ᠥᠪᠥᠷ ᠮᠣᠩᠭᠤᠯ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠦᠷᠢᠶ᠎ᠡ ᠳᠠᠬᠢ ᠳᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/12/25
     ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠲᠤᠯᠠᠨ ᠳᠠᠭᠠᠭᠠᠬᠤ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠦᠨᠡᠨ ᠬᠦ ᠪᠠᠲᠤᠯᠠᠬᠤ ᠶᠢᠨ ᠲᠣᠰᠠᠲᠠ᠂ ᠦᠢᠷ᠎ᠠ ᠳᠤ᠂ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠲᠥᠷᠥᠭᠦᠯᠦᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 17 ᠰᠠᠯᠠᠭ᠎ᠠ ᠮᠥᠴᠢᠷ ᠬᠠᠮᠲᠤᠷᠠᠨ ︽ᠦᠨᠳᠦᠰᠦᠨ ᠱᠠᠲᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠠᠯᠠᠭ᠎ᠠ ᠮᠥᠴᠢᠷ ᠤᠳ ᠤᠨ ᠬᠠᠮᠵᠢᠯᠴᠠᠨ ᠠᠵᠢᠯᠯᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠠᠢ᠃      ︽ᠮᠡᠳᠡᠭᠳᠡᠯ︾᠎ ᠳᠤ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠰᠢᠮᠳᠠᠭᠤᠯᠤᠯᠲᠠ ᠪᠠᠶᠢᠴᠠᠭᠠᠯᠲᠠ ᠪᠠᠨ ᠴᠢᠩᠭᠠᠳᠬᠠᠵᠤ᠂ ᠲᠡᠩᠬᠡᠷᠡᠭᠦᠯᠦᠨ ᠲᠤᠰᠠᠯᠠᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠵᠠᠭᠤᠴᠢᠯᠠᠭᠤᠷ ᠢ ᠭᠦᠢᠴᠡᠳ ᠠᠰᠢᠭᠯᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠤᠬᠠᠭᠤᠯᠵᠤ᠂ ᠬᠠᠷᠢᠭᠤᠴᠠᠯᠭ᠎ᠠ ᠲᠤᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠦᠷᠢᠶ᠎ᠡ ᠳᠠᠬᠢ ᠳᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠬᠦᠴᠦᠲᠡᠢ ᠰᠢᠢᠳᠪᠦᠷᠢᠯᠡᠬᠦ ᠬᠡᠷᠡᠭᠲᠡᠢ ᠭᠡᠵᠡᠢ᠃      ︽ᠮᠡᠳᠡᠭᠳᠡᠯ︾᠎ ᠳᠤ ᠲᠣᠳᠣᠷᠬᠠᠶᠢᠯᠠᠭᠰᠠᠨ ᠨᠢ᠂ ᠬᠤᠰᠢᠭᠤ ᠰᠢᠶᠠᠨ ᠨᠤᠭᠤᠳ ᠬᠦᠴᠢᠷᠳᠡᠯᠲᠡᠶ ᠤᠯᠠᠨ ᠲᠦᠮᠡᠨ ᠤ ᠠᠮᠢᠳᠤᠷᠠᠯ ᠢ ᠪᠠᠲᠤᠯᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠲᠦᠷᠭᠡᠪᠴᠢᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ᠂ ᠲᠤᠰᠬᠠᠶ ᠰᠡᠳᠦᠪᠲᠦ ᠬᠤᠷᠠᠯ᠂ ᠪᠢᠴᠢᠭ ᠢᠶᠠᠷ ᠬᠢᠨᠠᠨ ᠶᠠᠷᠢᠯᠴᠠᠬᠤ ᠪᠠ ᠬᠤᠯᠪᠣᠭ᠎ᠠ ᠠᠪᠤᠭᠴᠢ ᠶᠢᠨ ᠬᠤᠷᠠᠯ ᠵᠡᠷᠭᠡ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ︽ᠲᠡᠩᠬᠡᠷᠡᠭᠦᠯᠦᠨ ᠲᠤᠰᠠᠯᠠᠬᠤ ᠳᠤ ᠬᠦᠴᠢᠷᠳᠡᠯ ᠲᠠᠢ ᠪᠠᠶᠢᠬᠤ︾ ᠠᠵᠢᠯ ᠳᠤ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠨᠢ ᠭᠦᠢᠴᠡᠳ ᠪᠠᠳᠠᠷᠠᠭᠤᠯᠵᠦ ᠂ ᠡᠯ᠎ᠡ ᠲᠦᠷᠦᠯ ᠤᠨ ᠪᠠᠴᠢᠮ ᠪᠡᠷᠬᠡ ᠣᠨᠴᠠᠭᠠᠶ ᠬᠡᠷᠡᠭ ᠢ ᠰᠢᠢᠳᠪᠦᠷᠢᠯᠡᠵᠦ᠂ ᠨᠡᠶᠢᠭᠡᠮ ᠤᠨ ᠶᠣᠰᠣ ᠮᠣᠷᠠᠯ ᠪᠠ ᠰᠡᠳᠬᠢᠴᠡ ᠶᠢᠨ ᠬᠤᠷᠢᠭ᠎ᠠ ᠱᠤᠭᠤᠮ ᠢ ᠳᠠᠭᠠᠷᠢᠬᠤ ᠬᠡᠷᠡᠭ ᠡᠭᠦᠰᠬᠦ ᠠᠴᠠ ᠵᠠᠶᠢᠯᠠᠰᠬᠢᠬᠦ ᠬᠡᠷᠡᠭᠲᠡᠢ︔ ᠠᠳᠠᠯᠢ ᠱᠠᠲᠤᠨ ᠤ ᠰᠤᠷᠭᠠᠨ ᠬᠥᠮᠦᠵᠢᠯ ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ ᠣᠷᠣᠨ ᠰᠠᠭᠤᠴᠠ ᠶᠢᠨ ᠪᠠᠲᠤᠯᠠᠭ᠎ᠠ᠂ ᠶᠠᠳᠠᠭᠤ ᠶᠢ ᠲᠡᠳᠬᠦᠬᠦ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠲᠠᠢ ᠬᠠᠮᠲᠤ ᠪᠠᠷ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠥᠮᠥᠰ ᠤᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠠᠵᠢᠯ ᠢ ᠴᠢᠩᠭᠠᠳᠬᠠᠬᠤ ᠬᠡᠷᠡᠭᠲᠡᠢ︔ ᠬᠤᠳᠠᠯᠳᠤᠨ ᠠᠪᠬᠤ ᠲᠥᠷᠥᠯ ᠵᠦᠢᠯ ᠎ ᠢ ᠵᠦᠢ ᠵᠣᠬᠢᠰᠲᠠᠶ ᠲᠣᠬᠢᠷᠠᠭᠤᠯᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠦᠢᠯᠡᠴᠢᠯᠡᠭᠡ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠤᠮᠵᠢ ᠶᠢᠨ ᠴᠢᠨᠠᠷᠲᠠᠶ ᠭᠠᠷᠴᠠᠭ ᠲᠤ ᠣᠷᠣᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤ ᠨᠢ ᠵᠠᠰᠠᠭ ᠤᠨ ᠣᠷᠳᠣᠨ ᠤ ᠬᠠᠷᠢᠭᠤᠴᠠᠬᠤ ᠳᠦᠷᠢᠮ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠤᠨ ︽ᠨᠢᠭᠡ ᠰᠠᠯᠠᠭ᠎ᠠ ᠮᠥᠴᠢᠷ ᠬᠦᠯᠢᠶᠡᠨ ᠠᠪᠴᠤ᠂ ᠬᠠᠮᠵᠢᠯᠴᠠᠨ ᠰᠢᠢᠳᠪᠦᠷᠢᠯᠡᠬᠦ︾ ᠲᠠᠪᠴᠠᠩ ᠢ ᠪᠠᠶᠢᠭᠤᠯᠵᠤ᠂ ᠬᠠᠮᠢᠶ᠎ᠠ ᠪᠦᠬᠦᠢ ᠠᠵᠢᠯ ᠢ ᠬᠠᠷᠢᠭᠤ ᠲᠤᠰᠬᠠᠬᠤ ᠴᠣᠪᠣᠷᠠᠯ ᠪᠠᠶᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠥᠮᠥᠰ ᠤᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ ᠬᠠᠷᠢᠭᠤ ᠲᠤᠰᠬᠠᠬᠤ ᠠᠵᠢᠯ ᠤᠨ ᠳᠦᠷᠢᠮ ᠢ ᠪᠠᠶᠢᠭᠤᠯᠤᠨ᠂ ᠦᠷ᠎ᠡ ᠳ᠋ᠦᠩ ᠢᠶᠠᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠶᠣ ᠲᠤᠬᠠᠶ ᠶᠢᠨ ᠬᠥᠮᠦᠨ ᠳᠤᠨᠢ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号