2016 ᠤᠨ ᠤ ᠵᠢᠯ ᠤᠨ ᠡᠴᠦᠰ ᠪᠤᠯᠳᠠᠯ᠎ᠠ᠂ ᠮᠠᠨ ᠤ ᠤᠷᠤᠨ ᠤ ᠰᠤᠷᠤᠭᠴᠢ ᠶᠢᠨ ᠢᠷᠡᠯᠳᠡ ᠶᠢᠨ | ᠤᠷᠤᠨ ᠤ ᠰᠤᠷᠤᠯᠭ᠎ᠠ ᠶᠢ ᠲᠤᠰᠠᠯᠠᠬᠤ ᠢᠳᠡᠬᠡᠮᠵᠢᠳᠤ ᠵᠢᠬᠡᠯᠡᠯᠬᠡ ᠶᠢ ᠲᠤᠭᠲᠠᠭᠰᠠᠨ ᠬᠤᠭᠤᠴᠠᠭᠠᠨ ᠳᠤ ᠬᠤᠷᠢᠶᠠᠭᠰᠠᠨ | ᠡᠯ᠎ᠡ ᠲᠦᠷᠦᠯ ᠤᠨ ᠬᠦᠢᠴᠡᠳᠭᠡᠯ ᠲᠤᠭ᠎ᠠ ᠪᠦᠬᠦ ᠤᠯᠤᠰ ᠤᠨ ᠲᠡᠷᠢᠬᠦᠨ ᠡᠩᠨᠡᠭᠡᠨ ᠳᠤ ᠤᠷᠤᠪᠠ᠂ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠤᠯᠭ᠎ᠠ ᠶᠢ ᠳᠤᠰᠠᠯᠠᠬᠤ ᠵᠢᠬᠡᠯᠡᠯᠬᠡ ᠶᠢᠨ | ᠠᠵᠢᠯ ᠨᠢ ︽ᠵᠠᠰᠠᠭ ᠤᠨ ᠤᠷᠳᠤᠨ ᠭᠤᠤᠯ ᠤᠳᠤᠷᠢᠳᠴᠤ᠂ ᠡᠳ᠋ ᠤᠨ ᠵᠠᠰᠠᠭ ᠬᠦᠦ ᠲᠦᠯᠦᠬᠦ᠂ ᠤᠯᠤᠰ ᠤᠨ | ᠨᠡᠬᠡᠬᠡᠨ ᠬᠦᠭᠵᠢᠬᠦᠯᠦᠯᠳᠡ ᠶᠢᠨ ᠪᠠᠩᠬᠢ ᠪᠡᠯᠡ ᠲᠤᠬᠢᠷᠠᠭᠤᠯᠬᠤ᠂ ᠰᠤᠷᠭᠠᠨ ᠬᠦᠮᠦᠵᠢᠯ ᠤᠨ ᠪᠠᠶᠢᠭᠤᠯᠭ᠎ᠠ ᠵᠤᠬᠢᠶᠠᠨ | ᠪᠠᠶᠢᠭᠤᠯᠬᠤ᠂ ᠬᠤᠰᠢᠭᠤ ᠰᠢᠶᠠᠨ ᠤ ᠬᠢᠨ ᠬᠦᠢᠴᠡᠳᠭᠡᠬᠦ᠂ ᠶᠡᠭᠡ ᠳᠡᠭᠡᠲᠦ ᠰᠤᠷᠭᠠᠭᠤᠯᠢ ᠬᠠᠮᠵᠢᠯᠴᠠᠬᠤ᠂ ᠰᠤᠷᠤᠭᠴᠢ | ᠠᠰᠢᠭ ᠬᠦᠷᠳᠡᠬᠦ︾ ᠠᠵᠢᠯ ᠤᠨ ᠳᠤᠭᠳᠠᠴᠠ ᠶᠢ ᠪᠦᠷᠢᠯᠳᠦᠬᠦᠯᠪᠡ᠃ ᠤᠳᠤᠬᠠᠨ ᠪᠤᠯᠳᠠᠯ᠎ᠠ᠂ ᠪᠦᠬᠦ ᠤᠷᠤᠨ | ᠤᠯᠤᠰ ᠤᠨ ᠨᠡᠬᠡᠬᠡᠨ ᠬᠦᠭᠵᠢᠬᠦᠯᠦᠯᠳᠡ ᠶᠢᠨ ᠪᠠᠩᠬᠢ ᠠᠴᠠ ᠰᠤᠷᠤᠭᠴᠢ ᠶᠢᠨ ᠢᠷᠡᠯᠳᠡ ᠶᠢᠨ ᠤᠷᠤᠨ ᠳᠤ ᠲᠠᠯᠪᠢᠬᠤ | ᠰᠤᠷᠤᠯᠭ᠎ᠠ ᠶᠢ ᠳᠤᠰᠠᠯᠠᠬᠤ ᠢᠳᠡᠬᠡᠮᠵᠢᠳᠤ ᠵᠢᠬᠡᠯᠡᠯᠬᠡ ᠶᠢ ᠨᠡᠶᠢᠲᠡ 57 ᠳ᠋ᠦᠩᠰᠢᠭᠤᠷ ᠲᠦᠬᠦᠷᠢᠭ ᠲᠠᠯᠪᠢᠵᠤ᠂ 96 | ᠲᠦᠮᠡᠨ ᠰᠤᠷᠤᠭᠴᠢ ᠳᠤ ᠠᠰᠢᠭ ᠬᠦᠷᠳᠡᠬᠡᠪᠡ᠃ 2016 ᠤᠨ ᠤ ᠵᠢᠯ ᠤᠨ ᠡᠴᠦᠰ ᠪᠤᠯᠳᠠᠯ᠎ᠠ᠂ ᠵᠢᠬᠡᠯᠡᠯᠬᠡ ᠶᠢᠨ | ᠡᠬᠡ ᠮᠦᠩᠬᠦ ᠪᠠᠨ 15 ᠳ᠋ᠦᠩᠰᠢᠭᠤᠷ ᠲᠦᠬᠦᠷᠢᠭ ᠬᠤᠷᠢᠶᠠᠵᠤ᠂ ᠵᠢᠬᠡᠯᠡᠯᠬᠡ ᠶᠢᠨ ᠡᠬᠡ ᠮᠦᠩᠬᠦ ᠶᠢ ᠳᠤᠭᠳᠠᠭᠰᠠᠨ | ᠴᠠᠭ ᠲᠠᠭᠠᠨ ᠬᠤᠷᠢᠶᠠᠭᠰᠠᠨ ᠨᠤᠷᠮ᠎ᠠ 99.99% ᠳᠤ ᠬᠦᠷᠴᠦ᠂ 1.64 ᠳ᠋ᠦᠩᠰᠢᠭᠤᠷ ᠲᠦᠬᠦᠷᠢᠭ ᠤᠨ ᠬᠦᠦ | ᠮᠦᠩᠬᠦ ᠬᠤᠷᠢᠶᠠᠵᠠᠢ᠃ | ᠤᠶᠢᠯᠠᠭᠠᠭᠰᠠᠨ ᠢᠶᠠᠷ᠂ ᠰᠤᠷᠤᠯᠭ᠎ᠠ ᠶᠢ ᠳᠤᠰᠠᠯᠠᠬᠤ ᠢᠳᠡᠬᠡᠮᠵᠢᠳᠤ ᠵᠢᠬᠡᠯᠡᠯᠬᠡ ᠨᠢ ᠮᠠᠨ ᠤ ᠤᠷᠤᠨ ᠤ ᠶᠡᠭᠡ | ᠳᠡᠭᠡᠲᠦ ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠶᠢ ᠳᠤᠰᠠᠯᠠᠬᠤ ᠰᠢᠰᠲ᠋ᠧᠮᠵᠢ ᠶᠢᠨ ᠴᠢᠬᠤᠯᠠ ᠪᠦᠷᠢᠯᠳᠦᠬᠦᠨ | ᠬᠡᠰᠡᠭ ᠪᠤᠯᠪᠠ᠃ ᠪᠦᠷᠢᠨ ᠪᠤᠰᠤ ᠪᠦᠷᠢᠳᠬᠡᠯ ᠢᠶᠠᠷ᠂ ᠮᠠᠨ ᠤ ᠤᠷᠤᠨ ᠤ ᠶᠡᠭᠡ ᠳᠡᠬᠡᠳᠤ ᠰᠤᠷᠭᠠᠭᠤᠯᠢ ᠶᠢᠨ | 70% ᠶᠢᠨ ᠬᠡᠷ ᠪᠦᠯᠢ ᠨᠢ ᠬᠦᠴᠢᠷᠳᠡᠯᠳᠡᠢ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠪᠤᠯᠤᠨ ᠠᠮᠢᠳᠤᠷᠠᠯ ᠤᠨ | ᠰᠦᠢᠳᠬᠡᠯ ᠨᠢ ᠰᠤᠷᠤᠯᠭ᠎ᠠ ᠶᠢ ᠳᠤᠰᠠᠯᠠᠬᠤ ᠵᠢᠬᠡᠯᠡᠯᠬᠡ ᠠᠴᠠ ᠢᠷᠡᠯᠳᠡ ᠲᠠᠢ ᠶᠤᠮ᠃ |