ᠤᠳᠤᠬᠠᠨ ᠳᠤ᠂ ᠮᠠᠨ ᠤ ᠣᠷᠣᠨ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ | ᠡᠷᠡᠭᠦᠯᠵᠢᠭᠦᠯᠬᠦ ︽ᠨᠣᠭᠤᠭᠠᠨ ᠪᠦᠷᠢᠳᠦ ᠭᠡᠷ ᠣᠷᠣᠨ︾ ᠠᠵᠢᠯ ᠤᠨ ᠦᠷᠲᠡᠭᠡ ᠶᠢ 213 ᠪᠠᠶᠢᠭᠤᠯᠵᠤ᠂ ᠨᠡᠶᠢᠭᠡᠮ | ᠲᠣᠭᠤᠷᠢᠭ ᠤᠨ ᠬᠤᠣᠷ ᠲᠠᠲᠠᠬᠤ ᠶᠢ ᠵᠣᠭᠰᠣᠭᠠᠬᠤ ᠡᠷᠡᠭᠦᠯᠵᠢᠭᠦᠯᠬᠦ ᠬᠡᠷᠡᠭᠵᠢᠭᠦᠯᠦᠯᠲᠡ ᠶᠢᠨ ᠨᠤᠷᠮ᠎ᠠ 96.7% ᠳᠤ | ᠬᠦᠷᠪᠡ᠃ ᠣᠶᠢᠯᠠᠭᠠᠭᠰᠠᠨ ᠢᠶᠠᠷ᠂ ᠮᠠᠨ ᠤ ᠣᠷᠣᠨ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ | ᠡᠷᠡᠭᠦᠯᠵᠢᠭᠦᠯᠬᠦ ᠠᠵᠢᠯ ᠢ ᠦᠷᠨᠢᠭᠦᠯᠦᠭᠰᠡᠨ ᠠᠴᠠ ᠨᠠᠰᠢ᠂ ᠮᠠᠨ ᠤ ᠣᠷᠣᠨ ᠤ ᠡᠯ᠎ᠡ ᠱᠠᠲᠤᠨ ᠤ ᠬᠤᠤᠷ ᠴᠠᠭᠠᠵᠠᠯᠠᠬᠤ | ᠰᠠᠯᠠᠭ᠎ᠠ ᠮᠦᠴᠢᠷ ᠤᠳ ᠵᠠᠰᠠᠯᠲᠠ ᠶᠢ ᠨᠡᠶᠢᠭᠡᠮᠴᠢᠯᠡᠬᠦ᠂ ᠠᠷᠭ᠎ᠠ ᠬᠡᠮᠵᠢᠶ᠎ᠡ ᠶᠢ ᠳᠦᠷᠢᠮᠵᠢᠭᠦᠯᠬᠦ᠂ ᠪᠦᠲᠦᠭᠡᠨ | ᠪᠠᠶᠢᠭᠤᠯᠤᠯᠲᠠ ᠶᠢ ᠪᠠᠷᠢᠮᠵᠢᠶᠠᠵᠢᠭᠤᠯᠬᠤ᠂ ᠠᠵᠢᠯ ᠢ ᠴᠤᠪᠤᠷᠠᠯ ᠲᠠᠢ ᠪᠤᠯᠭᠠᠬᠤ᠂ ᠡᠩᠨᠡᠭᠡ ᠶᠢ ᠲᠤᠰᠬᠠᠶᠢᠵᠢᠭᠤᠯᠬᠤ᠂ | ᠰᠠᠭᠤᠷᠢ ᠶᠢ ᠵᠠᠩᠭᠢᠵᠢᠭᠤᠯᠬᠤ ᠵᠡᠷᠭᠡ ︽ᠵᠢᠷᠭᠤᠭᠠᠨ ᠲᠦᠢᠯᠲᠦ ᠲᠤᠯᠭᠠᠭᠤᠷᠢ︾ ᠶᠢᠨ ᠨᠡᠶᠢᠭᠡᠮ ᠲᠣᠭᠤᠷᠢᠭ ᠤᠨ ᠬᠤᠤᠷ | ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ᠠᠵᠢᠯ ᠤᠨ ᠬᠡᠪ ᠵᠠᠭᠪᠤᠷ ᠢ ᠪᠠᠶᠢᠭᠤᠯᠵᠤ᠂ ︽ᠲᠠᠪᠤᠨ ᠭᠡᠷ ᠳᠥᠷᠪᠡᠨ | ᠨᠢᠭᠡᠳᠦᠯᠲᠡᠶ ᠪᠠᠶᠢᠬᠤ︾ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ︽ᠨᠣᠭᠤᠭᠠᠨ | ᠪᠦᠷᠢᠳᠦ ᠭᠡᠷ ᠣᠷᠣᠨ︾ ᠤ ᠠᠵᠢᠯ ᠤᠨ ᠦᠷᠳᠡᠭᠡ ᠶᠢ ᠡᠭᠦᠳᠦᠨ ᠪᠠᠶᠢᠭᠤᠯᠬᠤ ᠪᠠᠷᠢᠮᠵᠢᠶ᠎ᠠ ᠶᠢ ᠲᠤᠭᠲᠠᠭᠠᠵᠤ᠂ | ᠪᠣᠳᠠᠲᠠᠶ ᠪᠠᠶᠢᠳᠠᠯ ᠳᠠᠭᠠᠨ ᠲᠤᠬᠢᠷᠠᠭᠤᠯᠤᠨ᠂ ᠥᠪᠡᠷᠮᠢᠴᠡ ᠣᠨᠴᠠᠯᠢᠭ ᠪᠦᠬᠦᠢ ︽ᠨᠣᠭᠤᠭᠠᠨ ᠪᠦᠷᠢᠳᠦ ᠭᠡᠷ ᠤᠷᠤᠨ︾ | ᠢᠨᠵᠧᠨᠧᠷᠢᠩ ᠢ ᠡᠭᠦᠳᠴᠦ᠂ ᠬᠤᠣᠷ ᠲᠠᠲᠠᠭᠴᠢ ᠬᠦᠮᠦᠰ ᠢ ᠰᠤᠷᠭᠠᠨ ᠬᠥᠮᠦᠵᠢᠭᠦᠯᠵᠦ ᠠᠪᠤᠷᠠᠬᠤ᠂ ᠡᠮᠴᠢᠯᠡᠵᠦ | ᠡᠷᠡᠭᠦᠯᠵᠢᠭᠦᠯᠬᠦ᠂ ᠬᠠᠪᠰᠤᠷᠤᠨ ᠲᠡᠳᠬᠦᠵᠦ ᠠᠵᠢᠯ ᠤᠯᠭᠤᠬᠤ ᠵᠡᠷᠭᠡ ᠲᠠᠯ᠎ᠠ ᠪᠠᠷ ᠰᠤᠷᠤᠯᠴᠠᠭᠤᠰᠢᠲᠠᠢ | ᠳᠡᠯᠭᠡᠷᠡᠭᠦᠯᠦᠰᠢᠲᠠᠢ ᠲᠤᠷᠰᠢᠯᠭ᠎ᠠ ᠶᠢ ᠪᠤᠢ ᠪᠤᠯᠭᠠᠪᠠ᠃ ᠤᠳᠤᠬᠠᠨ ᠳᠤ᠂ ᠮᠠᠨ ᠤ ᠣᠷᠣᠨ ᠤᠯᠤᠰ ᠤᠨ ᠲᠡᠰ ᠤᠨ | ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ᠵᠢᠱᠢᠶ᠎ᠠ ᠦᠵᠡᠭᠦᠯᠬᠦ ᠴᠢᠭ᠋ ᠬᠤᠶᠠᠷ᠂ | ᠵᠢᠱᠢᠶ᠎ᠠ ᠦᠵᠡᠭᠦᠯᠬᠦ ᠨᠢᠭᠡᠴᠡ ᠨᠢᠭᠡ ᠶᠢ ᠪᠠᠶᠢᠭᠤᠯᠵᠤ᠂ ᠪᠥᠬᠦ ᠣᠷᠣᠨ ᠤ ᠨᠡᠶᠢᠭᠡᠮ ᠲᠣᠭᠤᠷᠢᠭ ᠤᠨ ᠬᠤᠤᠷ | ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ︽ᠨᠣᠭᠤᠭᠠᠨ ᠪᠦᠷᠢᠳᠦ ᠭᠡᠷ ᠣᠷᠣᠨ︾ ᠤ ᠠᠵᠢᠯ ᠤᠨ ᠦᠷᠳᠡᠭᠡ ᠶᠢᠨ | ᠳᠤᠲᠤᠷ᠎ᠠ ᠠᠴᠠ 18 ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ︽ᠨᠣᠭᠤᠭᠠᠨ ᠪᠦᠷᠢᠳᠦ ᠭᠡᠷ ᠣᠷᠣᠨ︾ ᠤ | ᠠᠵᠢᠯ ᠤᠨ ᠦᠷᠲᠡᠭᠡ ᠪᠠᠷ ᠦᠨᠡᠯᠡᠭᠳᠡᠪᠡ᠃ | ᠤᠶᠢᠯᠠᠭᠠᠭᠰᠠᠨ ᠢᠶᠠᠷ᠂ ᠮᠠᠨ ᠤ ᠣᠷᠣᠨ 2018 ᠤᠨ ᠤ ᠰᠢᠶᠠᠨ ᠪᠠᠯᠭᠠᠰᠤ ᠵᠡᠭᠡᠯᠢ ᠭᠤᠳᠤᠮᠵᠢ ᠶᠢᠨ ᠨᠡᠶᠢᠭᠡᠮ | ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ᠶᠢ ᠪᠦᠷᠢᠨ ᠪᠦᠷᠬᠦᠭᠦᠯᠬᠦ ᠬᠠᠷᠠᠯᠲᠠ ᠶᠢ | ᠲᠤᠭᠲᠠᠭᠠᠵᠤ᠂ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ | ᠵᠤᠭᠰᠤᠭᠠᠬᠤ ᠡᠷᠡᠭᠦᠯᠵᠢᠭᠦᠯᠬᠦ ᠠᠵᠢᠯ ᠢ ᠵᠢᠷᠤᠮᠵᠢᠭᠤᠯᠬᠤ᠂ ᠵᠠᠩᠭᠢᠵᠢᠭᠤᠯᠬᠤ᠂ ᠨᠡᠶᠢᠭᠡᠮᠴᠢᠯᠡᠬᠦ᠂ ᠲᠤᠰᠬᠠᠶᠢᠵᠢᠭᠤᠯᠬᠤ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠪᠠᠶᠢᠨ᠎ᠠ᠃ |