᠠᠷ᠂ ᠦᠢᠯᠡᠳᠦᠯᠭᠡᠴᠢ ᠴᠢᠨᠠᠷ ᠤᠨ ᠬᠡᠷᠡᠭᠴᠡᠭᠡ ᠱᠠᠭᠠᠷᠳᠠᠯᠭ᠎ᠠ ᠶᠢ ᠡᠳᠦᠷ ᠢᠷᠡᠬᠦᠶ᠎ᠡ ᠴᠢᠳᠠᠪᠤᠷᠢᠲᠠᠨ ᠤ | ᠬᠥᠮᠥᠵᠢᠯ ᠤᠨ ᠡᠯ᠎ᠡ ᠭᠤᠭᠴᠤᠭ᠎ᠠ ᠳᠤ ᠨᠡᠪᠴᠢᠭᠦᠯᠦᠨ ᠠᠭᠤᠰᠤᠭᠤᠯᠵᠤ᠂ ᠰᠤᠷᠭᠠᠭᠤᠯᠢ ᠶᠢᠨ ᠡᠭᠦᠳᠡ ᠪᠠᠨ ᠨᠡᠭᠡᠭᠡᠨ | ᠰᠤᠷᠭᠠᠭᠤᠯᠢ ᠡᠷᠬᠢᠯᠡᠵᠦ᠂ ᠬᠥᠮᠥᠵᠢᠭᠦᠯᠦᠨ ᠪᠣᠯᠪᠠᠰᠤᠷᠠᠭᠤᠯᠬᠤ ᠵᠠᠭᠪᠤᠷ᠂ ᠵᠣᠬᠢᠶᠠᠨ ᠪᠠᠶᠢᠭᠤᠯᠬᠤ ᠬᠡᠯᠪᠡᠷᠢ ᠪᠠᠶᠢᠳᠠᠯ | ᠪᠠ ᠦᠢᠯᠡᠴᠢᠯᠡᠭᠡ ᠬᠠᠩᠭᠠᠯᠭ᠎ᠠ ᠳᠤ ᠰᠢᠨ᠎ᠡ ᠶᠢ ᠡᠭᠦᠳᠦᠨ᠂ ᠰᠤᠷᠭᠠᠨ ᠬᠥᠮᠥᠵᠢᠯ ᠤᠨ ᠠᠭᠤᠯᠭ᠎ᠠ ᠶᠢ ᠨᠡᠶᠢᠭᠡᠮ ᠲᠡᠶᠢᠰᠢ | ᠥᠷᠭᠡᠵᠢᠭᠦᠯᠦᠨ᠂ ᠰᠤᠷᠭᠠᠭᠤᠯᠢ ᠠᠵᠤ ᠠᠬᠤᠶᠢᠯᠠᠯ ᠬᠠᠮᠵᠢᠯᠴᠠᠨ ᠬᠥᠮᠥᠨ ᠬᠥᠮᠥᠵᠢᠭᠦᠯᠬᠦ ᠶᠢ ᠲᠦᠷᠭᠡᠳᠬᠡᠬᠦ ᠶᠢ ᠪᠠᠴᠢᠮ | ᠱᠠᠭᠠᠷᠳᠠᠵᠤ ᠪᠠᠶᠢᠨ᠎ᠠ᠃ ᠠᠵᠤ ᠦᠢᠯᠡᠰ ᠪᠠ ᠰᠤᠷᠭᠠᠨ ᠬᠥᠮᠥᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠳᠤ᠂ | ᠰᠤᠷᠭᠠᠨ ᠬᠥᠮᠥᠵᠢᠯ ᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠬᠦ ᠳᠤ ᠲᠤᠯᠭᠠᠭᠤᠷᠢᠯᠠᠬᠤ | ᠪᠠ ᠬᠥᠲᠥᠯᠥᠨ ᠳᠠᠭᠠᠭᠤᠯᠬᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠰᠤᠷᠭᠠᠨ ᠬᠥᠮᠥᠵᠢᠯ ᠪᠠ ᠠᠵᠤ ᠠᠬᠤᠢ | ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠂ ᠴᠢᠳᠠᠪᠤᠷᠢᠲᠠᠨ ᠤ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠬᠤ ᠪᠠᠷ ᠳᠠᠮᠵᠢᠭᠤᠯᠵᠤ ᠰᠢᠨ᠎ᠡ ᠬᠠᠭᠤᠴᠢᠨ ᠬᠦᠴᠦᠨ ᠴᠢᠳᠠᠪᠤᠷᠢ ᠶᠢᠨ | ᠤᠯᠠᠷᠢᠭᠤᠯᠤᠯᠲᠠ ᠶᠢ ᠲᠦᠷᠭᠡᠳᠬᠡᠬᠦ ᠬᠡᠷᠡᠭᠲᠡᠢ᠃ | ᠳᠥᠷᠪᠡ ᠳᠤ᠂ ︽ᠰᠠᠨᠠᠯ︾ ᠢ ᠲᠣᠭᠲᠠᠭᠠᠭᠰᠠᠨ ᠨᠢ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠥᠵᠢᠯ ᠢ ᠰᠠᠶᠢᠲᠤᠷ ᠡᠷᠬᠢᠯᠡᠬᠦ | ᠤᠷᠤᠭᠰᠢᠯᠠᠯᠲᠠ ᠶᠢᠨ ᠴᠢᠭᠯᠡᠯ ᠲᠠᠢ ᠨᠡᠶᠢᠴᠡᠭᠦᠯᠪᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ | ︽ᠰᠤᠷᠭᠠᠨ ᠬᠥᠮᠥᠵᠢᠯ ᠤᠨ ᠬᠦᠴᠦᠷᠬᠡᠭ ᠤᠯᠤᠰ ᠢ ᠪᠠᠶᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠯᠲᠡ ᠶᠢᠨ ᠰᠠᠭᠤᠷᠢ ᠢᠨᠵᠧᠨᠧᠷᠢᠩ ᠪᠠᠶᠢᠵᠤ᠂ ᠡᠷᠬᠡᠪᠰᠢ ᠰᠤᠷᠭᠠᠨ ᠬᠥᠮᠥᠵᠢᠯ ᠤᠨ ᠦᠢᠯᠡᠰ ᠢ ᠲᠡᠷᠢᠭᠦᠨ | ᠪᠠᠶᠢᠷᠢᠨ ᠳᠤ ᠲᠠᠯᠪᠢᠵᠤ᠂ ᠰᠤᠷᠭᠠᠨ ᠬᠥᠮᠥᠵᠢᠯ ᠤᠨ ᠣᠳᠣᠬᠢᠴᠢᠯᠠᠯᠲᠠ ᠶᠢ ᠲᠦᠷᠭᠡᠳᠬᠡᠨ᠂ ᠠᠷᠠᠳ ᠲᠦᠮᠡᠨ ᠳᠤ | ᠲᠠᠭᠠᠰᠢᠶᠠᠭᠳᠠᠭᠰᠠᠨ ᠰᠤᠷᠭᠠᠨ ᠬᠥᠮᠥᠵᠢᠯ ᠢ ᠰᠠᠶᠢᠲᠤᠷ ᠡᠷᠬᠢᠯᠡᠬᠦ ᠬᠡᠷᠡᠭᠲᠡᠢ︾ ᠭᠡᠵᠦ ᠵᠢᠭᠠᠵᠤ ᠭᠠᠷᠭᠠᠵᠠᠢ᠃ | ᠣᠳᠣᠬᠠᠨ ᠳᠤ᠂ ᠮᠠᠨ ᠤ ᠤᠯᠤᠰ ᠶᠠᠭ ᠰᠠᠶᠢᠬᠠᠨ ᠣᠳᠣ ᠦᠶ᠎ᠡ ᠶᠢᠨ ᠰᠤᠷᠭᠠᠨ ᠬᠥᠮᠥᠵᠢᠯ ᠤᠨ ᠰᠢᠰᠲ᠋ᠧᠮᠵᠢ ᠶᠢ | ᠪᠠᠶᠢᠭᠤᠯᠬᠤ ᠰᠢᠪᠲᠤᠯᠤᠯᠲᠠ ᠶᠢᠨ ᠬᠤᠭᠤᠴᠠᠭ᠎ᠠ ᠪᠠ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠣᠳᠣ | ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠲᠦᠷᠭᠡᠨ ᠬᠥᠭᠵᠢᠵᠦ᠂ ᠳᠡᠭᠡᠳᠦ ᠵᠡᠷᠭᠡ ᠶᠢᠨ ᠰᠤᠷᠭᠠᠨ | ᠬᠥᠮᠥᠵᠢᠯ ᠶᠠᠭ ᠰᠠᠶᠢᠬᠠᠨ ᠲᠦᠮᠡᠨ ᠣᠯᠠᠨᠴᠢᠯᠠᠯᠲᠠ ᠠᠴᠠ ᠲᠦᠭᠡᠮᠡᠯᠵᠢᠭᠦᠯᠦᠯᠲᠡ ᠶᠢᠨ ᠱᠠᠲᠤ ᠲᠡᠶᠢᠰᠢ ᠳᠠᠪᠰᠢᠵᠤ | ᠪᠠᠶᠢᠨ᠎ᠠ᠃ ᠶᠠᠰᠤ ᠴᠢᠨᠠᠷ ᠢ ᠳᠡᠭᠡᠭᠰᠢᠯᠡᠭᠦᠯᠬᠦ ᠨᠢ ᠰᠤᠷᠭᠠᠨ ᠬᠥᠮᠥᠵᠢᠯ ᠤᠨ ᠬᠥᠭᠵᠢᠯᠲᠡ ᠶᠢᠨ ᠲᠥᠪᠲᠦ ᠭᠤᠣᠯ | ᠰᠡᠳᠦᠪ ᠪᠣᠯᠵᠤ᠂ ᠡᠷᠬᠡᠪᠰᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠨ ᠬᠥᠳᠡᠯᠭᠡᠭᠴᠢ ᠬᠦᠴᠦᠨ ᠣᠯᠬᠤ | ᠬᠡᠷᠡᠭᠲᠡᠢ᠃ ᠠᠵᠤ ᠦᠢᠯᠡᠰ ᠪᠠ ᠰᠤᠷᠭᠠᠨ ᠬᠥᠮᠥᠵᠢᠯ ᠢ ᠭᠦᠨᠵᠡᠭᠡᠶᠢᠷᠡᠭᠦᠯᠬᠦ ᠳᠤ᠂ ᠬᠠᠮᠢᠶᠠᠷᠬᠤ ᠡᠷᠬᠢᠯᠡᠬᠦ ᠦᠨᠡᠯᠡᠬᠦ ᠶᠢ | ᠰᠠᠯᠭᠠᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠰᠤᠷᠭᠠᠨ | ᠬᠥᠮᠥᠵᠢᠯ ᠢ ᠵᠠᠰᠠᠬᠤ ᠵᠠᠭᠪᠤᠷ ᠤᠨ ᠬᠤᠪᠢᠷᠠᠯᠲᠠ ᠶᠢ ᠲᠦᠷᠭᠡᠳᠬᠡᠨ᠂ ᠠᠵᠤ ᠠᠬᠤᠶᠢᠯᠠᠯ ᠵᠡᠷᠭᠡ ᠭᠤᠣᠯ ᠴᠣᠭᠴᠠ ᠶᠢ | ᠬᠥᠲᠥᠯᠥᠨ ᠣᠷᠣᠭᠤᠯᠵᠤ ᠰᠤᠷᠭᠠᠭᠤᠯᠢ ᠡᠷᠬᠢᠯᠡᠬᠦ ᠳᠤ ᠣᠷᠣᠯᠴᠠᠭᠤᠯᠤᠨ᠂ ᠠᠵᠢᠯ ᠲᠥᠷᠥᠯ ᠤᠨ ᠨᠡᠶᠢᠭᠡᠮᠯᠢᠭ ᠪᠠ | ᠨᠡᠶᠢᠭᠡᠮ ᠤᠨ ᠭᠤᠷᠪᠠᠳᠠᠭᠴᠢ ᠡᠲᠡᠭᠡᠳ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠰᠤᠷᠭᠠᠭᠤᠯᠢ ᠡᠷᠬᠢᠯᠡᠬᠦ | ᠭᠤᠣᠯ ᠴᠣᠭᠴᠠ ᠶᠢᠨ ᠣᠯᠠᠨ ᠡᠰᠢᠵᠢᠯᠲᠡ᠂ ᠵᠠᠰᠠᠯᠲᠠ ᠶᠢᠨ ᠪᠦᠲᠦᠴᠡ ᠶᠢᠨ ᠣᠳᠣᠬᠢᠴᠢᠯᠠᠯᠲᠠ ᠶᠢ ᠠᠬᠢᠭᠤᠯᠵᠤ᠂ | ᠰᠤᠷᠭᠠᠭᠤᠯᠢ ᠡᠷᠬᠢᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠ ᠰᠤᠷᠭᠠᠨ ᠬᠥᠮᠥᠵᠢᠯ ᠤᠨ | ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ︽ᠰᠠᠨᠠᠯ︾ ᠢ ᠲᠣᠭᠲᠠᠭᠠᠭᠰᠠᠨ ᠨᠢ ᠨᠡᠶᠢᠭᠡᠮ ᠤᠨ | ᠦᠷ᠎ᠡ ᠠᠰᠢᠭ ᠠᠵᠤ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠦᠭᠦᠯᠬᠦ ᠶᠢ ᠪᠡᠶᠡᠯᠡᠭᠦᠯᠵᠦ᠂ ᠭᠡᠷ ᠪᠦᠯᠢ ᠶᠢᠨ | ᠬᠥᠮᠥᠵᠢᠯ ᠤᠨ ᠣᠷᠤᠯᠠᠭᠤᠯᠤᠯᠲᠠ ᠶᠢᠨ ᠬᠠᠷᠢᠭᠤ ᠠᠰᠢᠭ ᠬᠦᠷᠲᠡᠭᠡᠯ ᠢ ᠳᠡᠭᠡᠭᠰᠢᠯᠡᠭᠦᠯᠦᠨ᠂ ᠠᠷᠠᠳ ᠣᠯᠠᠨ ᠤ ᠰᠠᠶᠢᠨ | ᠰᠠᠶᠢᠬᠠᠨ ᠰᠤᠷᠭᠠᠨ ᠬᠥᠮᠥᠵᠢᠯ ᠬᠦᠷᠲᠡᠬᠦ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠳᠤ ᠠᠰᠢᠭᠲᠠᠢ | ᠪᠠᠶᠢᠳᠠᠭ᠃ | ᠠᠰᠠᠭᠤᠯᠲᠠ᠄ ᠣᠳᠣᠬᠠᠨ ᠳᠤ ᠠᠵᠤ ᠦᠢᠯᠡᠰ ᠪᠠ ᠰᠤᠷᠭᠠᠨ ᠬᠥᠮᠥᠵᠢᠯ ᠤᠨ ᠠᠭᠤᠰᠤᠯᠴᠠᠯ ᠢ | ᠭᠦᠨᠵᠡᠭᠡᠶᠢᠷᠡᠭᠦᠯᠬᠦ ᠳᠤ ᠶᠠᠮᠠᠷ ᠶᠠᠮᠠᠷ ᠭᠤᠣᠯ ᠠᠰᠠᠭᠤᠳᠠᠯ ᠪᠠ ᠬᠦᠴᠢᠷᠳᠡᠯ ᠲᠤᠯᠭᠠᠷᠠᠵᠤ ᠪᠠᠶᠢᠬᠤ ᠪᠣᠢ︖ | ᠬᠠᠷᠢᠭᠤᠯᠲᠠ᠄ ᠮᠢᠨᠤ ᠦᠵᠡᠬᠦ ᠪᠠᠷ᠂ ᠣᠳᠣᠬᠠᠨ ᠤ ᠠᠵᠤ ᠦᠢᠯᠡᠰ ᠪᠠ ᠰᠤᠷᠭᠠᠨ ᠬᠥᠮᠥᠵᠢᠯ ᠤᠨ | ᠠᠭᠤᠰᠤᠯᠴᠠᠯ ᠬᠥᠭᠵᠢᠯᠲᠡ ᠨᠢ ᠮᠥᠨ ᠬᠦ ᠴᠥᠭᠡᠨ ᠪᠤᠰᠤ ᠪᠣᠭᠤᠮᠢᠯᠠᠯ ᠠᠰᠠᠭᠤᠳᠠᠯ ᠪᠠ ᠬᠢᠵᠠᠭᠠᠷᠯᠠᠬᠤ ᠬᠦᠴᠦᠨ | ᠵᠦᠢᠯ ᠳᠤ ᠲᠤᠯᠭᠠᠷᠠᠵᠤ ᠪᠠᠶᠢᠨ᠎ᠠ᠂ ᠵᠢᠱᠢᠶᠡᠯᠡᠪᠡᠯ ᠰᠤᠷᠭᠠᠨ ᠬᠥᠮᠥᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠪᠠ | ᠠᠵᠤ ᠦᠢᠯᠡᠰ ᠤᠨ ᠱᠠᠭᠠᠷᠳᠠᠯᠭ᠎ᠠ ᠳᠤ ︽ᠬᠤᠶᠠᠷ ᠠᠷᠠᠰᠤ︾ ᠶᠢᠨ ᠠᠰᠠᠭᠤᠳᠠᠯ ᠣᠷᠣᠰᠢᠵᠤ ᠪᠣᠢ᠂ ᠭᠤᠣᠯ ᠢᠯᠡᠷᠡᠯ | ᠨᠢ᠄ ᠬᠤᠷᠸ᠎ᠠ ᠳᠠᠪᠬᠤᠷᠭ᠎ᠠ ᠳᠤ᠂ ᠰᠤᠷᠭᠠᠨ ᠬᠥᠮᠥᠵᠢᠯ ᠪᠠ ᠠᠵᠤ ᠦᠢᠯᠡᠰ ᠤᠨ ᠨᠢᠭᠡᠳᠦᠯᠲᠡᠢ ᠲᠥᠯᠥᠪᠵᠢᠭᠦᠯᠦᠭᠰᠡᠨ | ᠠᠭᠤᠰᠤᠯᠴᠠᠯ᠂ ᠰᠠᠶᠢᠨ ᠴᠢᠨᠠᠷᠲᠤ ᠦᠢᠯᠡᠳᠦᠯᠴᠡᠯ ᠤᠨ ᠪᠠᠶᠢᠷᠢᠯᠠᠭᠤᠯᠤᠯᠲᠠ ᠬᠠᠷᠠᠬᠠᠨ ᠦᠨᠳᠦᠰᠦᠨ ᠳᠤ ᠪᠠᠨ | ᠲᠣᠭᠲᠠᠭᠠᠭᠳᠠᠭ᠎ᠠ ᠦᠭᠡᠢ᠃ ᠵᠠᠷᠢᠮ ᠭᠠᠵᠠᠷ ᠣᠷᠣᠨ ᠤ ᠬᠥᠭᠵᠢᠯᠲᠡ ᠳᠤ ︽ᠪᠣᠳᠠᠰ ᠨᠢ ᠬᠠᠷᠠᠭᠳᠠᠬᠤ ᠠᠴᠠ ᠪᠢᠰᠢ | ᠬᠥᠮᠥᠨ ᠨᠢ ᠬᠠᠷᠠᠭᠳᠠᠬᠤ ᠦᠭᠡᠢ︾᠂ ᠰᠤᠷᠭᠠᠨ ᠬᠥᠮᠥᠵᠢᠯ ᠤᠨ ᠡᠬᠢ ᠪᠠᠶᠠᠯᠢᠭ ᠤᠨ ᠲᠥᠯᠥᠪᠵᠢᠭᠦᠯᠭᠡ | ᠪᠠᠶᠢᠷᠢᠯᠠᠭᠤᠯᠤᠯᠲᠠ᠂ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠳᠡᠰ ᠳᠠᠪᠬᠤᠷᠭ᠎ᠠ᠂ ᠲᠥᠷᠥᠯ ᠬᠡᠯᠪᠡᠷᠢ ᠨᠢ ᠠᠵᠤ | ᠦᠢᠯᠡᠰ ᠤᠨ ᠪᠠᠶᠢᠷᠢᠯᠠᠭᠤᠯᠤᠯᠲᠠ ᠪᠠ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠯᠳᠤᠬᠤ ᠦᠭᠡᠢ᠂ | ᠮᠡᠷᠭᠡᠵᠢᠯ ᠤᠨ ᠠᠵᠢᠯᠲᠠᠨ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠱᠠᠭᠠᠷᠳᠠᠬᠤ ᠨᠣᠷᠮ᠎ᠠ | ᠳᠣᠷᠣᠭᠰᠢᠯᠠᠬᠤ ᠦᠭᠡᠢ᠂ ᠬᠡᠰᠡᠭ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠴᠢᠳ ᠲᠤ ᠠᠵᠢᠯ ᠣᠯᠭᠤᠬᠤ | ᠳᠠᠷᠤᠯᠲᠠ ᠦᠷᠭᠦᠯᠵᠢᠯᠡᠨ ᠶᠡᠬᠡᠰᠴᠦ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡᠨ ᠤ ᠪᠦᠲᠦᠴᠡ ᠶᠢᠨ ᠴᠢᠨᠠᠷᠲᠠᠢ | ᠵᠥᠷᠢᠴᠡᠯ ᠲᠣᠪᠣᠶᠢᠨ ᠢᠯᠡᠷᠡᠵᠦ ᠪᠠᠶᠢᠨ᠎ᠠ᠃ ᠬᠤᠮᠠᠬᠢ ᠳᠠᠪᠬᠤᠷᠭ᠎ᠠ ᠳᠤ᠂ ᠰᠤᠷᠭᠠᠭᠤᠯᠢ ᠠᠵᠤ ᠠᠬᠤᠶᠢᠯᠠᠯ | ᠬᠠᠮᠵᠢᠯᠴᠠᠵᠤ ᠦᠢᠯᠡᠳᠦᠯᠭᠡᠵᠢᠭᠦᠯᠦᠨ ᠬᠥᠮᠥᠨ ᠬᠥᠮᠥᠵᠢᠭᠦᠯᠬᠦ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠵᠠᠭᠪᠤᠷ | ᠬᠠᠷᠠᠬᠠᠨ ᠦᠨᠳᠦᠰᠦᠨ ᠳᠤ ᠪᠠᠨ ᠪᠦᠷᠢᠯᠳᠦᠭᠡ ᠦᠭᠡᠢ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠳᠤ ︽ | ᠰᠤᠷᠭᠠᠭᠤᠯᠢ ᠬᠠᠯᠠᠭᠤᠨ᠂ ᠠᠵᠤ ᠠᠬᠤᠶᠢᠯᠠᠯ ᠬᠦᠢᠲᠡᠨ︾ ᠪᠠᠶᠢᠵᠤ᠂ ᠭᠦᠢᠬᠡᠨ ᠳᠡᠰ ᠳᠠᠪᠬᠤᠷᠭ᠎ᠠ᠂ ᠥᠪᠡᠷ ᠢᠶᠠᠨ | ᠰᠠᠨᠠᠭᠠᠴᠢᠯᠠᠬᠤ ᠮᠠᠶ᠋ᠢᠭ ᠤᠨ᠂ ᠲᠠᠷᠠᠬᠠᠢ ᠪᠤᠲᠠᠷᠬᠠᠢ ᠬᠡᠯᠪᠡᠷᠢ ᠲᠠᠢ᠂ ᠳᠣᠣᠷ᠎ᠠ ᠬᠢᠷᠢ ᠲᠦᠪᠰᠢᠨ ᠤ ᠪᠠᠶᠢᠳᠠᠯ ᠳᠤ | ᠣᠷᠣᠰᠢᠵᠤ ᠪᠠᠶᠢᠨ᠎ᠠ᠃ ᠠᠵᠤ ᠠᠬᠤᠶᠢᠯᠠᠯ ᠤᠨ ᠰᠤᠷᠭᠠᠭᠤᠯᠢ ᠡᠷᠬᠢᠯᠡᠬᠦ ᠳᠤ ᠣᠷᠣᠯᠴᠠᠬᠤ ᠢᠳᠡᠪᠬᠢᠵᠢᠯ ᠥᠨᠳᠥᠷ | ᠪᠤᠰᠤ᠂ ᠬᠢᠴᠢᠶᠡᠯ ᠤᠨ ᠠᠭᠤᠯᠭ᠎ᠠ ᠬᠢᠭᠡᠳ ᠠᠵᠢᠯ ᠮᠡᠷᠭᠡᠵᠢᠯ ᠤᠨ ᠪᠠᠷᠢᠮᠵᠢᠶ᠎ᠠ᠂ ᠵᠢᠭᠠᠨ ᠰᠤᠷᠭᠠᠯᠲᠠ ᠶᠢᠨ ᠶᠠᠪᠤᠴᠠ | ᠬᠢᠭᠡᠳ ᠦᠢᠯᠡᠳᠪᠦᠷᠢᠯᠡᠯ ᠤᠨ ᠶᠠᠪᠤᠴᠠ ᠨᠢ ᠬᠠᠷᠢᠯᠴᠠᠨ ᠰᠠᠯᠤᠩᠭᠢᠷᠠᠵᠤ᠂ ︽ᠣᠨᠣᠯ ᠢ ᠴᠢᠬᠤᠯᠠᠴᠢᠯᠠᠨ᠂ | ᠦᠢᠯᠡᠳᠦᠯᠭᠡ ᠶᠢ ᠬᠥᠩᠭᠡᠪᠴᠢᠯᠡᠬᠦ︾ ᠠᠰᠠᠭᠤᠳᠠᠯ ᠨᠡᠶᠢᠳᠡᠮ ᠳᠤ ᠪᠠᠨ ᠣᠷᠣᠰᠢᠵᠤ ᠪᠠᠶᠢᠨ᠎ᠠ᠃ ᠲᠥᠷᠥ ᠶᠢᠨ | ᠪᠣᠳᠣᠯᠭ᠎ᠠ ᠶᠢᠨ ᠳᠠᠪᠬᠤᠷᠭ᠎ᠠ ᠳᠤ᠂ ᠠᠵᠤ ᠦᠢᠯᠡᠰ ᠪᠠ ᠰᠤᠷᠭᠠᠨ ᠬᠥᠮᠥᠵᠢᠯ ᠤᠨ ᠠᠭᠤᠰᠤᠯᠴᠠᠯ᠂ ᠰᠤᠷᠭᠠᠭᠤᠯᠢ | ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠬᠤ ᠪᠦᠬᠦᠯᠢ ᠴᠣᠭᠴᠠ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ | ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠭᠦᠢᠴᠡᠳ ᠦᠭᠡᠢ᠂ ᠵᠣᠷᠢᠭᠵᠢᠭᠤᠯᠤᠯ ᠪᠠᠲᠤᠯᠠᠭ᠎ᠠ ᠦᠢᠯᠡᠴᠢᠯᠡᠭᠡ | ᠬᠦᠷᠦᠯᠴᠡᠬᠦ ᠦᠭᠡᠢ᠂ ᠵᠠᠰᠠᠭ ᠤᠨ ᠣᠷᠳᠣᠨ ᠠᠵᠤ ᠠᠬᠤᠶᠢᠯᠠᠯ ᠰᠤᠷᠭᠠᠭᠤᠯᠢ ᠠᠵᠢᠯ ᠲᠥᠷᠥᠯ ᠨᠡᠶᠢᠭᠡᠮ ᠲᠤᠰ | ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠨ ᠬᠠᠮᠲᠤ ᠪᠠᠷ ᠳᠠᠪᠰᠢᠬᠤ ᠬᠥᠭᠵᠢᠯᠲᠡ ᠶᠢᠨ | ᠪᠠᠶᠢᠷᠢᠯᠠᠭᠤᠯᠤᠯᠲᠠ ᠬᠠᠷᠠᠬᠠᠨ ᠲᠡᠭᠦᠯᠳᠡᠷᠵᠢᠭᠡ ᠦᠭᠡᠢ ᠪᠠᠶᠢᠭᠰᠠᠭᠠᠷ᠃ | ᠠᠰᠠᠭᠤᠯᠲᠠ᠄ ︽ᠰᠠᠨᠠᠯ︾ ᠢ ᠲᠣᠭᠲᠠᠭᠠᠭᠰᠠᠨ ᠶᠡᠷᠦᠩᠬᠡᠢ ᠪᠣᠳᠣᠯᠬᠢᠯᠠᠯ ᠨᠢ ᠶᠠᠭᠤ ᠪᠣᠢ︖ | ᠬᠠᠷᠢᠭᠤᠯᠲᠠ᠄ ᠠᠵᠤ ᠦᠢᠯᠡᠰ ᠪᠠ ᠰᠤᠷᠭᠠᠨ ᠬᠥᠮᠥᠵᠢᠯ ᠤᠨ ᠠᠭᠤᠰᠤᠯᠴᠠᠯ ᠤᠨ ᠭᠤᠣᠯ ᠨᠢ ᠠᠵᠢᠯ ᠲᠥᠷᠥᠯ | ᠠᠵᠤ ᠠᠬᠤᠶᠢᠯᠠᠯ ᠢ ᠰᠤᠷᠭᠠᠭᠤᠯᠢ ᠡᠷᠬᠢᠯᠡᠬᠦ ᠴᠢᠬᠤᠯᠠ ᠭᠤᠣᠯ ᠴᠣᠭᠴᠠ ᠪᠣᠯᠭᠠᠬᠤ ᠶᠠᠪᠤᠳᠠᠯ ᠪᠣᠯᠣᠨ᠎ᠠ᠂ ᠡᠨᠡ ᠨᠢ | ᠰᠤᠷᠭᠠᠨ ᠬᠥᠮᠥᠵᠢᠯ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠠᠶᠢᠵᠤ᠂ ᠬᠤᠷᠸ᠎ᠠ ᠲᠠᠯ᠎ᠠ ᠶᠢᠨ ᠰᠤᠷᠭᠠᠨ ᠬᠥᠮᠥᠵᠢᠯ ᠤᠨ | ᠪᠠᠶᠢᠷᠢᠯᠠᠭᠤᠯᠤᠯᠲᠠ ᠪᠠ ᠪᠦᠲᠦᠴᠡ ᠲᠠᠢ ᠬᠤᠯᠪᠣᠭᠳᠠᠵᠤ ᠪᠠᠶᠢᠬᠤ ᠪᠠᠷ ᠪᠠᠷᠠᠬᠤ ᠦᠭᠡᠢ᠂ ᠴᠢᠳᠠᠪᠤᠷᠢᠲᠠᠨ ᠤ | ᠪᠣᠯᠪᠠᠰᠤᠷᠠᠭᠤᠯᠤᠯ ᠤᠨ ᠵᠠᠭᠪᠤᠷ ᠤᠨ ᠥᠭᠡᠷᠡᠴᠢᠯᠡᠯᠲᠡ ᠲᠠᠢ ᠬᠤᠯᠪᠣᠭᠳᠠᠵᠤ᠂ ᠰᠤᠷᠭᠠᠨ ᠬᠥᠮᠥᠵᠢᠯ ᠤᠨ ᠵᠣᠬᠢᠶᠠᠨ | ᠪᠠᠶᠢᠭᠤᠯᠤᠯᠲᠠ ᠶᠢᠨ ᠬᠡᠯᠪᠡᠷᠢ ᠪᠠᠶᠢᠳᠠᠯ ᠪᠠ ᠦᠢᠯᠡᠴᠢᠯᠡᠭᠡ ᠬᠠᠩᠭᠠᠯᠭ᠎ᠠ ᠶᠢᠨ ᠣᠯᠠᠨ ᠡᠰᠢᠵᠢᠯᠲᠡ ᠳᠤ | ᠬᠤᠯᠪᠣᠭᠳᠠᠭᠰᠠᠨ᠂ ᠣᠳᠣ ᠦᠶ᠎ᠡ ᠶᠢᠨ ᠰᠤᠷᠭᠠᠭᠤᠯᠢ ᠡᠷᠬᠢᠯᠡᠬᠦ ᠪᠠᠶᠢᠭᠤᠯᠤᠯ ᠪᠠ ᠰᠤᠷᠭᠠᠨ ᠬᠥᠮᠥᠵᠢᠯ ᠤᠨ | ᠵᠠᠰᠠᠯᠲᠠ ᠶᠢᠨ ᠰᠢᠰᠲ᠋ᠧᠮᠴᠢ ᠶᠢ ᠲᠡᠭᠦᠯᠳᠡᠷᠵᠢᠭᠦᠯᠬᠦ ᠨᠢᠭᠡᠨ ᠵᠦᠢᠯ ᠤᠨ ᠳᠦᠷᠢᠮ ᠤᠨ ᠰᠢᠨᠡᠴᠢᠯᠡᠯᠲᠡ ᠪᠣᠯᠣᠨ᠎ᠠ᠃ ︽ | ᠰᠠᠨᠠᠯ︾ ᠢ ᠲᠣᠭᠲᠠᠭᠠᠬᠤ ᠶᠠᠪᠤᠴᠠ ᠳᠤ᠂ ᠪᠢᠳᠡ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠲᠤᠭᠤᠰᠢᠯᠠᠭᠤᠯᠤᠨ᠂ | ᠴᠢᠳᠠᠪᠤᠷᠢᠲᠠᠨ ᠪᠠ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ | ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠶᠢ ᠤᠶᠠᠯᠳᠤᠭᠤᠯᠵᠤ | ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠡᠭᠦᠨ ᠤ ᠬᠠᠮᠲᠤ᠂ ᠵᠣᠭᠰᠣᠯᠲᠠ ᠶᠢᠨ ᠴᠡᠭ ᠢᠶᠠᠨ ᠰᠤᠷᠭᠠᠨ | ᠬᠥᠮᠥᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠦᠢᠯᠡᠴᠢᠯᠡᠭᠡ ᠬᠠᠩᠭᠠᠯᠭ᠎ᠠ ᠶᠢ ᠰᠢᠯᠢᠳᠡᠭᠵᠢᠭᠦᠯᠵᠦ᠂ | ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡᠨ ᠤ ︽ᠬᠤᠶᠠᠷ ᠠᠷᠠᠰᠤ︾ ᠶᠢᠨ ᠪᠣᠳᠠᠲᠤ ᠠᠰᠠᠭᠤᠳᠠᠯ ᠢ ᠦᠨᠡᠨ ᠬᠦ | ᠰᠢᠢᠳᠪᠦᠷᠢᠯᠡᠬᠦ ᠳᠤ ᠲᠠᠯᠪᠢᠵᠤ᠂ ᠰᠤᠷᠭᠠᠨ ᠬᠥᠮᠥᠵᠢᠯ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢ | ᠬᠠᠷᠢᠯᠴᠠᠨ ᠵᠣᠬᠢᠴᠠᠭᠤᠯᠬᠤ ᠶᠢ ᠠᠬᠢᠭᠤᠯᠵᠤ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠂ | ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠬᠥᠲᠥᠯᠥᠨ ᠳᠠᠭᠠᠭᠤᠯᠬᠤ ᠪᠠ | ᠲᠤᠯᠭᠠᠭᠤᠷᠢᠯᠠᠭᠰᠠᠨ ᠪᠠᠶᠢᠨ᠎ᠠ᠃ | ︽ᠰᠠᠨᠠᠯ︾ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠣᠯᠭᠤᠬᠤ ᠵᠠᠬ᠎ᠠ | ᠳᠡᠯᠭᠡᠭᠦᠷ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠲᠠᠢ ᠰᠢᠭᠤᠳ ᠬᠤᠯᠪᠣᠯᠳᠤᠭᠰᠠᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠰᠤᠷᠭᠠᠭᠤᠯᠢ ᠳᠤ | ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠣᠷᠣᠯᠴᠠᠬᠤ ᠢᠳᠡᠪᠬᠢᠵᠢᠯ ᠢ | ᠳᠠᠶᠢᠴᠢᠯᠠᠵᠤ᠂ ᠠᠵᠤ ᠠᠬᠤᠶᠢᠯᠠᠯ ᠤᠨ ᠴᠢᠬᠤᠯᠠ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠳᠤ | ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠠᠵᠤ ᠠᠬᠤᠶᠢᠯᠠᠯ ᠰᠤᠷᠭᠠᠭᠤᠯᠢ ᠠᠵᠢᠯ | ᠲᠥᠷᠥᠯ ᠨᠡᠶᠢᠭᠡᠮ ᠤᠨ ᠬᠠᠮᠵᠢᠯᠴᠠᠨ ᠣᠷᠣᠯᠴᠠᠭᠰᠠᠨ ᠠᠵᠢᠯ ᠤᠨ ᠪᠠᠶᠢᠷᠢᠯᠠᠭᠤᠯᠤᠯᠲᠠ ᠶᠢ ᠪᠦᠷᠢᠯᠳᠦᠭᠦᠯᠵᠦ᠂ ᠠᠵᠤ | ᠦᠢᠯᠡᠰ ᠪᠠ ᠰᠤᠷᠭᠠᠨ ᠬᠥᠮᠥᠵᠢᠯ ᠠᠭᠤᠰᠤᠯᠴᠠᠭᠰᠠᠨ ᠬᠠᠮ ᠲᠥᠷᠥ ᠶᠢᠨ ᠪᠣᠳᠣᠯᠭ᠎ᠠ ᠶᠢᠨ ᠰᠢᠰᠲ᠋ᠧᠮᠴᠢ ᠶᠢ ᠴᠢᠷᠮᠠᠶᠢᠨ | ᠪᠠᠶᠢᠭᠤᠯᠤᠭᠰᠠᠨ ᠶᠤᠮ᠃ ᠬᠤᠷᠸ᠎ᠠ ᠲᠠᠯ᠎ᠠ ᠠᠴᠠ᠂ ᠵᠠᠰᠠᠭ ᠤᠨ ᠣᠷᠳᠣᠨ ᠤ ᠨᠢᠭᠡᠳᠦᠯᠲᠡᠢ ᠲᠥᠯᠥᠪᠵᠢᠭᠦᠯᠬᠦ | ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠦᠢᠯᠡᠰ ᠰᠤᠷᠭᠠᠨ ᠬᠥᠮᠥᠵᠢᠯ ᠤᠨ ᠠᠭᠤᠰᠤᠯᠴᠠᠯ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠵᠡᠷᠭᠡ ᠳᠤ ᠨᠢ ᠲᠥᠯᠥᠪᠵᠢᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ᠂ | ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠪᠠᠶᠢᠷᠢᠯᠠᠭᠤᠯᠤᠯᠲᠠ ᠪᠦᠲᠦᠴᠡ ᠶᠢ ᠰᠢᠯᠢᠳᠡᠭᠵᠢᠭᠦᠯᠵᠦ᠂ ᠰᠤᠷᠭᠠᠨ | ᠬᠥᠮᠥᠵᠢᠯ ᠪᠠ ᠠᠵᠤ ᠦᠢᠯᠡᠰ ᠤᠨ ᠬᠤᠯᠪᠣᠭᠠᠯᠠᠨ ᠬᠥᠳᠡᠯᠦᠯᠴᠡᠬᠦ ᠬᠥᠭᠵᠢᠯᠲᠡ ᠶᠢ ᠠᠬᠢᠭᠤᠯᠤᠨ᠎ᠠ᠃ ᠬᠤᠮᠠᠬᠢ | ᠲᠠᠯ᠎ᠠ ᠠᠴᠠ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠬᠤᠶᠠᠷ ᠦᠵᠦᠭᠦᠷ ᠤᠨ ᠬᠠᠷᠢᠯᠴᠠᠨ ᠡᠰᠡᠷᠭᠦ ᠴᠢᠭᠯᠡᠯ ᠢᠶᠠᠷ | ᠬᠦᠴᠦᠯᠡᠬᠦ ᠶᠢ ᠠᠬᠢᠭᠤᠯᠵᠤ᠂ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠬᠥᠲᠥᠯᠥᠨ ᠴᠢᠳᠠᠪᠤᠷᠢᠲᠠᠨ ᠤ | ᠬᠠᠩᠭᠠᠯᠭ᠎ᠠ ᠳᠤ ᠠᠭᠤᠰᠤᠭᠤᠯᠤᠨ ᠣᠷᠣᠭᠤᠯᠵᠤ᠂ ᠠᠵᠤ ᠦᠢᠯᠡᠰ ᠪᠠ ᠰᠤᠷᠭᠠᠨ ᠬᠥᠮᠥᠵᠢᠯ ᠤᠨ ᠠᠭᠤᠰᠤᠯᠴᠠᠯ ᠤᠨ | ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠠᠬᠢᠭᠤᠯᠤᠨ᠂ ᠰᠤᠷᠭᠠᠭᠤᠯᠢ ᠠᠵᠤ ᠠᠬᠤᠶᠢᠯᠠᠯ ᠬᠠᠮᠵᠢᠯᠴᠠᠨ | ᠴᠢᠳᠠᠪᠤᠷᠢᠲᠠᠨ ᠤ ᠪᠣᠯᠪᠠᠰᠤᠷᠠᠭᠤᠯᠤᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠥᠷᠨᠢᠭᠦᠯᠬᠦ ᠶᠢ | ᠳᠡᠮᠵᠢᠨ᠎ᠡ᠃ ᠲᠥᠷᠥ ᠶᠢᠨ ᠪᠣᠳᠣᠯᠭ᠎ᠠ ᠶᠢᠨ ᠲᠠᠯ᠎ᠠ ᠠᠴᠠ᠂ ᠰᠢᠰᠲ᠋ᠧᠮᠵᠢ ᠶᠢ ᠬᠦᠴᠦᠯᠡᠨ ᠲᠡᠭᠦᠯᠳᠡᠷᠵᠢᠭᠦᠯᠵᠦ᠂ ᠪᠡᠯᠡ | ᠣᠷᠣᠭᠤᠯᠣᠯᠲᠠ᠂ ᠡᠳ᠋ ᠤᠨ ᠵᠠᠰᠠᠭ ᠤᠨ ᠭᠠᠶᠢᠯᠢ᠂ ᠬᠡᠷᠡᠭᠯᠡᠬᠦ ᠭᠠᠵᠠᠷ᠂ ᠮᠥᠩᠭᠦᠨ ᠭᠦᠢᠯᠭᠡᠭᠡ ᠪᠠ ᠲᠤᠷᠰᠢᠯᠲᠠ ᠶᠢᠨ | ᠴᠢᠭ᠋ ᠢ ᠶᠡᠷᠦᠩᠬᠡᠶᠢᠯᠡᠨ ᠠᠰᠢᠭᠯᠠᠵᠤ᠂ ᠵᠣᠷᠢᠭᠵᠢᠭᠤᠯᠤᠯ ᠪᠠᠲᠤᠯᠠᠭ᠎ᠠ ᠬᠠᠮᠵᠢᠯᠴᠠᠭ᠎ᠠ ᠳᠡᠮᠵᠢᠯᠭᠡ ᠶᠢ ᠪᠦᠷᠢᠯᠳᠦᠭᠦᠯᠦᠨ᠂ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠎ᠠ᠃ | ᠠᠰᠠᠭᠤᠯᠲᠠ᠄ ︽ᠰᠠᠨᠠᠯ︾ ᠨᠢ ᠲᠥᠷᠥ ᠶᠢᠨ ᠪᠣᠳᠣᠯᠭ᠎ᠠ ᠶᠢᠨ ᠲᠥᠯᠥᠪᠯᠡᠭᠡ ᠶᠢᠨ ᠲᠠᠯ᠎ᠠ ᠪᠠᠷ ᠶᠠᠮᠠᠷ ᠭᠢᠯᠠᠰ | ᠴᠡᠭ ᠪᠠᠶᠢᠬᠤ ᠪᠣᠢ︖ | ᠬᠠᠷᠢᠭᠤᠯᠲᠠ᠄ ︽ᠰᠠᠨᠠᠯ︾ ᠨᠢ 7 ᠲᠠᠯ᠎ᠠ ᠪᠠᠷ 30 ᠵᠦᠢᠯ ᠤᠨ ᠠᠷᠭ᠎ᠠ ᠬᠡᠮᠵᠢᠶ᠎ᠡ ᠪᠠ ᠰᠠᠨᠠᠯ ᠢ ᠳᠤᠷᠠᠳᠴᠤ᠂ | ᠳᠣᠣᠷᠠᠬᠢ ᠬᠡᠳᠦᠨ ᠭᠢᠯᠠᠰ ᠴᠡᠭ ᠪᠣᠢ᠄ | ᠨᠢᠭᠡ ᠳᠤ᠂ ︽ᠳᠥᠷᠪᠡ ᠶᠢ ᠨᠢᠭᠡ ᠴᠣᠭᠴᠠᠵᠢᠭᠤᠯᠬᠤ︾ ᠰᠢᠰᠲ᠋ᠧᠮᠵᠢ ᠶᠢᠨ ᠪᠦᠲᠦᠴᠡ ᠶᠢ ᠲᠣᠳᠣᠷᠬᠠᠶᠢᠯᠠᠪᠠ᠃ | ︽ᠰᠠᠨᠠᠯ︾ ᠨᠢ ᠠᠩᠬ᠎ᠠ ᠤᠳᠠᠭ᠎ᠠ ᠠᠵᠤ ᠦᠢᠯᠡᠰ ᠪᠠ ᠰᠤᠷᠭᠠᠨ ᠬᠥᠮᠥᠵᠢᠯ ᠤᠨ ᠠᠭᠤᠰᠤᠯᠴᠠᠯ ᠢ | ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠶᠢᠨ ᠠᠭᠤᠯᠤᠭᠳᠠᠬᠤᠨ ᠬᠢᠭᠡᠳ ᠳᠦᠷᠢᠮ ᠤᠨ ᠲᠥᠰᠥᠪ ᠢ | ᠲᠣᠳᠣᠷᠬᠠᠶᠢᠯᠠᠵᠤ᠂ ᠦᠵᠥ ᠵᠢᠷᠤᠭ ᠲᠥᠯᠥᠪᠯᠡᠭᠡ ᠶᠢ ᠪᠦᠷᠢᠨᠰᠢᠭᠦᠯᠦᠨ᠂ ᠵᠠᠰᠠᠭ ᠤᠨ ᠣᠷᠳᠣᠨ ᠤ ᠨᠢᠭᠡᠳᠦᠯᠲᠡᠢ | ᠲᠥᠯᠥᠪᠵᠢᠭᠦᠯᠭᠡ᠂ ᠠᠵᠤ ᠠᠬᠤᠶᠢᠯᠠᠯ ᠤᠨ ᠴᠢᠬᠤᠯᠠ ᠭᠤᠣᠯ ᠴᠣᠭᠴᠠ᠂ ᠴᠢᠳᠠᠪᠤᠷᠢᠲᠠᠨ ᠢ ᠪᠣᠯᠪᠠᠰᠤᠷᠠᠭᠤᠯᠬᠤ | ᠥᠭᠡᠷᠡᠴᠢᠯᠡᠯᠲᠡ ᠶᠢᠨ ᠭᠤᠣᠯ ᠱᠤᠭᠤᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠬᠠᠩᠭᠠᠯᠭ᠎ᠠ ᠬᠡᠷᠡᠭᠴᠡᠭᠡ ᠶᠢ | ᠵᠣᠯᠭᠠᠭᠤᠯᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ︽ᠳᠥᠷᠪᠡ ᠶᠢ ᠨᠢᠭᠡ ᠴᠣᠭᠴᠠᠵᠢᠭᠤᠯᠬᠤ︾ | ᠪᠦᠲᠦᠴᠡ ᠶᠢ ᠪᠠᠶᠢᠭᠤᠯᠵᠤ᠂ ᠠᠵᠤ ᠦᠢᠯᠡᠰ ᠪᠠ ᠰᠤᠷᠭᠠᠨ ᠬᠥᠮᠥᠵᠢᠯ ᠤᠨ ᠠᠭᠤᠰᠤᠯᠴᠠᠯ ᠢ ᠠᠵᠢᠯ ᠮᠡᠷᠭᠡᠵᠢᠯ ᠤᠨ | ᠰᠤᠷᠭᠠᠨ ᠬᠥᠮᠥᠵᠢᠯ ᠠᠴᠠ ᠠᠵᠢᠯ ᠮᠡᠷᠭᠡᠵᠢᠯ ᠤᠨ ᠰᠤᠷᠭᠠᠨ ᠬᠥᠮᠥᠵᠢᠯ᠂ ᠳᠡᠭᠡᠳᠦ ᠵᠡᠷᠭᠡ ᠶᠢᠨ ᠰᠤᠷᠭᠠᠨ | ᠬᠥᠮᠥᠵᠢᠯ ᠢᠶᠠᠷ ᠭᠤᠣᠯᠳᠠᠯᠭ᠎ᠠ ᠪᠣᠯᠭᠠᠭᠰᠠᠨ ᠪᠦᠬᠦᠶᠢᠯᠡ ᠰᠤᠷᠭᠠᠨ ᠬᠥᠮᠥᠵᠢᠯ ᠤᠨ ᠰᠢᠰᠲ᠋ᠧᠮᠵᠢ ᠲᠡᠶᠢᠰᠢ ᠰᠤᠩᠭᠠᠵᠤ᠂ | ᠤᠯᠤᠰ ᠤᠨ ᠰᠤᠷᠭᠠᠨ ᠬᠥᠮᠥᠵᠢᠯ ᠤᠨ ᠥᠭᠡᠷᠡᠴᠢᠯᠡᠯᠲᠡ ᠪᠠ ᠴᠢᠳᠠᠪᠤᠷᠢᠲᠠᠨ ᠤ ᠨᠡᠭᠡᠭᠡᠨ ᠬᠥᠭᠵᠢᠭᠦᠯᠦᠯᠲᠡ ᠶᠢᠨ | ᠪᠦᠬᠦᠯᠢ ᠴᠣᠭᠴᠠ ᠶᠢᠨ ᠳᠦᠷᠢᠮ ᠤᠨ ᠲᠣᠬᠢᠷᠠᠭᠤᠯᠤᠯᠲᠠ ᠪᠣᠯᠭᠠᠨ ᠳᠡᠭᠡᠭᠰᠢᠯᠡᠭᠦᠯᠵᠦ᠂ ᠠᠵᠤ ᠦᠢᠯᠡᠰ ᠪᠠ ᠰᠤᠷᠭᠠᠨ | ᠬᠥᠮᠥᠵᠢᠯ ᠤᠨ ᠠᠭᠤᠰᠤᠯᠴᠠᠯ ᠢ ᠠᠬᠢᠭᠤᠯᠬᠤ ᠳᠤ ᠬᠥᠭᠵᠢᠯᠲᠡ ᠶᠢᠨ ᠣᠶᠢᠯᠠᠭᠠᠭᠳᠠᠬᠤᠨ ᠠᠴᠠ ᠳᠦᠷᠢᠮ ᠤᠨ | ᠬᠠᠩᠭᠠᠯᠭ᠎ᠠ ᠲᠡᠶᠢᠰᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠨ᠎ᠠ᠃ | ᠬᠤᠶᠠᠷ ᠲᠤ᠂ ᠰᠤᠷᠭᠠᠨ ᠬᠥᠮᠥᠵᠢᠯ ᠢ ᠤᠷᠢᠳ ᠢᠶᠠᠷ ᠶᠠᠪᠤᠭᠤᠯᠵᠤ᠂ ᠴᠢᠳᠠᠪᠤᠷᠢᠲᠠᠨ ᠢ ᠲᠡᠷᠢᠭᠦᠨ ᠳᠤ | ᠲᠠᠯᠪᠢᠬᠤ ᠶᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠳᠤ ᠠᠭᠤᠰᠤᠭᠤᠯᠤᠨ ᠣᠷᠣᠭᠤᠯᠪᠠ᠃ ︽ᠰᠠᠨᠠᠯ︾ ᠨᠢ | ᠬᠥᠮᠥᠨ ᠤ ᠬᠦᠴᠦᠨ ᠤ ᠬᠥᠷᠥᠩᠭᠡ ᠶᠢᠨ ᠬᠤᠷᠠᠮᠳᠤᠭᠤᠯᠤᠯ ᠢ ᠠᠬᠢᠭᠤᠯᠬᠤ ᠡᠭᠦᠳᠡᠨ ᠠᠴᠠ ᠪᠣᠳᠣᠯᠬᠢᠯᠠᠨ᠂ ᠠᠵᠤ | ᠠᠬᠤᠢ ᠨᠡᠶᠢᠭᠡᠮ ᠤᠨ ᠬᠥᠭᠵᠢᠯᠲᠡ ᠵᠡᠷᠭᠡ ᠡᠯ᠎ᠡ ᠲᠥᠷᠥᠯ ᠤᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ | ᠦᠶ᠎ᠡ ᠳᠤ ᠠᠵᠤ ᠦᠢᠯᠡᠰ ᠪᠠ ᠰᠤᠷᠭᠠᠨ ᠬᠥᠮᠥᠵᠢᠯ ᠢ ᠠᠭᠤᠰᠤᠯᠴᠠᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠵᠤ | ᠦᠢᠯᠡᠰ ᠪᠠ ᠰᠤᠷᠭᠠᠨ ᠬᠥᠮᠥᠵᠢᠯ ᠢ ᠠᠭᠤᠰᠤᠯᠴᠠᠭᠤᠯᠤᠨ ᠬᠥᠭᠵᠢᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ | ᠳᠡᠮᠵᠢᠬᠦ ᠠᠷᠭ᠎ᠠ ᠬᠡᠯᠪᠡᠷᠢ᠂ ᠪᠡᠶᠡᠯᠡᠭᠦᠯᠬᠦ ᠠᠷᠭ᠎ᠠ ᠵᠠᠮ ᠪᠠ ᠴᠢᠬᠤᠯᠠ ᠲᠥᠷᠥᠯ ᠵᠦᠢᠯ ᠢ ᠵᠡᠷᠭᠡ ᠳᠤ ᠨᠢ | ᠲᠥᠯᠥᠪᠵᠢᠭᠦᠯᠵᠦ᠂ ᠴᠢᠳᠠᠪᠤᠷᠢᠲᠠᠨ ᠢᠶᠠᠷ ᠲᠤᠯᠭᠠᠭᠤᠷᠢᠯᠠᠨ ᠬᠥᠭᠵᠢᠭᠦᠯᠬᠦ ᠨᠢᠭᠡᠳᠦᠭᠡᠷ ᠡᠬᠢ ᠪᠠᠶᠠᠯᠢᠭ ᠪᠣᠯᠭᠠᠵᠤ᠂ | ᠬᠥᠮᠥᠨ ᠤ ᠬᠦᠴᠦᠨ ᠤ ᠬᠥᠷᠥᠩᠭᠡ ᠶᠢ ᠳᠡᠭᠡᠭᠰᠢᠯᠡᠭᠦᠯᠬᠦ ᠳᠤᠮᠳᠠ ᠬᠥᠭᠵᠢᠯᠲᠡ ᠶᠢᠨ ᠶᠠᠰᠤ ᠴᠢᠨᠠᠷ᠂ ᠦᠷ᠎ᠡ ᠪᠦᠲᠦᠮᠵᠢ | ᠪᠠ ᠬᠥᠳᠡᠯᠭᠡᠭᠴᠢ ᠬᠦᠴᠦᠨ ᠤ ᠬᠤᠪᠢᠰᠤᠯᠲᠠ ᠶᠢ ᠠᠬᠢᠭᠤᠯᠬᠤ ᠬᠡᠷᠡᠭᠲᠡᠢ ᠭᠡᠵᠦ ᠳᠤᠷᠠᠳᠤᠭᠰᠠᠨ ᠪᠠᠶᠢᠨ᠎ᠠ᠃ | ᠭᠤᠷᠪᠠ ᠳᠤ᠂ ᠠᠵᠤ ᠠᠬᠤᠶᠢᠯᠠᠯ ᠤᠨ ᠴᠢᠬᠤᠯᠠ ᠭᠤᠣᠯ ᠴᠣᠭᠴᠠ ᠶᠢᠨ ᠦᠢᠯᠡᠳᠦᠯ ᠢ ᠴᠢᠬᠤᠯᠠᠴᠢᠯᠠᠪᠠ᠃ ︽ | ᠰᠠᠨᠠᠯ︾ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠵᠠᠩᠭᠢᠯᠠᠭ᠎ᠠ ᠶᠢ ᠣᠨᠣᠪᠴᠢᠲᠠᠢ ᠡᠷᠢᠵᠦ᠂ | ᠠᠵᠤ ᠠᠬᠤᠶᠢᠯᠠᠯ ᠤᠨ ᠴᠢᠬᠤᠯᠠ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠡᠭᠦᠳᠡᠨ ᠠᠴᠠ ᠪᠣᠳᠣᠯᠬᠢᠯᠠᠵᠤ᠂ | ᠠᠵᠤ ᠠᠬᠤᠶᠢᠯᠠᠯ ᠤᠨ ᠰᠤᠷᠭᠠᠭᠤᠯᠢ ᠡᠷᠬᠢᠯᠡᠬᠦ ᠶᠢ ᠵᠥᠪᠰᠢᠶᠡᠷᠡᠬᠦ ᠨᠥᠬᠦᠴᠡᠯ ᠢ ᠢᠯᠡ ᠲᠣᠳᠣ ᠪᠣᠯᠭᠠᠬᠤ᠂ ᠬᠢᠨᠠᠨ | ᠵᠥᠪᠰᠢᠶᠡᠷᠡᠬᠦ ᠬᠡᠪᠴᠢᠶ᠎ᠡ ᠶᠢ ᠬᠠᠮᠤᠭ ᠤᠨ ᠪᠠᠭ᠎ᠠ ᠪᠣᠯᠭᠠᠬᠤ ᠪᠠᠷ ᠳᠤᠷᠠᠳᠤᠨ᠂ ︽ᠠᠵᠤ ᠠᠬᠤᠶᠢᠯᠠᠯ ᠢ ᠬᠥᠲᠥᠯᠥᠨ | ᠰᠤᠷᠭᠠᠨ ᠬᠥᠮᠥᠵᠢᠯ ᠳᠤ ᠣᠷᠣᠭᠤᠯᠬᠤ︾ ᠥᠭᠡᠷᠡᠴᠢᠯᠡᠯᠲᠡ ᠶᠢ ᠬᠡᠷᠡᠭᠵᠢᠭᠦᠯᠵᠦ᠂ ᠰᠤᠷᠤᠭᠴᠢᠳ ᠤᠨ ᠠᠵᠤ | ᠠᠬᠤᠶᠢᠯᠠᠯ ᠳᠤ ᠬᠦᠷᠴᠦ ᠳᠠᠳᠤᠯᠭ᠎ᠠ ᠪᠣᠯᠪᠠᠰᠤᠷᠠᠭᠤᠯᠤᠯ ᠬᠢᠬᠦ ᠳᠦᠷᠢᠮ ᠵᠡᠷᠭᠡ ᠶᠢ ᠪᠦᠷᠢᠨᠰᠢᠭᠦᠯᠵᠦ᠂ ᠠᠵᠤ | ᠠᠬᠤᠶᠢᠯᠠᠯ ᠤᠨ ᠣᠯᠠᠨ ᠵᠦᠢᠯ ᠤᠨ ᠬᠡᠯᠪᠡᠷᠢ ᠪᠠᠷ ᠣᠷᠣᠯᠴᠠᠵᠤ ᠰᠤᠷᠭᠠᠭᠤᠯᠢ ᠡᠷᠬᠢᠯᠡᠬᠦ ᠶᠢ ᠠᠬᠢᠭᠤᠯᠤᠨ᠂ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠴᠢᠳᠠᠪᠤᠷᠢᠲᠠᠨ ᠤ ᠪᠣᠯᠪᠠᠰᠤᠷᠠᠭᠤᠯᠤᠯ ᠳᠤ ᠠᠭᠤᠰᠤᠯᠴᠠᠭᠤᠯᠬᠤ ᠶᠢ | ᠳᠡᠮᠵᠢᠵᠦ᠂ ᠴᠢᠳᠠᠪᠤᠷᠢᠲᠠᠨ ᠤ ︽ᠬᠠᠩᠭᠠᠯᠭ᠎ᠠ — ᠬᠡᠷᠡᠭᠴᠡᠭᠡ ᠱᠠᠭᠠᠷᠳᠠᠯᠭ᠎ᠠ︾ ᠭᠡᠬᠦ ᠳᠠᠩ ᠴᠢᠭᠯᠡᠯ ᠤᠨ | ᠬᠡᠯᠬᠢᠶ᠎ᠡ ᠠᠴᠠ ︽ᠬᠠᠩᠭᠠᠯᠭ᠎ᠠ — ᠬᠡᠷᠡᠭᠴᠡᠭᠡ ᠱᠠᠭᠠᠷᠳᠠᠯᠭ᠎ᠠ — ᠬᠠᠩᠭᠠᠯᠭ᠎ᠠ︾ ᠭᠡᠬᠦ ᠪᠢᠲᠡᠭᠦᠦ ᠲᠣᠭᠤᠷᠢᠭᠲᠤ | ᠬᠠᠷᠢᠭᠤ ᠲᠤᠰᠬᠠᠯ ᠲᠡᠶᠢᠰᠢ ᠬᠤᠪᠢᠷᠠᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠪᠠ | ᠰᠤᠷᠭᠠᠨ ᠬᠥᠮᠥᠵᠢᠯ ᠤᠨ ᠬᠠᠩᠭᠠᠯᠭ᠎ᠠ ᠶᠢᠨ ᠲᠠᠯ᠎ᠠ ᠶᠢᠨ ᠡᠯᠧᠮᠧᠨ᠋ᠲ ᠤᠨ ᠪᠦᠬᠦ ᠲᠠᠯᠠᠲᠤ ᠠᠭᠤᠰᠤᠯᠴᠠᠯ ᠢ | ᠠᠬᠢᠭᠤᠯᠤᠭᠰᠠᠨ ᠪᠠᠶᠢᠨ᠎ᠠ᠃ | ᠳᠥᠷᠪᠡ ᠳᠤ᠂ ᠵᠠᠰᠠᠭ ᠤᠨ ᠣᠷᠳᠣᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠵᠠᠬ᠎ᠠ ᠳᠡᠯᠭᠡᠭᠦᠷ ᠤᠨ | ᠵᠠᠭᠠᠭ ᠬᠢᠵᠠᠭᠠᠷ ᠢ ᠵᠣᠬᠢᠰᠲᠠᠢ ᠬᠤᠪᠢᠶᠠᠷᠢᠯᠠᠪᠠ᠃ ︽ᠰᠠᠨᠠᠯ︾ ᠨᠢ ᠵᠠᠰᠠᠭ ᠵᠠᠬᠢᠷᠭᠠᠨ ᠤ ᠵᠠᠷᠯᠢᠭ ᠤᠨ ᠮᠠᠶ᠋ᠢᠭᠲᠤ ︽ | ᠠᠯᠪᠠᠳᠠᠯᠭ᠎ᠠ ᠶᠢᠨ ᠲᠣᠬᠢᠷᠠᠭᠤᠯᠤᠯᠲᠠ︾ ᠬᠢᠬᠦ ᠦᠭᠡᠢ᠂ ᠠᠵᠤ ᠠᠬᠤᠶᠢᠯᠠᠯ ᠤᠨ ᠠᠵᠢᠯᠯᠠᠭ᠎ᠠ ᠶᠢᠨ ᠢᠲᠡᠭᠡᠮᠵᠢ ᠶᠢᠨ | ᠬᠢᠵᠠᠭᠠᠷᠯᠠᠯ ᠢ ᠴᠢᠬᠤᠯᠠᠴᠢᠯᠠᠨ ᠴᠢᠩᠭᠠᠳᠬᠠᠵᠤ᠂ ᠠᠵᠢᠯ ᠲᠥᠷᠥᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠨ | ᠵᠣᠬᠢᠴᠠᠭᠤᠯᠬᠤ ᠶᠢ ᠴᠢᠩᠭᠠᠷᠠᠭᠤᠯᠤᠨ᠂ ᠵᠠᠭᠤᠴᠢᠲᠤ ᠵᠣᠬᠢᠶᠠᠨ ᠪᠠᠶᠢᠭᠤᠯᠤᠯᠲᠠ ᠪᠠ ᠦᠢᠯᠡᠴᠢᠯᠡᠭᠡ ᠶᠢᠨ ᠬᠡᠯᠪᠡᠷᠢᠲᠦ | ᠠᠵᠤ ᠠᠬᠤᠶᠢᠯᠠᠯ ᠤᠨ ᠲᠦᠷᠭᠡᠳᠬᠡᠯ ᠢ ᠠᠬᠢᠭᠤᠯᠵᠤ᠂ ︽ᠢᠨᠲ᠋ᠧᠷ ᠰᠦᠯᠵᠢᠶ᠎ᠡ +︾ ᠮᠡᠳᠡᠭᠡ ᠵᠠᠩᠭᠢ ᠶᠢᠨ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠮᠡᠳᠡᠭᠡ | ᠵᠠᠩᠭᠢ ᠶᠢᠨ ᠲᠡᠩᠴᠡᠭᠦᠷᠢ ᠦᠭᠡᠢ ᠪᠠᠶᠢᠳᠠᠯ ᠢ ᠨᠠᠮᠳᠠᠭᠤᠯᠵᠤ᠂ ᠳᠦᠷᠢᠮ ᠤᠨ ᠴᠢᠨᠠᠷᠲᠠᠢ ᠰᠣᠯᠢᠯᠴᠠᠭᠠᠨ ᠤ ᠥᠪᠡᠷ ᠤᠨ | ᠥᠷᠲᠡᠭ ᠢ ᠪᠠᠭᠤᠷᠠᠭᠤᠯᠤᠨ᠂ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠲᠣᠬᠢᠷᠠᠭᠤᠯᠬᠤ ᠥᠭᠡᠷᠡᠴᠢᠯᠡᠯᠲᠡ ᠶᠢᠨ | ᠬᠠᠨᠳᠤᠰᠢ ᠶᠢ ᠢᠯᠡᠷᠡᠭᠦᠯᠦᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠠᠢ᠃ | ᠲᠠᠪᠤ ᠳᠤ᠂ ᠠᠵᠤ ᠦᠢᠯᠡᠰ ᠪᠠ ᠰᠤᠷᠭᠠᠨ ᠬᠥᠮᠥᠵᠢᠯ ᠢ ᠠᠭᠤᠰᠤᠯᠴᠠᠨ ᠠᠬᠢᠭᠤᠯᠬᠤ ᠰᠢᠰᠲ᠋ᠧᠮᠵᠢ ᠶᠢ | ᠲᠡᠭᠦᠯᠳᠡᠷᠵᠢᠭᠦᠯᠪᠡ᠃ ︽ᠰᠠᠨᠠᠯ︾ ᠳᠤ᠂ ᠭᠤᠷᠪᠠᠨ ᠵᠦᠢᠯ ᠤᠨ ᠠᠬᠢᠭᠤᠯᠬᠤ ᠰᠢᠰᠲ᠋ᠧᠮᠵᠢ ᠶᠢ ᠭᠤᠣᠯᠳᠠᠯᠭ᠎ᠠ ᠲᠠᠢ | ᠪᠠᠶᠢᠭᠤᠯᠬᠤ ᠪᠠᠷ ᠳᠤᠷᠠᠳᠴᠠᠢ᠄ ᠨᠢᠭᠡ ᠳᠤ᠂ ᠭᠤᠣᠯᠳᠠᠯᠭ᠎ᠠ ᠪᠠᠨ ᠰᠤᠷᠭᠠᠭᠤᠯᠢ ᠶᠢᠨ ᠲᠠᠯ᠎ᠠ ᠳᠤ ᠲᠠᠯᠪᠢᠵᠤ᠂ ᠠᠵᠤ | ᠦᠢᠯᠡᠰ ᠪᠠ ᠰᠤᠷᠭᠠᠨ ᠬᠥᠮᠥᠵᠢᠯ ᠢ ᠠᠭᠤᠰᠤᠯᠴᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠡᠯ᠎ᠡ ᠲᠥᠷᠥᠯ ᠤᠨ | ᠰᠤᠷᠭᠠᠭᠤᠯᠢ ᠶᠢ ᠬᠥᠲᠥᠯᠥᠨ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠤᠭᠰᠠᠨ ᠴᠢᠳᠠᠪᠤᠷᠢᠲᠠᠨ ᠢ | ᠪᠣᠯᠪᠠᠰᠤᠷᠠᠭᠤᠯᠬᠤ ᠵᠠᠭᠪᠤᠷ ᠢ ᠪᠠᠶᠢᠭᠤᠯᠤᠨ᠎ᠠ᠃ ᠬᠤᠶᠠᠷ ᠲᠤ᠂ ᠭᠤᠣᠯᠳᠠᠯᠭ᠎ᠠ ᠪᠠᠨ ᠠᠵᠤ ᠠᠬᠤᠶᠢᠯᠠᠯ ᠤᠨ ᠲᠠᠯ᠎ᠠ ᠳᠤ | ᠲᠠᠯᠪᠢᠵᠤ᠂ ᠡᠳ᠋ ᠤᠨ ᠵᠠᠰᠠᠭ ᠤᠨ ᠭᠠᠶᠢᠯᠢ ᠶᠢᠨ ᠬᠡᠷᠡᠭᠯᠡᠬᠦ ᠭᠠᠵᠠᠷ ᠪᠠ ᠮᠥᠩᠭᠦᠨ ᠭᠦᠢᠯᠭᠡᠭᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠡᠯᠡ ᠣᠷᠣᠭᠤᠯᠵᠤ ᠠᠵᠤ ᠦᠢᠯᠡᠰ ᠪᠠ | ᠰᠤᠷᠭᠠᠨ ᠬᠥᠮᠥᠵᠢᠯ ᠢ ᠠᠭᠤᠰᠤᠯᠴᠠᠭᠤᠯᠬᠤ ᠶᠢ ᠵᠣᠷᠢᠭᠵᠢᠭᠤᠯᠤᠨ᠎ᠠ᠃ ᠭᠤᠷᠪᠠ ᠳᠤ᠂ ᠭᠤᠣᠯᠳᠠᠯᠭ᠎ᠠ ᠪᠠᠨ ᠣᠷᠣᠨ | ᠨᠤᠲᠤᠭ ᠤᠨ ᠵᠠᠰᠠᠭ ᠤᠨ ᠣᠷᠳᠣᠨ ᠵᠡᠷᠭᠡ ᠳᠡᠰ ᠳᠠᠪᠬᠤᠷᠭ᠎ᠠ ᠳᠤ ᠲᠠᠯᠪᠢᠵᠤ᠂ ᠠᠵᠤ ᠦᠢᠯᠡᠰ ᠪᠠ ᠰᠤᠷᠭᠠᠨ | ᠬᠥᠮᠥᠵᠢᠯ ᠢ ᠠᠭᠤᠰᠤᠯᠴᠠᠭᠤᠯᠤᠭᠰᠠᠨ ᠮᠠᠶ᠋ᠢᠭ ᠤᠨ ᠬᠤᠲᠠ ᠶᠢᠨ ᠪᠠᠶᠢᠭᠤᠯᠤᠯᠲᠠ ᠵᠡᠷᠭᠡ ᠲᠤᠷᠰᠢᠯᠲᠠ ᠶᠢᠨ ᠴᠢᠭ᠋ ᠢ | ᠥᠷᠨᠢᠭᠦᠯᠵᠦ᠂ ᠨᠥᠬᠦᠴᠡᠯ ᠲᠠᠢ ᠭᠠᠵᠠᠷ ᠣᠷᠣᠨ᠂ ᠠᠵᠢᠯ ᠲᠥᠷᠥᠯ ᠪᠠ ᠠᠵᠤ ᠠᠬᠤᠶᠢᠯᠠᠯ ᠢ ᠳᠡᠮᠵᠢᠨ ᠤᠷᠢᠳ ᠢᠶᠠᠷ | ᠬᠡᠷᠡᠭᠵᠢᠭᠦᠯᠦᠨ ᠲᠤᠷᠰᠢᠵᠤ᠂ ᠦᠨᠡᠯᠡᠯᠲᠡ ᠪᠠ ᠬᠥᠲᠥᠯᠥᠨ ᠵᠢᠯᠣᠭᠤᠳᠤᠯᠭ᠎ᠠ ᠶᠢ ᠲᠡᠭᠦᠯᠳᠡᠷᠵᠢᠭᠦᠯᠦᠨ᠂ | ᠦᠨᠡᠯᠡᠯᠲᠡ ᠪᠠᠷ ᠪᠠᠶᠢᠭᠤᠯᠤᠯᠲᠠ ᠶᠢ ᠠᠬᠢᠭᠤᠯᠤᠭᠰᠠᠨ ᠪᠠᠶᠢᠨ᠎ᠠ᠃ | ᠠᠰᠠᠭᠤᠯᠲᠠ᠄ ︽ᠰᠠᠨᠠᠯ︾ ᠨᠢ ᠳᠡᠭᠡᠳᠦ ᠵᠡᠷᠭᠡ ᠶᠢᠨ ᠰᠤᠷᠭᠠᠨ ᠬᠥᠮᠥᠵᠢᠯ ᠳᠤ ᠠᠵᠤ ᠦᠢᠯᠡᠰ ᠪᠠ ᠰᠤᠷᠭᠠᠨ | ᠬᠥᠮᠥᠵᠢᠯ ᠢ ᠠᠭᠤᠰᠤᠯᠴᠠᠭᠤᠯᠵᠤ ᠲᠠᠯ᠎ᠠ ᠪᠠᠷ ᠶᠠᠮᠠᠷ ᠶᠠᠮᠠᠷ ᠪᠣᠳᠣᠯᠬᠢᠯᠠᠯ ᠲᠠᠢ ᠪᠣᠢ︖ | ᠬᠠᠷᠢᠭᠤᠯᠲᠠ᠄ ︽ᠰᠠᠨᠠᠯ︾ ᠳᠤ ᠠᠵᠤ ᠦᠢᠯᠡᠰ ᠪᠠ ᠰᠤᠷᠭᠠᠨ ᠬᠥᠮᠥᠵᠢᠯ ᠢ ᠠᠭᠤᠰᠤᠯᠴᠠᠭᠤᠯᠬᠤ ᠪᠠᠷ ᠶᠡᠭᠡ | ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠡᠭᠦᠷᠭᠡ ᠪᠣᠯᠭᠠᠬᠤ ᠪᠠᠷ ᠲᠣᠳᠣᠷᠬᠠᠶᠢᠯᠠᠵᠤ᠂ | ᠭᠤᠣᠯᠳᠠᠭᠤ 4 ᠲᠠᠯ᠎ᠠ ᠶᠢᠨ ᠪᠣᠳᠣᠯᠬᠢᠯᠠᠯ ᠪᠣᠢ᠃ | ᠨᠢᠭᠡ ᠳᠤ᠂ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠥᠭᠵᠢᠯᠲᠡ ᠶᠢᠨ ᠱᠠᠲᠤᠴᠢ | ᠴᠢᠨᠠᠷᠲᠠᠢ ᠣᠨᠴᠠᠯᠢᠭ ᠢ ᠣᠨᠣᠪᠴᠢᠲᠠᠢ ᠡᠵᠡᠮᠳᠡᠨ᠎ᠡ᠃ 2016 ᠣᠨ ᠤ ᠮᠠᠨ ᠤ ᠤᠯᠤᠰ ᠤᠨ ᠳᠡᠭᠡᠳᠦ ᠵᠡᠷᠭᠡ ᠶᠢᠨ | ᠰᠤᠷᠭᠠᠨ ᠬᠥᠮᠥᠵᠢᠯ ᠤᠨ ᠰᠤᠷᠭᠠᠭᠤᠯᠢ ᠳᠤ ᠣᠷᠣᠭᠰᠠᠨ ᠪᠦᠬᠦ ᠨᠣᠷᠮ᠎ᠠ ᠨᠢ 42.7%᠂ ᠡᠯ᠎ᠡ ᠲᠥᠷᠥᠯ ᠤᠨ | ᠰᠤᠷᠭᠠᠨ ᠬᠥᠮᠥᠵᠢᠯ ᠬᠦᠷᠲᠡᠵᠦ ᠪᠠᠶᠢᠭ᠎ᠠ ᠶᠡᠷᠦᠩᠬᠡᠢ ᠬᠡᠪᠴᠢᠶ᠎ᠡ ᠨᠢ 3699 ᠲᠦᠮᠡᠨ ᠬᠥᠮᠥᠨ ᠪᠠᠶᠢᠵᠤ᠂ ᠳᠡᠭᠡᠳᠦ | ᠵᠡᠷᠭᠡ ᠶᠢᠨ ᠰᠤᠷᠭᠠᠨ ᠬᠥᠮᠥᠵᠢᠯ ᠤᠨ ᠣᠯᠠᠨ ᠲᠦᠮᠡᠨᠴᠢᠯᠡᠯᠲᠠ ᠠᠴᠠ ᠲᠦᠭᠡᠮᠡᠯᠵᠢᠭᠦᠯᠦᠯᠲᠡ ᠲᠡᠶᠢᠰᠢ ᠶᠢᠨ | ᠳᠠᠪᠰᠢᠯᠲᠠ ᠶᠢ ᠲᠦᠷᠭᠡᠳᠬᠡᠪᠡ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠳᠠᠪᠤᠷᠢᠲᠠᠨ ᠪᠠ ᠰᠢᠨ᠎ᠡ | ᠡᠭᠦᠳᠦᠯᠲᠡ ᠳᠠᠬᠢ ᠣᠯᠠᠨ ᠶᠠᠩᠵᠤᠲᠤ ᠬᠡᠷᠡᠭᠴᠡᠭᠡ ᠱᠠᠭᠠᠷᠳᠠᠯᠭ᠎ᠠ ᠨᠢ᠂ ᠶᠡᠭᠡ ᠳᠡᠭᠡᠳᠦ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ ᠪᠠ ᠦᠢᠯᠡᠳᠦᠯ ᠴᠢᠳᠠᠮᠵᠢ ᠳᠤ ᠭᠦᠨᠵᠡᠭᠡᠢ ᠬᠤᠪᠢᠷᠠᠯᠲᠠ ᠭᠠᠷᠭᠠᠬᠤ ᠶᠢ | ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠠᠭᠤᠯᠤᠭᠳᠠᠬᠤᠨ ᠤ ᠬᠥᠭᠵᠢᠯᠲᠡ ᠲᠡᠶᠢᠰᠢ ᠰᠢᠯᠵᠢᠵᠦ᠂ ᠡᠯ᠎ᠡ | ᠲᠥᠷᠥᠯ ᠤᠨ ᠥᠨᠳᠥᠷ ᠬᠡᠪ ᠴᠢᠨᠠᠷ ᠪᠦᠬᠦᠢ ᠬᠥᠳᠡᠯᠮᠦᠷᠢᠯᠡᠭᠴᠢᠳ ᠢ ᠲᠦᠷᠭᠡᠳᠬᠡᠨ ᠬᠥᠮᠥᠵᠢᠭᠦᠯᠬᠦ ᠶᠢ ᠱᠠᠭᠠᠷᠳᠠᠵᠤ | ᠪᠠᠶᠢᠨ᠎ᠠ᠃ ᠠᠵᠤ ᠦᠢᠯᠡᠰ ᠪᠠ ᠰᠤᠷᠭᠠᠨ ᠬᠥᠮᠥᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠳᠤ᠂ ᠳᠡᠭᠡᠳᠦ | ᠵᠡᠷᠭᠡ ᠶᠢᠨ ᠰᠤᠷᠭᠠᠨ ᠬᠥᠮᠥᠵᠢᠯ ᠤᠨ ᠬᠥᠭᠵᠢᠯᠲᠡ ᠶᠢᠨ ᠠᠷᠭ᠎ᠠ ᠬᠡᠯᠪᠡᠷᠢ ᠶᠢᠨ ᠬᠤᠪᠢᠷᠠᠯᠲᠠ ᠶᠢ ᠲᠦᠷᠭᠡᠳᠬᠡᠵᠦ᠂ | ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠨᠢ ᠲᠠᠰᠤᠷᠠᠯᠲᠠ ᠦᠭᠡᠢ ᠴᠢᠩᠭᠠᠷᠠᠭᠤᠯᠬᠤ | ᠬᠡᠷᠡᠭᠲᠡᠢ᠃ | ᠬᠤᠶᠠᠷ ᠲᠤ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠪᠦᠲᠦᠴᠡ ᠶᠢᠨ ᠲᠣᠬᠢᠷᠠᠭᠤᠯᠤᠯᠲᠠ ᠶᠢ | ᠲᠦᠷᠭᠡᠳᠬᠡᠪᠡ᠃ ᠠᠳᠠᠯᠢ ᠪᠤᠰᠤ ᠳᠡᠰ ᠳᠠᠪᠬᠤᠷᠭ᠎ᠠ ᠳᠤ ᠠᠵᠤ ᠦᠢᠯᠡᠰ ᠪᠠ ᠰᠤᠷᠭᠠᠨ ᠬᠥᠮᠥᠵᠢᠯ ᠤᠨ | ᠠᠭᠤᠰᠤᠯᠴᠠᠯ ᠢ ᠭᠦᠨᠵᠡᠭᠡᠶᠢᠷᠡᠭᠦᠯᠵᠦ᠂ ᠪᠦᠲᠦᠴᠡ ᠶᠢᠨ ᠲᠣᠬᠢᠷᠠᠭᠤᠯᠤᠯᠲᠠ ᠪᠠᠷ ᠶᠠᠰᠤ ᠴᠢᠨᠠᠷ ᠤᠨ ᠳᠡᠭᠡᠭᠰᠢᠯᠡᠯᠲᠡ ᠶᠢ | ᠠᠬᠢᠭᠤᠯᠬᠤ ᠨᠢ᠂ ᠨᠢᠭᠡᠨᠲᠡ ᠬᠡᠷᠡᠭᠯᠡᠭᠡᠨ ᠤ ᠬᠡᠯᠪᠡᠷᠢ ᠶᠢᠨ ᠦᠨᠳᠦᠰᠦᠨ ᠠᠩᠭᠢ ᠶᠢᠨ ᠶᠡᠭᠡ ᠳᠡᠭᠡᠳᠦ ᠰᠤᠷᠭᠠᠭᠤᠯᠢ ᠪᠠ | ᠥᠨᠳᠥᠷ ᠬᠢᠷᠢ ᠲᠦᠪᠰᠢᠨ ᠲᠠᠢ ᠶᠡᠭᠡ ᠰᠤᠷᠭᠠᠭᠤᠯᠢ ᠶᠢᠨ ᠨᠡᠶᠢᠳᠡᠮ ᠤᠨ ᠬᠠᠮᠲᠤ ᠶᠢᠨ ᠲᠠᠨᠢᠯᠲᠠ ᠪᠣᠯᠵᠠᠢ᠃ ᠪᠢᠳᠡ | ᠭᠤᠷᠪᠠᠨ ᠶᠡᠭᠡ ᠠᠷᠭ᠎ᠠ ᠬᠡᠮᠵᠢᠶ᠎ᠡ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠦᠨ᠎ᠡ᠄ ᠨᠢᠭᠡ ᠳᠤ᠂ ᠲᠥᠷᠥᠯ | ᠬᠡᠯᠪᠡᠷᠢ ᠪᠦᠲᠦᠴᠡ ᠶᠢ ᠲᠡᠭᠦᠯᠳᠡᠷᠵᠢᠭᠦᠯᠵᠦ᠂ ᠬᠡᠷᠡᠭᠯᠡᠭᠡᠨ ᠤ ᠬᠡᠯᠪᠡᠷᠢ ᠶᠢᠨ ᠦᠨᠳᠦᠰᠦᠨ ᠠᠩᠭᠢ ᠶᠢᠨ ᠶᠡᠭᠡ ᠳᠡᠭᠡᠳᠦ | ᠰᠤᠷᠭᠠᠭᠤᠯᠢ ᠶᠢᠨ ᠬᠡᠯᠪᠡᠷᠢ ᠶᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠨᠢᠭᠡ ᠪᠦᠯᠦᠭ ᠥᠨᠳᠥᠷ ᠬᠢᠷᠢ | ᠲᠦᠪᠰᠢᠨ ᠪᠦᠬᠦᠢ ᠵᠢᠱᠢᠶ᠎ᠡ ᠦᠵᠡᠭᠦᠯᠬᠦ ᠴᠢᠨᠠᠷᠲᠠᠢ ᠶᠡᠭᠡ ᠳᠡᠭᠡᠳᠦ ᠰᠤᠷᠭᠠᠭᠤᠯᠢ ᠶᠢ ᠰᠠᠶᠢᠲᠤᠷ ᠡᠷᠬᠢᠯᠡᠵᠦ᠂ ᠲᠤᠰᠬᠠᠢ | ᠮᠡᠷᠭᠡᠵᠢᠯ ᠤᠨ ᠪᠠᠶᠢᠭᠤᠯᠤᠯᠲᠠ ᠪᠠ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠠᠭᠤᠰᠤᠯᠴᠠᠭᠤᠯᠤᠨ | ᠵᠣᠯᠭᠠᠭᠤᠯᠬᠤ ᠶᠢ ᠠᠬᠢᠭᠤᠯᠤᠨ᠎ᠠ᠃ ᠬᠤᠶᠠᠷ ᠲᠤ᠂ ᠣᠷᠣᠨ ᠪᠦᠰᠡ ᠶᠢᠨ ᠪᠦᠲᠦᠴᠡ ᠶᠢ ᠰᠢᠯᠢᠳᠡᠭᠵᠢᠭᠦᠯᠵᠦ᠂ ᠳᠤᠮᠳᠠ | ᠪᠠᠷᠠᠭᠤᠨ ᠬᠡᠰᠡᠭ ᠤᠨ ᠶᠡᠭᠡ ᠳᠡᠭᠡᠳᠦ ᠰᠤᠷᠭᠠᠭᠤᠯᠢ ᠶᠢᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ | ᠪᠣᠯᠭᠠᠵᠤ᠂ ᠴᠢᠳᠠᠪᠤᠷᠢᠲᠠᠨ ᠢ ᠪᠣᠯᠪᠠᠰᠤᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠣᠷᠣᠨ ᠨᠤᠲᠤᠭ ᠤᠨ | ᠬᠥᠭᠵᠢᠯᠲᠡ ᠳᠤ ᠦᠢᠯᠡᠴᠢᠯᠡᠵᠦ᠂ ᠳᠤᠮᠳᠠ ᠪᠠᠷᠠᠭᠤᠨ ᠬᠡᠰᠡᠭ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ | ᠬᠥᠭᠵᠢᠯᠲᠡ ᠮᠠᠨᠳᠤᠯᠲᠠ ᠶᠢ ᠳᠠᠶᠢᠴᠢᠯᠠᠨ᠎ᠠ᠃ ᠭᠤᠷᠪᠠ ᠳᠤ᠂ ᠬᠢᠴᠢᠶᠡᠯ ᠬᠥᠮᠥᠵᠢᠯ ᠤᠨ ᠪᠦᠲᠦᠴᠡ ᠶᠢ | ᠳᠡᠭᠡᠭᠰᠢᠯᠡᠭᠦᠯᠵᠦ᠂ ᠬᠢᠴᠢᠶᠡᠯ ᠬᠥᠮᠥᠵᠢᠯ ᠤᠨ ᠪᠠᠶᠢᠭᠤᠯᠤᠯᠲᠠ ᠪᠠᠷ ᠰᠠᠭᠤᠷᠢ ᠪᠣᠯᠭᠠᠨ᠂ ︽ᠬᠤᠣᠰ ᠲᠡᠷᠢᠭᠦᠨ︾ ᠤ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠥᠪ ᠤᠨ ᠶᠡᠭᠡ ᠳᠡᠭᠡᠳᠦ ᠰᠤᠷᠭᠠᠭᠤᠯᠢ ᠶᠢ | ᠭᠤᠣᠯᠳᠠᠯᠭ᠎ᠠ ᠲᠠᠢ ᠳᠡᠮᠵᠢᠨ ᠳᠥᠷᠪᠡᠨ ᠲᠥᠷᠥᠯ ᠤᠨ ᠬᠢᠴᠢᠶᠡᠯ ᠬᠥᠮᠥᠵᠢᠯ ᠤᠨ ᠰᠠᠭᠤᠷᠢ ᠪᠡᠯᠡᠳᠬᠡᠮᠵᠢ ᠶᠢᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠬᠥᠮᠥᠵᠢᠯ ᠪᠠ | ᠴᠢᠳᠠᠪᠤᠷᠢᠲᠠᠨ ᠤ ᠳᠠᠪᠠᠭᠤᠯᠢᠭ ᠢ ᠰᠢᠨ᠎ᠡ ᠶᠢ ᠡᠭᠦᠳᠬᠦ ᠳᠠᠪᠠᠭᠤᠯᠢᠭ ᠪᠠ ᠠᠵᠤ ᠦᠢᠯᠡᠰ ᠤᠨ ᠥᠷᠢᠰᠦᠯᠳᠦᠬᠦ | ᠳᠠᠪᠠᠭᠤᠯᠢᠭ ᠪᠣᠯᠭᠠᠨ ᠤᠯᠠᠷᠢᠭᠤᠯᠬᠤ ᠶᠢ ᠠᠬᠢᠭᠤᠯᠤᠨ᠎ᠠ᠃ | ᠭᠤᠷᠪᠠ ᠳᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠴᠢᠳ ᠲᠤ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ ᠶᠢ ᠢᠳᠡᠪᠬᠢᠲᠡᠢ ᠠᠬᠢᠭᠤᠯᠤᠨ᠎ᠠ᠃ ᠣᠶᠢᠷ᠎ᠠ ᠶᠢᠨ ᠵᠢᠯ ᠤᠳ ᠲᠤ᠂ ᠪᠦᠬᠦ ᠤᠯᠤᠰ ᠤᠨ ᠶᠡᠭᠡ ᠳᠡᠭᠡᠳᠦ | ᠰᠤᠷᠭᠠᠭᠤᠯᠢ ᠠᠴᠠ ᠲᠡᠭᠦᠰᠦᠭᠴᠢᠳ ᠤᠨ ᠬᠥᠮᠥᠨ ᠤ ᠲᠤᠭ᠎ᠠ ᠵᠢᠯ ᠳᠠᠷᠠᠭᠠᠯᠠᠨ ᠨᠡᠮᠡᠭᠳᠡᠵᠦ᠂ ᠬᠡᠪᠴᠢᠶ᠎ᠡ ᠨᠢ | ᠵᠠᠯᠭᠠᠭ᠎ᠠ ᠪᠠᠷ ᠲᠡᠦᠬᠡ ᠶᠢᠨ ᠰᠢᠨ᠎ᠡ ᠥᠨᠳᠥᠷ ᠢ ᠡᠭᠦᠳᠴᠡᠢ᠃ ᠲᠡᠭᠦᠰᠬᠦ ᠰᠤᠷᠤᠭᠴᠢᠳ ᠤᠨ ᠶᠡᠷᠦᠩᠬᠡᠢ ᠲᠤᠭ᠎ᠠ | ᠦᠷᠭᠦᠯᠵᠢᠯᠡᠨ ᠨᠡᠮᠡᠭᠳᠡᠬᠦ ᠶᠢ ᠳᠠᠭᠠᠯᠳᠤᠨ᠂ ᠠᠵᠢᠯ ᠣᠯᠭᠤᠬᠤ ᠪᠦᠲᠦᠴᠡ ᠶᠢᠨ ᠴᠢᠨᠠᠷᠲᠠᠢ ᠵᠥᠷᠢᠴᠡᠯ ᠨᠡᠩ ᠲᠣᠪᠣᠶᠢᠨ | ᠢᠯᠡᠷᠡᠵᠦ᠂ ᠡᠨᠡ ᠨᠢ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠡᠯᠪᠡᠷᠢ ᠶᠢ ᠲᠦᠷᠭᠡᠳᠬᠡᠨ ᠬᠤᠪᠢᠷᠠᠭᠤᠯᠵᠤ | ᠬᠥᠭᠵᠢᠭᠦᠯᠦᠨ᠂ ᠴᠢᠳᠠᠪᠤᠷᠢᠲᠠᠨ ᠢ ᠪᠣᠯᠪᠠᠰᠤᠷᠠᠭᠤᠯᠬᠤ ᠰᠢᠰᠲ᠋ᠧᠮᠵᠢ ᠳᠤ ᠥᠭᠡᠷᠡᠴᠢᠯᠡᠯᠲᠡ ᠬᠢᠵᠦ᠂ ᠡᠷᠳᠡᠮ | ᠰᠢᠨᠵᠢᠯᠡᠭᠡᠨ ᠤ ᠴᠢᠳᠠᠪᠤᠷᠢᠲᠠᠨ ᠪᠠ ᠬᠡᠷᠡᠭᠯᠡᠭᠡᠨ ᠤ ᠴᠢᠳᠠᠪᠤᠷᠢᠲᠠᠨ ᠢ ᠲᠥᠷᠥᠯ ᠬᠤᠪᠢᠶᠠᠵᠤ᠂ ᠶᠡᠷᠦ ᠶᠢᠨ ᠮᠡᠳᠡᠯᠭᠡ ᠶᠢᠨ | ᠰᠤᠷᠭᠠᠨ ᠬᠥᠮᠥᠵᠢᠯ ᠪᠠ ᠲᠤᠰᠬᠠᠢ ᠮᠡᠷᠭᠡᠵᠢᠯ ᠤᠨ ᠰᠤᠷᠭᠠᠨ ᠬᠥᠮᠥᠵᠢᠯ ᠢ ᠬᠠᠷᠢᠯᠴᠠᠨ ᠤᠶᠠᠯᠳᠤᠭᠤᠯᠤᠭᠰᠠᠨ | ᠪᠣᠯᠪᠠᠰᠤᠷᠠᠭᠤᠯᠬᠤ ᠳᠦᠷᠢᠮ ᠢ ᠬᠡᠷᠡᠭᠵᠢᠭᠦᠯᠵᠦ᠂ ᠰᠤᠷᠤᠭᠴᠢᠳ ᠤᠨ ᠬᠡᠷᠡᠭᠯᠡᠭᠡᠨ ᠤ ᠦᠢᠯᠡᠳᠦᠯᠭᠡ ᠪᠠ ᠠᠵᠢᠯ ᠣᠯᠵᠤ | ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠴᠢᠩᠭᠠᠷᠠᠭᠤᠯᠬᠤ ᠶᠢ ᠪᠠᠴᠢᠮ ᠱᠠᠭᠠᠷᠳᠠᠵᠤ ᠪᠠᠶᠢᠨ᠎ᠠ᠃ | ᠳᠥᠷᠪᠡ ᠳᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠠᠵᠤ ᠦᠢᠯᠡᠰ ᠲᠡᠶᠢᠰᠢ ᠤᠯᠠᠷᠢᠭᠤᠯᠬᠤ ᠶᠢ ᠲᠦᠷᠭᠡᠳᠬᠡᠨ᠎ᠡ᠃ ᠳᠡᠭᠡᠳᠦ ᠵᠡᠷᠭᠡ ᠶᠢᠨ ᠰᠤᠷᠭᠠᠨ ᠬᠥᠮᠥᠵᠢᠯ ᠳᠠᠬᠢ ᠠᠵᠤ | ᠦᠢᠯᠡᠰ ᠪᠠ ᠰᠤᠷᠭᠠᠨ ᠬᠥᠮᠥᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠰᠤᠷᠭᠠᠭᠤᠯᠢ ᠠᠵᠤ ᠠᠬᠤᠶᠢᠯᠠᠯ ᠤᠨ | ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ ᠨᠢ ᠦᠷ᠎ᠡ ᠪᠦᠲᠦᠭᠡᠯ ᠢ ᠤᠯᠠᠷᠢᠭᠤᠯᠬᠤ ᠬᠡᠯᠬᠢᠶ᠎ᠡ ᠶᠢ | ᠪᠣᠭᠤᠨᠢᠰᠬᠠᠵᠤ᠂ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠬᠦ ᠬᠦᠴᠦᠨ ᠢ ᠠᠵᠤ ᠦᠢᠯᠡᠰ ᠤᠨ | ᠥᠷᠢᠰᠦᠯᠳᠦᠬᠦ ᠬᠦᠴᠦᠨ ᠲᠠᠶᠢᠰᠢ ᠤᠯᠠᠷᠢᠭᠤᠯᠬᠤ ᠶᠢ ᠲᠦᠷᠭᠡᠳᠬᠡᠵᠦ᠂ ᠶᠡᠭᠡ ᠳᠡᠭᠡᠳᠦ ᠰᠤᠷᠭᠠᠭᠤᠯᠢ ᠶᠢ ᠦᠨᠡᠨ ᠬᠦ | ᠠᠵᠤ ᠦᠢᠯᠡᠰ ᠤᠨ ᠮᠡᠷᠭᠡᠵᠢᠯ ᠤᠨ ᠬᠤᠪᠢᠰᠤᠯᠲᠠ ᠶᠢ ᠲᠦᠷᠭᠡᠳᠬᠡᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠶᠢ ᠲᠦᠷᠭᠡᠳᠬᠡᠬᠦ ᠴᠢᠬᠤᠯᠠ ᠡᠬᠢ ᠰᠤᠷᠪᠤᠯᠵᠢ ᠪᠣᠯᠭᠠᠬᠤ ᠳᠤ ᠲᠤᠰᠠᠲᠠᠢ ᠪᠠᠶᠢᠳᠠᠭ᠃ |