| | | ᠰᠤᠷᠪᠤᠯᠵᠢᠯᠠᠭᠰᠠᠨ ᠴᠠᠭ᠄ | 2017 ᠣᠨ ᠤ 11 ᠳ᠋ᠦ᠋ᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠵᠢᠶ᠋ᠨ ᠶᠣᠸᠠᠢ ᠹᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠶᠢ ᠰᠦᠪᠡᠭᠴᠢᠯᠡᠨ ᠬᠡᠷᠡᠭᠵᠢᠭᠦᠯᠬᠦ ᠪᠣᠯ | ᠲᠥᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠭᠰᠠᠨ ᠴᠢᠬᠤᠯᠠ | ᠶᠡᠭᠡ ᠥᠭᠡᠷᠡᠴᠢᠯᠡᠯᠲᠡ ᠶᠢᠨ ᠡᠭᠦᠷᠭᠡ ᠮᠥᠨ᠃ ᠡᠭᠦᠨ ᠤ ᠵᠣᠷᠢᠯᠭ᠎ᠠ ᠶᠢ ᠬᠡᠷᠡᠭᠯᠡᠬᠦ ᠪᠠ ᠥᠩᠰᠢᠭᠦᠯᠬᠦ ᠶᠢ | ᠤᠶᠠᠯᠳᠤᠭᠤᠯᠬᠤ ᠪᠠᠷ ᠳᠠᠮᠵᠢᠨ ᠡᠷᠳᠡᠨᠢ ᠰᠢᠰᠢ ᠲᠠᠷᠢᠬᠤ ᠶᠢ ᠪᠠᠭᠠᠰᠬᠠᠨ᠂ ᠪᠦᠲᠦᠴᠡ ᠶᠢ ᠰᠢᠯᠢᠳᠡᠭᠵᠢᠭᠦᠯᠦᠨ | ᠣᠷᠣᠯᠭ᠎ᠠ ᠶᠢ ᠪᠠᠲᠤᠯᠠᠵᠤ᠂ ᠬᠠᠮᠤᠭ ᠡᠴᠦᠰ ᠲᠤ ᠬᠡᠪᠰᠢᠭᠰᠡᠨ ᠡᠭᠡᠯᠵᠢᠯᠡᠨ ᠲᠠᠷᠢᠬᠤ ᠳᠦᠷᠢᠮ ᠢ ᠪᠦᠷᠢᠯᠳᠦᠭᠦᠯᠦᠨ᠎ᠡ | ᠬᠡᠮᠡᠨ ᠬᠤᠷᠢᠶᠠᠩᠭᠤᠶᠢᠯᠠᠵᠤ ᠪᠣᠯᠣᠨ᠎ᠠ᠃ ᠡᠨᠡ ᠪᠣᠯ ᠨᠢᠭᠡᠨ ᠥᠭᠡᠷᠡᠴᠢᠯᠡᠯᠲᠡ ᠶᠢᠨ ᠡᠭᠦᠷᠭᠡ᠂ ᠡᠷᠬᠡᠪᠰᠢ ᠲᠠᠷᠢᠶᠠᠨ | ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠪᠠᠷ ᠲᠠᠪᠴᠠᠩ ᠪᠣᠯᠭᠠᠵᠤ᠂ ᠲᠠᠷᠢᠶᠠᠯᠠᠩ ᠤᠨ | ᠣᠨᠣᠯᠵᠢᠬᠤᠨ ᠳᠤ ᠰᠢᠨ᠎ᠡ ᠶᠢ ᠡᠭᠦᠳᠬᠦ᠂ ᠮᠡᠷᠭᠡᠵᠢᠯ ᠤᠨ ᠵᠠᠭᠪᠤᠷ ᠲᠤ ᠰᠢᠨ᠎ᠡ ᠶᠢ ᠡᠭᠦᠳᠬᠦ᠂ ᠣᠷᠣᠭᠤᠯᠤᠯᠲᠠ | ᠭᠠᠷᠭᠠᠯᠲᠠ ᠶᠢᠨ ᠦᠷ᠎ᠡ ᠠᠰᠢᠭ ᠤᠨ ᠵᠠᠭᠪᠤᠷ ᠲᠤ ᠰᠢᠨ᠎ᠡ ᠶᠢ ᠡᠭᠦᠳᠬᠦ᠂ ᠨᠡᠮᠡᠭᠦᠷᠢ ᠶᠢᠨ ᠲᠣᠭᠲᠠᠴᠠ ᠳᠤ ᠰᠢᠨ᠎ᠡ ᠶᠢ | ᠡᠭᠦᠳᠬᠦ ᠪᠠ ᠠᠯᠤᠰ ᠮᠡᠳᠡᠷᠡᠮᠵᠢ ᠶᠢᠨ ᠮᠡᠷᠭᠡᠵᠢᠯ ᠢᠶᠠᠷ ᠰᠠᠭᠤᠷᠢ ᠪᠣᠯᠭᠠᠭᠰᠠᠨ ᠬᠥᠳᠡᠭᠡ ᠠᠵᠤ ᠠᠬᠤᠶ ᠶᠢᠨ ᠡᠵᠡᠩᠨᠡᠯᠲᠡ | ᠬᠠᠮᠢᠶᠠᠷᠤᠯᠲᠠ ᠶᠢᠨ ᠲᠣᠭᠲᠠᠴᠠ ᠶᠢᠨ ᠲᠠᠯ᠎ᠠ ᠪᠠᠷ ᠬᠢ ᠰᠢᠨ᠎ᠡ ᠡᠭᠦᠳᠦᠯᠲᠡ ᠳᠤ ᠰᠢᠪᠲᠤᠯᠤᠯᠲᠠ ᠭᠠᠷᠭᠠᠬᠤ ᠪᠠᠷ | ᠴᠢᠷᠮᠠᠶᠢᠵᠤ᠂ ᠲᠤᠷᠰᠢᠯᠲᠠ ᠳᠠᠭᠤᠰᠤᠭᠰᠠᠨ ᠤ ᠳᠠᠷᠠᠭ᠎ᠠ ᠵᠣᠬᠢᠶᠠᠨ ᠪᠠᠶᠢᠭᠤᠯᠬᠤ ᠠᠷᠭ᠎ᠠ ᠬᠡᠯᠪᠡᠷᠢ᠂ ᠮᠡᠷᠭᠡᠵᠢᠯ ᠤᠨ | ᠵᠠᠭᠪᠤᠷ᠂ ᠲᠦᠷᠦ ᠶᠢᠨ ᠪᠤᠳᠤᠯᠭ᠎ᠠ ᠶᠢᠨ ᠪᠣᠷᠣ ᠲᠥᠯᠥᠪ ᠢᠶᠠᠷ ᠭᠤᠣᠯ ᠴᠣᠭᠴᠠ ᠪᠣᠯᠭᠠᠭᠰᠠᠨ ᠲᠠᠷᠢᠶᠠᠨ ᠭᠠᠵᠠᠷ ᠤᠨ | ᠡᠭᠡᠯᠵᠢᠯᠡᠨ ᠲᠠᠷᠢᠬᠤ ᠪᠦᠷᠢᠨ ᠲᠡᠭᠦᠯᠳᠡᠷ ᠳᠦᠷᠢᠮ ᠢ ᠪᠦᠷᠢᠯᠳᠦᠭᠦᠯᠬᠦ ᠶᠢ ᠱᠠᠭᠠᠷᠳᠠᠪᠠ᠃ | | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | | | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ︽ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠳᠠᠬᠢ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ | ᠦᠵᠡᠭᠰᠡᠨ ᠳᠤ ᠪᠠᠶᠠᠷᠯᠠᠯ᠎ᠠ᠃ ᠥᠨᠥᠳᠦᠷ ᠪᠢᠳᠡ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ | ᠳᠠᠷᠤᠭ᠎ᠠ ᠵᠢᠶ᠋ᠨ ᠶᠣᠸᠠᠢ ᠹᠧᠩ ᠢ ᠤᠷᠢᠵᠤ᠂ ᠮᠠᠨ ᠤ ᠣᠷᠣᠨ ᠤ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ | ᠲᠦᠷᠢᠮ ᠤᠨ ᠲᠤᠷᠰᠢᠯᠲᠠ ᠶᠢᠨ ᠠᠵᠢᠯ ᠤᠨ ᠲᠤᠬᠠᠶ ᠣᠯᠠᠨ ᠲᠠᠢ ᠰᠠᠨᠠᠯ ᠰᠣᠯᠢᠯᠴᠠᠬᠤ ᠶᠢᠨ ᠬᠠᠮᠲᠤ | ᠰᠦᠯᠵᠢᠶᠡᠨ ᠠᠨᠳᠠ ᠶᠢᠨ ᠠᠰᠠᠭᠤᠯᠲᠠ ᠶᠢ ᠬᠠᠷᠢᠭᠤᠯᠬᠤ ᠪᠠᠷ ᠪᠣᠯᠣᠯ᠎ᠠ᠃ ᠵᠢᠶᠠ ᠲᠢᠩᠬᠢᠮ ᠤᠨ ᠳᠠᠷᠤᠭ᠎ᠠ ᠡ᠂ ᠲᠠᠨ ᠢ | ᠪᠠᠶᠠᠷᠯᠠᠨ ᠤᠭᠲᠤᠵᠤ ᠪᠠᠶᠢᠨ᠎ᠠ︕ | ᠵᠢᠶ᠋ᠨ ᠶᠣᠸᠠᠢ ᠹᠧᠩ᠄ | ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠠ | ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ | ᠬᠥᠲᠥᠯᠥᠭᠴᠢ᠄ | ᠶᠠᠭᠤᠨ ᠳᠤ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠳᠦᠷᠢᠮ ᠤᠨ ᠲᠤᠷᠰᠢᠯᠲᠠ ᠶᠢ ᠪᠠᠶᠢᠭᠤᠯᠬᠤ ᠭᠡᠵᠦ | ᠪᠠᠶᠢᠭ᠎ᠠ ᠪᠠᠨ ᠶᠠᠭᠤᠨ ᠤ ᠤᠷᠢᠳ ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖ | ᠵᠢᠶ᠋ᠨ ᠶᠣᠸᠠᠢ ᠹᠧᠩ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠶᠢ ᠰᠦᠪᠡᠭᠴᠢᠯᠡᠨ ᠬᠡᠷᠡᠭᠵᠢᠭᠦᠯᠬᠦ ᠪᠣᠯ | ᠲᠥᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠭᠰᠠᠨ ᠴᠢᠬᠤᠯᠠ | ᠶᠡᠭᠡ ᠥᠭᠡᠷᠡᠴᠢᠯᠡᠯᠲᠡ ᠶᠢᠨ ᠡᠭᠦᠷᠭᠡ ᠮᠥᠨ᠃ ᠡᠭᠦᠨ ᠤ ᠵᠣᠷᠢᠯᠭ᠎ᠠ ᠶᠢ ᠬᠡᠷᠡᠭᠯᠡᠬᠦ ᠪᠠ ᠥᠩᠰᠢᠭᠦᠯᠬᠦ ᠶᠢ | ᠤᠶᠠᠯᠳᠤᠭᠤᠯᠵᠤ ᠡᠷᠳᠡᠨᠢ ᠰᠢᠰᠢ ᠲᠠᠷᠢᠬᠤ ᠶᠢ ᠪᠠᠭᠠᠰᠬᠠᠨ᠂ ᠪᠦᠲᠦᠴᠡ ᠶᠢ ᠰᠢᠯᠢᠳᠡᠭᠵᠢᠭᠦᠯᠦᠨ ᠣᠷᠣᠯᠭ᠎ᠠ ᠶᠢ | ᠪᠠᠲᠤᠯᠠᠵᠤ᠂ ᠡᠴᠦᠰ ᠲᠤ ᠬᠡᠪᠰᠢᠭᠰᠡᠨ ᠡᠭᠡᠯᠵᠢᠯᠡᠨ ᠲᠠᠷᠢᠬᠤ ᠳᠦᠷᠢᠮ ᠢ ᠪᠦᠷᠢᠯᠳᠦᠭᠦᠯᠦᠨ᠎ᠡ ᠬᠡᠮᠡᠨ | ᠬᠤᠷᠢᠶᠠᠩᠭᠤᠶᠢᠯᠠᠵᠤ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ | ᠪᠥᠬᠦᠳᠡ ᠬᠤᠷᠠᠯ ᠠᠴᠠ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠥᠷᠨᠢᠭᠦᠯᠬᠦ ᠶᠢ | ᠳᠤᠷᠠᠳᠴᠤ᠂ 2016 ᠣᠨ᠂ 2017 ᠣᠨ ᠳᠤ ᠬᠤᠶᠠᠷ ᠵᠢᠯ ᠳᠠᠷᠠᠭᠠᠯᠠᠨ ᠲᠥᠪ ᠤᠨ ᠨᠢᠭᠡᠳᠦᠭᠡᠷ ᠲᠣᠭᠠᠲᠤ | ᠪᠢᠴᠢᠭ ᠮᠠᠲ᠋ᠧᠷᠢᠶᠠᠯ ᠳᠤ ᠲᠤᠷᠰᠢᠯᠲᠠ ᠥᠷᠨᠢᠭᠦᠯᠬᠦ ᠲᠣᠬᠠᠢ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠨᠢ | ᠲᠥᠪ ᠠᠴᠠ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠡᠷᠡᠰ ᠵᠣᠷᠢᠭ ᠢ ᠭᠦᠢᠴᠡᠳ ᠬᠠᠷᠠᠭᠤᠯᠵᠠᠶ᠃ ᠡᠨᠡ ᠬᠦ | ᠠᠵᠢᠯ ᠢ ᠰᠠᠶᠢᠲᠤᠷ ᠠᠳᠬᠤᠵᠤ ᠴᠢᠳᠠᠬᠤ ᠡᠰᠡᠬᠦ ᠪᠣᠯ ᠬᠥᠳᠡᠭᠡ ᠠᠵᠤ ᠠᠬᠤᠶ ᠶᠢᠨ ᠰᠠᠯᠠᠭ᠎ᠠ ᠮᠥᠴᠢᠷ ᠤᠨ ᠰᠢᠨ᠎ᠡ ᠶᠢ | ᠡᠭᠦᠳᠬᠦ ᠤᠬᠠᠮᠰᠠᠷ ᠪᠣᠯᠤᠨ ᠠᠵᠢᠯᠯᠠᠬᠤ ᠴᠢᠳᠠᠪᠤᠷᠢ ᠳᠠᠬᠢ ᠰᠢᠯᠭᠠᠯᠲᠠ ᠪᠣᠯᠬᠤ ᠶᠤᠮ᠃ ᠡᠨᠡ ᠪᠣᠯ ᠨᠢᠭᠡᠨ | ᠥᠭᠡᠷᠡᠴᠢᠯᠡᠯᠲᠡ ᠶᠢᠨ ᠡᠭᠦᠷᠭᠡ᠂ ᠡᠷᠬᠡᠪᠰᠢ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ | ᠲᠤᠷᠰᠢᠯᠲᠠ ᠪᠠᠷ ᠲᠠᠪᠴᠠᠩ ᠪᠣᠯᠭᠠᠵᠤ᠂ ᠲᠠᠷᠢᠶᠠᠯᠠᠩ ᠤᠨ ᠣᠨᠣᠯᠵᠢᠬᠤᠨ ᠳᠤ ᠰᠢᠨ᠎ᠡ ᠶᠢ ᠡᠭᠦᠳᠬᠦ᠂ ᠮᠡᠷᠭᠡᠵᠢᠯ ᠤᠨ | ᠵᠠᠭᠪᠤᠷ ᠲᠤ ᠰᠢᠨ᠎ᠡ ᠶᠢ ᠡᠭᠦᠳᠬᠦ᠂ ᠣᠷᠣᠭᠤᠯᠤᠯᠲᠠ ᠭᠠᠷᠭᠠᠯᠲᠠ ᠶᠢᠨ ᠦᠷ᠎ᠡ ᠠᠰᠢᠭ ᠤᠨ ᠵᠠᠭᠪᠤᠷ ᠲᠤ ᠰᠢᠨ᠎ᠡ ᠶᠢ | ᠡᠭᠦᠳᠬᠦ ᠂ ᠨᠡᠮᠡᠭᠦᠷᠢ ᠶᠢᠨ ᠲᠣᠭᠲᠠᠴᠠ ᠳᠤ ᠰᠢᠨ᠎ᠡ ᠶᠢ ᠡᠭᠦᠳᠬᠦ ᠪᠠ ᠠᠯᠤᠰ ᠮᠡᠳᠡᠷᠡᠮᠵᠢ ᠶᠢᠨ ᠮᠡᠷᠭᠡᠵᠢᠯ ᠢᠶᠠᠷ ᠰᠠᠭᠤᠷᠢ | ᠪᠣᠯᠭᠠᠭᠰᠠᠨ ᠬᠥᠳᠡᠭᠡ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠲᠣᠭᠲᠠᠴᠠ ᠶᠢᠨ ᠲᠠᠯ᠎ᠠ ᠪᠠᠷ ᠬᠢ ᠰᠢᠨ᠎ᠡ | ᠡᠭᠦᠳᠦᠯᠲᠡ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠲᠤᠷᠰᠢᠯᠲᠠ ᠳᠠᠭᠤᠰᠤᠭᠰᠠᠨ ᠤ ᠳᠠᠷᠠᠭ᠎ᠠ ᠵᠣᠬᠢᠶᠠᠨ | ᠪᠠᠶᠢᠭᠤᠯᠬᠤ ᠠᠷᠭ᠎ᠠ ᠬᠡᠯᠪᠡᠷᠢ᠂ ᠮᠡᠷᠭᠡᠵᠢᠯ ᠤᠨ ᠵᠠᠭᠪᠤᠷ᠂ ᠲᠦᠷᠦ ᠶᠢᠨ ᠪᠤᠳᠤᠯᠭ᠎ᠠ ᠶᠢᠨ ᠪᠣᠷᠣ ᠲᠥᠯᠥᠪ ᠢᠶᠠᠷ ᠭᠤᠣᠯ | ᠴᠣᠭᠴᠠ ᠪᠣᠯᠭᠠᠭᠰᠠᠨ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠪᠦᠷᠢᠨ ᠲᠡᠭᠦᠯᠳᠡᠷ ᠳᠦᠷᠢᠮ ᠢ | ᠪᠦᠷᠢᠯᠳᠦᠭᠦᠯᠬᠦ ᠶᠢ ᠱᠠᠭᠠᠷᠳᠠᠪᠠ᠃ ᠡᠶᠢᠮᠦ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠡᠨᠡ ᠬᠦ ᠠᠵᠢᠯ ᠢ ᠴᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠶᠢᠨ ᠬᠠᠮᠲᠤ ᠣᠨ ᠤ | ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠠᠵᠢᠯ ᠳᠤ ᠵᠢᠭᠰᠠᠭᠠᠨ ᠣᠷᠣᠭᠤᠯᠵᠤ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠪᠠᠰᠠ ᠤᠯᠠᠨ | ᠤᠳᠠᠭᠠᠨ ᠤ ᠲᠤᠰᠬᠠᠢ ᠵᠦᠢᠯ ᠤᠨ ᠲᠤᠰᠬᠠᠶ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ | ᠬᠤᠯᠪᠣᠭᠳᠠᠯ ᠪᠦᠬᠦᠢ ᠠᠶᠢᠮᠠᠭ ᠬᠤᠳᠠ ᠪᠣᠯᠤᠨ ᠲᠥᠷᠥᠯ ᠵᠦᠢᠯ ᠲᠠᠢ ᠬᠤᠰᠢᠭᠤ ᠰᠢᠶᠠᠨ ᠡᠷᠬᠡᠪᠰᠢ ᠲᠠᠨᠢᠯᠲᠠ ᠪᠠᠨ | ᠦᠨᠡᠨᠬᠦ ᠳᠡᠭᠡᠭᠰᠢᠯᠡᠭᠦᠯᠵᠦ᠂ ᠥᠩᠭᠡᠷᠡᠭᠰᠡᠨ ᠤ ᠰᠢᠭ ᠴᠤᠯᠤ ᠲᠥᠷᠥᠯ ᠵᠦᠢᠯ ᠬᠡᠮᠡᠨ ᠬᠠᠨᠳᠤᠵᠤ ᠪᠣᠯᠬᠤ ᠦᠭᠡᠢ᠂ | ᠬᠠᠷᠢᠨ ᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ | ᠨᠢᠭᠡ ᠠᠯᠬᠤᠮ ᠨᠡᠮᠡᠭᠳᠡᠭᠦᠯᠦᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠤ᠂ ᠵᠣᠬᠢᠴᠠᠭᠤᠯᠬᠤ ᠪᠠᠨ | ᠴᠢᠩᠭᠠᠳᠬᠠᠵᠤ᠂ ᠬᠦᠴᠦ ᠪᠠᠨ ᠬᠠᠮᠲᠤᠳᠬᠠᠨ ᠳᠥᠯᠭᠢᠨ ᠠᠬᠢᠭᠤᠯᠵᠤ᠂ ᠪᠣᠳᠠᠲᠠᠶᠢᠵᠢᠭᠤᠯᠬᠤ ᠶᠢ ᠰᠠᠶᠢᠲᠤᠷ | ᠠᠳᠬᠤᠬᠤ ᠬᠡᠷᠡᠭᠲᠡᠶ᠃ | ᠬᠥᠲᠥᠯᠥᠭᠴᠢ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠪᠠᠷ ᠳᠠᠮᠵᠢᠨ ᠶᠠᠮᠠᠷ ᠬᠠᠷᠠᠯᠲᠠ ᠶᠢ | ᠪᠡᠶᠡᠯᠡᠭᠦᠯᠬᠦ ᠪᠤᠢ︖ | ᠵᠢᠶ᠋ᠨ ᠶᠣᠸᠠᠢ ᠹᠧᠩ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠥᠷᠨᠢᠭᠦᠯᠬᠦ ᠪᠠᠷ ᠳᠠᠮᠵᠢᠨ᠂ ᠣᠷᠣᠨ | ᠨᠤᠲᠤᠭ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠤᠨ ᠣᠨᠣᠯᠵᠢᠬᠤᠨ ᠢ ᠨᠢ ᠬᠤᠪᠢᠷᠠᠭᠤᠯᠵᠤ᠂ | ᠲᠤᠭ᠎ᠠ ᠬᠡᠮᠵᠢᠶ᠎ᠡ ᠶᠢ ᠴᠢᠬᠤᠯᠠᠴᠢᠯᠠᠵᠤ ᠪᠠᠶᠢᠭᠰᠠᠨ ᠠᠴᠠ ᠲᠤᠭ᠎ᠠ ᠬᠡᠮᠵᠢᠶ᠎ᠡ᠂ ᠶᠠᠰᠤ ᠴᠢᠨᠠᠷ ᠢ ᠵᠡᠷᠭᠡ ᠪᠠᠷ | ᠴᠢᠬᠤᠯᠠᠴᠢᠯᠠᠬᠤ ᠵᠦᠭ ᠬᠤᠪᠢᠷᠠᠭᠤᠯᠤᠨ᠂ ᠭᠠᠷᠤᠯᠲᠠ ᠪᠠ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠬᠡᠵᠤ᠂ | ᠦᠢᠯᠡᠳᠪᠦᠷᠢᠯᠡᠯ ᠠᠮᠢ ᠠᠬᠤᠶ ᠶᠢ ᠬᠠᠷᠢᠯᠴᠠᠨ ᠵᠣᠬᠢᠴᠠᠭᠤᠯᠬᠤ ᠶᠢ ᠪᠡᠶᠡᠯᠡᠭᠦᠯᠦᠨ᠎ᠡ︔ ᠲᠠᠷᠢᠶᠠᠴᠢᠳ ᠢ ᠬᠥᠲᠥᠯᠥᠨ | ᠵᠢᠯᠣᠭᠤᠳᠴᠤ ᠪᠠᠶᠢᠭᠠᠳ ᠲᠠᠷᠢᠮᠠᠯ ᠲᠠᠷᠢᠬᠤ ᠳᠠᠳᠬᠠᠯ ᠢ ᠨᠢ ᠬᠤᠪᠢᠷᠠᠭᠤᠯᠵᠤ᠂ ᠢᠵᠢᠯ ᠨᠢᠭᠡ ᠭᠠᠵᠠᠷ ᠲᠤ ᠵᠢᠯ | ᠳᠠᠷᠠᠭᠠᠯᠠᠨ ᠠᠳᠠᠯᠢ ᠵᠦᠢᠯ ᠤᠨ ᠲᠠᠷᠢᠮᠠᠯ ᠲᠠᠷᠢᠬᠤ ᠪᠠᠶᠢᠳᠠᠯ ᠢ ᠦᠭᠡᠶᠢᠰᠬᠡᠨ᠂ ᠢᠯᠠᠩᠭᠤᠶ᠎ᠠ ᠲᠠᠷᠢᠶᠠᠴᠢᠳ ᠢ | ᠬᠥᠲᠥᠯᠥᠨ ᠵᠢᠯᠣᠭᠤᠳᠴᠤ ᠪᠠᠶᠢᠭᠠᠳ ︽ᠲᠡᠮᠦᠷ ᠡᠰᠢᠲᠦ ᠡᠷᠳᠡᠨᠢ ᠰᠢᠰᠢ ︾ ᠲᠠᠷᠢᠬᠤ ᠳᠠᠳᠬᠠᠯ ᠢ ᠨᠢ | ᠬᠤᠪᠢᠷᠠᠭᠤᠯᠵᠤ᠂ ᠲᠠᠷᠢᠶᠠᠨ ᠭᠠᠵᠠᠷ ᠬᠡᠷᠡᠭᠯᠡᠵᠦ ᠬᠥᠷᠥᠰᠥ ᠥᠩᠰᠢᠭᠦᠯᠬᠦ ᠶᠢ ᠣᠶᠠᠯᠳᠤᠭᠤᠯᠬᠤ ᠶᠢ ᠪᠡᠶᠡᠯᠡᠭᠦᠯᠦᠨ᠎ᠡ᠃ | 3 — 5 ᠵᠢᠯ ᠤᠨ ᠬᠤᠭᠤᠴᠠᠭᠠᠨ ᠳᠤ ᠬᠦᠴᠦᠯᠡᠵᠦ ᠪᠠᠶᠢᠭᠠᠳ᠂ ᠨᠢᠭᠡ ᠪᠦᠯᠦᠭ ᠲᠠᠷᠢᠶ᠎ᠠ ᠲᠠᠷᠢᠬᠤ ᠪᠠ ᠲᠠᠷᠢᠶᠠᠨ | ᠭᠠᠵᠠᠷ ᠥᠩᠰᠢᠭᠦᠯᠬᠦ ᠶᠢ ᠤᠶᠠᠯᠳᠤᠭᠤᠯᠤᠭᠰᠠᠨ ᠦᠢᠯᠡᠳᠪᠦᠷᠢᠯᠡᠯ ᠤᠨ ᠮᠡᠷᠭᠡᠵᠢᠯ ᠢ ᠬᠤᠷᠠᠮᠳᠤᠭᠤᠯᠤᠨ ᠳᠡᠯᠭᠡᠷᠡᠭᠦᠯᠵᠦ᠂ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠳᠦᠷᠢᠮ ᠤᠨ ᠵᠢᠷᠤᠮᠯᠠᠨ ᠳᠠᠭᠤᠷᠢᠶᠠᠵᠤ ᠪᠣᠯᠬᠤᠶᠢᠴᠠ ᠵᠠᠭᠪᠤᠷ ᠢ | ᠰᠦᠪᠡᠭᠴᠢᠯᠡᠨ ᠳᠡᠯᠭᠡᠷᠡᠭᠦᠯᠬᠦ ᠪᠥᠭᠡᠳ ᠡᠭᠡᠯᠵᠢᠯᠡᠨ ᠲᠠᠷᠢᠬᠤ ᠲᠤᠷᠰᠢᠯᠲᠠ ᠶᠢᠨ ᠣᠷᠣᠨ ᠤ ᠲᠠᠷᠢᠶᠠᠨ ᠭᠠᠵᠠᠷ ᠤᠨ | ᠶᠠᠰᠤ ᠴᠢᠨᠠᠷ ᠤᠨ ᠣᠳᠣᠬᠢ ᠪᠠᠶᠢᠳᠠᠯ ᠪᠠ ᠬᠤᠪᠢᠷᠠᠯᠲᠠ ᠶᠢᠨ ᠬᠠᠨᠳᠤᠰᠢ ᠵᠢᠴᠢ ᠡᠭᠡᠯᠵᠢᠯᠡᠨ ᠲᠠᠷᠢᠬᠤ ᠳᠦᠷᠢᠮ ᠤᠨ | ᠬᠡᠷᠡᠭᠵᠢᠭᠦᠯᠦᠯᠲᠡ ᠨᠢ ᠲᠠᠷᠢᠶᠠᠨ ᠭᠠᠵᠠᠷ ᠤᠨ ᠶᠠᠰᠤ ᠴᠢᠨᠠᠷ ᠤᠨ ᠬᠤᠪᠢᠷᠠᠯᠲᠠ ᠳᠤ ᠦᠵᠡᠭᠦᠯᠦᠭᠰᠡᠨ ᠨᠥᠯᠥᠭᠡ ᠶᠢ | ᠡᠵᠡᠮᠰᠢᠨ᠎ᠠ᠃ | ᠬᠦᠲᠦᠯᠦᠭᠴᠢ᠄ | ᠲᠡᠭᠡᠪᠡᠯ ᠮᠠᠨ ᠤ ᠣᠷᠣᠨ ᠤ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠳᠦᠷᠢᠮ ᠤᠨ ᠲᠤᠷᠰᠢᠯᠲᠠ ᠶᠢᠨ | ᠠᠵᠢᠯ ᠢ ᠲᠤᠷᠰᠢᠬᠤ ᠣᠷᠣᠨ ᠪᠤᠯ︖ | ᠵᠢᠶᠠ ᠶᠤᠸᠠᠢ ᠹᠧᠩ᠄ | ᠭᠤᠤᠯᠳᠠᠭᠤ ᠮᠠᠨ ᠤ ᠣᠷᠣᠨ ᠤ ᠥᠨᠳᠥᠷ ᠥᠷᠭᠡᠷᠢᠭ ᠤᠨ ᠬᠦᠶᠲᠡᠨ ᠰᠡᠷᠢᠭᠦᠨ ᠣᠷᠣᠨ᠂ ᠲᠠᠷᠢᠶᠠᠯᠠᠩ ᠮᠠᠯ | ᠠᠵᠤ ᠠᠬᠤᠶ ᠰᠣᠯᠪᠢᠴᠠᠭᠰᠠᠨ ᠣᠷᠣᠨ ᠪᠠ ᠪᠦᠲᠦᠴᠡ ᠪᠠᠷ ᠳᠠᠩ ᠴᠤᠯᠭᠤᠢ ᠦᠷ᠎ᠡ ᠵᠠᠯᠭᠠᠭᠤᠯᠤᠨ ᠲᠠᠷᠢᠭᠰᠠᠨ | ᠬᠦᠨᠳᠦ ᠨᠣᠴᠢᠲᠠᠶ ᠭᠠᠵᠠᠷ ᠣᠷᠣᠨ ᠳᠤ ︽ᠨᠢᠭᠡ ᠵᠦᠢᠯ ᠤᠨ ᠲᠠᠷᠢᠮᠠᠯ ᠢᠶᠠᠷ ᠭᠤᠣᠯᠯᠠᠭᠤᠯᠵᠤ ᠤᠯᠠᠨ ᠵᠦᠢᠯ ᠤᠨ | ᠲᠠᠷᠢᠮᠠᠯ ᠢᠶᠠᠷ ᠳᠡᠳ᠋ᠯᠡᠭᠦᠯᠬᠦ︾ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ 200 ᠲᠦᠮᠡᠨ ᠮᠥ ᠲᠤᠷᠰᠢᠯᠲᠠ | ᠦᠷᠨᠢᠭᠦᠯᠵᠦ᠂ ᠡᠭᠦᠨ ᠳᠤ 2016 ᠣᠨ ᠤ 100 ᠲᠦᠮᠡᠨ ᠮᠦ ᠳᠡᠭᠡᠷ᠎ᠡ 2017 ᠣᠨ ᠳᠤ ᠰᠢᠨ᠎ᠡ ᠪᠠᠷ | ᠨᠡᠮᠡᠭᠰᠡᠨ 100 ᠲᠦᠮᠡᠨ ᠮᠦ ᠶᠢ ᠪᠠᠭᠲᠠᠭᠠᠪᠠ᠃ ᠡᠳᠡᠭᠡᠷ ᠨᠢ ᠲᠤᠰ ᠲᠤᠰ᠄ ᠬᠥᠯᠥᠨ ᠪᠤᠶᠢᠷ ᠬᠤᠲᠠ ᠶᠢᠨ ︵ᠠᠲᠠᠷ | ᠬᠠᠭᠠᠯᠪᠤᠷᠢᠯᠠᠭᠰᠠᠨ ᠭᠠᠵᠠᠷ ᠪᠠᠭᠲᠠᠨ᠎ᠠ︶ 65 ᠲᠦᠮᠡᠨ ᠮᠥ᠂ ᠬᠢᠩᠭᠠᠨ ᠠᠶᠢᠮᠠᠭ ᠤᠨ 25 ᠲᠦᠮᠡᠨ ᠮᠥ᠂ | ᠲᠦᠩᠯᠢᠶᠣᠤ ᠬᠤᠲᠠ ᠶᠢᠨ 40 ᠲᠦᠮᠡᠨ ᠮᠥ᠂ ᠤᠯᠠᠭᠠᠨᠬᠠᠳᠠ ᠬᠤᠲᠠ ᠶᠢᠨ 10 ᠲᠦᠮᠡᠨ ᠮᠦ᠂ ᠰᠢᠯᠢ ᠶᠢᠨ ᠭᠤᠣᠯ | ᠠᠶᠢᠮᠠᠭ ᠤᠨ 10 ᠲᠦᠮᠡᠨ ᠮᠦ᠂ ᠤᠯᠠᠭᠠᠨᠴᠠᠪ ᠬᠤᠲᠠ ᠶᠢᠨ 15 ᠲᠦᠮᠡᠨ ᠮᠦ᠂ ᠬᠥᠬᠡᠬᠤᠲᠠ ᠶᠢᠨ 5 ᠲᠦᠮᠡᠨ ᠮᠥ᠂ | ᠪᠤᠭᠤᠲᠤ ᠬᠤᠳᠠ ᠶᠢᠨ 5 ᠲᠦᠮᠡᠨ ᠮᠥ᠂ ᠤᠷᠳᠤᠰ ᠬᠤᠳᠠ ᠶᠢᠨ 10 ᠲᠦᠮᠡᠨ ᠮᠦ᠂ ᠪᠠᠶᠠᠨᠨᠠᠭᠤᠷ ᠬᠤᠳᠠ ᠶᠢᠨ | 10 ᠲᠦᠮᠡᠨ ᠮᠦ᠂ ᠠᠯᠠᠱᠠ ᠠᠶᠢᠮᠠᠭ ᠤᠨ 5 ᠲᠦᠮᠡᠨ ᠮᠥ ᠪᠤᠯᠤᠨ᠎ᠠ᠃ ᠡᠯ᠎ᠡ ᠭᠠᠵᠠᠷ ᠤᠨ ᠬᠢᠨ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠲᠤᠬᠠᠶ ᠶᠢᠨ ᠭᠠᠵᠠᠷ ᠤᠨ ᠢᠶᠠᠨ ᠪᠣᠳᠠᠲᠠᠶ ᠳᠤ ᠨᠡᠶᠢᠴᠡᠭᠰᠡᠨ ᠡᠭᠡᠯᠵᠢᠯᠡᠨ ᠳᠠᠷᠢᠬᠤ | ᠵᠠᠭᠪᠤᠷ ᠢ ᠲᠤᠭᠲᠠᠭᠠᠬᠤ ᠬᠡᠷᠡᠭᠲᠡᠢ᠃ | ᠬᠥᠲᠥᠯᠥᠭᠴᠢ᠄ | ᠮᠠᠨ ᠤ ᠣᠷᠣᠨ ᠤ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠳᠦᠷᠢᠮ ᠤᠨ ᠲᠤᠷᠰᠢᠯᠲᠠ ᠶᠢᠨ ᠴᠢᠭ᠋ ᠤᠨ | ᠠᠵᠢᠯ ᠤᠨ ᠮᠡᠷᠭᠡᠵᠢᠯ ᠤᠨ ᠠᠷᠭ᠎ᠠ ᠬᠡᠮᠵᠢᠶ᠎ᠡ ᠨᠢ ᠶᠠᠭᠤ ᠪᠤᠢ︖ | ᠵᠢᠶᠠ ᠶᠤᠸᠠᠢ ᠹᠧᠩ᠄ | ︽ᠨᠢᠭᠡ ᠵᠦᠢᠯ ᠤᠨ ᠲᠠᠷᠢᠮᠠᠯ ᠢᠶᠠᠷ ᠭᠤᠣᠯᠯᠠᠭᠤᠯᠵᠤ ᠤᠯᠡᠨ ᠵᠦᠢᠯ ᠤᠨ ᠲᠠᠷᠢᠮᠠᠯ ᠢᠶᠠᠷ ᠳᠡᠳ᠋ᠯᠡᠭᠦᠯᠬᠦ︾ | ᠵᠠᠭᠪᠤᠷ ᠢ ᠭᠤᠣᠯᠳᠠᠯᠭ᠎ᠠ ᠲᠠᠢ ᠳᠡᠯᠭᠡᠷᠡᠭᠦᠯᠦᠨ᠎ᠡ᠃ ︽ᠨᠢᠭᠡ ᠵᠦᠢᠯ ᠤᠨ ᠲᠠᠷᠢᠮᠠᠯ ᠢᠶᠠᠷ ᠭᠤᠤᠯᠯᠠᠭᠤᠯᠬᠤ︾᠄ | ᠲᠤᠬᠠᠶᠢᠯᠠᠪᠠᠯ ᠡᠷᠳᠡᠨᠢ ᠰᠢᠰᠢ ᠪᠠ ᠰᠢᠷ᠎ᠠ ᠪᠤᠷᠴᠠᠭ ᠢ ᠡᠭᠡᠯᠵᠢᠯᠡᠨ ᠲᠠᠷᠢᠵᠤ᠂ ᠰᠢᠷ᠎ᠠ ᠪᠤᠷᠴᠠᠭ ᠤᠨ ᠦᠨᠳᠦᠰᠦᠨ ᠤ | ᠪᠡᠳᠡᠬᠢ ᠶᠢᠨ ᠠᠽᠣᠲ ᠲᠤᠭᠲᠠᠭᠠᠵᠤ ᠲᠠᠷᠢᠶᠠᠨ ᠭᠠᠵᠠᠷ ᠢ ᠦᠩᠰᠢᠭᠦᠯᠬᠦ ᠦᠢᠯᠡᠳᠦᠯ ᠢ ᠪᠠᠳᠠᠷᠠᠭᠤᠯᠵᠤ᠂ | ᠬᠥᠷᠥᠰᠥᠨ ᠤ ᠥᠩ ᠰᠢᠮ᠎ᠡ ᠶᠢ ᠳᠡᠭᠡᠭᠰᠢᠯᠡᠭᠦᠯᠦᠨ᠂ ᠢᠳᠡᠰᠢᠨ ᠤ ᠰᠢᠯᠢᠳᠡᠭ ᠰᠢᠷ᠎ᠠ ᠪᠤᠷᠴᠠᠭ ᠤᠨ ᠬᠠᠩᠭᠠᠯᠭ᠎ᠠ ᠶᠢ | ᠨᠡᠮᠡᠭᠳᠡᠭᠦᠯᠬᠦ ᠪᠤᠯᠤᠨ᠎ᠠ᠃ ︽ᠤᠯᠡᠨ ᠵᠦᠢᠯ ᠤᠨ ᠲᠠᠷᠢᠮᠠᠯ ᠢᠶᠠᠷ ᠳᠡᠳ᠋ᠯᠡᠭᠦᠯᠬᠦ︾᠄ ᠲᠤᠬᠠᠶᠢᠯᠠᠪᠠᠯ ᠡᠷᠳᠡᠨᠢ ᠰᠢᠰᠢ | ᠬᠢᠭᠡᠳ ᠲᠥᠮᠥᠰᠥ᠂ ᠪᠤᠭᠤᠲᠠᠢ᠂ ᠲᠤᠰᠤᠯᠢᠭ ᠵᠦᠢᠯ᠂ ᠪᠦᠳᠦᠭᠦᠯᠢᠭ ᠠᠮᠤ ᠬᠤᠯᠢᠮᠠᠭ ᠪᠤᠷᠴᠠᠭ᠂ ᠴᠠᠷᠭᠠᠰᠤ᠂ | ᠲᠡᠵᠢᠭᠡᠯ ᠤᠨ ᠨᠣᠬᠠᠶ ᠶᠢᠨ ᠬᠤᠰᠢᠭᠤ ᠵᠡᠷᠭᠡ ᠲᠠᠷᠢᠮᠠᠯ ᠢ ᠡᠭᠡᠯᠵᠢᠯᠡᠨ ᠲᠠᠷᠢᠬᠤ ᠶᠢ ᠬᠡᠷᠡᠭᠵᠢᠭᠦᠯᠵᠦ᠂ ᠦᠷ᠎ᠡ | ᠵᠠᠯᠭᠠᠭᠤᠯᠤᠨ ᠲᠠᠷᠢᠬᠤ ᠪᠤᠶᠤ ᠦᠨᠵᠢᠭᠦᠯᠦᠨ ᠲᠠᠷᠢᠬᠤ ᠶᠢ ᠬᠤᠪᠢᠷᠠᠭᠤᠯᠵᠤ᠂ ᠰᠢᠷᠣᠶ ᠪᠠᠷ ᠲᠠᠷᠬᠠᠬᠤ ᠡᠪᠡᠳᠴᠢᠨ | ᠬᠤᠷᠣᠬᠠᠶ ᠶᠢᠨ ᠬᠥᠨᠥᠭᠡᠯ ᠢ ᠬᠥᠩᠭᠡᠷᠡᠭᠦᠯᠬᠦ᠂ ᠰᠢᠮ᠎ᠡ ᠲᠡᠵᠢᠭᠡᠯ ᠢ ᠠᠰᠢᠭᠯᠠᠬᠤ ᠶᠢ ᠲᠡᠩᠴᠡᠭᠦᠷᠢᠰᠢᠭᠦᠯᠦᠨ᠂ | ᠬᠦᠷᠦᠰᠦᠨ ᠤ ᠹᠢᠽᠢᠺ ᠤᠨ ᠰᠢᠨᠵᠢ ᠪᠠᠶᠢᠳᠠᠯ ᠢ ᠰᠠᠶᠢᠵᠢᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ | ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠲᠡᠵᠢᠭᠡᠬᠦ ᠪᠠᠷ ᠲᠠᠷᠢᠬᠤ ᠶᠢ ᠳᠠᠭᠠᠭᠤᠯᠬᠤ᠂ ᠲᠠᠷᠢᠬᠤ ᠪᠠᠷ | ᠲᠡᠵᠢᠭᠡᠬᠦ ᠶᠢ ᠠᠬᠢᠭᠤᠯᠬᠤ ᠶᠢ ᠲᠦᠯᠬᠢᠨ ᠠᠬᠢᠭᠤᠯᠤᠨ᠎ᠠ᠃ ᠡᠭᠦᠨ ᠤ ᠬᠠᠮᠲᠤ ᠣᠷᠣᠨ ᠨᠤᠲᠤᠭ ᠤᠨ ᠳᠠᠪᠠᠭᠤᠯᠢᠭ | ᠴᠢᠨᠠᠷ ᠲᠠᠢ ᠤᠨᠴᠠᠯᠢᠬᠳᠤ ᠲᠠᠷᠢᠮᠠᠯ ᠢ ᠪᠤᠰᠤᠳ ᠲᠠᠷᠢᠮᠠᠯ ᠯᠤᠭ᠎ᠠ ᠡᠭᠡᠯᠵᠢᠯᠡᠨ ᠲᠠᠷᠢᠬᠤ ᠵᠠᠭᠪᠤᠷ ᠢ ᠰᠦᠪᠡᠭᠴᠢᠯᠡᠨ | ᠥᠷᠨᠢᠭᠦᠯᠬᠦ ᠶᠢ ᠢᠳᠡᠪᠬᠢᠲᠡᠶ ᠪᠠᠷ ᠵᠣᠷᠢᠭᠵᠢᠭᠤᠯᠤᠨ᠎ᠠ᠃ | ᠬᠥᠲᠥᠯᠥᠭᠴᠢ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠶᠢᠨ ᠳᠠᠷᠠᠭᠠᠴᠢ ᠶᠢᠨ ᠠᠯᠬᠤᠮ ᠤᠨ | ᠭᠤᠣᠯᠳᠠᠯᠭ᠎ᠠ ᠲᠠᠢ ᠠᠵᠢᠯ ᠨᠢ ᠶᠠᠭᠤ ᠪᠤᠢ︖ | ᠵᠢᠶᠠ ᠶᠤᠸᠠᠢ ᠹᠧᠩ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠪᠣᠯ ᠡᠭᠦᠳᠦᠯᠲᠡ ᠶᠢᠨ ᠴᠢᠨᠠᠷᠲᠠᠶ | ᠠᠵᠢᠯ ᠮᠥᠨ᠃ ᠲᠤᠷᠰᠢᠯᠲᠠ ᠶᠢᠨ ᠠᠵᠢᠯ ᠢᠶᠠᠷ ᠲᠠᠪᠴᠠᠩ ᠪᠣᠯᠭᠠᠵᠤ᠂ ᠲᠠᠷᠢᠶᠠᠯᠠᠩ ᠤᠨ ᠤᠨᠤᠯᠵᠢᠬᠤᠨ ᠳᠤ | ᠰᠢᠨ᠎ᠡ ᠶᠢ ᠡᠭᠦᠳᠬᠦ᠂ ᠮᠡᠷᠭᠡᠵᠢᠯ ᠤᠨ ᠵᠠᠭᠪᠤᠷ ᠲᠤ ᠰᠢᠨ᠎ᠡ ᠶᠢ ᠡᠭᠦᠳᠬᠦ᠂ ᠤᠷᠤᠭᠤᠯᠤᠯᠲᠠ ᠭᠠᠷᠭᠠᠯᠲᠠ ᠶᠢᠨ ᠦᠷ᠎ᠡ | ᠠᠰᠢᠭ ᠤᠨ ᠵᠠᠭᠪᠤᠷ ᠲᠤ ᠰᠢᠨ᠎ᠡ ᠶᠢ ᠡᠭᠦᠳᠬᠦ᠂ ᠨᠡᠮᠡᠭᠦᠷᠢ ᠶᠢᠨ ᠲᠣᠭᠲᠠᠴᠠ ᠳᠤ ᠰᠢᠨ᠎ᠡ ᠶᠢ ᠡᠭᠦᠳᠬᠦ᠂ ᠠᠯᠤᠰ | ᠮᠡᠳᠡᠷᠡᠮᠵᠢ ᠶᠢᠨ ᠮᠡᠷᠭᠡᠵᠢᠯ ᠢᠶᠠᠷ ᠰᠠᠭᠤᠷᠢ ᠪᠣᠯᠭᠠᠭᠰᠠᠨ ᠬᠥᠳᠡᠭᠡ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ | ᠲᠣᠭᠲᠠᠴᠠ ᠶᠢᠨ ᠲᠠᠯ᠎ᠠ ᠪᠠᠷ ᠬᠢ ᠰᠢᠨ᠎ᠡ ᠡᠭᠦᠳᠦᠯᠲᠡ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ︽ᠨᠢᠭᠡ | ᠲᠠᠪᠴᠠᠩ ᠪᠠᠶᠢᠭᠤᠯᠵᠤ᠂ ᠲᠠᠪᠤᠨ ᠰᠢᠨ᠎ᠡ ᠶᠢ ᠡᠭᠦᠳᠬᠦ︾ ᠪᠠᠶᠢᠷᠢᠰᠢᠯ ᠢ ᠴᠤᠭᠴᠠᠯᠠᠨ ᠪᠠᠶᠢᠭᠤᠯᠬᠤ ᠬᠡᠷᠡᠭᠲᠡᠶ᠃ | ᠨᠢᠭᠡ ᠳᠤ ᠲᠠᠷᠢᠶᠠᠯᠠᠩ ᠤᠨ ᠤᠨᠤᠯᠵᠢᠬᠤᠨ ᠳᠤ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠲᠡᠶ᠃ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠥᠷᠨᠢᠭᠦᠯᠬᠦ ᠪᠠᠷ ᠳᠠᠮᠵᠢᠭᠤᠯᠤᠨ᠂ ᠣᠷᠣᠨ | ᠨᠤᠲᠤᠭ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠤᠨ ᠤᠨᠤᠯᠵᠢᠬᠤᠨ ᠢ ᠨᠢ ᠬᠤᠪᠢᠷᠠᠭᠤᠯᠵᠤ᠂ | ᠲᠤᠭ᠎ᠠ ᠬᠡᠮᠵᠢᠶ᠎ᠡ ᠶᠢ ᠴᠢᠬᠤᠯᠠᠴᠢᠯᠠᠵᠤ ᠪᠠᠶᠢᠭᠰᠠᠨ ᠠᠴᠠ ᠲᠤᠭ᠎ᠠ ᠬᠡᠮᠵᠢᠶ᠎ᠡ᠂ ᠶᠠᠰᠤ ᠴᠢᠨᠠᠷ ᠢ ᠵᠡᠷᠭᠡ ᠪᠠᠷ | ᠴᠢᠬᠤᠯᠠᠴᠢᠯᠠᠬᠤ ᠵᠦᠭ ᠬᠤᠪᠢᠷᠠᠭᠤᠯᠤᠨ᠂ ᠭᠠᠷᠤᠯᠲᠠ ᠪᠠ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠬᠡᠬᠦ᠂ | ᠦᠢᠯᠡᠳᠪᠦᠷᠢᠯᠡᠯ ᠠᠮᠢ ᠠᠬᠤᠢ ᠶᠢ ᠬᠠᠷᠢᠯᠴᠠᠨ ᠵᠣᠬᠢᠴᠠᠯᠳᠤᠭᠤᠯᠬᠤ ᠶᠢ ᠪᠡᠶᠡᠯᠡᠭᠦᠯᠬᠦ ᠬᠡᠷᠡᠭᠲᠡᠶ︔ ᠲᠠᠷᠢᠶᠠᠴᠢᠳ ᠢ | ᠬᠥᠲᠥᠯᠥᠨ ᠵᠢᠯᠣᠭᠤᠳᠴᠤ ᠪᠠᠶᠢᠭᠠᠳ ᠲᠠᠷᠢᠮᠠᠯ ᠲᠠᠷᠢᠬᠤ ᠳᠠᠳᠬᠠᠯ ᠢ ᠨᠢ ᠬᠤᠪᠢᠷᠠᠭᠤᠯᠵᠤ᠂ ᠢᠵᠢᠯ ᠨᠢᠭᠡ ᠭᠠᠵᠠᠷ ᠲᠤ | ᠵᠢᠯ ᠳᠠᠷᠠᠭᠠᠯᠠᠨ ᠠᠳᠠᠯᠢ ᠵᠦᠢᠯ ᠤᠨ ᠲᠠᠷᠢᠮᠠᠯ ᠲᠠᠷᠢᠬᠤ ᠪᠠᠶᠢᠳᠠᠯ ᠢ ᠦᠭᠡᠶᠢᠰᠭᠡᠨ᠂ ᠢᠯᠠᠩᠭᠤᠶ᠎ᠠ ᠲᠠᠷᠢᠶᠠᠴᠢᠳ ᠢ | ᠬᠥᠲᠥᠯᠥᠨ ᠵᠢᠯᠣᠭᠤᠳᠴᠤ ᠪᠠᠶᠢᠭᠠᠳ ︽ᠲᠡᠮᠦᠷ ᠡᠰᠢᠲᠦ ᠡᠷᠳᠡᠨᠢ ᠰᠢᠰᠢ︾ ᠲᠠᠷᠢᠬᠤ ᠳᠠᠳᠬᠠᠯ ᠢ ᠨᠢ | ᠬᠤᠪᠢᠷᠠᠭᠤᠯᠵᠤ᠂ ᠲᠠᠷᠢᠶᠠᠨ ᠭᠠᠵᠠᠷ ᠬᠡᠷᠡᠭᠯᠡᠵᠦ ᠦᠩᠰᠢᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠦᠨ᠎ᠡ᠃ | ᠬᠤᠶᠠᠷ ᠲᠤ ᠮᠡᠷᠭᠡᠵᠢᠯ ᠤᠨ ᠵᠠᠭᠪᠤᠷ ᠲᠤ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠲᠡᠢ᠃ | ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠳᠤ ᠲᠦᠰᠢᠭᠯᠡᠨ᠂ ᠲᠠᠷᠢᠶᠠᠯᠠᠬᠤ ᠳᠦᠷᠢᠮ ᠢ ᠰᠠᠶᠢᠵᠢᠷᠠᠭᠤᠯᠬᠤ ᠪᠠ | ᠮᠡᠷᠭᠡᠵᠢᠯ ᠤᠨ ᠵᠠᠭᠪᠤᠷ ᠲᠤ ᠰᠢᠨ᠎ᠡ ᠶᠢ ᠡᠭᠦᠳᠬᠦ ᠶᠢ ᠠᠬᠢᠭᠤᠯᠵᠤ᠂ ᠡᠬᠢ ᠪᠠᠶᠠᠯᠢᠭ ᠪᠠ ᠮᠡᠷᠭᠡᠵᠢᠯ᠂ ᠦᠢᠯᠡᠳᠪᠦᠷᠢᠯᠡᠯ | ᠪᠣᠯᠤᠨ ᠠᠮᠢ ᠠᠬᠤᠶ ᠶᠢᠨ ᠵᠤᠬᠢᠴᠠᠯᠳᠤᠯ ᠢ ᠪᠡᠶᠡᠯᠡᠭᠦᠯᠬᠦ ᠬᠡᠷᠡᠭᠲᠡᠶ᠃ ᠲᠠᠷᠢᠮᠠᠯ ᠤᠨ ᠭᠤᠤᠷᠰᠤ ᠶᠢ ᠰᠢᠯᠢᠳᠡᠭᠵᠢᠭᠦᠯᠵᠦ᠂ | ᠡᠷᠳᠡᠨᠢ ᠰᠢᠰᠢ ᠪᠠ ᠰᠢᠷ᠎ᠠ ᠪᠤᠷᠴᠠᠭ ᠵᠡᠷᠭᠡ ᠪᠤᠰᠤᠳ ᠵᠦᠢᠯ ᠤᠨ ᠲᠠᠷᠢᠮᠠᠯ ᠢ ᠡᠭᠡᠯᠵᠢᠯᠡᠨ ᠲᠠᠷᠢᠬᠤ ᠪᠠ ᠰᠡᠯᠭᠦᠭᠡᠨ | ᠲᠠᠷᠢᠬᠤ ᠶᠢ ᠬᠡᠷᠡᠭᠵᠢᠭᠦᠯᠵᠦ᠂ ᠭᠠᠵᠠᠷ ᠣᠷᠣᠨ ᠤ ᠤᠨᠴᠠᠯᠢᠭᠲᠤ ᠲᠠᠷᠢᠮᠠᠯ ᠢ ᠡᠭᠡᠯᠵᠢᠯᠡᠨ ᠲᠠᠷᠢᠬᠤ ᠵᠠᠭᠪᠤᠷ | ᠰᠦᠪᠡᠭᠴᠢᠯᠡᠬᠦ ᠶᠢ ᠵᠤᠷᠢᠭᠵᠢᠭᠤᠯᠤᠨ᠂ ᠦᠷ᠎ᠡ ᠵᠠᠯᠭᠠᠭᠤᠯᠤᠨ ᠲᠠᠷᠢᠬᠤ ᠪᠤᠶᠤ ᠦᠨᠵᠢᠭᠦᠯᠦᠨ ᠲᠠᠷᠢᠬᠤ ᠶᠢᠨ ᠰᠠᠭᠠᠳ ᠢ | ᠬᠥᠩᠭᠡᠯᠡᠵᠦ᠂ ᠲᠠᠷᠢᠶᠠᠨ ᠭᠠᠵᠠᠷ ᠤᠨ ᠰᠢᠮ᠎ᠡ ᠲᠡᠵᠢᠭᠡᠯ ᠢ ᠠᠰᠢᠭᠯᠠᠬᠤ ᠶᠢ ᠲᠡᠩᠴᠡᠭᠦᠷᠢᠰᠢᠭᠦᠯᠦᠨ᠎ᠡ᠃ ᠣᠷᠣᠨ ᠪᠦᠰᠡ | ᠬᠤᠪᠢᠶᠠᠨ᠂ ᠦᠷ᠎ᠡ ᠡᠭᠦᠯᠳᠡᠷ ᠬᠤᠪᠢᠶᠠᠨ ᠬᠤᠷᠠᠮᠠᠯ ᠪᠦᠭᠡᠳ ᠪᠣᠬᠢᠷᠲᠤᠯ ᠦᠭᠡᠢ ᠥᠨᠳᠥᠷ ᠦᠷ᠎ᠡ ᠠᠰᠢᠭ ᠲᠠᠢ | ᠮᠡᠷᠭᠡᠵᠢᠯ ᠤᠨ ᠵᠠᠭᠪᠤᠷ ᠢ ᠰᠦᠪᠡᠭᠴᠢᠯᠡᠵᠦ᠂ ᠣᠷᠣᠯᠠᠬᠤ ᠦᠷ᠎ᠡ ᠡᠭᠦᠯᠳᠡᠷ ᠪᠣᠯᠤᠨ ᠠᠮᠢ ᠠᠬᠤᠶ ᠶᠢᠨ ᠨᠦᠭᠦᠴᠡᠯ ᠢ | ᠬᠠᠷᠢᠯᠴᠠᠨ ᠵᠤᠬᠢᠴᠠᠭᠤᠯᠬᠤ᠂ ᠲᠠᠷᠢᠶᠠᠯᠠᠩ ᠤᠨ ᠮᠠᠰᠢᠨ ᠪᠠ ᠲᠠᠷᠢᠶᠠᠯᠠᠩ ᠤᠨ ᠮᠡᠷᠭᠡᠰᠢᠯ ᠤᠨ ᠬᠠᠷᠢᠯᠴᠠᠨ | ᠠᠭᠤᠰᠤᠯᠴᠠᠬᠤ ᠶᠢ ᠠᠬᠢᠭᠤᠯᠤᠨ᠎ᠠ᠃ | ᠭᠤᠷᠪᠠ ᠳᠤ ᠤᠷᠤᠭᠤᠯᠤᠯᠲᠠ ᠭᠠᠷᠭᠠᠯᠲᠠ ᠶᠢᠨ ᠦᠷ᠎ᠡ ᠠᠰᠢᠭ ᠤᠨ ᠵᠠᠭᠪᠤᠷ ᠲᠤ ᠰᠢᠨ᠎ᠡ ᠶᠢ ᠡᠭᠦᠳᠬᠦ ᠶᠢ | ᠬᠦᠴᠦᠯᠡᠨ ᠠᠬᠢᠭᠤᠯᠬᠤ ᠬᠡᠷᠡᠭᠲᠡᠢ᠃ ᠦᠩᠭᠡᠷᠡᠭᠰᠡᠨ ᠤ ᠬᠦᠴᠦᠨ ᠵᠦᠢᠯ ᠤᠨ ᠣᠷᠣᠭᠤᠯᠤᠯᠲᠠ ᠶᠢ ᠴᠢᠬᠤᠯᠠᠴᠢᠯᠠᠬᠤ | ᠪᠦᠳᠦᠭᠦᠯᠢᠭ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠵᠤ᠂ ᠥᠪᠡᠷ ᠤᠨ ᠥᠷᠲᠡᠭ ᠢ ᠪᠠᠭᠤᠷᠠᠭᠤᠯᠵᠤ | ᠬᠤᠷᠣᠭᠳᠠᠭᠤᠯᠤᠯ ᠢ ᠳᠣᠷᠣᠭᠰᠢᠯᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ | ᠬᠠᠮᠤᠭ ᠤᠨ ᠰᠢᠯᠢᠳᠡᠭ ᠤᠷᠤᠭᠤᠯᠤᠯᠲᠠ ᠭᠠᠷᠭᠠᠯᠲᠠ ᠶᠢᠨ ᠬᠡᠪ ᠵᠠᠭᠪᠤᠷ ᠢ ᠰᠦᠪᠡᠭᠴᠢᠯᠡᠨ᠎ᠡ᠃ ︽ᠳᠦᠷᠪᠡ ᠶᠢ | ᠠᠬᠢᠭᠤᠯᠵᠤ ᠳᠦᠷᠪᠡ ᠶᠢ ᠡᠵᠡᠮᠳᠡᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠠᠵᠠᠷ ᠤᠨ ᠬᠦᠴᠦ ᠰᠢᠮ᠎ᠡ ᠶᠢ | ᠳᠡᠭᠡᠭᠰᠢᠯᠡᠭᠦᠯᠬᠦ ᠶᠢ ᠠᠬᠢᠭᠤᠯᠵᠤ ᠪᠤᠷᠳᠤᠭᠤᠷ ᠢ ᠡᠵᠡᠮᠳᠡᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ᠂ | ᠨᠢᠭᠡᠳᠦᠯᠲᠡᠶ ᠰᠡᠷᠭᠡᠶᠢᠯᠡᠵᠦ ᠵᠠᠰᠠᠬᠤ ᠶᠢ ᠠᠬᠢᠭᠤᠯᠵᠤ ᠡᠮ ᠢ ᠡᠵᠡᠮᠳᠡᠨ ᠬᠦᠨᠦᠭᠡᠯ ᠢ ᠪᠠᠭᠠᠰᠬᠠᠬᠤ ᠶᠢ ᠪᠡᠶᠡᠯᠡᠭᠦᠯᠬᠦ᠂ | ᠥᠨᠳᠥᠷ ᠦᠷ᠎ᠡ ᠪᠦᠲᠦᠮᠵᠢᠲᠡᠶ ᠪᠠᠷ ᠤᠰᠤ ᠠᠷᠪᠢᠯᠠᠬᠤ ᠶᠢ ᠠᠬᠢᠭᠤᠯᠵᠤ ᠤᠰᠤ ᠶᠢ ᠡᠵᠡᠮᠳᠡᠨ ᠬᠤᠷᠣᠭᠳᠠᠯ ᠢ | ᠪᠠᠭᠠᠰᠬᠠᠬᠤ ᠶᠢ ᠪᠡᠶᠡᠯᠡᠭᠦᠯᠵᠦ᠂ ᠬᠢᠯᠪᠠᠷ ᠳᠦᠬᠦᠮᠬᠡᠨ ᠢᠶᠠᠷ ᠲᠠᠷᠢᠬᠤ ᠶᠢ ᠠᠬᠢᠭᠤᠯᠵᠤ ᠪᠦᠷᠬᠦᠭᠦᠯ ᠢ ᠡᠵᠡᠮᠳᠡᠨ ᠦᠷ᠎ᠡ | ᠠᠰᠢᠭ ᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ | ᠪᠠᠶᠠᠯᠢᠭᠵᠢᠭᠤᠯᠵᠤ᠂ ᠪᠦᠷᠢᠨᠰᠢᠭᠦᠯᠵᠦ᠂ ᠨᠠᠷᠢᠯᠢᠭᠵᠢᠭᠤᠯᠵᠤ᠂ ᠭᠠᠷᠤᠯᠲᠠ ᠪᠠ ᠦᠷ᠎ᠡ ᠠᠰᠢᠭ ᠢ ᠨᠡᠮᠡᠭᠳᠡᠭᠦᠯᠬᠦ᠂ | ᠦᠪᠡᠷ ᠤᠨ ᠦᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠪᠣᠬᠢᠷᠲᠤᠯ ᠦᠭᠡᠢ ᠤᠨᠠᠯᠲᠠ | ᠰᠠᠶᠢᠲᠠᠢ ᠥᠨᠳᠥᠷ ᠦᠷ᠎ᠡ ᠠᠰᠢᠭ ᠪᠦᠬᠦᠢ ᠡᠭᠦᠳᠦᠯᠲᠡ ᠬᠡᠷᠡᠭᠵᠢᠭᠦᠯᠬᠦ ᠲᠠᠢ ᠤᠶᠠᠯᠳᠤᠭᠤᠯᠤᠨ᠂ | ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠠᠬᠢᠭᠤᠯᠤᠨ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ | ᠨᠡᠷᠡᠳᠥ ᠲᠡᠮᠳᠡᠭᠲᠦ ᠡᠭᠦᠳᠬᠦ ᠪᠠᠨ ᠲᠦᠷᠭᠡᠳᠬᠡᠵᠦ᠂ ᠪᠣᠬᠢᠷᠲᠤᠯ ᠦᠭᠡᠢ ᠴᠢᠨᠠᠷ ᠰᠠᠶᠢᠲᠠᠶ ᠲᠠᠷᠢᠶᠠᠯᠠᠩ ᠤᠨ | ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠴᠢᠨᠠᠷ ᠢᠶᠠᠷ ᠰᠠᠶᠢᠲᠠᠢ ᠦᠨ᠎ᠡ ᠪᠠᠷ ᠲᠤᠬᠢᠲᠠᠢ ᠪᠤᠯᠭᠠᠵᠤ᠂ ᠶᠠᠰᠤ | ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | ᠲᠦᠷᠪᠡ ᠳᠤ᠂ ᠨᠡᠮᠡᠭᠦᠷᠢ ᠶᠢᠨ ᠲᠣᠭᠲᠠᠴᠠ ᠳᠤ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠲᠡᠢ᠃ | ᠪᠣᠬᠢᠷᠲᠤᠯ ᠦᠭᠡᠢ ᠠᠮᠢ ᠠᠬᠤᠶ ᠪᠠᠷ ᠤᠳᠤᠷᠢᠳᠤᠮᠵᠢ ᠪᠣᠯᠭᠠᠭᠰᠠᠨ ᠲᠠᠷᠢᠶᠠᠯᠠᠩ ᠤᠨ ᠨᠡᠮᠡᠭᠦᠷᠢ ᠤᠯᠭᠤᠬᠤ ᠲᠦᠷᠢᠮ ᠢ | ᠨᠠᠶᠢᠳᠠᠪᠤᠷᠢᠵᠢᠭᠤᠯᠵᠤ᠂ ᠡᠭᠡᠯᠵᠢᠯᠡᠨ ᠳᠠᠷᠢᠬᠤ ᠳᠤ ᠨᠡᠮᠡᠭᠦᠷᠢ ᠤᠯᠭᠤᠬᠤ ᠲᠣᠭᠲᠠᠴᠠ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠬᠦ ᠬᠡᠷᠡᠭᠲᠡᠶ᠃ ᠲᠠᠷᠢᠶᠠᠴᠢᠳ ᠤᠨ ᠣᠷᠣᠯᠭ᠎ᠠ ᠶᠢ ᠨᠥᠯᠥᠭᠡᠯᠡᠬᠦ ᠦᠭᠡᠢ ᠤᠷᠢᠲᠠᠯ ᠳᠤᠤᠷ᠎ᠠ᠂ | ᠡᠭᠡᠯᠵᠢᠯᠡᠨ ᠲᠠᠷᠢᠬᠤ ᠡᠭᠦᠷᠭᠡ ᠶᠢ ᠳᠠᠭᠠᠭᠠᠭᠰᠠᠨ ᠲᠠᠷᠢᠶᠠᠴᠢᠨ ᠡᠷᠦᠬᠡ ᠳᠤ ᠤᠤᠯ ᠤᠨ ᠲᠠᠷᠢᠭᠰᠠᠨ ᠲᠠᠷᠢᠮᠠᠯ ᠤᠨ | ᠠᠰᠢᠭ ᠤᠷᠤᠯᠭ᠎ᠠ ᠶᠣᠰᠣᠭᠠᠷ ᠴᠢᠬᠤᠯᠠ ᠪᠥᠬᠦᠢ ᠨᠡᠮᠡᠭᠦᠷᠢ ᠣᠯᠭᠤᠵᠤ᠂ ᠡᠭᠡᠯᠵᠢᠯᠡᠨ ᠲᠠᠷᠢᠭᠰᠠᠨ ᠤ ᠳᠠᠷᠠᠭᠠᠬᠢ ᠠᠰᠢᠭ | ᠤᠷᠤᠯᠭ᠎ᠠ ᠶᠢ ᠬᠠᠰᠤᠭᠳᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ | ᠬᠦᠲᠦᠯᠦᠭᠴᠢ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠶᠢᠨ ᠠᠵᠢᠯ ᠢ ᠤᠷᠤᠭᠰᠢᠲᠠᠶ | ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠮᠠᠨ ᠤ ᠣᠷᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | ᠵᠢᠶ᠋ᠨ ᠶᠤᠸᠠᠢ ᠹᠧᠩ᠄ | ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠦᠷᠤᠯ ᠵᠦᠢᠯ ᠤᠨ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠨᠢᠭᠡᠨᠲᠡ | ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠢ ᠳᠡᠳ᠋ ᠲᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ | ᠪᠣᠯᠭᠠᠭᠰᠠᠨ 10 ᠰᠠᠯᠠᠭ᠎ᠠ ᠮᠥᠴᠢᠷ ᠬᠠᠮᠲᠤᠷᠠᠨ ᠠᠵᠢᠯᠯᠠᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠨᠢ ᠬᠤᠪᠢᠳᠠᠨ ᠬᠠᠮᠢᠶᠠᠷᠴᠤ ᠪᠦᠬᠦᠢ | ᠳᠡᠳ᠋ ᠲᠢᠩᠬᠢᠮ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠲᠤᠷᠰᠢᠯᠲᠠ ᠶᠢᠨ ᠠᠵᠢᠯ ᠢ | ᠵᠣᠬᠢᠴᠠᠭᠤᠯᠬᠤ ᠲᠤᠰᠬᠠᠶ ᠮᠡᠷᠭᠡᠵᠢᠯᠲᠡᠨ ᠤ ᠵᠢᠯᠣᠭᠤᠳᠬᠤ ᠳᠤᠭᠤᠶᠢᠯᠠᠩ ᠪᠠᠶᠢᠭᠤᠯᠪᠠ᠃ ᠡᠯ᠎ᠡ ᠬᠤᠯᠪᠣᠭᠳᠠᠯ ᠪᠥᠬᠦᠢ | ᠠᠶᠢᠮᠠᠭ ᠬᠤᠳᠠ ᠨᠤᠭᠤᠳ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠤᠷᠰᠢᠯᠲᠠ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ | ᠪᠥᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠪᠠ︔ | ᠬᠤᠰᠢᠭᠤ ᠰᠢᠶᠠᠨ ᠨᠤᠭᠤᠳ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ | ᠪᠣᠯᠭᠠᠭᠰᠠᠨ ᠤᠳᠤᠷᠢᠳᠬᠤ ᠳᠤᠭᠤᠶᠢᠯᠠᠩ ᠪᠣᠯᠣᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ | ᠪᠠᠷ ᠮᠡᠷᠭᠡᠵᠢᠯ ᠤᠨ ᠬᠠᠷᠢᠭᠤᠴᠠᠯᠭᠠᠲᠠᠨ ᠪᠣᠯᠭᠠᠭᠰᠠᠨ ᠲᠤᠰᠬᠠᠶ ᠮᠡᠷᠭᠡᠵᠢᠯᠲᠡᠨ ᠤ ᠵᠢᠯᠣᠭᠤᠳᠬᠤ ᠳᠤᠭᠤᠶᠢᠯᠠᠩ ᠢ | ᠪᠠᠶᠢᠭᠤᠯᠵᠤ᠂ ᠭᠤᠷᠪᠠᠨ ᠱᠠᠲᠤᠨ ᠤ ᠠᠮᠠᠯᠠᠯᠲᠠ ᠶᠢ ᠦᠨᠡᠨᠬᠦ ᠪᠠᠲᠤᠯᠠᠨ᠂ ᠬᠠᠷᠢᠭᠤᠴᠠᠯᠭ᠎ᠠ ᠶᠢ ᠬᠦᠮᠦᠨ ᠪᠦᠬᠦᠨ ᠳᠤ | ᠨᠠᠶᠢᠳᠠᠪᠤᠷᠢᠵᠢᠭᠤᠯᠵᠦ ᠪᠠᠶᠢᠨ᠎ᠠ᠃ | ᠬᠤᠶᠠᠷ ᠲᠤ ᠠᠵᠢᠯ ᠤᠨ ᠲᠥᠰᠦᠯ ᠢᠶᠠᠨ ᠲᠣᠭᠲᠠᠭᠠᠵᠤ᠂ ᠡᠭᠦᠷᠭᠡ ᠶᠢ ᠠᠬᠢᠭᠤᠯᠬᠤ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠪᠠ᠃ ᠠᠶᠢᠮᠠᠭ ᠬᠤᠳᠠ ᠨᠤᠭᠤᠳ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠥᠰᠦᠯ ᠤᠨ | ᠱᠠᠭᠠᠷᠳᠠᠯᠭ᠎ᠠ ᠶᠢ ᠦᠨᠳᠦᠰᠦᠯᠡᠨ᠂ ᠠᠬᠢᠭᠤᠯᠬᠤ ᠪᠣᠳᠠᠲᠠᠶ ᠲᠥᠰᠦᠯ ᠢ ᠲᠦᠷᠭᠡᠬᠡᠨ ᠲᠣᠭᠲᠠᠭᠠᠵᠤ᠂ ᠠᠬᠢᠭᠤᠯᠬᠤ | ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠬᠡᠷᠡᠭᠵᠢᠭᠦᠯᠬᠦ ᠠᠭᠤᠯᠭ᠎ᠠ᠂ ᠲᠤᠷᠰᠢᠯᠲᠠ ᠶᠢᠨ ᠣᠷᠣᠨ ᠪᠦᠰᠡ᠂ | ᠮᠡᠷᠭᠡᠵᠢᠯ ᠤᠨ ᠠᠷᠭ᠎ᠠ ᠵᠠᠮ᠂ ᠨᠡᠮᠡᠭᠦᠷᠢ ᠣᠯᠭᠤᠬᠤ ᠠᠵᠢᠯᠯᠠᠭᠠᠨ ᠤ ᠠᠷᠭ᠎ᠠ ᠮᠠᠶ᠋ᠢᠭ᠂ ᠪᠠᠲᠤᠯᠠᠬᠤ ᠠᠷᠭ᠎ᠠ ᠬᠡᠮᠵᠢᠶ᠎ᠡ | ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ᠲᠤᠷᠰᠢᠯᠲᠠ ᠬᠢᠬᠦ ᠬᠤᠰᠢᠭᠤ ᠰᠢᠶᠠᠨ ᠨᠤᠭᠤᠳ ᠨᠢ ᠦᠨᠳᠦᠰᠦᠨ | ᠵᠠᠷᠴᠢᠮ ᠶᠣᠰᠣᠭᠠᠷ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠣᠳᠠᠲᠠᠶ ᠨᠠᠶᠢᠳᠠᠪᠤᠷᠢᠵᠢᠭᠤᠯᠤᠯᠲᠠ ᠶᠢᠨ | ᠲᠥᠰᠦᠯ ᠢᠶᠠᠨ ᠲᠣᠭᠲᠠᠭᠠᠬᠤ ᠬᠡᠷᠡᠭᠲᠡᠢ᠃ | ᠭᠤᠷᠪᠠ ᠳᠤ ᠵᠥᠪᠯᠡᠯᠴᠡᠭᠡᠷ ᠲᠣᠭᠲᠠᠭᠠᠬᠤ ᠶᠢ ᠵᠢᠷᠤᠮᠵᠢᠭᠤᠯᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ | ᠪᠦᠷᠢᠨᠰᠢᠭᠦᠯᠪᠡ᠃ ᠲᠤᠷᠰᠢᠯᠲᠠ ᠶᠢᠨ ᠬᠤᠰᠢᠭᠤ ᠰᠢᠶᠠᠨ ᠨᠢ ᠳᠠᠩᠰᠠ ᠡᠪᠬᠡᠮᠡᠯ ᠤᠨ ᠬᠠᠮᠢᠶᠠᠷᠤᠯᠲᠠ ᠪᠠᠨ | ᠪᠦᠷᠢᠨᠰᠢᠭᠦᠯᠵᠦ᠂ ︽ᠳᠥᠷᠪᠡᠨ ᠪᠠᠶᠢᠬᠤ︾ ᠶᠢ ᠪᠡᠶᠡᠯᠡᠭᠦᠯᠪᠡ᠂ ᠲᠤᠬᠠᠶᠢᠯᠠᠪᠠᠯ᠄ ᠡᠭᠡᠯᠵᠢᠯᠡᠨ ᠲᠠᠷᠢᠬᠤ ᠭᠠᠵᠠᠷ | ᠲᠠᠷᠢᠶ᠎ᠠ ᠶᠢᠨ ᠳᠣᠯᠪᠣᠲᠣ ᠵᠢᠷᠤᠭ ᠬᠠᠳᠠᠭᠰᠠᠨ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠤᠨ ᠵᠢᠷᠤᠭ | ᠪᠠᠶᠢᠬᠤ᠂ ᠵᠥᠪᠯᠡᠯᠴᠡᠭᠡᠷ ᠪᠠᠶᠢᠬᠤ᠂ ᠠᠵᠢᠯ ᠤᠨ ᠲᠥᠰᠦᠯ ᠪᠠᠶᠢᠬᠤ᠂ ᠮᠡᠷᠭᠡᠵᠢᠯ ᠤᠨ ᠲᠥᠰᠦᠯ ᠪᠠᠶᠢᠬᠤ ᠶᠢ ᠵᠢᠭᠠᠨ᠎ᠠ᠃ | ᠵᠥᠪᠯᠡᠯᠴᠡᠭᠡᠷ ᠢ ᠵᠠᠷᠴᠢᠮ ᠳᠡᠭᠡᠷ᠎ᠡ ᠪᠠᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ | ᠲᠠᠷᠢᠶᠠᠴᠢᠨ ᠡᠷᠦᠬᠡ ︵ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ︶ ᠯᠦᠭᠡ ᠲᠣᠭᠲᠠᠭᠠᠵᠤ᠂ ᠭᠤᠷᠪᠠᠨ | ᠵᠢᠯ ᠤᠨ ᠡᠭᠡᠯᠵᠢᠯᠡᠨ ᠳᠠᠷᠢᠬᠤ ᠵᠠᠭᠪᠤᠷ᠂ ᠬᠠᠮᠢᠶ᠎ᠠ ᠪᠦᠬᠦᠢ ᠡᠷᠬᠡ᠂ ᠬᠠᠷᠢᠭᠤᠴᠠᠯᠭ᠎ᠠ ᠪᠣᠯᠣᠨ ᠡᠭᠦᠷᠭᠡ ᠶᠢ | ᠲᠣᠳᠣᠷᠬᠠᠶᠢᠯᠠᠨ᠂ ᠲᠤᠷᠰᠢᠯᠲᠠ ᠶᠢᠨ ᠠᠵᠢᠯ ᠤᠨ ᠬᠠᠤᠯᠢ ᠲᠣᠭᠲᠠᠭᠠᠯ ᠶᠣᠰᠣᠭᠠᠷ ᠡᠮᠬᠢ ᠵᠢᠷᠤᠮ ᠲᠠᠢ ᠥᠷᠨᠢᠬᠦ ᠶᠢ | ᠦᠨᠡᠨᠬᠦ ᠪᠠᠲᠤᠯᠠᠵᠦ᠂ ᠵᠥᠪᠯᠡᠯᠴᠡᠭᠡᠷ ᠢ ᠠᠳᠠᠯᠢᠬᠠᠨ ᠬᠤᠶᠠᠷ ᠬᠤᠪᠢ ᠭᠠᠷᠭᠠᠨ᠂ ᠲᠤᠰ ᠲᠤᠰ ᠬᠤᠰᠢᠭᠤ ᠰᠢᠶᠠᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠣᠯᠣᠨ ᠲᠠᠷᠢᠶᠠᠴᠢᠨ ᠡᠷᠦᠬᠡ ᠳᠤ ᠬᠠᠳᠠᠭᠠᠯᠠᠭᠤᠯᠵᠤ᠂ ᠡᠯ᠎ᠡ | ᠭᠠᠵᠠᠷ ᠤᠨ ᠬᠢᠨ ᠴᠦ ᠠᠵᠢᠯ ᠤᠨ ᠬᠡᠷᠡᠭᠴᠡᠭᠡ ᠪᠠᠨ ᠦᠨᠳᠦᠰᠦᠯᠡᠨ ᠳᠡᠰ ᠳᠠᠷᠠᠭᠠᠯᠠᠯ ᠢᠶᠠᠨ ᠨᠠᠷᠢᠯᠢᠭᠵᠢᠭᠤᠯᠵᠤ ᠪᠠᠶᠢᠨ᠎ᠠ᠃ | ᠭᠠᠴᠠᠭᠠᠨ ᠤ ᠱᠠᠲᠤ ᠨᠢ ᠡᠭᠡᠯᠵᠢᠯᠡᠨ ᠲᠠᠷᠢᠬᠤ ᠲᠤᠷᠰᠢᠯᠲᠠ ᠶᠢᠨ ᠲᠠᠷᠢᠶᠠᠴᠢᠨ ᠡᠷᠦᠬᠡ ᠶᠢᠨ ᠡᠭᠡ ᠲᠠᠩᠰᠠ ᠶᠢ | ᠪᠠᠶᠢᠭᠤᠯᠬᠤ ᠶᠢᠨ ᠬᠠᠮᠲᠤ ᠮᠡᠳᠡᠭᠡ ᠵᠠᠩᠭᠢ ᠶᠢ ᠢᠯᠡ ᠨᠡᠶᠢᠲᠡᠯᠡᠵᠦ᠂ ᠡᠭᠦᠨ ᠳᠤ ᠲᠠᠷᠢᠶᠠᠴᠢᠨ ᠡᠷᠦᠬᠡ ᠶᠢᠨ ᠨᠡᠷ᠎ᠡ᠂ | ᠭᠠᠵᠠᠷ ᠲᠠᠷᠢᠶ᠎ᠠ ᠶᠢᠨ ᠪᠠᠶᠢᠷᠢᠰᠢᠯ᠂ ᠳᠡᠯᠡᠪᠡᠢ᠂ ᠳᠥᠷᠪᠡᠨ ᠲᠠᠯ᠎ᠠ ᠶᠢᠨ ᠣᠷᠣᠨ ᠪᠠᠶᠢᠷᠢᠰᠢᠯ ᠪᠣᠯᠣᠨ ᠨᠡᠮᠡᠭᠦᠷᠢ | ᠣᠯᠭᠤᠬᠤ ᠵᠣᠭᠤᠰ ᠤᠨ ᠲᠤᠭ᠎ᠠ ᠵᠡᠷᠭᠡ ᠠᠭᠤᠯᠭ᠎ᠠ ᠶᠢ ᠪᠠᠭᠲᠠᠭᠠᠵᠤ᠂ ᠢᠯᠡ ᠲᠣᠳᠣ ᠪᠠᠶᠢᠯᠭᠠᠬᠤ ᠶᠢ ᠦᠨᠡᠨᠬᠦ | ᠪᠠᠲᠤᠯᠠᠬᠤ ᠬᠡᠷᠡᠭᠲᠡᠢ᠃ | ᠲᠦᠷᠪᠡ ᠳᠤ ᠮᠡᠷᠭᠡᠵᠢᠯ ᠤᠨ ᠦᠢᠯᠡᠴᠢᠯᠡᠭᠡ ᠶᠢ ᠴᠢᠩᠭᠠᠷᠠᠭᠤᠯᠵᠤ᠂ ᠲᠦᠷᠦ ᠶᠢᠨ ᠪᠤᠳᠤᠯᠭ᠎ᠠ ᠶᠢᠨ | ᠤᠬᠠᠭᠤᠯᠭ᠎ᠠ ᠶᠢ ᠰᠠᠶᠢᠲᠤᠷ ᠬᠢᠪᠡ᠃ ᠠᠶᠢᠮᠠᠭ ᠬᠤᠳᠠ᠂ ᠬᠤᠰᠢᠭᠤ ᠰᠢᠶᠠᠨ ᠨᠤᠭᠤᠳ ᠲᠤᠷᠰᠢᠯᠲᠠ ᠬᠢᠵᠦ ᠵᠢᠱᠢᠶ᠎ᠡ | ᠦᠵᠡᠭᠦᠯᠬᠦ ᠠᠵᠢᠯᠯᠠᠭ᠎ᠠ ᠶᠢ ᠬᠠᠨᠳᠤᠯᠭᠠᠲᠤ ᠴᠢᠨᠠᠷ ᠲᠠᠢ ᠪᠠᠷ ᠦᠷᠨᠢᠭᠦᠯᠵᠦ᠂ ᠪᠣᠳᠠᠲᠤ ᠪᠠᠶᠢᠳᠠᠯ ᠳᠤ ᠨᠡᠶᠢᠴᠡᠬᠦ | ᠳᠡᠯᠭᠡᠷᠡᠭᠦᠯᠵᠦ ᠳᠠᠭᠤᠷᠢᠶᠠᠵᠤ ᠪᠣᠯᠬᠤᠶᠢᠴᠠ ᠡᠭᠡᠯᠵᠢᠯᠡᠨ ᠲᠠᠷᠢᠬᠤ ᠮᠡᠷᠭᠡᠵᠢᠯ ᠤᠨ ᠵᠠᠭᠪᠤᠷ ᠢ ᠰᠦᠪᠡᠭᠴᠢᠯᠡᠨ ᠳ᠋ᠦᠩᠨᠡᠬᠦ | ᠬᠡᠷᠡᠭᠲᠡᠢ᠃ ᠮᠡᠷᠭᠡᠵᠢᠯ ᠤᠨ ᠪᠣᠯᠪᠠᠰᠤᠷᠠᠭᠤᠯᠤᠯ ᠤᠨ ᠦᠢᠯᠡᠴᠢᠯᠡᠭᠡ ᠶᠢ ᠢᠳᠡᠪᠬᠢᠲᠡᠶ ᠪᠠᠷ ᠥᠷᠨᠢᠭᠦᠯᠵᠦ᠂ | ᠲᠠᠷᠢᠶᠠᠴᠢᠳ ᠢ ᠵᠢᠯᠣᠭᠤᠳᠤᠨ ᠮᠡᠷᠭᠡᠵᠢᠯ ᠤᠨ ᠠᠷᠭ᠎ᠠ ᠳᠡᠮ ᠢ ᠠᠯᠢ ᠲᠥᠷᠭᠡᠨ ᠢᠶᠠᠷ ᠡᠵᠡᠮᠰᠢᠭᠦᠯᠦᠨ᠂ ᠮᠧᠬᠠᠨᠢᠭ | ᠪᠠᠭᠠᠵᠢ ᠶᠢ ᠥᠭᠡᠷᠡᠴᠢᠯᠡᠨ ᠲᠣᠨᠣᠭᠯᠠᠵᠤ ᠢᠵᠢ ᠪᠦᠷᠢᠳᠦᠭᠦᠯᠬᠦ ᠠᠵᠢᠯ ᠢ ᠰᠠᠶᠢᠲᠤᠷ ᠬᠢᠵᠦ᠂ ᠣᠷᠣᠯᠠᠭᠤᠯᠬᠤ | ᠲᠠᠷᠢᠮᠠᠯ ᠤᠨ ᠦᠷ᠎ᠡ ᠶᠢ ᠨᠠᠶᠢᠳᠠᠪᠤᠷᠢᠵᠢᠭᠤᠯᠤᠨ᠂ ᠡᠭᠡᠯᠵᠢᠯᠡᠨ ᠲᠠᠷᠢᠬᠤ ᠵᠠᠩᠭᠢᠯᠠᠭ᠎ᠠ ᠶᠢᠨ ᠮᠡᠷᠭᠡᠵᠢᠯ ᠢ | ᠨᠠᠶᠢᠳᠠᠪᠤᠷᠢᠵᠢᠭᠤᠯᠬᠤ ᠬᠡᠷᠡᠭᠲᠡᠢ᠃ ᠵᠠᠭᠤᠴᠢᠯᠠᠭᠤᠷ ᠤᠳ ᠢ ᠭᠦᠢᠴᠡᠳ ᠠᠰᠢᠭᠯᠠᠨ᠂ ᠲᠦᠷᠦ ᠶᠢᠨ ᠪᠤᠳᠤᠯᠭ᠎ᠠ ᠶᠢᠨ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠤᠯᠠᠠ ᠲᠠᠷᠢᠶᠠᠴᠢᠳ ᠲᠤ ᠤᠯᠤᠰ ᠤᠨ ᠬᠠᠮᠢᠶ᠎ᠠ | ᠪᠦᠭᠦᠢ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ᠂ ᠵᠥᠪ ᠣᠨᠣᠪᠴᠢᠲᠠᠶ ᠪᠠᠷ ᠣᠶᠢᠯᠠᠭᠠᠭᠤᠯᠵᠤ᠂ ᠨᠡᠶᠢᠭᠡᠮ ᠤᠨ | ᠡᠯ᠎ᠡ ᠡᠲᠡᠭᠡᠳ ᠤᠨ ᠠᠩᠬᠠᠷᠤᠯ ᠢ ᠲᠠᠲᠠᠬᠤ ᠪᠠᠷ ᠳᠠᠮᠵᠢᠨ ᠲᠤᠷᠰᠢᠯᠲᠠ ᠶᠢᠨ ᠠᠵᠢᠯ ᠳᠤ ᠳᠡᠮᠵᠢᠯᠭᠡ ᠦᠵᠡᠭᠦᠯᠬᠦ | ᠬᠡᠷᠡᠭᠲᠡᠢ᠃ | ᠲᠠᠪᠤ ᠳᠤ ᠳᠡᠰ ᠱᠡᠳᠦ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ | ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠨᠢ | ᠲᠤᠷᠰᠢᠯᠲᠠ ᠶᠢᠨ ᠠᠵᠢᠯ ᠤᠨ ᠥᠷᠨᠢᠭᠦᠯᠵᠦ ᠪᠠᠶᠢᠭ᠎ᠠ ᠪᠠᠶᠢᠳᠠᠯ ᠳᠤ ᠲᠠᠰᠢᠷᠠᠮ ᠢᠶᠠᠷ ᠰᠢᠮᠳᠠᠭᠤᠯᠤᠨ ᠪᠠᠶᠢᠴᠠᠭᠠᠯᠲᠠ | ᠬᠢᠵᠦ᠂ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠷ ᠬᠦᠴᠦ ᠰᠤᠯᠠᠪᠲᠤᠷ᠂ ᠪᠡᠯᠡ ᠮᠦᠩᠭᠦ ᠬᠡᠷᠡᠭᠯᠡᠬᠦ ᠪᠠᠷ ᠵᠢᠷᠤᠮᠵᠢᠯ | ᠦᠭᠡᠢ᠂ ᠬᠠᠮᠢᠶᠠᠷᠤᠯᠲᠠ ᠶᠢᠨ ᠠᠷᠭ᠎ᠠ ᠪᠠᠷᠢᠯ ᠢᠶᠠᠷ ᠲᠣᠶᠢᠯᠠᠪᠤᠷᠢ ᠦᠭᠡᠢ ᠶᠢ ᠨᠢ ᠲᠤᠷᠰᠢᠬᠤ ᠬᠡᠪᠴᠢᠶᠡᠨ ᠠᠴᠠ | ᠪᠤᠴᠠᠭᠠᠨ ᠭᠠᠷᠭᠠᠨ᠎ᠠ᠃ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠲᠤᠷᠰᠢᠯᠲᠠ ᠶᠢᠨ | ᠬᠤᠰᠢᠭᠤ ᠰᠢᠶᠠᠨ ᠤ ᠠᠵᠢᠯ ᠤᠨ ᠦᠷᠨᠢᠭᠰᠡᠨ ᠪᠠᠶᠢᠳᠠᠯ ᠢ ᠳᠤ ᠲᠤᠬᠠᠢ ᠶᠢᠨ ᠴᠠᠭ ᠲᠤ ᠬᠢᠨᠠᠨ ᠡᠵᠡᠮᠳᠡᠬᠦ ᠶᠢ | ᠬᠠᠷᠢᠭᠤᠴᠠᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠲᠤᠷᠰᠢᠯᠲᠠ ᠶᠢᠨ ᠬᠤᠰᠢᠭᠤ | ᠰᠢᠶᠠᠨ ᠢ ᠰᠢᠮᠳᠠᠭᠤᠯᠵᠤ ᠪᠠᠶᠢᠭᠠᠳ ᠡᠯ᠎ᠡ ᠵᠦᠢᠯ ᠤᠨ ᠠᠵᠢᠯ ᠤᠨ ᠴᠠᠭ ᠲᠠᠭᠠᠨ ᠶᠠᠪᠤᠭᠳᠠᠬᠤ ᠶᠢ ᠠᠬᠢᠭᠤᠯᠤᠨ᠎ᠠ᠃ | ᠬᠤᠰᠢᠭᠤ ᠰᠢᠶᠠᠨ ᠨᠤᠭᠤᠳ ᠨᠢ ᠰᠢᠶᠠᠨ ᠠᠴᠠ ᠨᠢᠭᠡᠳᠦᠯᠲᠡᠶ ᠲᠥᠯᠥᠪᠯᠡᠬᠦ᠂ ᠰᠢᠶᠠᠩ ᠠᠴᠠ ᠬᠢᠨᠠᠨ ᠬᠠᠮᠢᠶᠠᠷᠬᠤ᠂ | ᠭᠠᠴᠠᠭ᠎ᠠ ᠠᠴᠠ ᠨᠠᠶᠢᠳᠠᠪᠤᠷᠢᠵᠢᠭᠤᠯᠬᠤ ᠮᠠᠶ᠋ᠢᠭ ᠤᠨ ᠡᠭᠡᠯᠵᠢᠯᠡᠨ ᠲᠠᠷᠢᠬᠤ ᠶᠢᠨ ᠬᠢᠨᠠᠯᠲᠠ ᠲᠠᠯᠪᠢᠬᠤ ᠲᠣᠭᠲᠠᠴᠠ ᠶᠢ | ᠪᠠᠶᠢᠭᠤᠯᠤᠨ᠂ ᠲᠤᠷᠰᠢᠯᠲᠠ ᠶᠢᠨ ᠳᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠵᠦ᠂ ᠲᠤᠷᠰᠢᠯᠲᠠ ᠶᠢᠨ | ᠡᠭᠦᠷᠭᠡ ᠶᠢ ᠵᠥᠪ ᠣᠨᠤᠪᠴᠢᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠲᠤᠷᠰᠢᠯᠲᠠ ᠶᠢᠨ ᠰᠢᠶᠠᠩ ᠪᠠᠯᠭᠠᠰᠤ ᠪᠤᠶᠤ | ᠭᠠᠴᠠᠭ᠎ᠠ ᠨᠢ ᠲᠤᠷᠰᠢᠯᠲᠠ ᠬᠢᠬᠦ ᠲᠠᠷᠢᠶᠠᠴᠢᠨ ᠡᠷᠤᠭᠡ᠂ ᠲᠠᠷᠢᠶᠠᠨ ᠭᠠᠵᠠᠷ᠂ ᠲᠠᠯᠠᠪᠠᠢ ᠪᠣᠯᠤᠨ ᠨᠡᠮᠡᠭᠦᠷᠢ ᠶᠢᠨ | ᠵᠣᠭᠤᠰ ᠤᠨ ᠲᠤᠭ᠎ᠠ ᠶᠢ ᠴᠠᠭ ᠲᠤᠬᠠᠶ ᠳᠤᠨᠢ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ | ᠵᠢᠷᠭᠤᠭ᠎ᠠ ᠳᠤ ᠠᠵᠢᠯ ᠤᠨ ᠳ᠋ᠥᠩᠨᠡᠯᠲᠡ ᠪᠠᠨ ᠴᠢᠩᠭᠠᠳᠬᠠᠵᠤ᠂ ᠬᠡᠷᠡᠭᠵᠢᠭᠦᠯᠦᠯᠲᠡ ᠶᠢ ᠳᠠᠷᠠᠭᠠᠯᠠᠨ ᠠᠬᠢᠭᠤᠯᠪᠠ᠃ | ᠠᠶᠢᠮᠠᠭ ᠬᠤᠳᠠ᠂ ᠬᠤᠰᠢᠭᠤ ᠰᠢᠶᠠᠨ ᠨᠤᠭᠤᠳ ᠲᠤᠷᠰᠢᠯᠲᠠ ᠶᠢᠨ ᠠᠵᠢᠯ ᠢ ᠨᠠᠷᠢᠨ ᠬᠢᠨᠠᠮᠠᠭᠠᠶ ᠳ᠋ᠥᠩᠨᠡᠵᠦ᠂ | ᠲᠤᠷᠰᠢᠯᠲᠠ ᠶᠢᠨ ᠲᠤᠷᠰᠢᠯᠭ᠎ᠠ ᠶᠢ ᠵᠠᠳᠠᠯᠤᠨ ᠬᠤᠷᠢᠶᠠᠩᠭᠤᠶᠢᠯᠠᠵᠤ᠂ ᠲᠠᠰᠤᠷᠠᠯᠲᠠ ᠦᠭᠡᠢ ᠮᠡᠷᠭᠡᠵᠢᠯ ᠢᠶᠠᠨ | ᠪᠦᠷᠢᠨᠰᠢᠭᠦᠯᠬᠦ᠂ ᠲᠣᠭᠲᠠᠴᠠ ᠪᠠᠨ ᠰᠠᠶᠢᠵᠢᠷᠠᠭᠤᠯᠬᠤ ᠪᠥᠭᠡᠳ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠳᠦᠷᠢᠮ ᠢ | ᠪᠠᠶᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠲᠠᠷᠢᠶᠠᠨ ᠭᠠᠵᠠᠷ ᠤᠨ ᠡᠭᠡᠯᠵᠢᠯᠡᠨ | ᠲᠠᠷᠢᠬᠤ ᠶᠢᠨ ᠮᠡᠷᠭᠡᠵᠢᠯ ᠤᠨ ᠵᠠᠭᠪᠤᠷ᠂ ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ᠂ ᠲᠦᠷᠦ ᠶᠢᠨ ᠪᠤᠳᠤᠯᠭ᠎ᠠ ᠶᠢᠨ | ᠰᠢᠰᠲ᠋ᠧᠮᠵᠢ ᠶᠢ ᠰᠦᠪᠡᠭᠴᠢᠯᠡᠨ ᠪᠦᠷᠢᠯᠳᠦᠭᠦᠯᠵᠦ᠂ ᠭᠤᠷᠪᠠᠨ ᠵᠢᠯ ᠳᠠᠷᠠᠭᠠᠯᠠᠨ ᠬᠡᠷᠡᠭᠵᠢᠭᠦᠯᠬᠦ ᠪᠠᠷ ᠳᠠᠮᠵᠢᠨ ᠵᠢᠱᠢᠭᠰᠡᠨ | ᠦᠷ᠎ᠡ ᠠᠰᠢᠭ ᠲᠠᠭᠠᠨ ᠬᠦᠷᠬᠦ ᠶᠢ ᠪᠠᠲᠤᠯᠬᠠᠤ ᠬᠡᠷᠡᠭᠲᠡᠢ᠃ | ᠬᠦᠲᠦᠯᠦᠭᠴᠢ᠄ | ᠵᠠ ᠰᠠᠶᠢᠨ ᠪᠣᠯᠣᠯ᠎ᠠ᠂ ᠵᠢᠶᠠ ᠲᠢᠩᠬᠢᠮ ᠤᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ | ᠲᠠᠯᠠᠷᠬᠠᠵᠤ ᠪᠠᠶᠢᠨ᠎ᠠ᠃ ᠴᠠᠭ ᠤᠨ ᠬᠠᠷᠠᠭᠠᠨ ᠠᠴᠠ ᠪᠣᠯᠵᠤ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠭᠦᠷᠦᠭᠡᠳ ᠥᠨᠳᠦᠷᠯᠡᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠣᠯᠭᠠᠶ᠎ᠠ︕ |