12 ᠳ᠋ᠤᠭᠠᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠠᠨᠵᠤᠤᠷ ᠬᠤᠲᠠ ᠶᠢᠨ ᠳᠤᠮᠳᠠᠳᠤ ᠤᠷᠤᠰ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠠᠴᠠ ᠤᠶᠢᠯᠠᠭᠠᠭᠰᠠᠨ ᠢᠶᠠᠷ᠂ 12 ᠳ᠋ᠤᠭᠠᠷ ᠰᠠᠷ᠎ᠠ ᠶᠢᠨ 23 ᠤ ᠡᠳᠦᠷ ᠪᠤᠯᠲᠠᠯ᠎ᠠ᠂ ᠳᠤᠮᠳᠠᠲᠤ ᠤᠷᠤᠰ ᠤᠨ | ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠠᠷᠠᠯᠵᠢᠶ᠎ᠠ ᠨᠢ 2 ᠳ᠋ᠦᠩᠰᠢᠭᠤᠷ ᠲᠥᠭᠦᠷᠢᠭ ᠢ ᠳᠠᠪᠠᠵᠠᠢ᠃ | ᠤᠶᠢᠯᠠᠭᠠᠭᠰᠠᠨ ᠢᠶᠠᠷ᠂ ᠳᠤᠮᠳᠠᠳᠤ ᠣᠷᠣᠰ ᠤᠨ ᠠᠷᠠᠯᠵᠢᠶ᠎ᠠ ᠶᠢᠨ ᠭᠠᠶᠢᠯᠢ ᠬᠡᠯᠲᠦᠷᠢᠬᠦᠯᠬᠦ ᠲᠤᠭᠤᠷᠢᠭ ᠢ ᠪᠦᠬᠦ | ᠲᠠᠯ᠎ᠠ ᠪᠠᠷ ᠡᠭᠢᠯᠡᠬᠦᠯᠬᠦ ᠶᠢ ᠳᠠᠭᠠᠯᠳᠤᠨ᠂ ᠳᠤᠮᠳᠠᠳᠤ ᠤᠷᠤᠰ ᠤᠨ ᠬᠢᠯᠢ ᠶᠢᠨ ᠠᠷᠠᠯᠵᠢᠶ᠎ᠠ ᠤᠯᠠᠮ ᠨᠢᠭᠡ ᠠᠯᠬᠤᠮ | ᠰᠠᠶᠢᠵᠢᠷᠠᠵᠤ᠂ 2017 ᠤᠨ ᠤ 12 ᠳ᠋ᠤᠭᠠᠷ ᠰᠠᠷ᠎ᠠ ᠶᠢᠨ 23 ᠤ ᠡᠳᠦᠷ ᠪᠤᠯᠬᠤ ᠳᠤ᠂ ᠳᠤᠮᠳᠠᠳᠤ ᠣᠷᠣᠰ ᠤᠨ | ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠭᠠᠳᠠᠭᠠᠳᠤ ᠠᠴᠠ ᠤᠷᠤᠭᠤᠯᠤᠭᠰᠠᠨ ᠪᠠ ᠭᠠᠳᠠᠭᠠᠳᠤ ᠳᠤ ᠭᠠᠷᠭᠠᠭᠰᠠᠨ | ᠪᠠᠷᠠᠭ᠎ᠠ ᠨᠢ ᠨᠡᠶᠢᠲᠡ 4.5 ᠲᠦᠮᠡᠨ ᠲᠣᠨ ᠳᠤ ᠬᠦᠷᠴᠦ᠂ ᠬᠢᠯᠢ ᠶᠢᠨ ᠠᠷᠠᠳ ᠤᠨ ᠺᠠᠷᠲ ᠶᠢ 2.8 ᠲᠦᠮᠡᠨ | ᠬᠤᠪᠢ᠂ ᠵᠢᠭᠤᠯᠴᠢᠯᠠᠭᠴᠢᠳ ᠤᠨ ᠺᠠᠷᠲ ᠶᠢ 11.3 ᠲᠦᠮᠡᠨ ᠬᠤᠪᠢ ᠬᠦᠢᠴᠡᠳᠭᠡᠵᠠᠢ᠃ | 1992 ᠣᠨ ᠳᠤ᠂ ᠮᠠᠨᠵᠤᠤᠷ ᠤᠨ ᠳᠤᠮᠳᠠᠳᠤ ᠣᠷᠣᠰ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠨᠢ | ᠤᠯᠤᠰ ᠤᠨ ᠬᠢᠯᠢ ᠠᠯᠤᠰᠯᠠᠭᠰᠠᠨ ᠬᠠᠮᠤᠭ ᠠᠩᠬᠠᠨ ᠤ ᠤᠯᠤᠰ ᠤᠨ ᠳᠡᠰ ᠤᠨ ᠨᠡᠭᠡᠭᠡᠯᠲᠡ ᠶᠢᠨ ᠲᠤᠭᠤᠷᠢᠭ ᠪᠤᠯᠵᠤ᠂ | 2016 ᠣᠨ ᠤ 6 ᠳ᠋ᠤᠭᠠᠷ ᠰᠠᠷ᠎ᠠ ᠳᠤ᠂ ᠮᠠᠨᠵᠤᠤᠷ ᠤᠨ ᠳᠤᠮᠳᠠᠳᠤ ᠣᠷᠣᠰ ᠤᠨ ᠬᠢᠯᠢ ᠶᠢᠨ ᠠᠷᠠᠳ ᠤᠨ ᠵᠠᠬ᠎ᠠ ᠶᠢᠨ | ᠠᠷᠠᠯᠵᠢᠶᠠᠨ ᠤ ᠲᠠᠪᠴᠠᠩ ᠢ ᠲᠤᠷᠰᠢᠨ ᠠᠵᠢᠯᠯᠠᠭᠤᠯᠵᠤ᠂ 2017 ᠤᠨ ᠤ 7 ᠳ᠋ᠤᠭᠠᠷ ᠰᠠᠷ᠎ᠠ ᠳᠤ ᠳᠤᠮᠳᠠᠲᠤ | ᠣᠷᠣᠰ ᠤᠨ ᠠᠷᠠᠯᠵᠢᠶ᠎ᠠ ᠶᠢᠨ ᠭᠠᠶᠢᠯᠢ ᠬᠡᠯᠲᠦᠷᠢᠬᠦᠯᠬᠦ ᠲᠤᠭᠤᠷᠢᠭ ᠨᠢ ᠪᠦᠲᠡᠭᠦᠮᠵᠢᠲᠦ ᠠᠵᠢᠯᠯᠠᠭ᠎ᠠ ᠪᠠᠨ ᠪᠦᠬᠦ ᠲᠠᠯ᠎ᠠ | ᠪᠠᠷ ᠡᠬᠢᠯᠡᠭᠦᠯᠪᠡ᠃ ᠤᠳᠤᠬᠠᠨ ᠳᠤ᠂ ᠲᠤᠰ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠭᠠᠶᠢᠯᠢ ᠬᠡᠯᠲᠦᠷᠢᠭᠦᠯᠬᠦ | ᠠᠷᠠᠯᠵᠢᠶᠠᠨ ᠤ ᠲᠤᠭᠤᠷᠢᠭ ᠨᠢ ᠭᠤᠯᠢᠷ᠂ ᠢᠳᠡᠰᠢᠨ ᠲᠣᠰᠣ ᠵᠡᠷᠭᠡ ᠲᠠᠸᠠᠷ ᠢᠶᠠᠷ ᠭᠤᠣᠯ ᠪᠣᠯᠭᠠᠭᠰᠠᠨ 278 ᠶᠡᠭᠡ | ᠲᠥᠷᠥᠯ ᠤᠨ 1000 ᠭᠠᠷᠤᠶ ᠵᠦᠢᠯ ᠤᠨ ᠣᠷᠣᠰ ᠤᠨ ᠲᠠᠸᠠᠷ ᠢ ᠤᠷᠤᠭᠤᠯᠵᠤ ᠪᠠᠶᠢᠨ᠎ᠠ᠃ | | | | 12 ᠳ᠋ᠤᠭᠠᠷ ᠰᠠᠷ᠎ᠠ ᠶᠢᠨ 23 ᠤ ᠡᠳᠦᠷ ︽ᠺᠷᠠᠰᠨᠣᠶᠠᠷᠰᠺ︾ ᠳᠠᠭᠠᠭᠤᠯᠤᠬᠴᠢ ᠳᠡᠯᠭᠡᠭᠦᠷ ᠨᠢ ᠳᠤᠮᠳᠠᠳᠤ | ᠣᠷᠣᠰ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠲᠤ ᠰᠠᠭᠤᠷᠢᠰᠢᠪᠠ᠃ | ᠠᠷᠠᠳ ᠤᠯᠠᠨ ᠳᠤ ᠨᠡᠩ ᠣᠯᠠᠨ ᠰᠣᠩᠭᠤᠯᠲᠠ ᠶᠢᠨ ᠣᠷᠣᠨ ᠵᠠᠶ ᠤᠯᠭᠤᠵᠤ᠂ ᠪᠠᠷᠠᠭᠠᠨ ᠤ ᠢᠷᠡᠯᠳᠡ ᠶᠢᠨ | ᠲᠦᠷᠦᠯ ᠵᠦᠢᠯ ᠢ ᠦᠷᠭᠡᠳᠭᠡᠬᠦ ᠶᠢᠨ ᠲᠤᠯᠠᠳᠠ᠂ 23 ᠤ ᠡᠳᠦᠷ᠂ ᠲᠤᠰ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ | ᠭᠠᠶᠢᠯᠢ ᠬᠡᠯᠲᠦᠷᠢᠭᠦᠯᠬᠦ ᠠᠷᠠᠯᠵᠢᠶᠠᠨ ᠤ ᠲᠤᠭᠤᠷᠢᠭ ᠤᠨ ᠭᠠᠳᠠᠭᠠᠳᠤ ᠳᠤ ᠭᠠᠷᠭᠠᠬᠤ ᠲᠠᠸᠠᠷ ᠤᠨ ᠳᠦᠷᠦᠯ ᠳᠡᠮᠳᠡᠭ ᠤᠨ | ᠲᠢᠩᠬᠢᠮ ᠡᠬᠢᠯᠡᠯᠲᠡ ᠶᠢᠨ ᠶᠣᠰᠣᠯᠠᠯ ᠢᠶᠠᠨ ᠶᠠᠪᠤᠭᠳᠠᠭᠤᠯᠪᠠ︔ ᠡᠭᠦᠨ ᠤ ᠬᠠᠮᠲᠤ᠂ ︽ᠺᠷᠠᠰᠨᠣᠶᠠᠷᠰᠺ︾ ᠬᠡᠮᠡᠬᠦ | ᠳᠠᠭᠠᠭᠤᠯᠤᠬᠴᠢ ᠳᠡᠯᠭᠡᠭᠦᠷ ᠨᠢ ᠴᠤ ᠲᠤᠰ ᠡᠳᠦᠷ ᠵᠢᠩᠬᠢᠨᠢ ᠪᠠᠷ ᠡᠭᠦᠳᠡ ᠪᠠᠨ ᠨᠡᠭᠡᠭᠡᠪᠡ᠃ ᠲᠤᠰ ᠡᠳᠦᠷ᠂ ᠳ᠋ᠦᠩ | ᠭᠤᠸᠠᠨ ᠬᠤᠲᠠ ᠶᠢᠨ ᠨᠡᠷᠡᠳᠡᠢ ᠰᠢᠯᠢᠳᠡᠭ ᠲᠠᠸᠠᠷ ᠴᠤ ᠲᠤᠰ ᠵᠠᠬ᠎ᠠ ᠶᠢᠨ ᠠᠷᠠᠯᠵᠢᠶᠠᠨ ᠤ ᠲᠣᠭᠤᠷᠢᠭ ᠲᠤ | ᠰᠠᠭᠤᠷᠢᠰᠢᠭᠰᠠᠨ ᠢᠶᠠᠨ ᠵᠢᠩᠬᠢᠨᠢ ᠪᠠᠷ ᠨᠡᠶᠢᠲᠡᠯᠡᠪᠡ᠂ ᠡᠨᠡ ᠨᠢ ᠳᠤᠮᠳᠠᠳᠤ ᠣᠷᠣᠰ ᠤᠨ ᠵᠠᠬ᠎ᠠ ᠶᠢᠨ ᠠᠷᠠᠯᠵᠢᠶᠠᠨ ᠤ | ᠲᠤᠭᠤᠷᠢᠭ ᠤᠨ ᠪᠠᠷᠠᠭᠠᠨ ᠤ ᠢᠷᠡᠯᠲᠡ ᠶᠢᠨ ᠲᠦᠷᠦᠯ ᠵᠦᠢᠯ ᠨᠡᠩ ᠡᠯᠪᠡᠭ ᠳᠡᠯᠪᠡᠭ ᠪᠤᠯᠤᠭᠰᠠᠨ ᠢ ᠬᠠᠷᠠᠭᠤᠯᠵᠠᠢ᠃ | ᠮᠠᠨᠵᠤᠤᠷ ᠨᠢ ᠮᠠᠨ ᠤ ᠤᠯᠤᠰ ᠤᠨ ᠬᠠᠭᠤᠷᠠᠶ ᠵᠠᠮ ᠤᠨ ᠬᠠᠮᠤᠭ ᠤᠨ ᠲᠤᠮᠤ ᠪᠣᠭᠤᠮᠲᠠ ᠪᠣᠯᠤᠭᠰᠠᠨ ᠤ | ᠬᠤᠪᠢ ᠳᠤ᠂ ᠠᠽᠢᠶ᠎ᠠ ᠧᠦ᠋ᠷᠣᠫᠠ ᠶᠢᠨ ᠡᠬᠡ ᠬᠠᠭᠤᠷᠠᠶ ᠶᠢᠨ ᠬᠥᠭᠦᠷᠭᠡ ᠶᠢᠨ ᠵᠠᠩᠭᠢᠯᠠᠭ᠎ᠠ ᠪᠤᠯᠵᠤ᠂ ᠳᠤᠮᠳᠠᠳᠤ | ᠤᠷᠤᠰ ᠤᠨ ᠠᠷᠠᠯᠵᠢᠶᠠᠨ ᠤ 65% ᠠᠴᠠ ᠳᠡᠭᠡᠭᠰᠢᠬᠢ ᠬᠠᠭᠤᠷᠠᠶ ᠵᠠᠮ ᠤᠨ ᠲᠡᠭᠡᠭᠡᠪᠦᠷᠢ ᠶᠢᠨ ᠡᠭᠦᠷᠭᠡ ᠶᠢ | ᠡᠭᠦᠷᠭᠡᠯᠡᠵᠦ᠂ ᠣᠯᠠᠨ ᠤᠯᠤᠰ ᠤᠨ ᠠᠷᠠᠯᠵᠢᠶ᠎ᠠ ᠬᠤᠳᠠᠯᠳᠤᠭ᠎ᠠ ᠳᠠᠬᠢ ᠠᠵᠤ ᠠᠬᠤᠶ ᠶᠢᠨ ᠪᠠᠶᠢᠷᠢ ᠰᠠᠭᠤᠷᠢ ᠨᠢ ᠮᠠᠰᠢ | ᠴᠢᠬᠤᠯᠠ ᠪᠠᠶᠢᠭ᠎ᠠ ᠶᠤᠮ᠃ |